1 ᠰᠠᠷ᠎ᠠ ᠵᠢᠨ 22 ᠤ᠋ᠨ ᠡᠳᠦᠷ᠂ ᠣᠷᠳᠣᠰ ᠬᠤᠳᠠ ᠵᠢᠨ ᠦᠦᠰᠢᠨ ᠬᠣᠰᠢᠭᠤᠨ ᠤ᠋ ᠲᠠᠪᠤᠳᠤᠭᠠᠷ ᠪᠠᠭ᠎ᠠ ᠰᠤᠷᠭᠠᠭᠤᠯᠢ ᠵᠢᠨ 6 ᠳ᠋ᠤᠭᠠᠷ ᠠᠩᠭᠢ ᠵᠢᠨ ᠰᠤᠷᠤᠬ᠍ᠴᠢ ᠳᠤᠭᠳᠠᠭᠴᠢ ᠦᠷᠯᠦᠭᠡ ᠡᠷᠳᠡᠯᠡᠨ ᠪᠤᠰᠤᠭᠠᠳ᠂ ᠵᠤᠷᠰᠢᠯ ᠶᠤᠰᠤ ᠪᠡᠷ ᠶ᠋ᠢᠡᠨ ᠰᠣᠩᠭᠣᠳᠠᠭ ᠵᠣᠬᠢᠶᠠᠯ ᠤ᠋ᠨ ᠬᠡᠰᠡᠭᠯᠡᠯ ᠢ ᠤᠶᠠᠩᠭᠠᠯᠠᠨ ᠤᠩᠰᠢᠪᠠ᠃ ᠬᠡᠳᠦᠢᠪᠡᠷ ᠠᠮᠠᠷᠠᠯᠲᠠ ᠳᠠᠯᠪᠢᠭᠰᠠᠨ ᠪᠣᠯᠪᠠᠴᠤ ᠳᠤᠭᠳᠠᠭᠴᠢ ᠬᠦᠦ ᠰᠣᠩᠭᠣᠳᠠᠭ ᠵᠣᠬᠢᠶᠠᠯ ᠤᠩᠰᠢᠬᠤ ᠪᠠᠨ ᠪᠠᠷᠢᠮᠳᠠᠯᠠᠵᠤ᠂ ᠤᠯᠤᠰ ᠤ᠋ᠨ ᠨᠡᠢᠳᠡᠮ ᠭᠡᠷᠡᠭᠯᠡᠬᠦ ᠦᠭᠡ ᠬᠡᠯᠡ ᠦᠰᠦᠭ ᠪᠢᠴᠢᠭ ᠤ᠋ᠨ ᠬᠡᠯᠡ ᠶᠠᠷᠢᠶᠠᠨ ᠤ᠋ ᠴᠢᠳᠠᠪᠤᠷᠢ ᠪᠡᠨ ᠳᠡᠭᠡᠭᠰᠢᠯᠡᠬᠦᠯᠵᠤ ᠪᠤᠢ᠃
《ᠡᠳᠦᠷ ᠪᠦᠷᠢ ᠨᠢᠭᠡ ᠰᠣᠩᠭᠣᠳᠠᠭ ᠵᠣᠬᠢᠶᠠᠯ ᠤ᠋ᠨ ᠬᠡᠰᠡᠭᠯᠡᠯ ᠢ᠋ ᠤᠩᠰᠢᠪᠠᠯ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠵᠢ ᠰᠠᠢᠳᠤᠷ ᠶᠠᠷᠢᠵᠤ ᠴᠢᠳᠠᠬᠤ ᠪᠡᠷ ᠪᠠᠷᠠᠬᠤ ᠦᠭᠡᠢ᠂ ᠪᠠᠰᠠ ᠮᠡᠳᠡᠯᠭᠡ ᠨᠡᠮᠡᠭᠳᠡᠨ᠎ᠡ》 ᠭᠡᠵᠦ ᠳᠤᠭᠳᠠᠭᠴᠢ ᠶᠠᠷᠢᠬᠤ ᠶ᠋ᠢᠨ ᠳᠠᠭᠠᠤ 《ᠪᠠᠷᠠᠭᠤᠨᠰᠢ ᠵᠣᠷᠴᠢᠭ᠍ᠰᠠᠨ ᠲᠡᠮᠳᠡᠭᠯᠡᠯ》 ᠤ᠋ᠨ ᠬᠡᠰᠡᠭᠯᠡᠯ ᠢ᠋ ᠤᠩᠰᠢᠨ ᠰᠤᠨᠢᠷᠬᠠᠨ᠎ᠠ᠃ ᠦᠦᠰᠢᠨ ᠬᠣᠰᠢᠭᠤᠨ ᠤ᠋ ᠲᠠᠪᠤᠳᠤᠭᠠᠷ ᠪᠠᠭ᠎ᠠ ᠰᠤᠷᠭᠠᠭᠤᠯᠢ ᠳ᠋ᠤ ᠳᠤᠭᠳᠠᠭᠴᠢ ᠰᠢᠭ᠋ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ ᠰᠤᠷᠬᠤ ᠵᠢ ᠡᠳᠦᠷ ᠳᠤᠳᠤᠮ ᠤ᠋ᠨ ᠰᠤᠷᠤᠯᠴᠠᠯᠭ᠎ᠠ ᠳ᠋ᠠᠭᠠᠨ ᠠᠭᠤᠰᠬᠠᠭᠰᠠᠨ ᠰᠤᠷᠤᠭ᠍ᠴᠢᠳ ᠴᠥᠭᠡᠨ ᠪᠤᠰᠤ ᠪᠠᠢᠯ᠎ᠠ᠃
ᠣᠢᠷ᠎ᠠ ᠵᠢᠨ ᠵᠢᠯ ᠡᠴᠡ ᠨᠠᠭᠠᠰᠢ᠂ ᠳᠤᠰ ᠰᠤᠷᠭᠠᠭᠤᠯᠢ ᠳᠤᠮᠳᠠᠳᠤ ᠵᠢᠨ ᠦᠨᠳᠦᠰᠦᠲᠡᠨ ᠤ᠋ ᠬᠠᠮᠲᠤ ᠵᠢᠨ ᠴᠣᠭᠴᠠ ᠵᠢᠨ ᠤᠬᠠᠮᠰᠠᠷ ᠢ᠋ ᠪᠠᠳᠤ ᠴᠤᠭᠴᠠᠯᠠᠬᠤ ᠭᠣᠣᠯ ᠱᠤᠭᠤᠮ ᠢ᠋ ᠪᠠᠷᠢᠮᠳᠠᠯᠠᠵᠤ᠂ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ᠋ ᠳᠡᠯᠭᠡᠷᠡᠭᠦᠯᠦᠨ ᠲᠦᠭᠡᠮᠡᠯᠵᠢᠭᠦᠯᠬᠦ ᠵᠢ ᠰᠤᠷᠭᠠᠨ ᠬᠥᠮᠦᠵᠢᠯ ᠤ᠋ᠨ ᠶᠠᠰᠤ ᠴᠢᠨᠠᠷ ᠢ᠋ ᠳᠡᠭᠡᠭᠰᠢᠯᠡᠭᠦᠯᠬᠦ᠂ ᠰᠣᠶᠣᠯ ᠤ᠋ᠨ ᠦᠨᠳᠦᠰᠦ ᠵᠢ ᠤᠯᠠᠮᠵᠢᠯᠠᠬᠤ ᠴᠢᠬᠤᠯᠠ ᠭᠠᠷᠳᠠᠴᠠ ᠪᠣᠯᠭᠠᠵᠤ᠂ ᠳᠦᠷᠢᠮᠵᠢᠬᠦᠨ ᠪᠢᠴᠢᠯᠭᠡ ᠪᠠᠷᠢᠮᠵᠢᠶ᠎ᠠ ᠠᠪᠢᠶ᠎ᠠ ᠬᠡᠷᠡᠭᠯᠡᠬᠦ ᠵᠢ ᠰᠤᠷᠭᠠᠭᠤᠯᠢ ᠵᠢᠨ ᠬᠦᠷᠢᠶᠡᠨ ᠳ᠋ᠤ ᠦᠨᠳᠦᠰᠦᠯᠡᠭᠦᠯᠦᠨ ᠨᠠᠢᠳᠠᠪᠤᠷᠢᠵᠢᠭᠤᠯᠵᠠᠢ᠃
ᠬᠢᠴᠢᠶᠡᠯ ᠤ᠋ᠨ ᠲᠠᠩᠬᠢᠮ ᠪᠣᠯ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤ᠋ᠨ ᠵᠢᠭᠠᠨ ᠰᠤᠷᠭᠠᠯᠲᠠ ᠵᠢ ᠳᠡᠯᠭᠡᠷᠡᠭᠦᠯᠬᠦ ᠭᠣᠣᠯ ᠰᠠᠭᠤᠷᠢᠨ ᠪᠤᠯᠬᠤ ᠶᠤᠮ᠃ ᠳᠤᠰ ᠰᠤᠷᠭᠠᠭᠤᠯᠢ ᠤᠯᠤᠰ ᠤ᠋ᠨ ᠨᠢᠭᠡᠳᠦᠯᠲᠡᠢ ᠨᠠᠢᠷᠠᠭᠤᠯᠤᠭᠰᠠᠨ ᠵᠢᠭᠠᠬᠤ ᠮᠠᠲᠧᠷᠢᠶᠠᠯ ᠢ᠋ ᠬᠡᠷᠡᠭᠯᠡᠬᠦ ᠱᠠᠭᠠᠷᠳᠠᠯᠭ᠎ᠠ ᠵᠢ ᠴᠢᠩᠭ᠎ᠠ ᠨᠠᠢᠳᠠᠪᠤᠷᠢᠵᠢᠭᠤᠯᠵᠤ᠂ ᠭᠣᠣᠯᠯᠠᠭ᠍ᠴᠢ ᠪᠠᠭ᠍ᠰᠢ᠂ ᠵᠢᠭᠠᠨ ᠰᠤᠳᠤᠯᠤᠭ᠍ᠴᠢ ᠪᠡᠷ ᠪᠦᠷᠢᠯᠳᠦᠭᠰᠡᠨ ᠵᠢᠭᠠᠨ ᠰᠤᠷᠭᠠᠯᠲᠠ ᠵᠢᠨ ᠵᠢᠯᠤᠭᠣᠳᠬᠤ ᠳᠤᠭᠤᠢᠯᠠᠩ ᠢ᠋ ᠵᠣᠬᠢᠶᠠᠨ ᠪᠠᠢᠭᠤᠯᠤᠭᠠᠳ᠂ ᠬᠠᠮᠲᠤ ᠪᠡᠷ ᠬᠢᠴᠢᠶᠡᠯ ᠪᠡᠯᠡᠳᠬᠡᠬᠦ᠂ ᠬᠢᠴᠢᠶᠡᠯ ᠢ᠋ ᠦᠨᠡᠯᠡᠬᠦ᠂ ᠵᠢᠱ᠌ᠢᠶ᠎ᠡ ᠦᠵᠡᠭᠦᠯᠦᠨ ᠬᠢᠴᠢᠶᠡᠯ ᠰᠣᠨᠣᠰᠬᠤ ᠵᠡᠷᠭᠡ ᠣᠯᠠᠨ ᠡᠰᠢᠲᠦ ᠵᠢᠭᠠᠨ ᠰᠤᠷᠭᠠᠯᠲᠠ ᠵᠢᠨ ᠠᠵᠢᠯᠯᠠᠭ᠎ᠠ ᠪᠡᠷ ᠳᠠᠮᠵᠢᠭᠤᠯᠤᠨ᠂ ᠵᠢᠭᠠᠨ ᠰᠤᠷᠭᠠᠯᠲᠠ ᠵᠢᠨ ᠬᠠᠷᠠᠯᠲᠠ ᠪᠡᠨ ᠣᠨᠣᠪᠴᠢᠲᠠᠢ ᠡᠵᠡᠮᠳᠡᠵᠦ᠂ ᠵᠢᠭᠠᠨ ᠰᠤᠷᠭᠠᠯᠲᠠ ᠵᠢᠨ ᠠᠢᠵᠠᠮ ᠬᠦᠭ ᠢ᠋ ᠠᠮᠢᠳᠤᠯᠢᠭ᠋ ᠲᠣᠬᠢᠷᠠᠭᠤᠯᠤᠨ᠂ ᠪᠠᠭ᠍ᠰᠢ ᠨᠠᠷ ᠤ᠋ᠨ ᠨᠠᠷᠢᠨ ᠨᠢᠮᠪᠠᠢ ᠵᠢᠭᠠᠨ ᠰᠤᠷᠭᠠᠬᠤ᠂ ᠰᠣᠷᠣᠭ᠍ᠴᠢᠳ ᠤ᠋ᠨ ᠨᠡᠪᠲᠡᠷᠡᠲᠡᠯ᠎ᠡ ᠰᠤᠷᠬᠤ ᠵᠢ ᠦᠨᠡᠨ ᠬᠦ᠌ ᠪᠠᠲᠤᠯᠠᠵᠠᠢ᠃ ᠠᠳᠠᠯᠢ ᠪᠤᠰᠤ ᠣᠨ ᠤ᠋ ᠰᠣᠷᠣᠭ᠍ᠴᠢ ᠵᠢᠨ ᠣᠨᠴᠠᠯᠢᠭ᠋ ᠲᠤ᠌ ᠴᠢᠭᠯᠡᠭᠦᠯᠦᠨ᠂ ᠰᠤᠷᠭᠠᠭᠤᠯᠢ ᠡᠴᠡ ᠡᠷᠲᠡ ᠶ᠋ᠢᠨ ᠤᠩᠰᠢᠯᠭ᠎ᠠ᠂ ᠬᠢᠴᠢᠶᠡᠯ ᠤ᠋ᠨ ᠲᠠᠩᠬᠢᠮ ᠤ᠋ᠨ ᠤᠷᠠᠨ ᠲᠣᠳᠣ᠌ ᠤᠩᠰᠢᠯᠭ᠎ᠠ᠂ ᠰᠣᠩᠭᠣᠳᠠᠭ ᠵᠣᠬᠢᠶᠠᠯ ᠢ᠋ ᠤᠶᠠᠩᠭᠠᠯᠠᠨ ᠤᠩᠰᠢᠬᠤ ᠵᠡᠷᠭᠡ ᠭᠣᠭᠴᠣᠭ᠎ᠠ ᠵᠢ ᠲᠣᠬᠢᠷᠠᠭᠤᠯᠵᠤ᠂ ᠬᠡᠯᠡᠨ ᠤ᠋ ᠪᠣᠯᠪᠠᠰᠤᠷᠠᠯ ᠪᠠ ᠬᠢᠴᠢᠶᠡᠯ ᠤ᠋ᠨ ᠪᠢᠴᠢᠭ ᠢ᠋ ᠣᠢᠯᠠᠭᠠᠬᠤ ᠵᠢ ᠭᠦᠨᠵᠡᠭᠡᠢ ᠠᠭᠤᠰᠤᠯᠴᠠᠭᠤᠯᠬᠤ ᠪᠡᠷ ᠳᠠᠮᠵᠢᠭᠤᠯᠤᠨ᠂ ᠰᠣᠷᠣᠭ᠍ᠴᠢᠳ ᠤ᠋ᠨ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤ᠋ᠨ ᠬᠡᠷᠡᠭᠯᠡᠭᠡᠨ ᠤ᠋ ᠴᠢᠳᠠᠪᠤᠷᠢ ᠵᠢ ᠳᠡᠭᠡᠭᠰᠢᠯᠡᠭᠦᠯᠦᠭᠰᠡᠨ ᠶ᠋ᠢᠡᠷ ᠪᠠᠷᠠᠬᠤ ᠦᠭᠡᠢ᠂ ᠰᠤᠷᠤᠭᠴᠢᠳ ᠰᠣᠩᠭᠣᠳᠠᠭ ᠵᠣᠬᠢᠶᠠᠯ ᠤ᠋ᠳ ᠢ᠋ ᠤᠩᠰᠢᠬᠤ ᠶᠠᠪᠤᠴᠠᠳᠤ ᠳᠤᠮᠳᠠᠳᠤ ᠵᠢᠨ ᠰᠣᠶᠣᠯ ᠤ᠋ᠨ ᠥᠷᠭᠡᠨ ᠳᠡᠯᠭᠡᠷ ᠭᠦᠨᠵᠡᠭᠡᠢ ᠣᠢᠯᠠᠭᠠᠭᠳᠠᠬᠤᠨ ᠢ᠋ ᠮᠡᠳᠡᠷᠡᠭᠰᠡᠨ ᠪᠠᠢᠨ᠎ᠠ᠃ ᠦᠦᠰᠢᠨ ᠬᠣᠰᠢᠭᠤᠨ ᠤ᠋ ᠲᠠᠪᠤᠳᠤᠭᠠᠷ ᠪᠠᠭ᠎ᠠ ᠰᠤᠷᠭᠠᠭᠤᠯᠢ ᠵᠢᠨ ᠬᠡᠯᠡ ᠪᠢᠴᠢᠭ ᠤ᠋ᠨ ᠪᠠᠭ᠍ᠰᠢ ᠸᠠᠩ ᠪᠠᠭ᠍ᠰᠢ ᠵᠢᠨ ᠲᠠᠨᠢᠯᠴᠠᠭᠤᠯᠤᠭᠰᠠᠨ ᠶ᠋ᠢᠡᠷ᠂ ᠡᠢᠨ ᠬᠥ᠌ ᠬᠦᠨᠵᠡᠭᠡᠢᠷᠡᠬᠦᠯᠬᠦ ᠮᠠᠶᠢᠭ᠋ ᠤ᠋ᠨ ᠵᠢᠭᠠᠨ ᠰᠤᠷᠭᠠᠯᠲᠠ ᠨᠢ ᠬᠢᠴᠢᠶᠡᠯ ᠤ᠋ᠨ ᠲᠠᠩᠬᠢᠮ ᠢ᠋ ᠠᠮᠢᠵᠢᠷᠠᠯ ᠤ᠋ᠨ ᠬᠦᠴᠦᠨ ᠶ᠋ᠢᠡᠷ ᠪᠢᠯᠬᠠᠭᠤᠯᠵᠤ᠂ ᠰᠤᠷᠤᠭ᠍ᠴᠢᠳ ᠤ᠋ᠨ ᠰᠤᠷᠤᠯᠴᠠᠬᠤ ᠵᠢᠨ ᠰᠠᠨᠠᠭᠠᠴᠢᠯᠠᠭᠠᠲᠤ ᠤᠪᠤᠷᠢ ᠬᠥᠭᠵᠢᠭᠡᠭᠰᠡᠨ ᠭᠡᠨ᠎ᠡ᠃
ᠳᠤᠰ ᠰᠤᠷᠭᠠᠭᠤᠯᠢ 《ᠳᠤᠮᠳᠠᠳᠤ ᠶ᠋ᠢᠨ ᠭᠠᠢᠬᠠᠮᠰᠢᠭ》 ᠭᠡᠬᠦ ᠭᠣᠣᠯ ᠰᠡᠳᠦᠪᠲᠦ ᠨᠣᠮ ᠤᠩᠰᠢᠬᠤ ᠠᠵᠢᠯᠯᠠᠭ᠎ᠠ ᠳ᠋ᠦ ᠲᠤᠯᠭᠠᠭᠤᠷᠢᠯᠠᠨ᠂ ᠳᠤᠮᠳᠠᠳᠤ ᠵᠢᠨ ᠰᠣᠩᠭᠣᠳᠠᠭ ᠵᠣᠬᠢᠶᠠᠯ ᠢ᠋ ᠤᠩᠰᠢᠬᠤ ᠤᠷᠤᠯᠳᠤᠭᠠᠨ᠂ ᠰᠣᠨᠣᠰᠴᠤ ᠪᠢᠴᠢᠬᠦ ᠤᠷᠤᠯᠳᠤᠭᠠᠨ᠂ ᠤᠷᠠᠨ ᠪᠢᠴᠢᠯᠭᠡ ᠵᠢᠨ ᠦᠵᠡᠭᠦᠯᠭᠡ ᠵᠡᠷᠭᠡ ᠠᠵᠢᠯᠯᠠᠭ᠎ᠠ ᠵᠢ ᠪᠠᠢᠩᠭᠤ ᠥᠷᠨᠢᠭᠦᠯᠦᠨ᠂ ᠰᠤᠷᠤᠭ᠍ᠴᠢᠳ ᠲᠦ᠍ ᠴᠣᠭ ᠵᠢᠪᠬᠤᠭ᠎ᠠ ᠪᠠᠨ ᠪᠠᠳᠠᠷᠠᠭᠤᠯᠬᠤ ᠲᠠᠪᠴᠠᠩ ᠬᠠᠩᠭᠠᠪᠠ᠃ ᠪᠥᠬᠥ ᠤᠯᠤᠰ ᠤ᠋ᠨ ᠳᠦᠷᠢᠮᠵᠢᠬᠦᠨ ᠦᠰᠦᠭ ᠪᠢᠴᠢᠭ ᠪᠠᠷᠢᠮᠵᠢᠶ᠎ᠠ ᠠᠪᠢᠶ᠎ᠠ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠭᠠᠷᠠᠭ᠂ ᠦᠨᠳᠦᠰᠦᠲᠡᠨ ᠤ᠋ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ ᠵᠡᠷᠭᠡ ᠵᠠᠩᠭᠢᠯᠠᠭ᠎ᠠ ᠵᠢᠨ ᠴᠡᠭ ᠲᠠᠢ ᠤᠶᠠᠯᠳᠤᠭᠤᠯᠤᠨ᠂ 《ᠳᠦᠷᠢᠮᠵᠢᠬᠦᠨ ᠪᠢᠴᠢᠯᠭᠡ ᠪᠠᠷᠢᠮᠵᠢᠶ᠎ᠠ ᠠᠪᠢᠶ᠎ᠠ ᠵᠢ ᠲᠦᠭᠡᠮᠡᠯᠵᠢᠭᠦᠯᠬᠦ ᠵᠢ ᠭᠡᠷ ᠪᠦᠯᠢ ᠳ᠋ᠤ ᠤᠷᠤᠭᠤᠯᠬᠤ》 ᠡᠴᠢᠭᠡ ᠡᠬᠡ ᠦᠷ᠎ᠡ ᠬᠡᠦᠬᠡᠳ ᠲᠠᠢ ᠪᠡᠨ ᠬᠠᠮᠳᠤ ᠪᠡᠷ ᠤᠩᠰᠢᠬᠤ᠂ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡᠨ ᠤ᠋ ᠶᠠᠷᠢᠶ᠎ᠠ ᠢᠯᠡᠳᠬᠡᠯ ᠵᠡᠷᠭᠡ ᠣᠨᠴᠠᠯᠢᠭ᠍ᠲᠤ ᠠᠵᠢᠯᠯᠠᠭ᠎ᠠ ᠵᠢ ᠵᠣᠬᠢᠶᠠᠨ ᠪᠠᠢᠭᠤᠯᠵᠤ᠂ 《ᠰᠤᠷᠭᠠᠭᠤᠯᠢ ᠪᠡᠷ ᠭᠣᠣᠯᠯᠠᠭᠤᠯᠵᠤ᠂ ᠭᠡᠷ ᠪᠦᠯᠢ ᠪᠡᠷ ᠢ᠋ᠢᠡᠨ ᠣᠷᠣᠯᠴᠠᠬᠤ》 ᠬᠠᠮᠵᠢᠯᠴᠠᠭᠰᠠᠨ ᠰᠤᠷᠭᠠᠨ ᠬᠥᠮᠦᠵᠢᠯ ᠤ᠋ᠨ ᠰᠢᠰᠲᠧᠮ ᠢ᠋ ᠪᠠᠢᠭᠤᠯᠦᠨ᠂ ᠳᠦᠷᠢᠮᠵᠢᠬᠦᠨ ᠦᠭᠡ ᠬᠡᠯᠡ ᠵᠢ ᠲᠦᠭᠡᠮᠡᠯᠵᠢᠭᠦᠯᠬᠦ ᠵᠢ ᠬᠢᠴᠢᠶᠡᠯ ᠤ᠋ᠨ ᠲᠠᠩᠬᠢᠮ ᠡᠴᠡ ᠭᠠᠷᠭᠠᠵᠤ᠂ ᠡᠩ ᠤ᠋ᠨ ᠠᠮᠢᠳᠤᠷᠠᠯ ᠳ᠋ᠤ ᠠᠭᠤᠰᠤᠯᠴᠠᠭᠤᠯᠵᠤ ᠪᠠᠢᠨ᠎ᠠ᠃ ᠣᠷᠳᠣᠰ ᠬᠤᠳᠠ ᠵᠢᠨ ᠳᠤᠮᠳᠠᠳᠤ ᠵᠢᠨ ᠰᠣᠩᠭᠣᠳᠠᠭ ᠵᠣᠬᠢᠶᠠᠯ ᠢ᠋ ᠤᠩᠰᠢᠨ ᠰᠤᠨᠢᠷᠬᠠᠬᠤ ᠤᠷᠤᠯᠳᠤᠭᠠᠨ ᠳ᠋ᠤ ᠳᠤᠰ ᠰᠤᠷᠭᠠᠭᠤᠯᠢ ᠵᠢᠨ ᠰᠣᠩᠭᠣᠨ ᠳᠡᠪᠰᠢᠭᠦᠯᠦᠭᠰᠡᠨ ᠪᠦᠲᠦᠭᠡᠯ ᠤᠯᠠᠨᠲᠠ ᠰᠢᠯᠢᠳᠡᠭ ᠬᠢᠷᠢ ᠪᠦᠳᠦᠮᠵᠢ ᠣᠯᠵᠤ᠂ ᠰᠤᠷᠤᠭ᠍ᠴᠢᠳ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠵᠢᠡᠷ ᠴᠢᠩ ᠦᠨᠡᠨᠴᠢ ᠰᠡᠳᠬᠢᠯᠭᠡ ᠪᠠᠨ ᠢᠯᠡᠳᠭᠡᠨ᠂ ᠰᠢᠨ᠎ᠡ ᠴᠠᠭ ᠦᠶ᠎ᠡ ᠵᠢᠨ ᠵᠠᠯᠠᠭᠤᠴᠤᠳ ᠪᠠᠭᠠᠴᠤᠳ ᠤ᠋ᠨ ᠰᠣᠶᠣᠯ ᠤ᠋ᠨ ᠢᠲᠡᠭᠡᠯ ᠢ᠋ ᠢᠯᠡᠷᠡᠭᠦᠯᠦᠭᠰᠡᠨ ᠪᠠᠢᠨ᠎ᠠ᠃
ᠡᠭᠦᠨ ᠡᠴᠡ ᠭᠠᠳᠠᠨ᠎ᠠ᠂ ᠳᠤᠰ ᠰᠤᠷᠭᠠᠭᠤᠯᠢ ᠪᠠᠰᠠ ᠲᠤᠰᠬᠠᠢ ᠪᠣᠯᠪᠠᠰᠤᠷᠠᠯ ᠤ᠋ᠨ ᠲᠥᠯᠥᠪᠯᠡᠭᠡ ᠲᠣᠭᠲᠠᠭᠠᠵᠤ᠂ ᠰᠦᠯᠵᠢᠶᠡᠨ ᠭᠠᠳᠠᠨ᠎ᠠ ᠲᠥᠪᠯᠡᠷᠡᠭᠦᠯᠦᠨ ᠪᠣᠯᠪᠠᠰᠤᠷᠠᠭᠤᠯᠬᠤ᠂ ᠰᠦᠯᠵᠢᠶᠡᠨ ᠳᠡᠭᠡᠷᠡᠬᠢ ᠡᠬᠢ ᠪᠠᠶᠠᠯᠢᠭ᠋ ᠢ᠋ ᠰᠤᠳᠤᠯᠤᠨ ᠰᠤᠷᠤᠯᠴᠠᠬᠤ᠂ 《ᠨᠢᠭᠡ ᠪᠠᠭᠰᠢ ᠳ᠋ᠤ ᠨᠢᠭᠡ ᠵᠢᠯᠤᠭᠤᠳᠤᠭᠴᠢ ᠳᠤᠬᠢᠷᠠᠭᠤᠯᠬᠤ》 ᠠᠵᠢᠯ ᠤ᠋ᠨ ᠪᠠᠢᠷᠢ ᠵᠢ ᠳᠠᠭᠠᠨ ᠬᠠᠪᠰᠤᠷᠤᠨ ᠲᠡᠳᠬᠦᠬᠦ ᠵᠡᠷᠭᠡ ᠣᠯᠠᠨ ᠵᠦᠢᠯ ᠤ᠋ᠨ ᠬᠡᠯᠪᠡᠷᠢ ᠪᠡᠷ ᠳᠠᠮᠵᠢᠭᠤᠯᠤᠨ᠂ ᠪᠠᠭ᠍ᠰᠢ ᠨᠠᠷ ᠤ᠋ᠨ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤ᠋ᠨ ᠵᠢᠭᠠᠨ ᠰᠤᠷᠭᠠᠯᠲᠠ ᠵᠢᠨ ᠴᠢᠳᠠᠪᠤᠷᠢ ᠵᠢ ᠦᠷᠭᠦᠯᠵᠢᠯᠡᠨ ᠳᠡᠭᠡᠭᠰᠢᠯᠡᠭᠦᠯᠵᠦ᠂ ᠪᠠᠭ᠍ᠰᠢ ᠨᠢᠭᠡᠪᠦᠷᠢ ᠴᠥᠮ ᠳᠦᠷᠢᠮᠵᠢᠭᠦᠨ ᠪᠢᠴᠢᠯᠭᠡ ᠪᠠᠷᠢᠮᠵᠢᠶ᠎ᠠ ᠠᠪᠢᠶ᠎ᠠ ᠶ᠋ᠢ ᠬᠡᠷᠡᠭᠯᠡᠬᠦ ᠵᠢᠱ᠌ᠢᠶᠡᠴᠢ᠂ ᠰᠣᠶᠣᠯ ᠤ᠋ᠨ ᠤᠯᠠᠮᠵᠢᠯᠠᠭᠴᠢ ᠪᠣᠯᠬᠤ ᠵᠢ ᠦᠨᠡᠨ ᠬᠦ᠌ ᠪᠠᠲᠤᠯᠠᠵᠠᠢ᠃ ᠡᠭᠦᠨ ᠤ᠋ ᠬᠠᠮᠲᠤ᠂ ᠰᠤᠷᠭᠠᠨ ᠬᠥᠮᠦᠵᠢᠯ ᠤ᠋ᠨ ᠡᠭᠦᠯᠡᠨ ᠲᠠᠪᠴᠠᠩ᠂ 《ᠢᠵᠢᠯ ᠠᠯᠬᠤᠮᠲᠤ ᠬᠢᠴᠢᠶᠡᠯ ᠤ᠋ᠨ ᠲᠠᠩᠬᠢᠮ》 ᠵᠡᠷᠭᠡ ᠰᠦᠯᠵᠢᠶᠡᠨ ᠳᠡᠭᠡᠷᠡᠬᠢ ᠰᠢᠯᠢᠳᠡᠭ ᠡᠬᠢ ᠪᠠᠶᠠᠯᠢᠭ᠋ ᠢ᠋ ᠭᠦᠢᠴᠡᠳ ᠠᠰᠢᠭ᠍ᠯᠠᠨ᠂ ᠵᠢᠭᠠᠨ ᠰᠤᠷᠭᠠᠯᠲᠠ ᠵᠢᠨ ᠠᠭᠤᠯᠭ᠎ᠠ ᠵᠢ ᠪᠠᠶᠠᠯᠢᠭ᠍ᠵᠢᠭᠤᠯᠵᠤ᠂ ᠰᠤᠷᠤᠯᠴᠠᠬᠤ ᠠᠷᠭ᠎ᠠ ᠵᠠᠮ ᠢ᠋ ᠥᠷᠭᠡᠳᠬᠡᠨ᠂ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤ᠋ᠨ ᠵᠢᠭᠠᠨ ᠰᠤᠷᠭᠠᠯᠲᠠ ᠵᠢ ᠳᠡᠯᠭᠡᠷᠡᠭᠦᠯᠬᠦ ᠳ᠋ᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠵᠠᠢ᠃
ᠪᠥᠬᠥ ᠬᠣᠰᠢᠭᠤᠨ ᠤ᠋ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤ᠋ᠨ ᠪᠠᠷᠢᠮᠵᠢᠶ᠎ᠠ ᠳ᠋ᠤ ᠬᠦᠷᠭᠡᠬᠦ ᠪᠠᠢᠭᠤᠯᠤᠯᠲᠠ ᠵᠢᠨ ᠰᠢᠯᠭᠠᠨ ᠬᠤᠷᠢᠶᠠᠬᠤᠳᠤ ᠬᠢᠷᠢ ᠲᠡᠩᠴᠡᠭᠰᠡᠨ 39 ᠰᠤᠷᠭᠠᠭᠤᠯᠢ ᠵᠢᠨ ᠨᠢᠭᠡ ᠪᠣᠯᠤᠭᠰᠠᠨ ᠤ᠋ ᠬᠤᠪᠢ ᠳ᠋ᠤ᠂ ᠦᠦᠰᠢᠨ ᠬᠣᠰᠢᠭᠤᠨ ᠤ᠋ ᠲᠠᠪᠤᠳᠤᠭᠠᠷ ᠪᠠᠭ᠎ᠠ ᠰᠤᠷᠭᠠᠭᠤᠯᠢ ᠢᠮᠠᠭᠲᠠ 《ᠵᠢᠷᠤᠮᠵᠢᠭᠤᠯᠤᠨ ᠬᠥᠲᠥᠯᠥᠨ ᠳᠠᠭᠠᠭᠤᠯᠬᠤ᠂ ᠰᠣᠶᠣᠯ ᠶ᠋ᠢᠡᠷ ᠬᠦᠴᠦ ᠨᠡᠮᠡᠷᠢᠯᠡᠬᠦ》 ᠪᠡᠷ ᠤᠳᠤᠷᠢᠳᠤᠮᠵᠢ ᠪᠣᠯᠭᠠᠵᠤ᠂ ᠤᠯᠤᠰ ᠤ᠋ᠨ ᠨᠡᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠢ᠋ ᠳᠦᠬᠡᠮᠡᠯᠵᠢᠬᠦᠯᠬᠦ ᠵᠢ ᠪᠢᠴᠢᠭᠤᠨ ᠰᠤᠷᠪᠤᠯᠵᠢᠳᠤ ᠰᠤᠷᠭᠠᠭᠤᠯᠢ ᠵᠢᠨ ᠪᠦᠳᠦᠭᠡᠨ ᠪᠠᠢᠭᠤᠯᠤᠯᠲᠠ᠂ ᠤᠯᠠᠮᠵᠢᠯᠠᠯᠲᠤ ᠰᠣᠶᠣᠯ ᠢ᠋ ᠤᠯᠠᠮᠵᠢᠯᠠᠬᠤ ᠯᠤᠭ᠎ᠠ ᠣᠷᠭᠠᠨᠢᠭ᠋ ᠶ᠋ᠢᠡᠷ ᠠᠭᠤᠰᠤᠯᠴᠠᠭᠤᠯᠤᠨ᠂ ᠰᠣᠷᠣᠭ᠍ᠴᠢ ᠨᠢᠭᠡᠪᠦᠷᠢ ᠵᠢᠨ ᠬᠡᠯᠡ ᠰᠤᠷᠬᠤ ᠳᠤᠮᠳᠠ ᠬᠠᠷᠠᠭ᠎ᠠ ᠪᠠᠨ ᠥᠷᠭᠡᠳᠬᠡᠵᠦ᠂ ᠡᠷᠳᠡᠮ ᠮᠡᠳᠡᠯᠭᠡ ᠪᠠᠨ ᠨᠡᠮᠡᠭᠳᠡᠭᠦᠯᠦᠨ᠂ ᠰᠣᠶᠣᠯ ᠤ᠋ᠨ ᠰᠢᠮ᠎ᠡ ᠪᠡᠷ ᠦᠰᠦᠨ ᠪᠤᠢᠵᠢᠬᠤ ᠵᠢ ᠠᠬᠢᠭᠤᠯᠵᠤ ᠪᠠᠢᠨ᠎ᠠ᠃