ᠬᠣᠷᠢᠨ ᠲᠠᠪᠤᠳᠤᠭᠠᠷ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠢᠲ᠋ᠠᠯᠢ᠎ᠶ᠋ᠢᠨ ᠮᠢᠯᠠᠨ ᠳ᠋ᠥ᠍ ᠡᠬᠢᠯᠡᠪᠡ
2026-02-08 12:41:55
ᠵᠣᠬᠢᠶᠠᠭ᠍ᠴᠢ᠄
ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠯᠸ ᠸᠸᠨ ᠸᠠᠨ ᠳ᠋ᠢᠶᠤᠤ ᠽᠸ
ᠣᠩᠱᠢᠭ᠍ᠰᠠᠨ ᠣᠳᠠᠭ᠎ᠠ᠄
★★★☆☆

ᠲᠤᠬᠠᠢ᠎ᠶ᠋ᠢᠨ ᠭᠠᠵᠠᠷ᠎ᠤᠨ ᠴᠠᠭ᠎ᠢᠶᠠᠷ 6 ᠤ᠋ ᠤᠷᠤᠢ᠂ ᠬᠣᠷᠢᠨ ᠲᠠᠪᠤᠳᠤᠭᠠᠷ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠢᠲ᠋ᠠᠯᠢ᠎ᠶ᠋ᠢᠨ ᠮᠢᠯᠠᠨ᠎ᠳᠤ ᠡᠬᠢᠯᠡᠪᠡ᠃ ᠡᠨᠡ ᠪᠣᠯ ᠢᠲ᠋ᠠᠯᠢ᠎ᠶ᠋ᠢᠨ 1956 ᠣᠨ᠎ᠤ ᠺᠤᠷᠲ᠋ᠢᠨᠠ ᠳ᠋ᠠᠮᠫᠸᠽᠤ᠋᠎ᠶ᠋ᠢᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠂ 2006 ᠣᠨ᠎ᠤ ᠲᠤᠷᠢᠨᠤ᠋ ᠵᠢᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠳᠠᠷᠠᠭ᠎ᠠ ᠭᠤᠷᠪᠠᠳᠠᠬᠢ ᠤᠳᠠᠭ᠎ᠠ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠢ ᠡᠷᠭᠢᠯᠡᠵᠦ᠍ ᠪᠠᠢᠭ᠎ᠠ ᠶᠠᠪᠤᠳᠠᠯ ᠪᠣᠯᠤᠨ᠎ᠠ᠃

ᠲᠣᠰ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠡᠬᠢᠯᠡᠯᠲᠡ᠎ᠶ᠋ᠢᠨ ᠶᠣᠰᠣᠯᠠᠯ᠎ᠨᠢ ᠣᠯᠠᠨ ᠭᠠᠵᠠᠷ᠎ᠤᠨ ᠬᠣᠯᠪᠣᠭᠠᠯᠠᠨ ᠬᠥᠳᠡᠯᠦᠯᠴᠡᠬᠦ᠌ ᠵᠠᠭ᠍ᠪᠤᠷ᠎ᠢ ᠱᠢᠨ᠎ᠡ᠎ᠪᠡᠷ ᠡᠭᠦᠳᠴᠦ᠍᠂ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠠᠷᠢᠭᠤᠨ ᠭᠠᠯ᠎ᠢ ᠮᠢᠯᠠᠨ ᠪᠣᠯᠤᠨ ᠺᠤᠷᠲ᠋ᠢᠨᠠ᠎ᠳ᠋ᠤ ᠵᠡᠷᠭᠡ᠎ᠪᠡᠷ ᠠᠰᠠᠭᠠᠵᠤ᠂ ᠲᠠᠮᠢᠷᠴᠢᠳ᠎ᠤᠨ ᠲᠠᠯᠠᠪᠠᠶ᠎ᠳᠤ ᠣᠷᠣᠬᠤ ᠶᠣᠰᠣᠯᠠᠯ᠎ᠢ ᠮᠢᠯᠠᠨ᠂ ᠯᠢᠸᠢᠨᠢᠤ᠋᠂ ᠫᠷᠸᠳᠠᠷᠽᠤ᠋᠂ ᠺᠤᠷᠲ᠋ᠢᠨᠠ ᠳᠥᠷᠪᠡᠨ ᠶᠡᠬᠡ ᠤᠷᠤᠯᠳᠤᠭᠠᠨ᠎ᠤ ᠲᠣᠭᠣᠷᠢᠭ᠎ᠲᠤ ᠵᠡᠷᠭᠡ᠎ᠪᠡᠷ ᠶᠠᠪᠤᠭ᠍ᠳᠠᠭᠤᠯᠪᠠ᠃ ᠡᠨᠡ ᠬᠦ᠌ ᠣᠯᠠᠨ ᠭᠠᠵᠠᠷ᠎ᠢ ᠰᠤᠨᠳᠠᠯᠠᠭ᠍ᠰᠠᠨ ᠶᠣᠰᠣᠯᠠᠯ ᠨᠢ ᠲᠣᠰ ᠬᠤᠭᠤᠴᠠᠭᠠᠨ᠎ᠤ ᠡᠬᠢᠯᠡᠯᠲᠡ᠎ᠶ᠋ᠢᠨ ᠶᠣᠰᠣᠯᠠᠯ᠎ᠤᠨ 《ᠡᠶ᠎ᠡ ᠵᠣᠬᠢᠴᠠᠯ》 ᠤ᠋ᠨ ᠭᠤᠤᠯ ᠰᠡᠳᠦᠪ — ᠠᠭᠤᠯᠠ ᠤᠰᠤ ᠠᠯᠤᠰᠯᠠᠵᠤ ᠪᠠᠢᠭ᠎ᠠ ᠪᠣᠯᠪᠠᠴᠤ᠌ ᠳᠡᠯᠡᠬᠡᠶ ᠶᠢᠷᠲᠢᠨᠴᠦ᠍ ᠮᠥᠨ ᠯᠡ ᠰᠡᠳᠭᠢᠯ ᠨᠢᠭᠡᠳᠦᠨ ᠠᠳᠠᠯᠢ ᠴᠠᠭ ᠦᠶ᠎ᠡ᠂ ᠠᠳᠠᠯᠢ ᠵᠣᠷᠢᠭ ᠰᠠᠨᠠᠭ᠎ᠠ᠎ᠶ᠋ᠢ ᠬᠠᠮᠲᠤ᠎ᠪᠠᠷ  ᠡᠳ᠋ᠯᠡᠵᠦ᠍ ᠪᠣᠯᠤᠨ᠎ᠠ ᠭᠡᠳᠡᠭ ᠤᠳᠬ᠎ᠠ ᠰᠠᠨᠠᠭ᠎ᠠ ᠵᠢ  ᠲᠠᠢᠯᠪᠤᠷᠢᠯᠠᠵᠠᠶ᠃

ᠮᠢᠯᠠᠨ ᠤ᠋ ᠰᠠᠨ ᠰᠢᠷᠦ᠋ ᠪᠡᠶ᠎ᠡ᠎ᠶ᠋ᠢᠨ ᠲᠠᠮᠢᠷ᠎ᠤᠨ ᠲᠠᠯᠠᠪᠠᠢ᠎ᠳᠤ᠂ ᠡᠬᠢᠯᠡᠯᠲᠡ᠎ᠶ᠋ᠢᠨ ᠶᠣᠰᠣᠯᠠᠯ ᠨᠢ ᠱᠤᠭᠤᠮᠠᠯ᠂ ᠳᠠᠭᠤᠤ ᠬᠥᠭ᠌ᠵᠢᠮ ᠵᠡᠷᠭᠡ ᠤᠷᠠᠯᠢᠭ᠎ᠤᠨ ᠬᠡᠯᠪᠡᠷᠢ᠎ᠪᠡᠷ ᠠᠴᠢᠶᠠᠯᠠᠪᠤᠷᠢ ᠪᠣᠯᠭᠠᠵᠤ᠂ ᠢᠲ᠋ᠠᠯᠢ᠎ᠶ᠋ᠢᠨ ᠲᠡᠦᠬᠡ᠎ᠶ᠋ᠢᠨ ᠭᠦᠨ ᠠᠭᠤᠯᠭ᠎ᠠ ᠪᠣᠯᠤᠨ ᠰᠣᠶᠣᠯ᠎ᠤᠨ ᠷᠢᠳᠢ ᠱᠢᠳᠢ᠎ᠶ᠋ᠢ ᠠᠮᠢᠳᠤᠯᠢᠭ᠎ᠢᠶᠠᠷ ᠳᠡᠯᠭᠡᠨ ᠦᠵᠡᠭᠦᠯᠵᠡᠢ᠃ ᠳᠤᠮᠳᠠᠳᠤ ᠤᠯᠤᠰ᠎ᠤᠨ ᠲᠡᠭᠦᠯᠳᠡᠷ ᠬᠤᠭᠤᠷᠴᠢᠨ ᠯᠠᠩ ᠯᠠᠩ ᠲᠠᠢᠰᠠᠨ᠎ᠳᠤ ᠭᠠᠷᠴᠤ᠌᠂ ᠢᠲ᠋ᠠᠯᠢ᠎ᠶ᠋ᠢᠨ ᠤᠷᠠᠯᠢᠭ᠍ᠴᠢᠳ᠎ᠲᠠᠶ ᠬᠠᠮᠲᠤᠷᠠᠵᠤ ᠭᠣᠢᠳᠠ ᠰᠠᠢᠬᠠᠨ ᠲᠣᠭ᠍ᠯᠠᠯᠲᠠ ᠭᠠᠷᠭᠠᠪᠠ᠃

ᠣᠯᠠᠨ ᠤᠯᠤᠰ᠎ᠤᠨ ᠣᠯᠢᠮᠫᠢᠺ᠎ᠤᠨ ᠪᠡᠶ᠎ᠠ ᠵᠢᠨ ᠲᠠᠮᠢᠷ ᠤ᠋ᠨ ᠬᠦᠳᠡᠯᠭᠡᠭᠡᠨ ᠤ᠋ ᠵᠥᠪᠯᠡᠯ᠎ᠦᠨ ᠲᠡᠷᠢᠭᠦᠯᠡᠭ᠌ᠴᠢ ᠺᠤᠥᠸᠸᠨᠴᠦ᠋ᠢ ᠡᠬᠢᠯᠡᠯᠲᠡ᠎ᠶ᠋ᠢᠨ ᠶᠣᠰᠣᠯᠠᠯ   ᠳᠡᠭᠡᠷ᠎ᠡ  ᠪᠠᠶᠠᠷ ᠎ᠤᠨ ᠦᠭᠡ ᠬᠡᠯᠡᠵᠦ᠄ 《ᠡᠨᠳᠡ ᠳᠡᠯᠡᠬᠡᠶ᠎ᠶ᠋ᠢᠨ ᠡᠯ᠎ᠡ ᠭᠠᠵᠠᠷ᠎ᠡᠴᠡ ᠢᠷᠡᠭ᠌ᠰᠡᠨ ᠲᠠᠮᠢᠷᠴᠢᠳ ᠱᠢᠷᠦᠭᠦᠨ ᠲᠡᠮᠡᠴᠡᠯᠳᠦᠵᠦ᠍ ᠪᠠᠢᠭ᠎ᠠ ᠪᠣᠯᠪᠠᠴᠤ᠌ ᠪᠠᠰᠠ ᠬᠠᠷᠢᠯᠴᠠᠨ ᠬᠦᠨᠳᠦᠳᠭᠡᠵᠦ᠍᠂ ᠳᠡᠮᠵᠢᠵᠦ᠍᠂ ᠵᠣᠷᠢᠭ᠍ᠵᠢᠭᠤᠯᠬᠤ ᠪᠤᠯᠤᠨ᠎ᠠ᠃ ᠲᠡᠳᠡ ᠪᠢᠳᠡᠨ᠎ᠳᠦ᠄ ᠬᠥᠮᠦᠨ ᠲᠥᠷᠥᠯᠬᠢᠲᠡᠨ᠎ᠦ ᠬᠤᠪᠢ ᠵᠠᠶᠠᠭ᠎ᠠ ᠬᠣᠯᠪᠣᠯᠳᠤᠵᠤ᠂ ᠵᠢᠩᠬᠢᠨᠢ ᠬᠦᠴᠦᠨ ᠨᠢ ᠪᠢᠳᠡ ᠬᠠᠷᠢᠯᠴᠠᠨ ᠬᠡᠷᠬᠢᠨ ᠬᠠᠨᠳᠤᠬᠤ᠎ᠡᠴᠡ ᠢᠷᠡᠯᠲᠡ᠎ᠲᠡᠶ ᠭᠡᠳᠡᠭ ᠢ᠋ ᠰᠠᠨᠠᠭᠤᠯᠵᠠᠢ》 ᠭᠡᠪᠡ᠃

ᠢᠲ᠋ᠠᠯᠢ᠎ᠶ᠋ᠢᠨ ᠶᠡᠷᠦᠩᠬᠡᠢᠯᠡᠭ᠌ᠴᠢ ᠮᠠᠲ᠋ᠠᠯᠸᠢ᠌ᠯᠠ ᠬᠣᠷᠢᠨ ᠲᠠᠪᠤᠳᠤᠭᠠᠷ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠡᠬᠢᠯᠡᠭ᠌ᠰᠡᠨ᠎ᠢ ᠵᠠᠷᠯᠠᠪᠠ᠃

ᠰᠡᠳᠭᠢᠯ ᠳᠣᠭ᠍ᠳᠣᠯᠤᠭᠤᠯᠤᠮ᠎ᠠ ᠠᠷᠢᠭᠤᠨ ᠭᠠᠯ ᠠᠰᠠᠭᠠᠬᠤ ᠶᠣᠰᠣᠯᠠᠯ ᠨᠢ ᠡᠬᠢᠯᠡᠯᠲᠡ᠎ᠶ᠋ᠢᠨ ᠶᠣᠰᠣᠯᠠᠯ᠎ᠤᠨ ᠬᠦᠭᠵᠢᠶᠡᠨᠲᠦ ᠠᠭᠤᠷ ᠠᠮᠢᠰᠭᠤᠯ᠎ᠢ ᠣᠷᠭᠢᠯ᠎ᠳᠤ ᠬᠦᠷᠭᠡᠪᠡ᠃ ᠭᠷᠧᠭ᠎ᠦᠨ ᠡᠷᠲᠡᠨ᠎ᠦ ᠣᠯᠢᠮᠫᠢᠶ᠎ᠠ᠎ᠡᠴᠡ ᠴᠤᠭ᠍ᠯᠠᠭᠤᠯᠤᠭ᠍ᠰᠠᠨ ᠣᠯᠢᠮᠫᠢᠺ᠎ᠤᠨ ᠠᠷᠢᠭᠤᠨ ᠭᠠᠯ ᠢᠲ᠋ᠠᠯᠢ᠎ᠶ᠋ᠢᠨ ᠬᠢᠯᠢ᠎ᠳᠦ 63 ᠡᠳᠦᠷ ᠳᠠᠮᠵᠢᠭ᠍ᠳᠠᠵᠤ᠂ ᠡᠬᠢᠯᠡᠯᠲᠡ᠎ᠶ᠋ᠢᠨ ᠶᠣᠰᠣᠯᠠᠯ᠎ᠤᠨ ᠠᠬᠤᠶ ᠲᠠᠯᠠᠪᠠᠶ᠎ᠳᠤ ᠲᠣᠭ᠍ᠲᠠᠭ᠍ᠰᠠᠨ ᠴᠠᠭ᠎ᠲᠠᠭᠠᠨ ᠬᠦᠷᠴᠡᠶ᠃ ᠪᠥᠬᠥ᠌ ᠲᠠᠯᠠᠪᠠᠶ᠎ᠶ᠋ᠢᠨ ᠦᠵᠡᠭ᠌ᠴᠢᠳ᠎ᠦᠨ ᠤᠷᠠᠢᠯᠠᠬᠤ ᠲᠠᠭᠤᠨ᠎ᠤ ᠳᠤᠮᠳᠠ᠂ ᠮᠢᠯᠠᠨ᠎ᠤ ᠡᠩᠬᠡ ᠲᠠᠢᠪᠤᠩ᠎ᠤᠨ ᠭᠤᠯᠳᠤᠩ ᠡᠭᠦᠳᠡ᠂ ᠺᠤᠷᠲ᠋ᠢᠨᠠ ᠳ᠋ᠢᠪᠣᠨᠠ ᠵᠢᠨ ᠠᠭᠤᠳᠠᠮ ᠲᠠᠯᠠᠪᠠᠶ᠎ᠶ᠋ᠢᠨ ᠬᠣᠶᠠᠷ ᠭᠤᠤᠯ ᠭᠠᠯ ᠪᠠᠮᠪᠠᠷ᠎ᠤᠨ ᠲᠠᠢᠰᠠ ᠵᠡᠷᠭᠡ᠎ᠪᠡᠷ ᠨᠣᠴᠣᠪᠠ᠃ ᠤᠳᠤᠷᠢᠳᠤᠭᠠᠴᠢ᠎ᠶ᠋ᠢᠨ ᠪᠦᠯᠬᠦᠮ᠎ᠦᠨ ᠲᠠᠨᠢᠯᠴᠠᠭᠤᠯᠤᠭ᠍ᠰᠠᠨ᠎ᠢᠶᠠᠷ᠂ ᠭᠤᠤᠯ ᠭᠠᠯ ᠪᠠᠮᠪᠠᠷ᠎ᠤᠨ ᠲᠠᠢᠰᠠ᠎ᠶᠢᠨ ᠵᠢᠷᠤᠭ ᠲᠥᠯᠥᠪᠯᠡᠭᠡ᠎ᠶ᠋ᠢᠨ ᠣᠩᠭᠣᠳ ᠨᠢ ᠢᠲ᠋ᠠᠯᠢ᠎ᠶ᠋ᠢᠨ ᠤᠳᠭ᠎ᠠ ᠤᠷᠠᠯᠢᠭ᠎ᠤᠨ ᠰᠡᠷᠭᠦᠨ ᠮᠠᠨᠳᠤᠯᠲᠠ᠎ᠶ᠋ᠢᠨ ᠠᠪᠤᠷᠭᠤ ᠳᠠᠷᠬᠠᠨ ᠯᠠᠶᠤᠨᠠᠷᠳᠤ᠋·ᠳ᠋ᠠ·ᠸᠢᠨᠴᠢ᠎ᠶ᠋ᠢᠨ ᠭᠧᠣᠮᠧᠲ᠋ᠷᠢ᠎ᠶ᠋ᠢᠨ ᠵᠠᠨᠭᠭᠢᠶᠠᠰᠦ ᠵᠢᠨ ᠤᠭᠠᠯᠵᠠ ᠡᠴᠡ ᠢᠷᠡᠯᠲᠡ᠎ᠲᠡᠶ᠂ ᠬᠤᠪᠢᠰᠬᠤᠢ ᠭᠧᠣᠮᠧᠲ᠋ᠷᠢ᠎ᠶ᠋ᠢᠨ ᠪᠦᠲᠦᠴᠡ᠎ᠶ᠋ᠢ ᠬᠡᠷᠡᠭ᠌ᠯᠡᠵᠤ᠂ ᠬᠥᠳᠡᠯᠦᠩᠭᠦᠶ᠎ᠪᠡᠷ ᠨᠡᠭᠡᠭᠡᠬᠦ᠌᠎ᠶ᠋ᠢ ᠪᠡᠶᠡᠯᠡᠭᠦᠯᠵᠦ᠍᠂ ᠤᠷᠠᠨ ᠰᠡᠳᠭᠢᠬᠦᠶ ᠪᠠ ᠪᠦᠲᠦᠭᠡᠯᠴᠢ ᠰᠡᠳᠭᠢᠮᠵᠢ᠎ᠶ᠋ᠢ ᠢᠯᠡᠷᠡᠭᠦᠯᠪᠠ᠃

ᠳᠤᠮᠳᠠᠳᠤ ᠤᠯᠤᠰ᠎ᠤᠨ ᠪᠡᠶ᠎ᠡ᠎ᠶ᠋ᠢᠨ ᠲᠠᠮᠢᠷ᠎ᠤᠨ ᠲᠥᠯᠥᠭᠡᠯᠡᠭ᠌ᠴᠢᠳ᠎ᠦᠨ ᠪᠦᠯᠬᠦᠮ ᠨᠡᠢ᠌ᠳᠡ 286 ᠬᠥᠮᠦᠨ ᠪᠤᠢ᠂ ᠡᠭᠦᠨ᠎ᠳᠦ 126 ᠲᠠᠮᠢᠷᠴᠢᠨ᠂ 7 ᠶᠡᠬᠡ ᠲᠦᠷᠦᠯ᠂ 15 ᠬᠤᠪᠢᠶᠠᠷᠢ ᠲᠦᠷᠦᠯ᠂ 91 ᠪᠠᠭ᠎ᠠ ᠲᠦᠷᠦᠯ᠎ᠦᠨ ᠤᠷᠤᠯᠳᠤᠭᠠᠨ᠎ᠳᠤ ᠣᠷᠣᠯᠴᠠᠵᠤ᠂ ᠳᠤᠮᠳᠠᠳᠤ ᠤᠯᠤᠰ᠎ᠤᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠬᠢᠯᠢ᠎ᠶ᠋ᠢᠨ ᠭᠠᠳᠠᠨ᠎ᠠ ᠤᠷᠤᠯᠳᠤᠭᠠᠨ᠎ᠳᠤ ᠣᠷᠣᠯᠴᠠᠭ᠍ᠰᠠᠨ ᠲᠦᠷᠦᠯ ᠵᠦᠢᠯ ᠬᠠᠮᠤᠭ᠎ᠤᠨ ᠤᠯᠠᠨ᠂ ᠲᠠᠮᠢᠷᠴᠢᠨ᠎ᠤ ᠬᠡᠪᠴᠢᠢ᠎ᠡ ᠬᠠᠮᠤᠭ᠎ᠤᠨ ᠶᠡᠬᠡ ᠱᠢᠨ᠎ᠡ ᠲᠡᠮᠳᠡᠭ᠌ᠯᠡᠯ᠎ᠢ ᠡᠭᠦᠳᠴᠠᠢ᠃ ᠡᠬᠢᠯᠡᠯᠲᠡ᠎ᠶ᠋ᠢᠨ ᠶᠣᠰᠣᠯᠠᠯ ᠳᠡᠭᠡᠷ᠎ᠡ᠂ ᠲᠦᠷᠭᠡᠨ ᠲᠡᠱᠢᠯᠲᠡ᠎ᠶ᠋ᠢᠨ ᠲᠠᠮᠢᠷᠴᠢᠨ ᠨᠢᠩ ᠵᠦᠩ ᠶᠠᠨ ᠪᠣᠯᠤᠨ ᠤᠢ᠍ᠢᠷ᠎ᠠ ᠵᠠᠢ᠎ᠶ᠋ᠢᠨ ᠲᠦᠷᠭᠡᠨ ᠲᠡᠱᠢᠯᠲᠡ᠎ᠶ᠋ᠢᠨ ᠲᠠᠮᠢᠷᠴᠢᠨ ᠵᠠᠩ ᠴᠦ ᠲᠦᠩ ᠬᠠᠮᠲᠤ᠎ᠪᠠᠷ ᠳᠤᠮᠳᠠᠳᠤ ᠤᠯᠤᠰ᠎ᠤᠨ ᠲᠥᠯᠥᠭᠡᠯᠡᠭ᠌ᠴᠢᠳ᠎ᠦᠨ ᠪᠦᠯᠬᠦᠮ᠎ᠦᠨ ᠲᠤᠭ᠍ᠴᠢ ᠪᠤᠯᠵᠤ᠂ ᠡᠩᠨᠡᠭᠡ᠎ᠶ᠋ᠢ ᠳᠠᠭᠠᠭᠤᠯᠤᠨ ᠲᠠᠯᠠᠪᠠᠢ᠎ᠳᠤ ᠣᠷᠣᠪᠠ᠃

ᠲᠤᠰ ᠤᠳᠠᠭ᠎ᠠ ᠵᠢᠨ ᠤᠷᠤᠯᠳᠤᠭᠠᠨ᠎ᠳᠤ ᠣᠷᠣᠯᠴᠠᠭ᠍ᠰᠠᠨ ᠳᠤᠮᠳᠠᠳᠤ ᠤᠯᠤᠰ᠎ᠤᠨ ᠲᠠᠮᠢᠷᠴᠢᠳ᠎ᠤᠨ ᠳᠣᠲᠣᠷ᠎ᠠ ᠪᠡᠭᠡᠵᠢᠩ᠎ᠦᠨ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠮᠠᠩᠯᠠᠶ ᠪᠠᠢᠵᠤ᠂ ᠴᠢᠯᠥᠭᠡᠲᠦ ᠮᠠᠶᠢᠭ᠎ᠤᠨ ᠴᠡᠨᠡᠯᠡᠯᠲᠡ ᠵᠢᠨ ᠠᠭᠠᠷ᠎ᠲᠡᠬᠢ ᠤᠷ᠎ᠠ  ᠮᠡᠷᠭᠡᠵᠢᠯ᠎ᠦᠨ ᠠᠩᠭᠢ᠎ᠶ᠋ᠢᠨ ᠱᠢᠤᠢ ᠮᠧᠩ ᠲᠤᠤ᠂ ᠴᠢ ᠭᠤᠸᠠᠩ ᠫᠦ ᠪᠣᠯᠤᠨ ᠳᠠᠩ ᠬᠠᠪᠲᠠᠰᠤᠨ᠎ᠤ ᠴᠡᠨᠡᠯᠡᠯᠲᠡ ᠵᠢᠨ U ᠬᠡᠯᠪᠡᠷᠢ᠎ᠶ᠋ᠢᠨ ᠲᠠᠯᠠᠪᠠᠢ ᠵᠢᠨ ᠠᠩᠭᠢ᠎ᠶ᠋ᠢᠨ ᠼᠠᠢ ᠱᠢᠤᠸᠠᠢ ᠲᠦᠩ᠂ ᠯᠢᠦ ᠵᠢᠶᠠ ᠢᠦᠶ ᠲᠠᠪᠤᠨ ᠵᠦᠢᠯ᠎ᠤᠨ ᠤᠷᠤᠯᠳᠤᠭᠠᠨ᠎ᠳᠤ ᠣᠷᠣᠯᠴᠠᠬᠤ ᠪᠣᠯᠤᠨ᠎ᠠ᠃

ᠲᠤᠰ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ ᠳᠡᠭᠡᠷ᠎ᠡ᠂ 90  ᠭᠠᠷᠤᠢ  ᠤᠯᠤᠰ  ᠪᠠ  ᠭᠠᠵᠠᠷ  ᠣᠷᠣᠨ᠎ᠡᠴᠡ ᠢᠷᠡᠭ᠌ᠰᠡᠨ 2900 ᠱᠢᠬᠠᠮ ᠲᠠᠮᠢᠷᠴᠢᠨ 8 ᠶᠡᠬᠡ ᠲᠦᠷᠦᠯ᠂ 16 ᠬᠤᠪᠢᠶᠠᠷᠢ ᠲᠦᠷᠦᠯ᠂ 116 ᠪᠠᠭ᠎ᠠ ᠲᠦᠷᠦᠯ᠎ᠦᠨ ᠤᠷᠤᠯᠳᠤᠭᠠᠨ᠎ᠳᠤ ᠣᠷᠣᠯᠴᠠᠬᠤ ᠪᠣᠯᠤᠨ᠎ᠠ᠃ ᠡᠬᠢᠯᠡᠯᠲᠡ᠎ᠶ᠋ᠢᠨ ᠶᠣᠰᠣᠯᠠᠯ᠎ᠡᠴᠡ ᠡᠮᠦᠨ᠎ᠡ᠂ ᠮᠥᠰᠥᠨ ᠳᠡᠪᠦᠷ᠎ᠡ᠂ ᠮᠥᠰᠥᠨ ᠪᠥᠮᠪᠥᠭᠡ᠂ ᠲᠠᠩ ᠬᠠᠪᠳᠠᠰᠤᠳᠤ ᠴᠠᠨᠠᠯᠠᠯᠲᠠ᠎ᠶ᠋ᠢᠨ ᠲᠣᠮᠣ ᠬᠠᠷᠠᠢᠯᠲᠠ᠎ᠶ᠋ᠢᠨ ᠲᠠᠪᠴᠠᠩ᠂ ᠤᠷᠠᠨ ᠲᠡᠱᠢᠯᠲᠡ ᠵᠡᠷᠭᠡ ᠲᠥᠷᠥᠯ ᠵᠦᠶ᠋ᠯ ᠨᠢᠭᠡᠨᠲᠡ ᠤᠷᠢᠳ ᠵᠢᠡᠷ ᠡᠬᠢᠯᠡᠪᠡ᠃ ᠲᠤᠰ ᠬᠤᠭᠤᠴᠠᠭᠠᠨ᠎ᠤ ᠡᠪᠦᠯ᠎ᠦᠨ ᠤᠯᠠᠷᠢᠯ᠎ᠤᠨ ᠣᠯᠢᠮᠫᠢᠺ᠎ᠤᠨ ᠲᠠᠮᠢᠷ᠎ᠤᠨ ᠴᠤᠭ᠍ᠯᠠᠭᠠᠨ᠎ᠤ ᠪᠦᠬᠦ᠌ ᠤᠷᠤᠯᠳᠤᠭᠠᠨ 22 ᠎ᠤ᠋ᠨ ᠡᠳᠦᠷ ᠳᠠᠭᠤᠰᠤᠨ᠎ᠠ᠃

(ᠱᠢᠨᠬᠤᠸᠠ ᠬᠣᠷᠢᠶ᠎ᠠ ᠵᠢᠨ ᠮᠢᠯᠠᠨ ᠤ᠋ 2 ᠰᠠᠷ᠎ᠠ᠎ᠶ᠋ᠢᠨ 6 ᠤ᠋ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号