《ᠣᠳᠣᠬᠢᠴᠢᠯᠠᠭ᠍ᠰᠠᠨ ᠨᠡᠢᠰᠯᠡᠯ᠎ᠦᠨ ᠬᠣᠲᠠ᠎ᠶ᠋ᠢᠨ ᠴᠠᠭᠠᠷᠢᠭ᠎ᠤᠨ ᠣᠷᠣᠨ ᠵᠠᠶ᠎ᠶ᠋ᠢᠨ ᠬᠠᠮᠵᠢᠯᠴᠠᠬᠤ ᠲᠥᠯᠥᠪᠵᠢᠭᠦᠯᠭᠡ (2023 — 2035 ᠣᠨ)》 ᠵᠢᠨ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ᠎ᠶ᠋ᠢᠨ ᠶᠠᠪᠤᠳᠠᠯ᠎ᠤᠨ ᠬᠤᠷᠢᠶ᠎ᠠ᠎ᠵᠢᠨ ᠴᠣᠬᠣᠯᠠᠪᠤᠷᠢ
2026-02-09 09:16:10
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠪᠡᠭᠡᠵᠢᠩ ᠬᠤᠲᠠ᠂ ᠲᠢᠶᠠᠨᠵᠢᠨ ᠬᠤᠲᠠ᠂ ᠾᠸᠪᠸᠢ ᠮᠤᠵᠢ᠎ᠶ᠋ᠢᠨ ᠨᠠᠮ᠎ᠤᠨ ᠬᠣᠷᠢᠢ᠎ᠠ ᠪᠠ ᠠᠷᠠᠳ᠎ᠤᠨ ᠵᠠᠰᠠᠭ᠎ᠤᠨ ᠣᠷᠳᠣᠨ᠎ᠳᠤ᠄

ᠲᠠ᠎ᠨᠠᠷ᠎ᠤᠨ ᠬᠢᠨᠠᠨ ᠵᠥᠪᠱᠢᠶᠡᠷᠡᠭᠦᠯᠬᠦ᠌᠎ᠪᠡᠷ ᠳᠡᠪᠱᠢᠭᠦᠯᠦᠭ᠌ᠰᠡᠨ 《ᠣᠳᠣᠬᠢᠴᠢᠯᠠᠭ᠍ᠰᠠᠨ ᠨᠡᠢᠰᠯᠡᠯ᠎ᠦᠨ ᠬᠣᠲᠠ᠎ᠶ᠋ᠢᠨ ᠴᠠᠭᠠᠷᠢᠭ᠎ᠤᠨ ᠣᠷᠣᠨ ᠵᠠᠶ᠎ᠶ᠋ᠢᠨ ᠬᠠᠮᠵᠢᠯᠴᠠᠬᠤ ᠲᠥᠯᠥᠪᠵᠢᠭᠦᠯᠭᠡ (2023—2035 ᠣᠨ)》 (ᠳᠣᠷᠣᠭ᠍ᠰᠢ 《ᠲᠥᠯᠥᠪᠵᠢᠭᠦᠯᠭᠡ》 ᠭᠡᠵᠦ᠍ ᠳᠦᠭᠦᠮᠴᠢᠯᠡᠨ᠎ᠠ)᠎ᠶ᠋ᠢᠨ ᠵᠢᠭᠠᠪᠤᠷᠢ ᠠᠪᠬᠤ ᠮᠡᠳᠡᠭᠦᠯᠦᠯᠲᠡ᠎ᠶ᠋ᠢ ᠬᠤᠷᠢᠶᠠᠵᠤ ᠤᠯᠪᠠ᠃

ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠡᠴᠡ ᠨᠠᠭᠠᠰᠢ᠂ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠵᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠳᠣᠣᠷ᠎ᠠ᠂ ᠡᠯ᠎ᠡ ᠲᠠᠯ᠎ᠠ᠎ᠶ᠋ᠢᠨ ᠬᠢᠨ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠨ ᠬᠠᠮᠲᠤᠷᠠᠯᠴᠠᠵᠤ᠂ ᠪᠡᠭᠡᠵᠢᠩ ᠲᠢᠶᠠᠨᠵᠢᠨ ᠾᠸᠪᠸᠢ ᠵᠢᠨ ᠬᠠᠮᠵᠢᠯᠴᠠᠨ ᠬᠥᠭ᠌ᠵᠢᠬᠦ᠌ ᠠᠵᠢᠯ ᠢᠯᠡᠳᠲᠡ ᠦᠷ᠎ᠡ ᠪᠦᠲᠦᠮᠵᠢ ᠣᠯᠵᠤ᠂ ᠡᠯᠪᠡᠭ ᠪᠠᠶᠠᠯᠢᠭ ᠦᠷ᠎ᠡ ᠪᠦᠲᠦᠭᠡᠯ ᠤᠯᠪᠠ᠃ 《ᠲᠥᠯᠥᠪᠵᠢᠭᠦᠯᠭᠡ》᠎ᠶ᠋ᠢ ᠨᠠᠢᠷᠠᠭᠤᠯᠤᠨ ᠵᠣᠬᠢᠶᠠᠵᠤ ᠬᠡᠷᠡᠭ᠌ᠵᠢᠭᠦᠯᠬᠦ᠌ ᠪᠣᠯ ᠱᠢᠨ᠎ᠡ ᠭᠠᠷᠤᠭ᠎ᠠ᠎ᠡᠴᠡ ᠪᠡᠭᠡᠵᠢᠩ ᠲᠢᠶᠠᠨᠵᠢᠨ ᠾᠸᠪᠸᠢ ᠵᠢᠨ ᠬᠠᠮᠵᠢᠯᠴᠠᠨ ᠬᠥᠭ᠌ᠵᠢᠬᠦ᠌ ᠪᠠᠢᠯᠳᠤᠬᠤ ᠪᠣᠳᠣᠯᠭ᠎ᠠ᠎ᠶ᠋ᠢ ᠭᠦᠨᠵᠡᠭᠡᠶ ᠠᠬᠢᠭᠤᠯᠬᠤ ᠴᠢᠬᠤᠯᠠ ᠶᠡᠬᠡ ᠠᠷᠭ᠎ᠠ ᠬᠡᠮᠵᠢᠶ᠎ᠡ ᠮᠥᠨ᠂ ᠡᠨᠡ ᠨᠢ ᠨᠡᠢᠰᠯᠡᠯ᠎ᠦᠨ ᠴᠢᠳᠠᠮᠵᠢ᠎ᠶ᠋ᠢ ᠤᠯᠠᠮ ᠨᠢᠭᠡ ᠠᠯᠬᠤᠮ ᠱᠢᠯᠢᠳᠡᠭ᠌ᠵᠢᠭᠦᠯᠦᠨ ᠳᠡᠭᠡᠭ᠌ᠰᠢᠯᠡᠭᠦᠯᠬᠦ᠌᠂ ᠣᠷᠣᠨ ᠪᠦᠰᠡ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢᠨ ᠨᠡᠮᠡᠭ᠌ᠳᠡᠯ᠎ᠦᠨ ᠲᠤᠢᠯ᠎ᠢ ᠪᠣᠶ ᠪᠣᠯᠭᠠᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠬᠤ ᠪᠥᠲᠥᠭᠡᠨ ᠪᠠᠢᠭᠤᠯᠤᠯᠲᠠ᠎ᠶ᠋ᠢ ᠠᠬᠢᠭᠤᠯᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ᠃ ᠡᠳᠦᠭᠡ ᠳᠣᠣᠷᠠᠬᠢ ᠮᠡᠲᠦ ᠴᠤᠬᠤᠯᠠᠪᠤᠷᠢᠯᠠᠶ᠎ᠠ᠄

ᠨᠢᠭᠡ᠂ 《ᠲᠥᠯᠥᠪᠵᠢᠭᠦᠯᠭᠡ》᠎ᠶ᠋ᠢ ᠵᠥᠪᠱᠢᠶᠡᠷᠡᠨ᠎ᠡ᠃ 《ᠲᠥᠯᠥᠪᠵᠢᠭᠦᠯᠭᠡ》 ᠪᠣᠯ ᠪᠥᠬᠥ᠌ ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢᠨ ᠬᠦᠲᠦᠯᠪᠦᠷᠢ᠂ ᠪᠡᠭᠡᠵᠢᠩ ᠲᠢᠶᠠᠨᠵᠢᠨ ᠾᠸᠪᠸᠢ ᠵᠢᠨ ᠬᠠᠮᠵᠢᠯᠴᠠᠨ ᠬᠥᠭ᠌ᠵᠢᠬᠦ᠌ ᠲᠥᠯᠥᠪᠵᠢᠭᠦᠯᠭᠡ᠎ᠶ᠋ᠢᠨ ᠬᠦᠲᠦᠯᠪᠦᠷᠢ᠂ ᠪᠡᠭᠡᠵᠢᠩ ᠲᠢᠶᠠᠨᠵᠢᠨ ᠾᠸᠪᠸᠢ ᠵᠢᠨ ᠨᠤᠲᠤᠭ ᠳᠡᠪᠢᠰᠭᠡᠷ᠎ᠦᠨ ᠣᠷᠣᠨ ᠵᠠᠶ᠎ᠶ᠋ᠢᠨ ᠲᠥᠯᠥᠪᠵᠢᠭᠦᠯᠭᠡ᠎ᠶ᠋ᠢ ᠭᠦᠨᠵᠡᠭᠡᠶ ᠨᠠᠢᠳᠠᠪᠤᠷᠢᠵᠢᠭᠤᠯᠬᠤ ᠶᠠᠪᠤᠳᠠᠯ ᠪᠣᠯᠤᠨ᠎ᠠ᠃ 《ᠲᠥᠯᠥᠪᠵᠢᠭᠦᠯᠭᠡ》 ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠵᠤ᠂ ᠶᠡᠷᠦᠩᠬᠡᠶ ᠱᠦᠵᠢ ᠰᠢ ᠵᠢᠨ ᠫᠢᠩ᠎ᠦᠨ ᠪᠡᠭᠡᠵᠢᠩ ᠲᠢᠶᠠᠨᠵᠢᠨ ᠾᠧᠪᠧᠶ᠎ᠶ᠋ᠢᠨ ᠬᠠᠮᠵᠢᠯᠴᠠᠨ ᠬᠥᠭ᠌ᠵᠢᠬᠦ᠌᠂ ᠨᠡᠢᠰᠯᠡᠯ᠎ᠦᠨ ᠲᠥᠯᠥᠪᠵᠢᠭᠦᠯᠭᠡ ᠪᠥᠲᠥᠭᠡᠨ ᠪᠠᠢᠭᠤᠯᠤᠯᠲᠠ᠎ᠶ᠋ᠢᠨ ᠲᠤᠬᠠᠶ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠪᠥᠬᠥ᠌ ᠲᠠᠯ᠎ᠠ᠎ᠪᠠᠷ ᠲᠤᠭᠤᠱᠢᠯᠠᠭᠤᠯᠵᠤ᠂ ᠲᠥᠪ᠎ᠦᠨ ᠬᠣᠲᠠ᠎ᠶ᠋ᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠲᠥᠪ ᠪᠠ ᠣᠷᠣᠨ ᠨᠤᠲᠤᠭ ᠬᠣᠯᠪᠣᠭᠠᠯᠠᠨ ᠬᠥᠳᠡᠯᠦᠯᠴᠡᠬᠦ᠌᠂ ᠭᠤᠷᠪᠠᠨ ᠭᠠᠵᠠᠷ ᠬᠠᠮᠵᠢᠯᠴᠠᠬᠤ᠎ᠶ᠋ᠢ ᠪᠠᠷᠢᠮᠲᠠᠯᠠᠵᠤ᠂ ᠥᠭᠡᠷᠡᠴᠢᠯᠡᠯᠲᠡ᠎ᠶ᠋ᠢ ᠭᠦᠨᠵᠡᠭᠡᠢᠷᠡᠭᠦᠯᠬᠦ᠌᠂ ᠱᠢᠰᠲ᠋ᠧᠮ᠎ᠲᠡᠶ ᠪᠠᠢᠷᠢᠱᠢᠭᠤᠯᠬᠤ᠎ᠶ᠋ᠢ ᠪᠠᠷᠢᠮᠲᠠᠯᠠᠵᠤ᠂ ᠣᠯᠠᠨ ᠲᠥᠯᠥᠪᠵᠢᠭᠦᠯᠭᠡ᠎ᠶ᠋ᠢ ᠨᠢᠭᠡᠳᠭᠡᠬᠦ᠌᠂ ᠬᠠᠮᠵᠢᠯᠴᠠᠨ ᠬᠡᠷᠡᠭ᠌ᠵᠢᠭᠦᠯᠬᠦ᠌᠎ᠶ᠋ᠢ ᠪᠠᠷᠢᠮᠲᠠᠯᠠᠵᠤ᠂ ᠭᠤᠤᠯ ᠴᠣᠭ᠍ᠴᠠ᠎ᠶ᠋ᠢᠨ ᠴᠢᠳᠠᠮᠵᠢ᠎ᠨᠢ ᠢᠯᠡᠷᠬᠡᠶ᠂ ᠳᠠᠪᠠᠭᠤᠯᠢᠭ᠎ᠢᠶᠠᠨ ᠬᠠᠷᠢᠯᠴᠠᠨ ᠨᠥᠬᠥᠪᠥᠷᠢᠯᠡᠭ᠌ᠰᠡᠨ᠂ ᠴᠢᠨᠠᠷ ᠰᠠᠢᠲᠠᠶ ᠬᠥᠭ᠌ᠵᠢᠭ᠌ᠰᠡᠨ ᠣᠷᠣᠨ ᠪᠦᠰᠡ᠎ᠶ᠋ᠢᠨ ᠠᠵᠤ ᠠᠬᠤᠶ᠎ᠶ᠋ᠢᠨ ᠪᠠᠢᠷᠢᠱᠢᠭᠤᠯᠤᠯᠲᠠ ᠪᠠ ᠤᠯᠤᠰ᠎ᠤᠨ ᠭᠠᠵᠠᠷ ᠱᠢᠷᠣᠶ᠎ᠶ᠋ᠢᠨ ᠣᠷᠣᠨ ᠵᠠᠶ᠎ᠶ᠋ᠢᠨ ᠱᠢᠰᠲ᠋ᠧᠮ᠎ᠢ ᠰᠦᠪᠡᠭ᠌ᠴᠢᠯᠡᠨ ᠪᠠᠢᠭᠤᠯᠤᠨ᠎ᠠ᠃ 《ᠲᠥᠯᠥᠪᠵᠢᠭᠦᠯᠭᠡ》 ᠎ᠶ᠋ᠢ ᠲᠣᠭ᠍ᠲᠠᠭᠠᠨ ᠬᠡᠷᠡᠭ᠌ᠵᠢᠭᠦᠯᠬᠦ᠌᠎ᠨᠢ ᠪᠥᠬᠥ᠌ ᠤᠯᠤᠰ᠎ᠤᠨ ᠪᠤᠰᠤᠳ ᠬᠣᠲᠠ᠎ᠶ᠋ᠢᠨ ᠴᠠᠭᠠᠷᠢᠭ᠎ᠤᠨ ᠣᠷᠣᠨ ᠵᠠᠶ᠎ᠶ᠋ᠢᠨ ᠬᠠᠮᠵᠢᠯᠴᠠᠬᠤ ᠠᠵᠢᠯ᠎ᠳᠤ ᠵᠢᠱ᠌ᠢᠶ᠎ᠡ ᠦᠵᠡᠭᠦᠯᠬᠦ᠌ ᠦᠶ᠋ᠯᠡᠳᠦᠯ᠎ᠲᠡᠶ ᠶᠤᠮ᠃

ᠬᠣᠶᠠᠷ᠂ ᠨᠡᠢᠰᠯᠡᠯ᠎ᠦᠨ ᠴᠢᠳᠠᠮᠵᠢ ᠳ᠋ᠦ ᠨᠡᠩ ᠰᠠᠢ᠌ᠨ ᠦᠢᠯᠡᠴᠢᠯᠡᠨ ᠪᠠᠲᠤᠯᠠᠨ᠎ᠠ᠃ ᠨᠡᠢᠰᠯᠡᠯ᠎ᠦᠨ ᠬᠤᠳᠠ᠎ᠶ᠋ᠢᠨ ᠴᠠᠭᠠᠷᠢᠭ ᠪᠣᠯ ᠨᠡᠢᠰᠯᠡᠯ᠎ᠦᠨ ᠴᠢᠳᠠᠮᠵᠢ᠎ᠶ᠋ᠢ ᠱᠢᠯᠢᠳᠡᠭ᠌ᠵᠢᠭᠦᠯᠦᠨ ᠳᠡᠭᠡᠭ᠌ᠰᠢᠯᠡᠭᠦᠯᠬᠦ᠌ ᠪᠠ ᠦᠢᠯᠡᠴᠢᠯᠡᠨ ᠪᠠᠲᠤᠯᠠᠬᠤ ᠴᠢᠬᠤᠯᠠ ᠭᠠᠵᠠᠷ ᠣᠷᠣᠨ ᠮᠥᠨ᠂ ᠳᠡᠯᠡᠬᠡᠢ᠎ᠶ᠋ᠢᠨ ᠲᠡᠷᠢᠭᠦᠨ ᠵᠡᠷᠭᠡ᠎ᠶ᠋ᠢᠨ ᠬᠤᠳᠠ᠎ᠶ᠋ᠢᠨ ᠪᠦᠯᠦᠭᠵᠢᠯ᠎ᠦᠨ ᠪᠦᠳᠦᠭᠡᠨ ᠪᠠᠢᠭᠤᠯᠤᠯᠲᠠ᠎ᠶ᠋ᠢᠨ ᠭᠣᠣᠯ ᠬᠥᠳᠡᠯᠭᠡᠭᠦᠷ᠂ ᠳᠤᠮᠳᠠᠳᠤ᠎ᠶ᠋ᠢᠨ ᠪᠣᠯᠪᠠᠰᠤᠨ᠎ᠢ ᠤᠯᠠᠮᠵᠢᠯᠠᠨ ᠬᠥᠭ᠌ᠵᠢᠭᠦᠯᠬᠦ᠌ ᠴᠢᠬᠤᠯᠠ ᠭᠠᠵᠠᠷ ᠣᠷᠣᠨ᠂ ᠣᠷᠣᠨ ᠪᠦᠰᠡ᠎ᠶ᠋ᠢᠨ ᠬᠠᠮᠵᠢᠯᠴᠠᠨ ᠵᠠᠰᠠᠬᠤ᠎ᠶ᠋ᠢᠨ ᠬᠥᠳᠤᠯᠤᠨ ᠳᠠᠭᠠᠭᠤᠯᠬᠤ ᠣᠷᠣᠨ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢᠨ ᠬᠣᠱᠢᠭᠤᠴᠢ ᠣᠷᠣᠨ ᠮᠥᠨ᠃ ᠨᠡᠢᠰᠯᠡᠯ᠎ᠦᠨ ᠴᠢᠳᠠᠮᠵᠢᠳᠤ ᠣᠷᠣᠨ ᠪᠦᠰᠡ᠎ᠶ᠋ᠢᠨ ᠪᠠᠢᠷᠢᠱᠢᠯ᠎ᠢ ᠲᠡᠭᠦᠯᠳᠡᠷᠵᠢᠭᠦᠯᠬᠦ᠌᠎ᠲᠡᠶ ᠤᠶᠠᠯᠳᠤᠭᠤᠯᠤᠨ᠂ ᠪᠡᠭᠡᠵᠢᠩ᠎ᠦᠨ ᠨᠡᠢᠰᠯᠡᠯ᠎ᠦᠨ ᠪᠤᠰᠤ ᠴᠢᠳᠠᠮᠵᠢ᠎ᠶ᠋ᠢ ᠵᠢᠯᠤᠭᠤᠳᠤᠨ ᠨᠡᠪᠲᠡᠷᠡᠭᠦᠯᠬᠦ ᠡᠨᠡ ᠬᠦ᠌ ᠵᠠᠩᠭᠢᠯᠠᠭ᠎ᠠ᠎ᠶ᠋ᠢ ᠴᠢᠩᠭ᠎ᠠ ᠠᠳᠭᠤᠵᠤ᠂ 《ᠨᠡᠢᠰᠯᠡᠯ》 ᠬᠢᠭᠡᠳ 《ᠬᠤᠳᠠ》᠂ ᠨᠡᠢᠰᠯᠡᠯ ᠬᠢᠭᠡᠳ ᠨᠡᠢᠰᠯᠡᠯ᠎ᠦᠨ ᠬᠤᠳᠠ᠎ᠶ᠋ᠢᠨ ᠴᠠᠭᠠᠷᠢᠭ᠂ ᠨᠡᠢᠰᠯᠡᠯ᠎ᠦᠨ ᠬᠤᠳᠠ᠎ᠶ᠋ᠢᠨ ᠴᠠᠭᠠᠷᠢᠭ ᠬᠢᠭᠡᠳ ᠪᠡᠭᠡᠵᠢᠩ ᠲᠢᠶᠠᠨᠵᠢᠨ ᠾᠸᠪᠸᠢ ᠵᠢᠨ ᠬᠤᠳᠠ᠎ᠶ᠋ᠢᠨ ᠪᠦᠯᠦᠭᠵᠢᠯ᠎ᠦᠨ ᠬᠠᠷᠢᠴᠠᠭ᠎ᠠ᠎ᠶ᠋ᠢ ᠭᠦᠨᠵᠡᠭᠡᠢ ᠰᠠᠢᠲᠤᠷ ᠡᠵᠡᠮᠳᠡᠵᠦ᠍᠂ ᠵᠢᠯᠤᠭᠤᠳᠤᠨ ᠨᠡᠪᠲᠡᠷᠡᠭᠦᠯᠬᠦ ᠪᠠ ᠳᠡᠭᠡᠭ᠌ᠰᠢᠯᠡᠭᠦᠯᠬᠦ᠌᠂ ᠠᠮᠢᠵᠢᠷᠠᠯ᠎ᠤᠨ ᠬᠦᠴᠦᠨ ᠬᠢᠭᠡᠳ ᠡᠮᠬᠢ ᠵᠢᠷᠤᠮ᠂ ᠬᠥᠭ᠌ᠵᠢᠯᠲᠡ ᠬᠢᠭᠡᠳ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠦᠨ᠂ ᠣᠷᠣᠨ ᠪᠦᠰᠡ᠎ᠶ᠋ᠢᠨ ᠪᠦᠬᠦᠯᠢ ᠴᠣᠭ᠍ᠴᠠ᠎ᠶ᠋ᠢᠨ ᠦᠷᠢᠰᠤᠯᠳᠤᠬᠥ᠌ ᠬᠦᠴᠦᠨ ᠪᠠ ᠶᠡᠷᠦᠩᠬᠡᠢᠯᠡᠭ᠌ᠰᠡᠨ ᠳᠠᠭᠠᠭᠠᠴᠡ᠎ᠶ᠋ᠢ ᠨᠡᠮᠡᠭ᠌ᠳᠡᠭᠦᠯᠵᠦ᠍᠂ ᠨᠡᠢᠰᠯᠡᠯ᠎ᠢᠶᠡᠷ ᠭᠣᠣᠯᠯᠠᠭᠤᠯᠤᠭ᠍ᠰᠠᠨ ᠳᠡᠯᠡᠬᠡᠢ᠎ᠶ᠋ᠢᠨ ᠲᠡᠷᠢᠭᠦᠨ ᠵᠡᠷᠭᠡ᠎ᠶ᠋ᠢᠨ ᠬᠤᠳᠠ᠎ᠶ᠋ᠢᠨ ᠴᠠᠭᠠᠷᠢᠭ ᠎ᠢ ᠪᠠᠢᠭᠤᠯᠤᠨ ᠪᠦᠲᠦᠭᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠨᠡᠢᠰᠯᠡᠯ ᠬᠤᠲᠠ ᠪᠡᠷ ᠵᠢᠱ᠌ᠢᠢ᠎ᠡ ᠦᠵᠡᠭᠦᠯᠵᠦ᠍᠂ ᠪᠡᠭᠡᠵᠢᠩ ᠲᠢᠶᠠᠨᠵᠢᠨ ᠾᠸᠪᠸᠢ ᠵᠢᠨ ᠳᠡᠯᠡᠬᠡᠢ᠎ᠶ᠋ᠢᠨ ᠲᠡᠷᠢᠭᠦᠨ ᠵᠡᠷᠭᠡ᠎ᠶ᠋ᠢᠨ ᠬᠤᠳᠠ᠎ᠶ᠋ᠢᠨ ᠪᠦᠯᠦᠭᠵᠢᠯ᠎ᠦᠨ ᠪᠦᠳᠦᠭᠡᠨ ᠪᠠᠢᠭᠤᠯᠤᠯᠲᠠ᠎ᠶ᠋ᠢ ᠲᠤᠯᠭᠠᠭᠤᠷᠢᠯᠠᠬᠤ ᠬᠡᠷᠡᠭ᠌ᠲᠡᠢ᠃

ᠭᠤᠷᠪᠠ᠂ ᠪᠡᠭᠡᠵᠢᠩ ᠲᠢᠶᠠᠨᠵᠢᠨ ᠾᠧᠪᠧᠶ ᠬᠣᠲᠠ᠎ᠶ᠋ᠢᠨ ᠱᠢᠰᠲ᠋ᠧᠮ᠎ᠢ ᠬᠦᠴᠦᠯᠡᠨ ᠱᠢᠯᠢᠳᠡᠭ᠌ᠵᠢᠭᠦᠯᠦᠨ᠎ᠡ᠃ 《ᠨᠢᠭᠡ ᠴᠦᠮ᠎ᠡ ᠬᠣᠶᠠᠷ ᠵᠢᠭᠦᠷ᠂ ᠬᠣᠶᠠᠷ ᠬᠤᠳᠠ ᠤᠯᠠᠨ ᠴᠡᠭ᠂ ᠬᠣᠣᠰ ᠬᠤᠩᠭᠢᠯ ᠤᠯᠠᠨ ᠴᠠᠭᠠᠷᠢᠭ》 ᠪᠦᠬᠦᠢ ᠨᠡᠢᠰᠯᠡᠯ ᠬᠤᠳᠠ᠎ᠶ᠋ᠢᠨ ᠴᠠᠭᠠᠷᠢᠭ᠎ᠤᠨ ᠣᠷᠣᠨ ᠵᠠᠢ᠎ᠶ᠋ᠢᠨ ᠪᠠᠢᠷᠢᠱᠢᠯ᠎ᠢ ᠪᠠᠢᠭᠤᠯᠤᠨ᠎ᠠ᠃ ᠪᠡᠭᠡᠵᠢᠩ᠎ᠦᠨ 《ᠨᠢᠭᠡ ᠴᠦᠮ᠎ᠡ》᠎ᠵᠢᠨ ᠨᠥᠯᠥᠭᠡᠯᠡᠨ ᠳᠠᠢᠴᠢᠯᠠᠬᠤ ᠦᠢᠯᠡᠳᠦᠯ᠎ᠢ ᠭᠦᠢᠴᠡᠳ ᠪᠠᠳᠠᠷᠠᠭᠤᠯᠵᠤ᠂ 《ᠲᠦᠷᠪᠡᠨ ᠲᠥᠪ》᠎ᠤ᠋ᠨ ᠴᠢᠳᠠᠮᠵᠢ᠎ᠶ᠋ᠢᠨ ᠪᠠᠢᠭᠤᠯᠤᠯᠲᠠ᠎ᠶ᠋ᠢ ᠴᠢᠩᠭᠠᠳᠭᠠᠵᠤ᠂ 《ᠲᠦᠷᠪᠡᠨ ᠦᠢᠯᠡᠴᠢᠯᠡᠭᠡ》 ᠵᠢᠨ ᠲᠦᠪᠱᠢᠨ᠎ᠢ ᠳᠡᠭᠡᠭ᠌ᠰᠢᠯᠡᠭᠦᠯᠵᠦ᠍᠂ ᠲᠥᠪ᠎ᠦᠨ ᠲᠡᠷᠢᠭᠦᠨ ᠵᠡᠷᠭᠡ᠎ᠶ᠋ᠢᠨ ᠵᠠᠰᠠᠭ᠎ᠤᠨ ᠶᠠᠪᠤᠳᠠᠯ᠎ᠤᠨ ᠣᠷᠴᠢᠨ᠎ᠢ ᠪᠤᠢ ᠪᠣᠯᠭᠠᠬᠤ ᠬᠡᠷᠡᠭ᠌ᠲᠡᠢ᠃ ᠾᠸᠪᠸᠢ ᠵᠢᠨ ᠱᠢᠶᠦ᠋ᠩ ᠠᠨ ᠱᠢᠨ᠎ᠡ ᠲᠣᠭᠣᠷᠢᠭ᠎ᠢ ᠥᠨᠳᠥᠷ ᠪᠠᠷᠢᠮᠵᠢᠶ᠎ᠠ᠎ᠪᠠᠷ ᠴᠢᠨᠠᠷ ᠰᠠᠢᠲᠠᠢ ᠪᠦᠳᠦᠭᠡᠨ ᠪᠠᠢᠭᠤᠯᠵᠤ᠂ ᠪᠡᠭᠡᠵᠢᠩ᠎ᠦᠨ ᠬᠤᠳᠠ᠎ᠶ᠋ᠢᠨ ᠳᠡᠳ᠋ ᠲᠥᠪ᠎ᠢ ᠨᠡᠢᠰᠯᠡᠯ᠎ᠦᠨ ᠬᠥᠭ᠌ᠵᠢᠯᠲᠡ᠎ᠶ᠋ᠢᠨ ᠱᠢᠨ᠎ᠡ ᠨᠡᠮᠡᠭ᠌ᠳᠡᠯ᠎ᠦᠨ ᠲᠤᠢᠯ ᠪᠣᠯᠭᠠᠨ ᠪᠦᠳᠦᠭᠡᠨ ᠪᠠᠢᠭᠤᠯᠵᠤ᠂ 《ᠬᠣᠶᠠᠷ ᠵᠢᠭᠦᠷ》 ᠵᠡᠷᠭᠡ᠎ᠪᠡᠷ ᠨᠢᠰᠭᠦ᠎ᠶ᠋ᠢ ᠠᠬᠢᠭᠤᠯᠬᠤ ᠬᠡᠷᠡᠭ᠌ᠲᠡᠢ᠃ ᠪᠡᠭᠡᠵᠢᠩ ᠲᠢᠶᠠᠨᠵᠢᠨ᠎ᠤ 《ᠬᠣᠶᠠᠷ ᠬᠤᠳᠠ᠎ᠶ᠋ᠢᠨ ᠲᠡᠮᠳᠡᠭ᠌ᠯᠡᠯ》 ᠎ᠢ᠋ ᠴᠢᠨᠠᠷ ᠰᠠᠢᠲᠠᠢ ᠪᠢᠴᠢᠭ᠌ᠯᠡᠵᠦ᠍᠂ ᠲᠢᠶᠠᠨᠵᠢᠨ ᠤᠮᠠᠷᠠᠲᠤ ᠣᠷᠣᠨ᠎ᠤ ᠤᠯᠠᠨ ᠤᠯᠤᠰ᠎ᠤᠨ ᠤᠰᠤᠨ ᠵᠠᠮ᠎ᠤᠨ ᠲᠡᠭᠡᠭᠡᠪᠦᠷᠢ᠎ᠶ᠋ᠢᠨ ᠭᠣᠣᠯ ᠣᠷᠣᠨ᠎ᠤ ᠪᠦᠳᠦᠭᠡᠨ ᠪᠠᠢᠭᠤᠯᠤᠯᠲᠠ᠎ᠶ᠋ᠢ ᠴᠢᠩᠭᠠᠳᠭᠠᠵᠤ᠂ ᠣᠷᠣᠨ ᠪᠦᠰᠡ᠎ᠶ᠋ᠢᠨ ᠬᠥᠭ᠌ᠵᠢᠯᠲᠡ᠎ᠶ᠋ᠢᠨ ᠥᠨᠳᠥᠷᠯᠢᠭ᠎ᠢ ᠬᠠᠮᠲᠤ᠎ᠪᠠᠷ ᠴᠣᠭ᠍ᠴᠠᠯᠠᠬᠤ ᠬᠡᠷᠡᠭᠲᠡᠢ᠃ ᠾᠧᠪᠧᠶ᠎ᠶ᠋ᠢᠨ ᠵᠠᠩᠭᠢᠶᠠᠰᠤ᠎ᠶ᠋ᠢᠨ ᠬᠣᠲᠠ᠎ᠶ᠋ᠢᠨ ᠲᠤᠯᠭᠠᠭᠤᠷᠢᠯᠠᠬᠤ ᠦᠶ᠋ᠯᠡᠳᠦᠯ ᠎ᠢ ᠪᠠᠳᠠᠷᠠᠭᠤᠯᠵᠤ᠂ ᠳᠠᠪᠠᠭᠤᠯᠢᠭ᠎ᠢᠶᠠᠨ ᠬᠠᠷᠢᠯᠴᠠᠨ ᠠᠬᠢᠭᠤᠯᠬᠤ᠂ ᠬᠣᠯᠪᠣᠭᠠᠯᠠᠨ ᠬᠥᠭ᠌ᠵᠢᠬᠦ᠌ ᠴᠢᠳᠠᠮᠵᠢ᠎ᠶ᠋ᠢᠨ ᠪᠠᠢᠷᠢᠱᠢᠯ᠎ᠢ ᠪᠦᠷᠢᠯᠳᠦᠭᠦᠯᠬᠦ ᠬᠡᠷᠡᠭᠲᠡᠢ᠃

ᠳᠥᠷᠪᠡ᠂ ᠭᠤᠤᠯᠳᠠᠯᠭ᠎ᠠ᠎ᠲᠠᠶ ᠬᠦᠷᠢᠶ᠎ᠡ ᠵᠢᠨ ᠴᠢᠳᠠᠮᠵᠢ᠎ᠶ᠋ᠢᠨ ᠬᠠᠮᠵᠢᠯᠴᠠᠭ᠎ᠠ᠎ᠶ᠋ᠢ ᠪᠡᠶᠡᠯᠡᠭᠦᠯᠬᠦ᠌᠎ᠶ᠋ᠢ ᠠᠬᠢᠭᠤᠯᠬᠤ ᠭᠡᠷᠡᠭᠳᠠᠢ᠃ 《ᠬᠣᠶᠠᠷ ᠬᠣᠩᠭᠢᠯ ᠳᠥᠷᠪᠡᠨ ᠪᠦᠰᠡ》 ᠶ᠋ᠢᠨ ᠠᠵᠤ ᠦᠢᠯᠡᠰ᠎ᠦᠨ ᠬᠠᠮᠵᠢᠯᠴᠠᠨ ᠱᠢᠨ᠎ᠡ᠎ᠶ᠋ᠢ ᠡᠭᠦᠳᠬᠦ᠌ ᠪᠠᠢᠷᠢᠱᠢᠯ᠎ᠢ ᠪᠠᠢᠭᠤᠯᠵᠤ᠂ ᠱᠢᠨ᠎ᠡ ᠴᠢᠨᠠᠷ ᠤ᠋ᠨ ᠦᠢᠯᠡᠳᠪᠦᠷᠢᠯᠡᠯ᠎ᠦᠨ ᠬᠦᠴᠦᠨ᠎ᠢ ᠲᠤᠬᠠᠢ᠎ᠶ᠋ᠢᠨ ᠭᠠᠵᠠᠷ᠎ᠲᠤᠨᠢ ᠲᠤᠬᠢᠷᠠᠭᠤᠯᠤᠨ ᠬᠥᠭ᠌ᠵᠢᠭᠦᠯᠵᠦ᠍᠂ ᠱᠢᠨ᠎ᠡ᠎ᠶ᠋ᠢ ᠡᠭᠦᠳᠬᠦ᠌ ᠬᠡᠯᠬᠢᠶᠡᠰᠦ ᠠᠵᠤ ᠦᠢᠯᠡᠰ᠎ᠦᠨ ᠬᠡᠯᠬᠢᠶᠡᠰᠦ᠎ᠶ᠋ᠢᠨ ᠭᠦᠨᠵᠡᠭᠡᠢ ᠠᠭᠤᠰᠤᠯᠴᠠᠬᠤ᠎ᠶ᠋ᠢ ᠠᠬᠢᠭᠤᠯᠤᠨ᠂ ᠲᠡᠷᠢᠭᠦᠨ᠎ᠦ ᠦᠢᠯᠡᠳᠬᠦ᠌ ᠦᠢᠯᠡᠰ᠎ᠦᠨ ᠰᠦᠷᠦᠭ᠌ᠵᠢᠯ᠎ᠢ ᠬᠥᠭ᠌ᠵᠢᠭᠦᠯᠬᠦ ᠭᠡᠷᠡᠭᠳᠠᠢ᠃ 《ᠨᠠᠢ᠍ᠮᠠᠨ ᠬᠣᠩᠭᠢᠯ ᠬᠣᠶᠠᠷ ᠴᠠᠭᠠᠷᠢᠭ》 ᠤ᠋ᠨ ᠵᠠᠮ ᠬᠠᠷᠢᠯᠴᠠᠭᠠᠨ᠎ᠤ ᠬᠣᠩᠭᠢᠯ᠎ᠢ ᠲᠦᠷᠭᠡᠳᠭᠡᠨ ᠪᠠᠢᠭᠤᠯᠵᠤ᠂ ᠳᠠᠯᠠᠢ᠎ᠶ᠋ᠢᠨ ᠭᠠᠷᠠᠮ᠂ ᠡᠬᠡ ᠬᠠᠭᠤᠷᠠᠢ᠎ᠶ᠋ᠢᠨ ᠭᠠᠷᠠᠮ᠂ ᠠᠭᠠᠷ᠎ᠤᠨ ᠭᠠᠷᠠᠮ᠎ᠤᠨ ᠬᠣᠯᠪᠣᠯᠳᠤᠨ ᠬᠥᠳᠡᠯᠦᠯᠴᠡᠬᠦ᠌᠎ᠶ᠋ᠢ ᠴᠢᠩᠭᠠᠳᠭᠠᠵᠤ᠂ ᠳᠡᠯᠡᠬᠡᠢ᠎ᠳᠦ ᠬᠠᠨᠳᠤᠭ᠍ᠰᠠᠨ ᠪᠡᠭᠡᠵᠢᠩ ᠲᠢᠶᠠᠨᠵᠢᠨ ᠾᠸᠪᠸᠢ ᠵᠢᠨ ᠤᠯᠠᠨ ᠤᠯᠤᠰ᠎ᠤᠨ ᠴᠢᠨᠠᠷᠲᠠᠢ ᠶᠡᠷᠦᠩᠬᠡᠢᠯᠡᠭ᠌ᠰᠡᠨ ᠵᠠᠮ ᠬᠠᠷᠢᠯᠴᠠᠭᠠᠨ᠎ᠤ ᠬᠦᠢᠰᠦ᠎ᠶ᠋ᠢᠨ ᠰᠦᠷᠦᠭᠵᠢᠯ᠎ᠢ ᠪᠦᠬᠦ᠌ ᠲᠠᠯ᠎ᠠ᠎ᠪᠠᠷ ᠪᠠᠢᠭᠤᠯᠤᠨ ᠪᠦᠲᠦᠭᠡᠬᠦ ᠭᠡᠷᠡᠭᠳᠠᠢ᠃ ᠨᠡᠢᠰᠯᠡᠯ᠎ᠦᠨ ᠠᠮᠤᠷ ᠲᠦᠪᠱᠢᠨ᠎ᠦ ᠪᠠᠲᠤᠯᠠᠭ᠎ᠠ᠎ᠪᠠᠷ ᠭᠣᠣᠯ ᠪᠣᠯᠭᠠᠬᠤ᠎ᠶ᠋ᠢ ᠪᠠᠷᠢᠮᠲᠠᠯᠠᠵᠤ᠂ ᠤᠶᠠᠨ ᠬᠠᠳᠠᠨ ᠣᠷᠣᠨ ᠵᠠᠢ᠎ᠶ᠋ᠢᠨ ᠪᠠᠢᠷᠢᠱᠢᠯ᠎ᠢ ᠬᠠᠮᠵᠢᠯᠴᠠᠨ ᠪᠠᠢᠭᠤᠯᠵᠤ᠂ ᠦᠶᠡᠷ ᠤᠰᠤᠲᠤᠯ ᠵᠡᠷᠭᠡ ᠪᠠᠢᠭᠠᠯᠢ᠎ᠶ᠋ᠢᠨ ᠭᠠᠮᠱᠢᠭ᠎ᠢ ᠠᠷᠭᠠᠴᠠᠭᠠᠬᠤ ᠪᠠ ᠣᠷᠣᠨ ᠪᠦᠰᠡ ᠠᠯᠤᠰᠯᠠᠭ᠍ᠰᠠᠨ ᠠᠮᠢ ᠨᠠᠰᠤᠨ᠎ᠤ ᠱᠤᠭᠤᠮ᠎ᠤᠨ ᠬᠤᠩᠬᠢᠯ᠎ᠢ ᠬᠣᠯᠪᠣᠨ ᠨᠡᠪᠲᠡᠷᠡᠭᠦᠯᠬᠦ᠌ ᠪᠠᠲᠤᠯᠠᠭ᠎ᠠ᠎ᠶ᠋ᠢᠨ ᠴᠢᠳᠠᠪᠤᠷᠢ᠎ᠶ᠋ᠢ ᠬᠦᠴᠦᠯᠡᠨ ᠳᠡᠭᠡᠭ᠌ᠰᠢᠯᠡᠭᠦᠯᠵᠦ᠍᠂ ᠲᠥᠪ ᠪᠠ ᠣᠷᠣᠨ ᠨᠤᠲᠤᠭ᠂ ᠴᠡᠷᠢᠭ ᠪᠠ ᠣᠷᠣᠨ ᠨᠤᠲᠤᠭ᠂ ᠭᠤᠷᠪᠠᠨ ᠭᠠᠵᠠᠷ᠎ᠤᠨ ᠭᠠᠮᠱᠢᠭ ᠎ᠢ ᠰᠡᠷᠭᠡᠢᠯᠡᠵᠦ᠍ ᠭᠠᠮᠱᠢᠭ᠎ᠡᠴᠡ ᠠᠪᠤᠷᠠᠬᠤ ᠵᠣᠬᠢᠴᠠᠯᠳᠤᠨ ᠬᠣᠯᠪᠣᠭᠠᠯᠠᠬᠤ ᠲᠣᠭ᠍ᠲᠠᠴᠠ᠎ᠶ᠋ᠢ ᠪᠦᠷᠢᠨᠱᠢᠭᠦᠯᠬᠦ ᠭᠡᠷᠡᠭᠳᠠᠢ᠃ ᠡᠬᠡ ᠬᠠᠭᠤᠷᠠᠢ ᠳᠠᠯᠠᠢ ᠲᠠᠩᠭᠢᠰ᠎ᠢ ᠨᠢᠭᠡᠳᠦᠯᠲᠡᠢ ᠲᠥᠯᠥᠪᠵᠢᠭᠦᠯᠬᠦ᠌᠎ᠶ᠋ᠢ ᠪᠠᠷᠢᠮᠲᠠᠯᠠᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠨᠭᠬ᠎ᠠ᠎ᠶ᠋ᠢ ᠨᠢᠭᠡ ᠴᠤᠬ᠍ᠴᠠᠵᠢᠭᠤᠯᠤᠨ ᠬᠠᠮᠠᠭᠠᠯᠠᠬᠤ ᠪᠠ ᠱᠢᠰᠲ᠋ᠧᠮ᠎ᠲᠡᠶ ᠵᠠᠰᠠᠬᠤ᠎ᠶ᠋ᠢ ᠴᠢᠩᠭᠠᠳᠭᠠᠵᠤ᠂ 《ᠭᠤᠷᠪᠠᠨ ᠣᠷᠣᠨ ᠭᠤᠷᠪᠠᠨ ᠱᠤᠭᠤᠮ》 ᠵᠢᠡᠷ ᠰᠠᠭᠤᠷᠢ ᠪᠣᠯᠭᠠᠭ᠍ᠰᠠᠨ ᠤᠯᠤᠰ᠎ᠤᠨ ᠨᠤᠲᠤᠭ ᠳᠡᠪᠢᠰᠭᠡᠷ᠎ᠦᠨ ᠣᠷᠣᠨ ᠵᠠᠢ᠎ᠶ᠋ᠢ ᠨᠡᠭᠡᠭᠡᠨ ᠬᠥᠭ᠌ᠵᠢᠭᠦᠯᠵᠦ᠍ ᠬᠠᠮᠠᠭᠠᠯᠠᠬᠤ ᠪᠠᠢᠷᠢᠱᠢᠯ᠎ᠢ ᠭᠦᠨᠵᠡᠭᠡᠢ ᠨᠠᠢᠳᠠᠪᠤᠷᠢᠵᠢᠭᠤᠯᠬᠤ ᠭᠡᠷᠡᠭᠳᠠᠢ᠃ ᠣᠷᠣᠨ ᠪᠦᠰᠡ᠎ᠶ᠋ᠢᠨ ᠴᠢᠨᠠᠷ ᠰᠠᠢᠲᠠᠢ ᠤᠯᠠᠨ ᠨᠡᠢᠲᠡ᠎ᠶ᠋ᠢᠨ ᠦᠢᠯᠡᠴᠢᠯᠡᠭᠡᠨ᠎ᠦ ᠡᠬᠢ ᠪᠠᠶᠠᠯᠢᠭ᠎ᠤᠨ ᠲᠤᠬᠢᠷᠠᠭᠤᠯᠤᠯᠳᠠ᠎ᠶ᠋ᠢ ᠵᠦᠢ ᠵᠣᠬᠢᠰᠲᠠᠢ ᠱᠢᠯᠢᠳᠡᠭ᠌ᠵᠢᠭᠦᠯᠵᠦ᠍᠂ ᠰᠤᠷᠭᠠᠨ ᠬᠥᠮᠦᠵᠢᠯ᠂ ᠡᠮ ᠡᠮᠨᠡᠯᠭᠡ᠂ ᠨᠠᠰᠤᠵᠢᠯ᠎ᠤᠨ ᠠᠰᠠᠷᠠᠮᠵᠢ᠂ ᠨᠠᠢᠳᠠᠨ ᠬᠥᠮᠦᠵᠢᠭᠦᠯᠬᠦ᠌ ᠵᠡᠷᠭᠡ ᠤᠯᠠᠨ ᠨᠡᠢᠲᠡ᠎ᠶ᠋ᠢᠨ ᠦᠨᠳᠦᠰᠦᠨ ᠦᠢᠯᠡᠴᠢᠯᠡᠭᠡᠨ᠎ᠦ ᠲᠥᠬᠥᠭᠡᠷᠦᠮᠵᠢ᠎ᠶ᠋ᠢᠨ ᠲᠡᠩᠴᠡᠭᠦᠷᠢᠲᠡᠢ ᠪᠠᠢᠷᠢᠱᠢᠯ ᠎ᠢ ᠠᠬᠢᠭᠤᠯᠬᠤ ᠭᠡᠷᠡᠭᠳᠠᠢ᠃ ᠰᠣᠶᠣᠯ᠎ᠤᠨ ᠥᠪ ᠪᠠ ᠪᠠᠢᠭᠠᠯᠢ᠎ᠶ᠋ᠢᠨ ᠥᠪ᠎ᠢ ᠬᠠᠮᠠᠭᠠᠯᠠᠨ ᠤᠯᠠᠮᠵᠢᠯᠠᠵᠤ ᠠᠱᠢᠭ᠍ᠯᠠᠨ᠂ ᠣᠷᠣᠨ ᠪᠦᠰᠡ᠎ᠶ᠋ᠢᠨ ᠣᠨᠴᠠᠯᠢᠭ᠍ᠲᠤ ᠰᠣᠶᠣᠯ ᠬᠢᠭᠡᠳ ᠪᠠᠢᠭᠠᠯᠢ᠎ᠶ᠋ᠢᠨ ᠡᠬᠢ ᠪᠠᠶᠠᠯᠢᠭ᠎ᠤᠨ ᠦᠨ᠎ᠡ ᠥᠷᠲᠡᠭ ᠎ᠢ ᠢᠯᠡᠷᠡᠭᠦᠯᠵᠦ᠍᠂ ᠬᠤᠳᠠᠯᠳᠤᠭ᠎ᠠ ᠵᠢᠭᠤᠯᠴᠢᠯᠠᠯ ᠰᠣᠶᠣᠯ ᠪᠡᠶ᠎ᠡ᠎ᠶ᠋ᠢᠨ ᠲᠠᠮᠢᠷ᠎ᠤᠨ ᠠᠭᠤᠰᠤᠯᠴᠠᠨ ᠬᠥᠭ᠌ᠵᠢᠬᠦ᠌᠎ᠶ᠋ᠢ ᠠᠬᠢᠭᠤᠯᠬᠤ ᠭᠡᠷᠡᠭᠳᠠᠢ᠃

ᠲᠠᠪᠤ᠂ ᠨᠡᠢᠰᠯᠡᠯ᠎ᠦᠨ ᠬᠤᠳᠠ᠎ᠶ᠋ᠢᠨ ᠴᠠᠭᠠᠷᠢᠭ᠎ᠤᠨ ᠳᠠᠪᠬᠤᠷᠭ᠎ᠠ ᠪᠦᠲᠦᠴᠡ᠎ᠶ᠋ᠢ ᠪᠠᠢᠭᠤᠯᠤᠨ ᠱᠢᠯᠢᠳᠡᠭ᠌ᠵᠢᠭᠦᠯᠬᠦ ᠭᠡᠷᠡᠭᠳᠠᠢ᠃ ᠪᠡᠭᠡᠵᠢᠩ ᠲᠢᠶᠠᠨᠵᠢᠨ᠂ ᠪᠡᠭᠡᠵᠢᠩ ᠱᠢᠶᠦ᠋ᠩ᠎ᠠᠨ ᠤ᠋ ᠬᠣᠩᠭᠢᠯ᠎ᠢ ᠪᠦᠲᠦᠭᠡᠨ ᠪᠠᠢᠭᠤᠯᠵᠤ᠂ ᠪᠡᠭᠡᠵᠢᠩ᠎ᠦᠨ ᠲᠠᠯ᠎ᠠ ᠭᠠᠵᠠᠷ᠎ᠤᠨ ᠱᠢᠨ᠎ᠡ ᠬᠣᠲᠠ᠂ ᠪᠡᠭᠡᠵᠢᠩ᠎ᠦᠨ ᠠᠮᠢ ᠠᠬᠤᠢ᠎ᠶ᠋ᠢᠨ ᠬᠠᠳᠠᠭᠠᠯᠠᠨ ᠬᠠᠮᠠᠭᠠᠯᠠᠬᠤ ᠣᠷᠣᠨ᠂ ᠠᠵᠢᠯ ᠳ᠋ᠤ ᠭᠠᠷᠬᠤ ᠬᠦᠷᠢᠶ᠎ᠡ᠂ ᠴᠢᠳᠠᠮᠵᠢ᠎ᠶ᠋ᠢᠨ ᠬᠦᠷᠢᠶ᠎ᠡ ᠪᠠ ᠠᠵᠤ ᠦᠢᠯᠡᠰ᠎ᠦᠨ ᠬᠠᠮᠵᠢᠯᠴᠠᠬᠤ ᠬᠦᠷᠢᠶ᠎ᠡ᠎ᠶ᠋ᠢ ᠱᠠᠲᠤᠯᠢᠭ᠎ᠢᠶᠠᠷ ᠪᠠᠢᠷᠢᠱᠢᠭᠤᠯᠬᠤ ᠭᠡᠷᠡᠭᠳᠠᠢ᠃ ᠠᠵᠢᠯ᠎ᠳᠤ ᠭᠠᠷᠬᠤ ᠲᠣᠭᠣᠷᠢᠭ ᠨᠢ ᠠᠵᠢᠯ᠎ᠤᠨ ᠪᠠᠢᠷᠢ ᠪᠠ ᠣᠷᠣᠨ ᠰᠠᠭᠤᠴᠠ᠎ᠶ᠋ᠢᠨ ᠬᠠᠮᠵᠢᠯᠴᠠᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠨᠢᠭᠡ ᠬᠣᠲᠠᠴᠢᠯᠠᠭ᠍ᠰᠠᠨ ᠬᠥᠭ᠌ᠵᠢᠯᠲᠡ᠎ᠶ᠋ᠢᠨ ᠪᠠᠢᠭᠤᠯᠤᠯ ᠲᠣᠭ᠍ᠲᠠᠴᠠ᠎ᠶ᠋ᠢ ᠪᠦᠷᠢᠨᠱᠢᠭᠦᠯᠬᠦ᠌ ᠬᠡᠷᠡᠭ᠌ᠲᠡᠶ᠃ ᠪᠡᠭᠡᠵᠢᠩ ᠬᠤᠳᠠ᠎ᠶ᠋ᠢᠨ ᠪᠠᠢᠩᠭᠤ ᠰᠠᠭᠤᠭ᠎ᠠ ᠬᠥᠮᠦᠨ ᠠᠮᠠ᠎ᠶ᠋ᠢᠨ ᠶᠡᠷᠦᠩᠬᠡᠢ ᠬᠡᠮᠵᠢᠶᠡᠨ᠎ᠦ ᠳᠡᠭᠡᠳᠦ ᠬᠢᠵᠠᠭᠠᠷ᠎ᠢ ᠴᠢᠩᠭ᠎ᠠ ᠰᠠᠬᠢᠵᠤ᠂ ᠪᠡᠭᠡᠵᠢᠩ᠎ᠦᠨ ᠭᠣᠣᠯ ᠬᠤᠳᠠ ᠲᠣᠭᠣᠷᠢᠭ᠎ᠤᠨ ᠴᠢᠳᠠᠮᠵᠢ᠎ᠶ᠋ᠢ ᠲᠠᠷᠬᠠᠭᠠᠨ ᠵᠣᠬᠢᠴᠠᠭᠤᠯᠬᠤ᠎ᠶ᠋ᠢ ᠠᠬᠢᠭᠤᠯᠵᠤ᠂ ᠪᠡᠭᠡᠵᠢᠩ᠎ᠦᠨ ᠬᠤᠳᠠ᠎ᠶ᠋ᠢᠨ ᠳᠡᠳ᠋ ᠲᠥᠪ᠎ᠦᠨ ᠨᠡᠢᠰᠯᠡᠯ᠎ᠦᠨ ᠪᠤᠰᠤ ᠴᠢᠳᠠᠮᠵᠢ᠎ᠶ᠋ᠢ ᠲᠠᠷᠬᠠᠭᠠᠨ ᠵᠣᠬᠢᠴᠠᠭᠤᠯᠬᠤ ᠪᠠ ᠣᠷᠣᠨ ᠪᠦᠰᠡ᠎ᠶ᠋ᠢᠨ ᠬᠠᠮᠵᠢᠯᠴᠠᠨ ᠬᠥᠭ᠌ᠵᠢᠬᠦ᠌᠎ᠶ᠋ᠢ ᠵᠢᠱ᠌ᠢᠢ᠎ᠡ ᠦᠵᠡᠭᠦᠯᠦᠨ ᠳᠠᠢᠴᠢᠯᠠᠬᠤ ᠦᠢᠯᠡᠳᠦᠯ ᠎ᠢ ᠪᠠᠳᠠᠷᠠᠭᠤᠯᠵᠤ᠂ ᠪᠡᠭᠡᠵᠢᠩ᠎ᠦᠨ ᠲᠠᠯ᠎ᠠ ᠭᠠᠵᠠᠷ᠎ᠤᠨ ᠱᠢᠨ᠎ᠡ ᠬᠤᠳᠠ᠎ᠵᠢᠨ ᠭᠣᠣᠯ ᠬᠤᠳᠠ ᠲᠣᠭᠣᠷᠢᠭ᠎ᠤᠨ ᠲᠣᠬᠢᠷᠠᠮᠵᠢᠲᠠᠢ ᠴᠢᠳᠠᠮᠵᠢ ᠵᠢ ᠵᠠᠯᠭᠠᠨ ᠵᠤᠯᠭᠠᠭᠤᠯᠬᠤ ᠪᠠ ᠬᠥᠮᠦᠨ ᠠᠮᠠ᠎ᠶ᠋ᠢ ᠲᠠᠷᠬᠠᠭᠠᠨ ᠵᠣᠬᠢᠴᠠᠭᠤᠯᠬᠤ᠎ᠶ᠋ᠢ ᠲᠦᠷᠭᠡᠳᠭᠡᠵᠦ᠍᠂ ᠪᠡᠭᠡᠵᠢᠩ᠎ᠦᠨ ᠠᠮᠢ ᠠᠬᠤᠢ᠎ᠶ᠋ᠢᠨ ᠬᠠᠳᠠᠭᠠᠯᠠᠨ ᠬᠠᠮᠠᠭᠠᠯᠠᠬᠤ ᠣᠷᠣᠨ᠎ᠤ ᠨᠡᠢᠰᠯᠡᠯ᠎ᠦᠨ ᠠᠮᠢ ᠠᠬᠤᠢ᠎ᠶ᠋ᠢᠨ ᠠᠮᠤᠷ ᠲᠦᠪᠱᠢᠨ᠎ᠢ ᠪᠠᠲᠤᠯᠠᠬᠤ ᠴᠢᠳᠠᠮᠵᠢ᠎ᠶ᠋ᠢ ᠳᠡᠭᠡᠭ᠌ᠰᠢᠯᠡᠭᠦᠯᠬᠦ ᠭᠡᠷᠡᠭᠳᠠᠢ᠃ ᠵᠢᠮᠳᠤ ᠵᠠᠮ ᠬᠠᠷᠢᠯᠴᠠᠭ᠎ᠠ᠎ᠪᠠᠷ ᠠᠷᠤᠭ ᠶᠠᠰᠤ ᠪᠣᠯᠭᠠᠵᠤ᠂ ᠵᠠᠮ ᠬᠠᠷᠢᠯᠴᠠᠭ᠎ᠠ᠎ᠪᠠᠷ ᠲᠤᠯᠭᠠᠭᠤᠷᠢ ᠪᠣᠯᠭᠠᠭ᠍ᠰᠠᠨ ᠠᠵᠢᠯ᠎ᠳᠤ ᠭᠠᠷᠬᠤ ᠴᠠᠭᠠᠷᠢᠭ᠎ᠤᠨ ᠵᠠᠮ ᠬᠠᠷᠢᠯᠴᠠᠭᠠᠨ᠎ᠤ ᠱᠢᠰᠲ᠋ᠧᠮ᠎ᠦᠨ ᠪᠦᠲᠦᠭᠡᠨ ᠪᠠᠢᠭᠤᠯᠤᠯᠲᠠ᠎ᠶ᠋ᠢ ᠴᠢᠩᠭᠠᠳᠭᠠᠬᠤ ᠬᠡᠷᠡᠭ᠌ᠲᠡᠶ᠃ ᠪᠡᠭᠡᠵᠢᠩ ᠬᠤᠳᠠ᠎ᠶ᠋ᠢᠨ ᠲᠦᠩᠵᠸᠤ ᠲᠣᠭᠣᠷᠢᠭ ᠪᠣᠯᠤᠨ ᠾᠸᠪᠸᠢ ᠮᠤᠵᠢ᠎ᠶ᠋ᠢᠨ ᠯᠠᠩᠹᠠᠩ ᠬᠤᠳᠠ᠎ᠶ᠋ᠢᠨ ᠬᠣᠢᠲᠤ ᠭᠤᠷᠪᠠᠨ ᠱᠢᠶᠠᠨ᠂ ᠪᠡᠭᠡᠵᠢᠩ᠎ᠦᠨ ᠳ᠋ᠠᠱᠢᠩ ᠤᠯᠠᠨ ᠤᠯᠤᠰ᠎ᠤᠨ ᠨᠢᠰᠭᠡᠯ᠎ᠦᠨ ᠪᠠᠭᠤᠳᠠᠯ᠎ᠤᠨ ᠠᠭᠠᠷ᠎ᠤᠨ ᠦᠢᠯᠡᠰ ᠤ᠋ᠨ ᠠᠵᠤ ᠠᠬᠤᠢ᠎ᠶ᠋ᠢᠨ ᠲᠣᠭᠣᠷᠢᠭ᠂ ᠲᠦᠨᠭᠵᠸᠤ — ᠡᠣ ᠴᠢᠩ — ᠯᠠᠩᠹᠠᠩ᠂ ᠹᠠᠩ ᠱᠠᠨ — ᠵᠦᠸᠸᠵᠸᠤ — ᠯᠠᠢᠵᠸᠤ ᠵᠡᠷᠭᠡ ᠬᠢᠯᠢ ᠠᠯᠤᠰᠯᠠᠭ᠍ᠰᠠᠨ ᠭᠠᠵᠠᠷ ᠣᠷᠣᠨ ᠤᠷᠢᠳ᠎ᠢᠶᠠᠷ ᠵᠢᠱ᠌ᠢᠢ᠎ᠡ ᠦᠵᠡᠭᠦᠯᠬᠦ᠌ ᠦᠢᠯᠡᠳᠦᠯ᠎ᠢᠶᠡᠨ ᠪᠠᠳᠠᠷᠠᠭᠤᠯᠬᠤ ᠬᠡᠷᠡᠭ᠌ᠲᠡᠢ᠃ ᠨᠢᠭᠡ ᠴᠣᠭ᠍ᠴᠠᠵᠢᠭ᠍ᠰᠠᠨ ᠴᠢᠨᠠᠷ ᠰᠠᠢᠲᠠᠶ ᠬᠥᠭ᠌ᠵᠢᠯᠲᠡ᠎ᠶ᠋ᠢ ᠪᠡᠶᠡᠯᠡᠭᠦᠯᠬᠦ ᠬᠡᠷᠡᠭᠳᠡᠢ᠃ ᠴᠢᠳᠠᠮᠵᠢ᠎ᠶ᠋ᠢᠨ ᠬᠦᠷᠢᠢ᠎ᠡ᠎ᠶ᠋ᠢ ᠡᠶᠡᠳᠡᠭᠦᠯᠦᠨ ᠵᠤᠬᠢᠴᠠᠭᠤᠯᠵᠤ ᠳᠡᠭᠡᠭ᠌ᠰᠢᠯᠡᠭᠦᠯᠬᠦ᠌᠎ᠳᠦ ᠠᠩᠬᠠᠷᠤᠯ᠎ᠢᠶᠠᠨ ᠲᠥᠪᠯᠡᠷᠡᠭᠦᠯᠵᠦ᠍᠂ ᠨᠡᠢᠰᠯᠡᠯ᠎ᠦᠨ ᠬᠤᠳᠠ᠎ᠶ᠋ᠢᠨ ᠬᠦᠷᠢᠶᠡᠨ᠎ᠦ ᠭᠣᠣᠯ ᠦᠷᠢᠰᠦᠯᠳᠦᠬᠦ᠌ ᠬᠦᠴᠦᠨ᠎ᠢ ᠴᠢᠩᠭᠠᠳᠭᠠᠬᠤ ᠬᠡᠷᠡᠭ᠌ᠲᠡᠢ᠃ ᠪᠡᠭᠡᠵᠢᠩ᠎ᠦᠨ ᠭᠣᠣᠯ ᠬᠣᠲᠠ ᠲᠣᠭᠣᠷᠢᠭ ᠪᠣᠯᠤᠨ ᠬᠣᠲᠠ᠎ᠶ᠋ᠢᠨ ᠳᠡᠳ᠋ ᠲᠥᠪ᠎ᠦᠨ ᠭᠣᠣᠯ ᠳᠡᠳ᠋᠎ᠢ ᠤᠶᠠᠯᠳᠤᠭᠤᠯᠬᠤ᠂ ᠲᠢᠶᠠᠨᠵᠢᠨ᠎ᠤ 《ᠵᠢᠨ ᠴᠧᠩ》 ᠪᠣᠯᠤᠨ 《ᠪᠢᠨ ᠴᠧᠩ》 ᠢ᠋ ᠬᠠᠮᠵᠢᠯᠴᠠᠭᠤᠯᠤᠨ ᠬᠥᠭ᠌ᠵᠢᠭᠦᠯᠬᠦ᠌᠂ ᠾᠧᠪᠧᠢ᠎ᠶ᠋ᠢᠨ ᠱᠢᠶᠦ᠋ᠩ ᠠᠨ ᠱᠢᠨ᠎ᠡ ᠲᠣᠭᠣᠷᠢᠭ ᠪᠣᠯᠤᠨ ᠪᠦᠦ ᠳ᠋ᠢᠩ᠎ᠦᠨ ᠲᠦᠪ ᠬᠣᠲᠠ ᠲᠣᠭᠣᠷᠢᠭ᠎ᠤᠨ ᠬᠣᠯᠪᠣᠭᠠᠯᠠᠨ ᠬᠥᠭ᠌ᠵᠢᠬᠦ᠌᠎ᠶ᠋ᠢ ᠠᠬᠢᠭᠤᠯᠵᠤ᠂ ᠪᠡᠭᠡᠵᠢᠩ ᠲᠢᠶᠠᠨᠵᠢᠨ᠎ᠤ ᠱᠢᠶᠦ᠋ᠩ ᠠᠨ ᠣᠷᠣᠨ᠎ᠤ ᠱᠢᠨ᠎ᠡ᠎ᠶ᠋ᠢ ᠡᠭᠦᠳᠬᠦ᠌ ᠭᠤᠷᠪᠠᠯᠵᠢᠨ᠎ᠬᠤᠢᠭ᠎ᠢ ᠪᠣᠢ ᠪᠣᠯᠭᠠᠨ᠎ᠠ᠃ ᠪᠡᠭᠡᠵᠢᠩ ᠲᠢᠶᠠᠨᠵᠢᠨ᠎ᠤ ᠬᠣᠩᠭᠢᠯ᠎ᠢ ᠣᠶᠤᠨ᠎ᠤ ᠡᠬᠢ ᠪᠠᠶᠠᠯᠢᠭ ᠨᠢᠭ᠍ᠲᠠᠷᠠᠭ᠍ᠰᠠᠨ᠂ ᠥᠨᠳᠥᠷ ᠲᠦᠪᠱᠢᠨ ᠪᠥᠬᠥᠶ ᠭᠠᠳᠠᠭᠠᠳᠤ ᠨᠡᠭᠡᠭᠡᠯᠲᠡ ᠬᠢᠭ᠌ᠰᠡᠨ᠂ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠤᠤᠰ ᠣᠷᠴᠢᠯ᠎ᠢ ᠬᠣᠯᠪᠣᠭ᠍ᠰᠠᠨ ᠶᠡᠷᠦᠩᠬᠡᠢᠯᠡᠭ᠌ᠰᠡᠨ ᠱᠢᠨ᠎ᠡ᠎ᠶ᠋ᠢ ᠡᠭᠦᠳᠬᠦ᠌ ᠬᠣᠩᠭᠢᠯ ᠪᠣᠯᠭᠠᠨ ᠪᠥᠲᠥᠭᠡᠨ ᠪᠠᠢᠭᠤᠯᠬᠤ ᠬᠡᠷᠡᠭᠳᠡᠢ᠃ ᠪᠡᠭᠡᠵᠢᠩ ᠱᠢᠶᠦ᠋ᠩ ᠠᠨ᠎ᠤ ᠬᠣᠩᠭᠢᠯ᠎ᠢ ᠴᠢᠳᠠᠮᠵᠢ᠎ᠶ᠋ᠢ ᠡᠶᠡᠳᠡᠭᠦᠯᠦᠨ ᠵᠤᠬᠢᠴᠠᠭᠤᠯᠵᠤ ᠪᠠ ᠵᠣᠯᠭᠠᠭᠤᠯᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠂ ᠲᠦᠷᠢᠮ᠎ᠦᠨ ᠱᠢᠨ᠎ᠡ᠎ᠶ᠋ᠢ ᠡᠭᠦᠳᠬᠦ᠌ ᠴᠢᠨᠠᠷ ᠰᠠᠢᠲᠠᠶ ᠬᠥᠭ᠌ᠵᠢᠯᠲᠡ᠎ᠶ᠋ᠢᠨ ᠬᠣᠩᠭᠢᠯ ᠪᠣᠯᠭᠠᠨ ᠪᠥᠲᠥᠭᠡᠨ ᠪᠠᠢᠭᠤᠯᠬᠤ ᠬᠡᠷᠡᠭᠳᠡᠢ᠃ ᠠᠵᠤ ᠦᠢᠯᠡᠰ᠎ᠦᠨ ᠬᠠᠮᠵᠢᠯᠴᠠᠬᠤ ᠬᠦᠷᠢᠢ᠎ᠡ ᠭᠣᠣᠯ ᠴᠣᠭ᠍ᠴᠠ᠎ᠶ᠋ᠢᠨ ᠴᠢᠳᠠᠮᠵᠢᠳᠤ ᠣᠷᠣᠨ᠎ᠤ ᠪᠠᠢᠯᠳᠤᠬᠤ ᠪᠤᠳᠤᠯᠭ᠎ᠠ᠎ᠶ᠋ᠢ ᠭᠦᠨᠵᠡᠭᠡᠢ ᠬᠡᠷᠡᠭ᠌ᠵᠢᠭᠦᠯᠵᠦ᠍᠂ ᠠᠵᠢᠯ ᠬᠤᠪᠢᠶᠠᠷᠢᠯᠠᠨ ᠬᠠᠮᠵᠢᠯᠴᠠᠬᠤ᠎ᠶ᠋ᠢ ᠴᠢᠩᠭᠠᠳᠭᠠᠵᠤ᠂ ᠬᠤᠳᠠ ᠬᠥᠳᠡᠭᠡ᠎ᠶ᠋ᠢᠨ ᠴᠢᠬᠤᠯᠠ ᠡᠯᠧᠮᠧᠨ᠋ᠲ᠎ᠦᠨ ᠬᠣᠣᠰ ᠴᠢᠭ᠌ᠯᠡᠯ᠎ᠢᠶᠡᠷ ᠱᠢᠯᠵᠢᠬᠦ᠌᠎ᠶ᠋ᠢ ᠠᠬᠢᠭᠤᠯᠵᠤ᠂ ᠪᠦᠬᠦ᠌ ᠤᠯᠤᠰ ᠴᠢᠨᠠᠭ᠍ᠰᠢᠯᠠᠪᠠᠯ ᠪᠦᠬᠦ᠌ ᠪᠥᠮᠪᠥᠷᠴᠡᠭ᠎ᠲᠦ ᠬᠠᠨᠳᠤᠭᠤᠯᠤᠭ᠍ᠰᠠᠨ ᠤᠯᠠᠨ ᠲᠡᠰ ᠳᠠᠪᠬᠤᠷᠭ᠎ᠠ᠎ᠶ᠋ᠢᠨ ᠬᠠᠮᠵᠢᠯᠴᠠᠨ ᠨᠡᠭᠡᠭᠡᠯᠳᠠ ᠬᠢᠬᠦ᠌ ᠪᠠᠢᠷᠢᠱᠢᠯ᠎ᠢ ᠪᠠᠢᠭᠤᠯᠬᠤ ᠬᠡᠷᠡᠭ᠌ᠲᠡᠢ᠃

ᠵᠢᠷᠭᠤᠭ᠎ᠠ᠂ 《ᠲᠥᠯᠥᠪᠵᠢᠭᠦᠯᠭᠡ》 ᠶ᠋ᠢ ᠵᠣᠬᠢᠶᠠᠨ ᠪᠠᠢᠭᠤᠯᠤᠨ ᠬᠡᠷᠡᠭ᠌ᠵᠢᠭᠦᠯᠬᠦ᠌᠎ᠶ᠋ᠢᠨ ᠱᠢᠨ᠎ᠡ᠎ᠶ᠋ᠢ ᠡᠭᠦᠳᠬᠦ ᠬᠡᠷᠡᠭᠳᠡᠢ᠃ ᠪᠡᠭᠡᠵᠢᠩ ᠲᠢᠶᠠᠨᠵᠢᠨ ᠾᠸᠪᠸᠢ ᠭᠤᠷᠪᠠᠨ ᠮᠤᠵᠢ ᠬᠤᠳᠠ᠎ᠶ᠋ᠢᠨ ᠨᠠᠮ᠎ᠤᠨ ᠬᠣᠷᠢᠢ᠎ᠠ ᠪᠠ ᠵᠠᠰᠠᠭ᠎ᠤᠨ ᠣᠷᠳᠣᠨ ᠪᠡᠶᠡᠴᠢ ᠴᠣᠭ᠍ᠴᠠ᠎ᠶ᠋ᠢᠨ ᠬᠠᠷᠢᠭᠤᠴᠠᠯᠭ᠎ᠠ᠎ᠪᠠᠨ ᠬᠢᠨᠠᠮᠠᠭᠠᠢ ᠭᠦᠢᠴᠡᠳᠭᠡᠵᠦ᠍᠂ ᠪᠡᠭᠡᠵᠢᠩ ᠬᠤᠳᠠ᠎ᠶ᠋ᠢᠨ ᠬᠢᠨ ᠲᠦᠷᠦᠭᠦᠯᠡᠨ ᠬᠢᠬᠦ᠌ ᠦᠢᠯᠡᠳᠦᠯ᠎ᠢᠶᠡᠨ ᠰᠠᠢᠲᠤᠷ ᠪᠠᠳᠠᠷᠠᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ᠎ᠪᠠᠷ 《ᠲᠥᠯᠥᠪᠵᠢᠭᠦᠯᠭᠡ》 ᠶ᠋ᠢ ᠵᠣᠬᠢᠶᠠᠨ ᠪᠠᠢᠭᠤᠯᠵᠤ ᠬᠡᠷᠡᠭ᠌ᠵᠢᠭᠦᠯᠬᠦ᠌ ᠠᠵᠢᠯ᠎ᠢ ᠰᠠᠢᠲᠤᠷ ᠠᠳᠭᠤᠬᠤ ᠬᠡᠷᠡᠭ᠌ᠲᠡᠢ᠃ ᠠᠵᠢᠯ᠎ᠤᠨ ᠲᠥᠰᠦᠯ ᠪᠠ ᠣᠨ᠎ᠤ ᠲᠥᠯᠥᠪᠯᠡᠭᠡ᠎ᠶ᠋ᠢ ᠨᠢᠭᠡᠳᠦᠯᠲᠡᠶ ᠲᠥᠯᠥᠪᠯᠡᠨ ᠲᠣᠭ᠍ᠲᠠᠭᠠᠵᠤ᠂ ᠪᠡᠭᠡᠵᠢᠩ ᠲᠢᠶᠠᠨᠵᠢᠨ ᠾᠸᠪᠸᠢ ᠭᠤᠷᠪᠠᠨ ᠭᠠᠵᠠᠷ᠎ᠤᠨ ᠬᠠᠮᠵᠢᠯᠴᠠᠨ ᠬᠥᠭ᠌ᠵᠢᠬᠦ᠌ ᠠᠵᠢᠯ᠎ᠤᠨ ᠱᠢᠰᠲ᠋ᠧᠮ᠎ᠳᠦ ᠣᠷᠣᠭᠤᠯᠤᠨ ᠭᠦᠨᠵᠡᠭᠡᠶ ᠨᠠᠢᠳᠠᠪᠤᠷᠢᠵᠢᠭᠤᠯᠬᠤ᠎ᠶ᠋ᠢ ᠠᠬᠢᠭᠤᠯᠬᠤ ᠬᠡᠷᠡᠭᠳᠡᠢ᠃ ᠲᠥᠯᠥᠪᠵᠢᠭᠦᠯᠭᠡ᠎ᠶ᠋ᠢᠨ ᠲᠥᠪ ᠴᠢᠩᠭ᠎ᠠ ᠴᠢᠨᠠᠷ ᠪᠠ ᠡᠷᠬᠡ ᠰᠦᠷᠲᠦ ᠴᠢᠨᠠᠷ ᠢ᠋ ᠡᠷᠡᠰ ᠬᠠᠮᠠᠭᠠᠯᠠᠵᠤ᠂ ᠪᠡᠶ᠎ᠡ᠎ᠶ᠋ᠢᠨ ᠪᠠᠢᠴᠠᠭᠠᠯᠲᠠ ᠦᠨᠡᠯᠡᠨ ᠵᠢᠱ᠌ᠢᠯᠲᠡ᠎ᠶ᠋ᠢ ᠲᠥᠯᠥᠪᠵᠢᠭᠦᠯᠦᠨ ᠬᠡᠷᠡᠭ᠌ᠵᠢᠭᠦᠯᠬᠦ᠌᠎ᠶ᠋ᠢ ᠰᠠᠢᠲᠤᠷ ᠬᠢᠬᠦ ᠬᠡᠷᠡᠭᠳᠡᠢ᠃ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠂ ᠤᠯᠤᠰ᠎ᠤᠨ ᠬᠥᠭ᠌ᠵᠢᠭᠦᠯᠦᠯᠲᠡ ᠥᠭᠡᠷᠡᠴᠢᠯᠡᠯᠲᠡ᠎ᠶ᠋ᠢᠨ ᠵᠥᠪᠯᠡᠯ ᠵᠡᠷᠭᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠳ ᠡᠭᠦᠷᠭᠡ ᠬᠠᠷᠢᠭᠤᠴᠠᠯᠭ᠎ᠠ᠎ᠶ᠋ᠢᠨ ᠠᠵᠢᠯ᠎ᠤᠨ ᠬᠤᠪᠢᠶᠠᠷᠢᠯᠠᠯ᠎ᠢᠶᠠᠨ ᠦᠨᠳᠦᠰᠦᠯᠡᠨ᠂ ᠵᠢᠭᠠᠨ ᠵᠢᠯᠣᠭᠣᠳᠴᠤ᠌ ᠳᠡᠮᠵᠢᠬᠦ᠌᠎ᠪᠡᠨ ᠴᠢᠩᠭᠠᠳᠭᠠᠵᠤ᠂ ᠨᠢᠭ᠍ᠲᠠ ᠬᠠᠮᠵᠢᠯᠴᠠᠨ᠂ 《ᠲᠥᠯᠥᠪᠵᠢᠭᠦᠯᠭᠡ》ᠶ᠋ᠢᠨ ᠡᠯ᠎ᠡ ᠵᠦᠶ᠋ᠯ᠎ᠦᠨ ᠬᠠᠷᠠᠯᠲᠠᠲᠤ ᠡᠭᠦᠷᠭᠡ᠎ᠶ᠋ᠢ ᠨᠠᠢᠳᠠᠪᠤᠷᠢᠵᠢᠭᠤᠯᠤᠨ ᠪᠣᠳᠠᠲᠠᠢᠵᠢᠭᠤᠯᠬᠤ᠎ᠶ᠋ᠢ ᠬᠠᠮᠲᠤᠪᠠᠷ ᠠᠬᠢᠭᠤᠯᠬᠤ ᠬᠡᠷᠡᠭ᠌ᠲᠡᠶ᠃ ᠨᠡᠢᠰᠯᠡᠯ᠎ᠦᠨ ᠲᠥᠯᠥᠪᠵᠢᠭᠦᠯᠭᠡ᠎ᠶ᠋ᠢ ᠬᠡᠷᠡᠭ᠌ᠵᠢᠭᠦᠯᠬᠦ᠌᠎ᠳᠦ ᠬᠣᠯᠪᠣᠭ᠍ᠳᠠᠬᠤ ᠴᠢᠬᠤᠯᠠ ᠶᠡᠬᠡ ᠤᠴᠢᠷ ᠶᠠᠪᠤᠳᠠᠯ᠎ᠢ ᠨᠡᠢᠰᠯᠡᠯ᠎ᠦᠨ ᠲᠥᠯᠥᠪᠵᠢᠭᠦᠯᠭᠡ ᠪᠦᠲᠦᠭᠡᠨ ᠪᠠᠢᠭᠤᠯᠤᠯᠲᠠ᠎ᠶ᠋ᠢᠨ ᠵᠦᠪᠯᠡᠯ᠎ᠤᠨ ᠠᠵᠢᠯ᠎ᠤᠨ ᠱᠢᠰᠲ᠋ᠧᠮ᠎ᠳᠦ ᠣᠷᠣᠭᠤᠯᠬᠤ ᠬᠡᠷᠡᠭᠳᠡᠢ᠃

《ᠲᠥᠯᠥᠪᠵᠢᠭᠦᠯᠭᠡ》 ᠵᠢ ᠬᠡᠷᠡᠭ᠌ᠵᠢᠭᠦᠯᠬᠦ᠌ ᠳᠤᠮᠳᠠ ᠴᠢᠬᠤᠯᠠ ᠶᠡᠬᠡ ᠤᠴᠢᠷ ᠶᠠᠪᠤᠳᠠᠯ ᠲᠣᠬᠢᠶᠠᠯᠳᠤᠪᠠᠯ ᠴᠠᠭ ᠲᠤᠬᠠᠢ᠎ᠳᠤᠨᠢ ᠲᠡᠰ ᠳᠠᠷᠠᠭᠠᠯᠠᠯ ᠶᠣᠰᠣᠭᠠᠷ ᠨᠠᠮ᠎ᠤᠨ ᠲᠥᠪ ᠬᠣᠷᠢᠢ᠎ᠠ᠂ ᠲᠦᠷᠦ᠍᠎ᠶ᠋ᠢᠨ ᠶᠠᠪᠤᠳᠠᠯ᠎ᠤᠨ ᠬᠣᠷᠢᠢ᠎ᠠ᠎ᠠᠴᠠ ᠵᠢᠭᠠᠪᠤᠷᠢ ᠠᠪᠴᠤ᠌ ᠮᠡᠳᠡᠭᠦᠯᠬᠦ᠌ ᠬᠡᠷᠡᠭ᠌ᠲᠡᠢ᠃

ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ᠎ᠶ᠋ᠢᠨ ᠶᠠᠪᠤᠳᠠᠯ᠎ᠤᠨ ᠬᠣᠷᠢᠶ᠎ᠠ

         2026 ᠣᠨ᠎ᠤ 1 ᠰᠠᠷ᠎ᠠ᠎ᠶ᠋ᠢᠨ 22 ᠎ᠤ᠋ᠨ ᠡᠳᠦᠷ

 (ᠱᠢᠨᠬᠤᠸᠠ ᠬᠤᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号