(2026 ᠣᠨ᠎ᠤ 2 ᠰᠠᠷ᠎ᠠ᠎ᠶ᠋ᠢᠨ 7 ᠤ᠋ ᠡᠳᠦᠷ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠵᠢᠨ ᠳᠥᠷᠪᠡᠳᠦᠭᠡᠷ ᠬᠤᠷᠠᠯ ᠡᠴᠡ ᠰᠣᠩᠭᠣᠪᠠ)
ᠶᠤᠤ ᠶᠦᠩ ᠪᠥᠸᠧ ᠵᠢᠨ ᠵᠤᠸᠠᠩ (ᠮᠣᠩᠭᠣᠯ ᠦᠨᠳᠦᠰᠦᠲᠡᠨ) ᠢᠦᠢ ᠷᠧᠨ ᠵᠢᠶᠧ
ᠶᠣᠣ ᠶᠦᠩ ᠪᠥᠸᠧ ᠨᠥᠬᠥᠷ ᠦᠨ ᠲᠣᠪᠴᠢ ᠨᠠᠮᠲᠠᠷ

ᠶᠣᠣ ᠶᠦᠩ ᠪᠥᠸᠧ᠂ ᠡᠷᠡᠭ᠌ᠲᠡᠶ᠂ ᠬᠢᠲᠠᠳ ᠦᠨᠳᠦᠰᠦᠲᠡᠨ᠂ 1965 ᠣᠨ᠎ᠤ 7 ᠰᠠᠷ᠎ᠠ᠎ᠳᠤ ᠳᠦᠷᠦᠵᠡᠶ᠂ ᠥᠪᠥᠷ ᠮᠣᠩᠭᠣᠯ᠎ᠤᠨ ᠨᠠᠮ᠎ᠤᠨ ᠰᠤᠷᠭᠠᠭᠤᠯᠢ᠎ᠶ᠋ᠢᠨ ᠠᠰᠫᠢᠷᠠᠨᠲ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠭᠡᠱᠢᠭᠦᠨ᠂ ᠣᠲᠣ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠲᠡᠷᠢᠭᠦᠯᠡᠭ᠌ᠴᠢ᠂ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ᠂ ᠨᠠᠮ᠎ᠤᠨ ᠤᠳᠤᠷᠢᠳᠭᠤ ᠳᠤᠭᠤᠢᠯᠠᠩ᠎ᠤᠨ ᠪᠦᠷᠢᠯᠳᠦᠬᠦᠨ᠎ᠦ ᠲᠤᠱᠢᠶᠠᠯᠳᠦ ᠪᠤᠢ᠃
ᠵᠢᠨ ᠵᠤᠸᠠᠩ ᠨᠥᠬᠥᠷ ᠦᠨ ᠲᠣᠪᠴᠢ ᠨᠠᠮᠲᠠᠷ

ᠵᠢᠨ ᠵᠤᠸᠠᠩ᠂ ᠡᠷᠡᠭ᠌ᠲᠡᠢ᠂ ᠮᠣᠩᠭᠣᠯ ᠦᠨᠳᠦᠰᠦᠲᠡᠨ᠂ 1972 ᠣᠨ᠎ᠤ 2 ᠰᠠᠷ᠎ᠠ᠎ᠳᠤ ᠲᠦᠷᠦᠵᠠᠢ᠂ ᠠᠰᠫᠢᠷᠠᠨᠲ᠎ᠤᠨ ᠰᠤᠷᠤᠯᠭ᠎ᠠ ᠵᠢᠨ ᠨᠠᠮᠳᠠᠷ ᠲᠠᠢ᠂ ᠠᠵᠤ ᠠᠬᠤᠢ᠎ᠶ᠋ᠢᠨ ᠤᠬᠠᠭᠠᠨ᠎ᠤ ᠳ᠋ᠣᠺᠲ᠋ᠣᠷ᠂ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠎ᠤᠨ ᠭᠡᠱᠢᠭᠦᠨ᠂ ᠤᠳᠤ ᠠᠷᠠᠳᠴᠢᠯᠠᠯ᠎ᠢᠶᠠᠷ ᠤᠯᠤᠰ᠎ᠢᠶᠠᠨ ᠪᠠᠢᠭᠤᠯᠬᠤ ᠬᠤᠷᠠᠯ᠎ᠤᠨ ᠲᠥᠪ ᠬᠤᠷᠢᠶ᠎ᠠ ᠵᠢᠨ ᠪᠠᠢᠩᠭᠤ᠎ᠶ᠋ᠢᠨ ᠭᠡᠱᠢᠭᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠷᠢᠶ᠎ᠠ ᠵᠢᠨ ᠡᠷᠬᠢᠯᠡᠭ᠌ᠴᠢ ᠭᠡᠱᠢᠭᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ᠂ ᠥᠪᠥᠷ ᠮᠣᠩᠭᠣᠯ᠎ᠤᠨ ᠡᠳ᠋᠎ᠦᠨ ᠵᠠᠰᠠᠭ ᠠᠵᠤ ᠠᠬᠤᠢ᠎ᠶ᠋ᠢᠨ ᠶᠡᠬᠡ ᠰᠤᠷᠭᠠᠭᠤᠯᠢ᠎ᠶ᠋ᠢᠨ ᠵᠠᠬᠢᠷᠤᠯ᠂ ᠥᠪᠡᠷᠲᠡᠭᠡᠨ ᠵᠠᠰᠠᠬᠤ ᠣᠷᠣᠨ᠎ᠤ ᠨᠡᠢᠭᠡᠮ᠎ᠦᠨ ᠱᠢᠨᠵᠢᠯᠡᠬᠦ᠌ ᠤᠬᠠᠭᠠᠨ᠎ᠤ ᠡᠲᠡᠭᠡᠳ᠎ᠦᠨ ᠬᠣᠯᠪᠣᠭᠠᠲᠤ ᠬᠤᠷᠠᠯ᠎ᠤᠨ ᠳᠡᠳ᠋ ᠲᠡᠷᠢᠭᠦᠯᠡᠭ᠌ᠴᠢ (ᠬᠠᠪᠰᠤᠷᠭᠠᠨ ᠬᠠᠷᠢᠭᠤᠴᠠᠵᠤ ᠪᠤᠢ) ᠵᠢᠨ ᠲᠤᠰᠢᠶᠠᠯ᠎ᠳᠦ ᠪᠤᠢ᠃
ᠢᠦᠢ ᠷᠧᠨ ᠵᠢᠶᠸ ᠨᠥᠬᠥᠷ ᠦᠨ ᠲᠣᠪᠴᠢ ᠨᠠᠮᠲᠠᠷ

ᠢᠦᠶ ᠷᠧᠨ ᠵᠢᠶᠧ᠂ ᠡᠷᠡᠭ᠌ᠲᠡᠶ᠂ ᠬᠢᠲᠠᠳ ᠦᠨᠳᠦᠰᠦᠲᠡᠨ᠂ 1968 ᠣᠨ᠎ᠤ 4 ᠰᠠᠷ᠎ᠠ᠎ᠳᠤ ᠳᠦᠷᠦᠵᠡᠶ᠂ ᠠᠵᠢᠯ᠎ᠤᠨ ᠪᠠᠢᠷᠢ ᠳᠡᠭᠡᠷᠡᠬᠢ ᠠᠰᠫᠢᠷᠠᠨᠲ᠂ ᠲᠧᠭ᠌ᠨᠢᠭ᠎ᠦᠨ ᠤᠬᠠᠭᠠᠨ᠎ᠤ ᠳ᠋ᠣᠺᠲ᠋ᠣᠷ᠂ 《9·3》 ᠤ᠋ ᠡᠷᠳᠡᠮ ᠱᠢᠨᠵᠢᠯᠡᠭᠡᠨ᠎ᠦ ᠨᠡᠢᠭᠡᠮᠯᠢᠭ᠎ᠦᠨ ᠭᠡᠱᠢᠭᠦᠨ᠂ ᠣᠲᠣ 《9·3》 ᠤ᠋ ᠡᠷᠳᠡᠮ ᠱᠢᠨᠵᠢᠯᠡᠭᠡᠨ᠎ᠦ ᠨᠡᠢᠭᠡᠮᠯᠢᠭ᠎ᠦᠨ ᠲᠥᠪ ᠬᠣᠷᠢᠶ᠎ᠠ᠎ᠶ᠋ᠢᠨ ᠪᠠᠢᠩᠭᠤ᠎ᠶ᠋ᠢᠨ ᠭᠡᠱᠢᠭᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠶ᠎ᠠ ᠶ᠋ᠢᠨ ᠡᠷᠬᠢᠯᠡᠭ᠌ᠴᠢ ᠭᠡᠱᠢᠭᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠳᠡᠳ᠋ ᠲᠡᠷᠢᠭᠦᠯᠡᠭ᠌ᠴᠢ᠂ ᠥᠪᠥᠷ ᠮᠣᠩᠭᠣᠯ᠎ᠤᠨ ᠵᠠᠮ ᠬᠠᠷᠢᠯᠴᠠᠭᠠᠨ᠎ᠤ ᠪᠠᠯᠠ ᠣᠷᠣᠭᠤᠯᠤᠯᠲᠠ (ᠪᠦᠯᠦᠭ᠌ᠯᠡᠯ) ᠶ᠋ᠢᠨ ᠬᠢᠵᠠᠭᠠᠷᠲᠤ ᠺᠣᠮᠫᠠᠨᠢ᠎ᠶ᠋ᠢᠨ ᠶᠡᠷᠦᠩᠬᠡᠶ ᠳᠠᠭᠠᠭᠠᠮᠠᠯ᠂ ᠬᠡᠷᠡᠭ ᠮᠡᠳᠡᠭ᠌ᠴᠢ᠎ᠶ᠋ᠢᠨ ᠲᠤᠱᠢᠶᠠᠯᠳᠦ ᠪᠤᠢ᠃