1 ᠰᠠᠷ᠎ᠠ ᠵᠢᠨ 29 ᠤ᠋ ᠡᠳᠦᠷ᠂ 《ᠥᠩᠭᠡᠷᠡᠭ᠌ᠰᠡᠨ ᠳ᠋ᠤ ᠲᠤᠬᠠᠢᠯᠠᠭ᠍ᠰᠠᠨ ᠠᠵᠢᠯ ᠵᠢᠡᠨ ᠭᠦᠶ᠋ᠴᠡᠳᠭᠡᠬᠦ᠌ ᠳ᠋ᠤ ᠬᠠᠮᠢᠶ᠎ᠠ ᠪᠦᠬᠦᠢ ᠭᠡᠷᠡᠴᠢ ᠦᠨᠡᠮᠯᠡᠯ ᠵᠡᠷᠭᠡ ᠮᠠᠲ᠋ᠧᠷᠢᠶᠠᠯ ᠵᠢᠡᠨ ᠭᠦᠢᠴᠡᠳ ᠪᠡᠯᠡᠳᠭᠡᠭᠰᠡᠨ ᠥᠬᠡᠶ ᠡᠴᠡ ᠯᠠ ᠵᠣᠪᠠᠳᠠᠭ᠂ ᠣᠲᠣ 〈ᠦᠨᠡᠮᠯᠡᠯ ᠥᠬᠡᠶ ᠪᠡᠷ ᠭᠦᠶ᠋ᠴᠡᠳᠭᠡᠬᠦ᠌〉 ᠴᠢᠳᠠᠮᠵᠢ ᠲᠠᠢ ᠪᠤᠯᠤᠭᠰᠠᠨ ᠡᠴᠡ ᠬᠤᠢᠰᠢ᠂ ᠮᠠᠲ᠋ᠧᠷᠢᠶᠠᠯ ᠵᠢᠡᠨ ᠰᠦᠯᠵᠢᠶᠡᠨ ᠳᠡᠭᠡᠷ᠎ᠡ ᠡᠴᠡ ᠱᠢᠭᠤᠳ ᠱᠢᠯᠵᠢᠭᠦᠯᠦᠨ ᠠᠪᠴᠤ᠌ ᠳᠡᠢᠯᠬᠦ᠌ ᠪᠣᠯᠤᠭ᠍ᠰᠠᠨ ᠪᠣᠯᠬᠣᠷ ᠲᠤᠩ ᠲᠥᠬᠥᠮ ᠪᠣᠯᠵᠠᠶ》 ᠭᠡᠵᠤ ᠠᠯᠠᠱᠠ ᠠᠢᠮᠠᠭ ᠤ᠋ᠨ ᠠᠯᠠᠱᠠ ᠵᠢᠨ ᠳᠡᠭᠡᠳᠦ ᠱᠢᠨ᠎ᠡ ᠮᠡᠷᠭᠡᠵᠢᠯ ᠤ᠋ᠨ ᠲᠣᠭᠣᠷᠢᠭ ᠤ᠋ᠨ ᠰᠠᠭᠤᠭᠠᠯᠢ ᠠᠷᠠᠳ ᠮᠧᠶ ᠲᠢᠶᠠᠨ ᠬᠤᠤ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡ ᠵᠢᠨ ᠳᠥᠭᠥᠮ ᠳᠥᠲᠡ ᠶ᠋ᠢ ᠮᠠᠭᠲᠠᠵᠤ ᠭᠠᠷᠤᠯ᠎ᠠ᠃
ᠣᠢᠷ᠎ᠠ ᠳ᠋ᠤ᠂ ᠠᠯᠠᠱᠠ ᠵᠢᠨ ᠳᠡᠭᠡᠳᠦ ᠱᠢᠨ᠎ᠡ ᠮᠡᠷᠭᠡᠵᠢᠯ ᠤ᠋ᠨ ᠲᠣᠭᠣᠷᠢᠭ ᠤ᠋ᠨ ᠰᠠᠭᠤᠭᠠᠯᠢ ᠠᠷᠠᠳ ᠮᠧᠶ ᠲᠢᠶᠠᠨ ᠬᠤᠤ ᠳᠡᠭᠡᠳᠦ ᠱᠢᠨ᠎ᠡ ᠮᠡᠷᠭᠡᠵᠢᠯ ᠤ᠋ᠨ ᠲᠣᠭᠣᠷᠢᠭ ᠤ᠋ᠨ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠲᠥᠪᠲᠦ ᠬᠤᠪᠢ ᠵᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠵᠢᠨ ᠮᠡᠳᠡᠭᠡ ᠵᠠᠩᠭᠢ ᠶ᠋ᠢ ᠨᠤᠳᠠᠯᠠᠨ ᠵᠦᠪᠰᠢᠶᠡᠷᠡᠬᠦᠯᠬᠦ ᠲᠤᠬᠠᠢᠯᠠᠭ᠍ᠰᠠᠨ ᠠᠵᠢᠯ ᠢ᠋ ᠭᠦᠶ᠋ᠴᠡᠳᠭᠡᠬᠦ᠌ ᠦᠶ᠎ᠡ ᠳ᠋ᠤ᠂ ᠡᠵᠡᠩᠨᠡᠯᠲᠡ ᠵᠢᠨ ᠦᠨᠡᠮᠯᠡᠯ ᠵᠢᠡᠨ ᠠᠪᠴᠢᠷᠠᠬᠤ ᠪᠡᠨ ᠮᠠᠷᠲᠠᠭᠰᠠᠨ ᠡᠴᠡ ᠪᠤᠯᠵᠤ ᠪᠠᠴᠢᠮᠳᠠᠨ ᠰᠠᠨᠳᠤᠷᠴᠦ ᠪᠠᠢᠬᠤ ᠳ᠋ᠤ᠂ ᠴᠣᠩᠬᠣᠪᠴᠢ ᠵᠢᠨ ᠠᠵᠢᠯᠲᠠᠨ ᠰᠠᠨᠠᠭᠠᠴᠢᠯᠠᠭ᠎ᠠ ᠡᠴᠡᠪᠠᠨ ᠲᠡᠭᠦᠨ ᠳ᠋ᠤ 《ᠦᠨᠡᠮᠯᠡᠯ ᠥᠬᠡᠶ ᠪᠡᠷ ᠭᠦᠶ᠋ᠴᠡᠳᠭᠡᠬᠦ᠌》 ᠦᠶ᠋ᠯᠡᠴᠢᠯᠡᠭᠡ ᠶ᠋ᠢ ᠲᠠᠨᠢᠯᠴᠠᠭᠤᠯᠪᠠ᠃ ᠠᠵᠢᠯᠲᠠᠨ ᠤ᠋ ᠵᠢᠯᠣᠭᠣᠳᠣᠯᠭ᠎ᠠ ᠳᠤᠤᠷ᠎ᠠ᠂ ᠮᠧᠶ ᠲᠢᠶᠠᠨ ᠬᠤᠤ ᠭᠠᠷ ᠤᠲᠠᠰᠤ ᠪᠡᠷ ᠵᠢᠡᠨ ᠡᠯᠧᠺᠲ᠋ᠷᠣᠨ ᠡᠵᠡᠩᠨᠡᠯᠲᠡ ᠵᠢᠨ ᠦᠨᠡᠮᠯᠡᠯ ᠤ᠋ᠨ ᠬᠣᠶᠠᠷ ᠬᠡᠮᠵᠢᠯᠳᠦ ᠺᠣᠳ᠋ ᠢ᠋ ᠭᠠᠷᠭᠠᠵᠤ᠂ ᠥᠪᠥᠷ ᠮᠣᠩᠭᠣᠯ ᠤ᠋ᠨ ᠨᠢᠭᠡ ᠴᠣᠭ᠍ᠴᠠᠵᠢᠭᠤᠯᠤᠭ᠍ᠰᠠᠨ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠲᠠᠪᠴᠠᠩ ᠤ᠋ᠨ ᠶᠡᠷᠦᠩᠬᠡᠢᠯᠡᠭ᠌ᠰᠡᠨ ᠴᠣᠩᠬᠣᠪᠴᠢ ᠵᠢᠨ ᠺᠣᠳ᠋ ᠢ᠋ ᠱᠢᠷᠪᠢᠵᠦ᠍ ᠬᠢᠨᠠᠨ ᠱᠢᠯᠭᠠᠬᠤ ᠪᠡᠷ ᠳᠡᠮᠵᠢᠨ᠂ ᠱᠢᠰᠲ᠋ᠧᠮᠨᠢ ᠬᠠᠮᠢᠶ᠎ᠠ ᠪᠥᠬᠥᠶ ᠭᠡᠷᠡᠴᠢ ᠦᠨᠡᠮᠯᠡᠯ ᠤ᠋ᠨ ᠮᠡᠳᠡᠭᠡ ᠵᠠᠩᠭᠢ ᠶ᠋ᠢ ᠲᠦᠷᠭᠡᠨ ᠭᠠᠷᠭᠠᠵᠤ᠂ ᠬᠡᠳᠦᠬᠡᠨ ᠮᠢᠨᠦ᠋ᠲᠤᠨ ᠳᠤᠲᠤᠷᠠᠬᠤᠪᠢ ᠵᠢᠨ ᠦᠶ᠋ᠯᠡᠳᠪᠦᠷᠢ ᠬᠤᠳᠠᠯᠳᠤᠭᠠᠨ ᠤ᠋ ᠡᠷᠦᠬᠡ ᠵᠢᠨ ᠮᠡᠳᠡᠭᠡ ᠵᠠᠩᠭᠢ ᠶ᠋ᠢ ᠨᠤᠳᠠᠯᠠᠨ ᠵᠦᠪᠰᠢᠶᠡᠷᠡᠬᠦᠯᠬᠦ ᠶ᠋ᠢ ᠪᠡᠶᠡᠯᠡᠭᠦᠯᠪᠡ᠃
ᠲᠣᠰ ᠤᠳᠠᠭᠠᠨ ᠤ᠋ 《ᠦᠨᠡᠮᠯᠡᠯ ᠥᠬᠡᠶ ᠪᠡᠷ ᠭᠦᠶ᠋ᠴᠡᠳᠭᠡᠬᠦ᠌》 ᠲᠤᠬᠠᠢᠯᠠᠭ᠍ᠰᠠᠨ ᠠᠵᠢᠯ ᠢ᠋ ᠤᠷᠤᠭ᠍ᠰᠢᠲᠠᠶ ᠭᠦᠶ᠋ᠴᠡᠳᠭᠡᠭ᠌ᠰᠡᠨ ᠨᠢ ᠵᠥᠪᠬᠡᠨ ᠠᠯᠠᠱᠠ ᠵᠢᠨ ᠳᠡᠭᠡᠳᠦ ᠱᠢᠨ᠎ᠡ ᠮᠡᠷᠭᠡᠵᠢᠯ ᠤ᠋ᠨ ᠲᠣᠭᠣᠷᠢᠭ ᠤ᠋ᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠦᠭ᠌ᠰᠡᠨ ᠠᠮᠢᠳᠤᠯᠢᠭ ᠬᠤᠷᠢᠶᠠᠩᠭᠤᠶ ᠳᠦᠷᠰᠦ ᠪᠣᠯᠤᠨ᠎ᠠ᠃ ᠳᠡᠭᠡᠳᠦ ᠱᠢᠨ᠎ᠡ ᠮᠡᠷᠭᠡᠵᠢᠯ ᠤ᠋ᠨ ᠲᠣᠭᠣᠷᠢᠭ ᠤ᠋ᠨ ᠳ᠋ᠠᠢᠲ᠋ᠠ ᠶ᠋ᠢ ᠬᠠᠮᠲᠤ ᠪᠡᠷ ᠡᠳ᠋ᠯᠡᠵᠤ ᠬᠠᠮᠲᠤ ᠪᠡᠷ ᠬᠡᠷᠡᠭ᠌ᠯᠡᠬᠦ᠌ ᠶ᠋ᠢ ᠤᠯᠠᠮ ᠨᠢᠭᠡ ᠠᠯᠬᠤᠮ ᠠᠬᠢᠭᠤᠯᠵᠤ᠂ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠦᠷ᠎ᠡ ᠪᠦᠲᠦᠮᠵᠢ ᠶ᠋ᠢ ᠳᠡᠭᠡᠭ᠌ᠰᠢᠯᠡᠭᠦᠯᠦᠨ᠂ ᠠᠵᠢᠯ ᠶᠠᠪᠤᠳᠠᠯ ᠭᠦᠶ᠋ᠴᠡᠳᠭᠡᠬᠦ᠌ ᠠᠵᠤ ᠠᠬᠤᠢᠯᠠᠯ ᠪᠠ ᠣᠯᠠᠨ ᠲᠦᠮᠡᠨ ᠤ᠋ ᠥᠪᠡᠷ ᠤ᠋ᠨ ᠥᠷᠲᠡᠭ ᠢ᠋ ᠪᠠᠭᠤᠷᠠᠭᠤᠯᠵᠤ᠂ ᠲᠥᠬᠥᠮ ᠦᠵᠡᠭᠦᠯᠬᠦ᠌ ᠵᠢᠨ ᠲᠥᠯᠥᠭᠡ᠂ ᠠᠯᠠᠱᠠ ᠵᠢᠨ ᠳᠡᠭᠡᠳᠦ ᠱᠢᠨ᠎ᠡ ᠮᠡᠷᠭᠡᠵᠢᠯ ᠤ᠋ᠨ ᠲᠣᠭᠣᠷᠢᠭ ᠠᠵᠤ ᠠᠬᠤᠢᠯᠠᠯ ᠪᠠ ᠣᠯᠠᠨ ᠲᠦᠮᠡᠨ ᠤ᠋ ᠠᠵᠢᠯ ᠶᠠᠪᠤᠳᠠᠯ ᠭᠦᠶ᠋ᠴᠡᠳᠭᠡᠬᠦ᠌ ᠬᠦᠴᠢᠷᠳᠡᠯ ᠪᠠ ᠠᠰᠠᠭᠤᠳᠠᠯ ᠳ᠋ᠤ ᠦᠷᠭᠦᠯᠵᠢᠯᠡᠨ ᠠᠩᠬᠠᠷᠤᠯ ᠵᠢᠡᠨ ᠲᠥᠪᠯᠡᠷᠡᠭᠦᠯᠵᠦ᠂ ᠲᠣᠭᠠᠴᠢᠯᠠᠭ᠍ᠰᠠᠨ ᠠᠷᠭ᠎ᠠ ᠪᠠᠷᠢᠯ ᠳ᠋ᠤ ᠲᠦᠱᠢᠭ᠌ᠯᠡᠨ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠶᠠᠰᠤ ᠴᠢᠨᠠᠷ ᠢ᠋ ᠳᠡᠭᠡᠭ᠌ᠰᠢᠯᠡᠭᠦᠯᠦᠨ ᠦᠷ᠎ᠡ ᠠᠱᠢᠭ ᠢ᠋ ᠨᠡᠮᠡᠭ᠌ᠳᠡᠭᠦᠯᠬᠦ᠌ ᠶ᠋ᠢ ᠠᠬᠢᠭᠤᠯᠵᠤ᠂ ᠡᠯᠧᠺᠲ᠋ᠷᠣᠨ ᠭᠡᠷᠡᠴᠢ ᠦᠨᠡᠮᠯᠡᠯ ᠢ᠋ ᠬᠠᠮᠲᠤ ᠪᠡᠷ ᠡᠳ᠋ᠯᠡᠬᠦ᠌᠂ ᠲᠣᠭ᠎ᠠ ᠪᠠᠷᠢᠮᠲᠠ ᠶ᠋ᠢ ᠬᠢᠨᠠᠨ ᠱᠢᠯᠭᠠᠬᠤ ᠵᠡᠷᠭᠡ ᠠᠷᠭ᠎ᠠ ᠬᠡᠯᠪᠡᠷᠢ ᠪᠡᠷ ᠳᠠᠮᠵᠢᠭᠤᠯᠤᠨ 《ᠦᠨᠡᠮᠯᠡᠯ ᠥᠬᠡᠶ ᠪᠡᠷ ᠭᠦᠶ᠋ᠴᠡᠳᠭᠡᠬᠦ᠌》 ᠦᠶ᠋ᠯᠡᠴᠢᠯᠡᠭᠡ ᠶ᠋ᠢ ᠪᠥᠬᠥ᠌ ᠲᠠᠯ᠎ᠠ ᠪᠡᠷ ᠬᠡᠷᠡᠭ᠌ᠵᠢᠭᠦᠯᠤᠨ᠂ 《ᠲᠣᠭ᠎ᠠ ᠪᠠᠷᠢᠮᠲᠠ ᠶ᠋ᠢ ᠢᠯᠡᠭᠦᠬᠡᠨ ᠠᠰᠢᠬᠯᠠᠵᠦ᠂ ᠣᠯᠠᠨ ᠲᠦᠮᠡᠨ ᠢ᠋ ᠳᠤᠲᠠᠭᠤ ᠭᠦᠶᠦᠯᠭᠡᠬᠦ᠌》 ᠪᠣᠯᠭᠠᠵᠤ᠂ ᠠᠵᠤ ᠠᠬᠤᠢᠯᠠᠯ᠂ ᠣᠯᠠᠨ ᠲᠦᠮᠡᠨ ᠤ᠋ ᠬᠦᠷᠲᠡᠮᠵᠢ ᠵᠢᠨ ᠲᠥᠷᠥᠭ᠌ᠳᠡᠯ ᠪᠠ ᠬᠠᠨᠤᠮᠵᠢ ᠵᠢᠨ ᠬᠡᠮᠵᠢᠶ᠎ᠡ ᠶ᠋ᠢ ᠦᠨᠡᠨ ᠬᠦ᠌ ᠳᠡᠭᠡᠭ᠌ᠰᠢᠯᠡᠭᠦᠯᠪᠡ᠃
ᠲᠦᠷᠦᠭᠦᠬᠡᠨ᠂ ᠵᠥᠩ ᠶᠠᠨ ᠥᠪᠥᠷ ᠮᠣᠩᠭᠣᠯ ᠤ᠋ᠨ ᠬᠢᠮᠢ ᠵᠢᠨ ᠠᠵᠤ ᠦᠶ᠋ᠯᠡᠳᠪᠦᠷᠢ ᠵᠢᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ ᠵᠢᠨ ᠠᠵᠢᠯᠲᠠᠨ ᠪᠠᠢᠭᠤᠯᠭ᠎ᠠ ᠨᠢᠭᠡᠴᠢ ᠵᠢᠨ ᠳᠠᠭᠠᠳᠭᠠᠯ ᠳ᠋ᠤ ᠣᠷᠣᠯᠴᠠᠭ᠍ᠰᠠᠨ ᠭᠡᠷᠡᠴᠢ ᠶ᠋ᠢ ᠪᠠᠢᠴᠠᠭᠠᠨ ᠯᠠᠪᠯᠠᠬᠤ ᠲᠤᠬᠠᠢᠯᠠᠭ᠍ᠰᠠᠨ ᠠᠵᠢᠯ ᠢ᠋ ᠭᠦᠶ᠋ᠴᠡᠳᠭᠡᠬᠦ᠌ᠳᠡᠭᠡᠨ ᠴᠤ᠌ 《ᠦᠨᠡᠮᠯᠡᠯ ᠥᠬᠡᠶ ᠪᠡᠷ ᠭᠦᠶ᠋ᠴᠡᠳᠭᠡᠬᠦ᠌》 ᠵᠢᠨ ᠳᠥᠭᠥᠮ ᠳᠥᠲᠡ ᠦᠶ᠋ᠯᠡᠴᠢᠯᠡᠭᠡ ᠶ᠋ᠢ ᠦᠨᠡᠨ ᠬᠦ᠌ ᠭᠥᠷᠳᠡᠪᠡ᠃ ᠲᠣᠰ ᠳᠡᠭᠡᠳᠦ ᠱᠢᠨ᠎ᠡ ᠮᠡᠷᠭᠡᠵᠢᠯ ᠤ᠋ᠨ ᠲᠣᠭᠣᠷᠢᠭ ᠤ᠋ᠨ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠲᠥᠪ ᠤ᠋ᠨ ᠠᠵᠤ ᠠᠬᠤᠢᠯᠠᠯ ᠤ᠋ᠨ ᠦᠶ᠋ᠯᠡᠴᠢᠯᠡᠭᠡᠨ ᠤ᠋ ᠴᠣᠩᠬᠤᠪᠴᠢᠳ᠋ᠤ᠂ ᠠᠵᠤ ᠠᠬᠤᠢᠯᠠᠯ ᠤ᠋ᠨ ᠠᠵᠢᠯᠲᠠᠨ ᠦᠶ᠋ᠯᠡᠴᠢᠯᠡᠭᠡᠨ ᠤ᠋ ᠦᠵᠦᠭᠦᠷᠯᠢᠭ ᠵᠢᠡᠷ ᠳᠡᠮᠵᠢᠨ ᠺᠣᠳ᠋ ᠱᠢᠷᠪᠢᠨ ᠢᠯᠭᠠᠨ ᠲᠠᠨᠢᠵᠤ ᠱᠢᠯᠭᠠᠨ ᠨᠤᠲᠠᠯᠠᠬᠤ ᠶ᠋ᠢ ᠪᠡᠶᠡᠯᠡᠭᠦᠯᠤᠨ᠂ ᠱᠢᠰᠲ᠋ᠧᠮᠨᠢ 《ᠮᠥᠩᠬᠡ ᠰᠤᠪᠠᠭ》 ᠲᠠᠪᠴᠠᠩ ᠤ᠋ᠨ ᠡᠯᠧᠺᠲ᠋ᠷᠣᠨ ᠡᠵᠡᠩᠨᠡᠯᠲᠡ ᠵᠢᠨ ᠦᠨᠡᠮᠯᠡᠯ ᠤ᠋ᠨ ᠮᠡᠳᠡᠭᠡ ᠵᠠᠩᠭᠢ ᠶ᠋ᠢ ᠲᠡᠷᠡ ᠳᠠᠷᠤᠶ ᠳ᠋ᠤᠨᠢ ᠱᠢᠯᠵᠢᠭᠦᠯᠦᠨ ᠠᠪᠴᠤ᠌᠂ ᠴᠣᠩᠬᠤᠪᠴᠢ ᠵᠢᠨ ᠠᠵᠢᠯᠲᠠᠨ ᠰᠦᠯᠵᠢᠶᠡᠨ ᠳᠡᠭᠡᠷ᠎ᠡ ᠬᠢᠨᠠᠨ ᠬᠠᠷᠭᠤᠭᠤᠯᠵᠤ ᠪᠠᠷᠠᠭ᠍ᠰᠠᠨ ᠤ᠋ ᠳᠠᠷᠠᠭ᠎ᠠ ᠲᠡᠷᠡ ᠳᠠᠷᠤᠶ ᠳ᠋ᠤᠨᠢ ᠭᠥᠯᠢᠶᠡᠨ ᠠᠪᠴᠤ᠌᠂ ᠪᠥᠬᠥ᠌ ᠶᠠᠪᠤᠴᠠ ᠳ᠋ᠤ ᠡᠵᠡᠩᠨᠡᠯᠲᠡ ᠵᠢᠨ ᠦᠨᠡᠮᠯᠡᠯ ᠤ᠋ᠨ ᠴᠠᠭᠠᠰᠤᠨ ᠬᠡᠪᠯᠡᠯ ᠢ᠋ ᠬᠠᠩᠭᠠᠬᠤ ᠴᠢᠬᠤᠯᠠ ᠥᠬᠡᠶ ᠪᠤᠯᠵᠠᠢ᠃ ᠥᠨᠳᠥᠷ ᠪᠦᠲᠦᠮᠵᠢᠲᠡᠶ ᠳᠥᠭᠥᠮ ᠳᠥᠲᠡ ᠠᠵᠢᠯ ᠶᠠᠪᠤᠳᠠᠯ ᠭᠦᠶ᠋ᠴᠡᠳᠭᠡᠬᠦ᠌ ᠶᠠᠪᠤᠴᠠ ᠨᠢ ᠠᠵᠤ ᠠᠬᠤᠢᠯᠠᠯ ᠤ᠋ᠨ ᠠᠵᠢᠯ ᠶᠠᠪᠤᠳᠠᠯ ᠭᠦᠶ᠋ᠴᠡᠳᠭᠡᠬᠦ᠌ ᠠᠵᠢᠯᠲᠠᠨ ᠤ᠋ ᠮᠠᠰᠢ ᠣᠯᠠᠨ ᠶᠠᠷᠱᠢᠭ ᠲᠦᠪᠡᠭ ᠢ᠋ ᠪᠠᠭᠠᠰᠭᠠᠪᠠ᠃ ᠠᠯᠠᠱᠠ ᠵᠢᠨ ᠳᠡᠭᠡᠳᠦ ᠱᠢᠨ᠎ᠡ ᠮᠡᠷᠭᠡᠵᠢᠯ ᠤ᠋ᠨ ᠲᠣᠭᠣᠷᠢᠭᠣᠲᠣ ᠨᠢᠭᠡᠨᠲᠡ 6 ᠰᠠᠯᠠᠭ᠎ᠠ ᠮᠥᠴᠢᠷ ᠢ᠋ ᠬᠠᠮᠤᠷᠤᠭ᠍ᠰᠠᠨ ᠥᠨᠳᠥᠷ ᠳᠠᠪᠲᠠᠮᠵᠢᠲᠤ 《ᠦᠨᠡᠮᠯᠡᠯ ᠥᠬᠡᠶ ᠪᠡᠷ ᠭᠦᠶ᠋ᠴᠡᠳᠭᠡᠬᠦ᠌》 ᠵᠦᠶ᠋ᠯᠡᠰ ᠤ᠋ᠨ ᠲᠣᠳᠣᠷᠬᠠᠶ ᠬᠠᠭᠤᠳᠠᠰᠤ ᠶ᠋ᠢ ᠡᠮᠬᠢᠯᠡᠨ ᠪᠦᠷᠢᠯᠳᠦᠭᠦᠯᠵᠦ᠍᠂ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ 30 ᠭᠠᠷᠤᠶ ᠵᠦᠶ᠋ᠯᠡᠰ ᠢ᠋ ᠬᠠᠮᠤᠷᠪᠠ᠃
《ᠳᠡᠭᠡᠳᠦ ᠱᠢᠨ᠎ᠡ ᠮᠡᠷᠭᠡᠵᠢᠯ ᠤ᠋ᠨ ᠲᠣᠭᠣᠷᠢᠭ ᠤ᠋ᠨ 〈ᠦᠨᠡᠮᠯᠡᠯ ᠥᠬᠡᠶ ᠪᠡᠷ ᠭᠦᠶ᠋ᠴᠡᠳᠭᠡᠬᠦ᠌〉 ᠦᠶ᠋ᠯᠡᠴᠢᠯᠡᠭᠡ ᠨᠢ ᠮᠠᠨ ᠤ᠋ ᠠᠵᠤ ᠠᠬᠤᠢᠯᠠᠯ ᠤ᠋ᠨ ᠴᠠᠭ ᠢ᠋ ᠦᠨᠡᠨ ᠬᠦ᠌ ᠠᠷᠪᠢᠯᠠᠵᠤ᠂ ᠠᠵᠢᠯ ᠤ᠋ᠨ ᠦᠷ᠎ᠡ ᠪᠦᠲᠦᠮᠵᠢ ᠶ᠋ᠢ ᠮᠠᠰᠢ ᠥᠨᠳᠥᠷ ᠪᠣᠯᠭᠠᠵᠠᠶ》 ᠭᠡᠵᠦ᠍ ᠵᠥᠩ ᠶᠠᠨ ᠥᠪᠥᠷ ᠮᠣᠩᠭᠣᠯ ᠤ᠋ᠨ ᠬᠢᠮᠢ ᠵᠢᠨ ᠠᠵᠤ ᠦᠶ᠋ᠯᠡᠳᠪᠦᠷᠢ ᠵᠢᠨ ᠬᠤᠪᠢ ᠣᠷᠣᠭᠤᠯᠤᠭ᠍ᠰᠠᠨ ᠬᠢᠵᠠᠭᠠᠷᠲᠤ ᠺᠣᠮᠫᠠᠨᠢ ᠵᠢᠨ ᠮᠡᠷᠭᠡᠵᠢᠯ ᠤ᠋ᠨ ᠶᠠᠰᠤ ᠴᠢᠨᠠᠷ ᠤ᠋ᠨ ᠬᠡᠯᠲᠡᠰ ᠤ᠋ᠨ ᠠᠵᠢᠯᠲᠠᠨ ᠴᠧᠩ ᡁᠢ ᠬᠡᠯᠡᠪᠡ᠃
ᠠᠯᠠᠱᠠ ᠵᠢᠨ ᠳᠡᠭᠡᠳᠦ ᠱᠢᠨ᠎ᠡ ᠮᠡᠷᠭᠡᠵᠢᠯ ᠤ᠋ᠨ ᠲᠣᠭᠣᠷᠢᠭ ᠤ᠋ᠨ 《ᠦᠨᠡᠮᠯᠡᠯ ᠥᠬᠡᠶ ᠪᠡᠷ ᠭᠦᠶ᠋ᠴᠡᠳᠭᠡᠬᠦ᠌》 ᠦᠶ᠋ᠯᠡᠴᠢᠯᠡᠭᠡ ᠪᠣᠯ ᠡᠯᠧᠺᠲ᠋ᠷᠣᠨ ᠭᠡᠷᠡᠴᠢ ᠦᠨᠡᠮᠯᠡᠯ ᠢ᠋ ᠬᠠᠮᠲᠤ ᠪᠡᠷ ᠡᠳ᠋ᠯᠡᠵᠦ᠍ ᠬᠡᠷᠡᠭ᠌ᠯᠡᠬᠦ᠌ ᠪᠡᠷ ᠭᠤᠤᠯ ᠪᠣᠯᠭᠠᠭ᠍ᠰᠠᠨ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠵᠠᠭ᠍ᠪᠤᠷ ᠤ᠋ᠨ ᠬᠤᠪᠢᠰᠤᠯᠲᠠ ᠪᠣᠯᠤᠨ᠎ᠠ᠃ ᠡᠨᠡ ᠬᠦ᠌ ᠠᠷᠭ᠎ᠠ ᠬᠡᠮᠵᠢᠶ᠎ᠡ ᠨᠢ ᠠᠵᠤ ᠠᠬᠤᠢᠯᠠᠯ ᠪᠠ ᠣᠯᠠᠨ ᠲᠦᠮᠡᠨ ᠤ᠋ ᠠᠵᠢᠯ ᠶᠠᠪᠤᠳᠠᠯ ᠭᠦᠶ᠋ᠴᠡᠳᠭᠡᠬᠦ᠌ ᠳ᠋ᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠳ᠋ᠤ ᠠᠩᠬᠠᠷᠤᠯ ᠵᠢᠡᠨ ᠲᠥᠪᠯᠡᠷᠡᠭᠦᠯᠵᠦ᠍᠂ ᠲᠣᠭᠠᠴᠢᠯᠠᠭ᠍ᠰᠠᠨ ᠠᠷᠭ᠎ᠠ ᠪᠠᠷᠢᠯ ᠳ᠋ᠤ ᠲᠦᠱᠢᠭ᠌ᠯᠡᠨ᠂ ᠴᠠᠭᠠᠰᠤᠨ ᠮᠠᠲ᠋ᠧᠷᠢᠶᠠᠯᠳᠤ ᠬᠦᠯᠢᠶᠡᠰᠦᠯᠡᠭᠳᠡᠬᠦ ᠦᠭᠡᠢ᠂ 《ᠴᠠᠭᠠᠰᠤᠨ ᠮᠠᠲ᠋ᠧᠷᠢᠶᠠᠯ ᠢ᠋ ᠳᠠᠬᠢᠨ ᠳᠠᠪᠲᠠᠨ ᠲᠤᠱᠢᠶᠠᠬᠤ᠂ ᠠᠵᠢᠯ ᠶᠠᠪᠤᠳᠠᠯ ᠭᠦᠶ᠋ᠴᠡᠳᠭᠡᠬᠦ᠌ᠳᠡᠭᠡᠨ ᠨᠠᠭᠠᠰᠢ ᠴᠠᠭᠠᠰᠢ ᠭᠦᠶᠦᠬᠦ᠌》 ᠶᠠᠷᠱᠢᠭ ᠲᠦᠪᠡᠭ ᠡᠴᠡ ᠲᠤᠢᠯᠪᠤᠷᠢᠲᠠᠶ ᠠᠩᠭᠢᠵᠢᠷᠠᠵᠤ᠂ 《ᠲᠣᠭ᠎ᠠ ᠪᠠᠷᠢᠮᠲᠠ ᠶ᠋ᠢ ᠢᠯᠡᠭᠦᠬᠡᠨ ᠠᠱᠢᠭ᠍ᠯᠠᠵᠤ ᠂ ᠣᠯᠠᠨ ᠲᠦᠮᠡᠨ ᠢ᠋ ᠳᠤᠲᠠᠭᠤ ᠭᠦᠶᠦᠯᠭᠡᠬᠦ᠌》 ᠶ᠋ᠢ ᠦᠨᠡᠨ ᠬᠦ᠌ ᠪᠡᠶᠡᠯᠡᠭᠦᠯᠪᠡ᠃ ᠣᠳᠣᠬᠠᠨ ᠳ᠋ᠤ᠂ 《ᠦᠨᠡᠮᠯᠡᠯ ᠥᠬᠡᠶ ᠪᠡᠷ ᠭᠦᠶ᠋ᠴᠡᠳᠭᠡᠬᠦ᠌》 ᠦᠶ᠋ᠯᠡᠴᠢᠯᠡᠭᠡ ᠵᠢᠨ ᠦᠷᠭᠦᠯᠵᠢᠯᠡᠨ ᠠᠭᠢᠬᠤ ᠶ᠋ᠢ ᠳᠠᠭᠠᠯᠳᠤᠨ᠂ ᠨᠡᠩ ᠣᠯᠠᠨ ᠠᠵᠤ ᠠᠬᠤᠢᠯᠠᠯ ᠪᠠ ᠣᠯᠠᠨ ᠲᠦᠮᠡᠨ ᠵᠠᠰᠠᠭ ᠤ᠋ᠨ ᠶᠠᠪᠤᠳᠠᠯ ᠤ᠋ᠨ ᠬᠤᠪᠢᠰᠤᠯᠲᠠ ᠡᠴᠡ ᠪᠣᠯᠤᠭ᠍ᠰᠠᠨ ᠠᠱᠢᠭ ᠲᠤᠰᠠ ᠶ᠋ᠢ ᠭᠥᠷᠳᠡᠵᠦ᠍ ᠪᠠᠢᠨ᠎ᠠ᠃ ᠲᠠᠷᠠᠭᠠᠴᠢ ᠵᠢᠨ ᠠᠯᠬᠤᠮ ᠳ᠋ᠤ᠂ ᠠᠯᠠᠱᠠ ᠵᠢᠨ ᠳᠡᠭᠡᠳᠦ ᠱᠢᠨ᠎ᠡ ᠮᠡᠷᠭᠡᠵᠢᠯ ᠤ᠋ᠨ ᠲᠣᠭᠣᠷᠢᠭ ᠡᠯᠧᠺᠲ᠋ᠷᠣᠨ ᠦᠨᠡᠮᠯᠡᠯ ᠤ᠋ᠨ ᠬᠡᠷᠡᠭ᠌ᠯᠡᠭᠡᠨ ᠤ᠋ ᠬᠡᠪᠴᠢᠶ᠎ᠡ ᠶ᠋ᠢ ᠦᠷᠭᠦᠯᠵᠢᠯᠡᠨ ᠥᠷᠭᠡᠳᠭᠡᠵᠦ᠍᠂ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡᠨ ᠤ᠋ ᠤᠶᠤᠨᠴᠢᠯᠠᠯᠲᠠ᠂ ᠳᠥᠭᠥᠮᠴᠢᠯᠡᠯᠲᠡ ᠵᠢᠨ ᠲᠦᠪᠱᠢᠨ ᠢ᠋ ᠲᠠᠰᠤᠷᠠᠯᠲᠠ ᠥᠬᠡᠶ ᠳᠡᠭᠡᠭ᠌ᠰᠢᠯᠡᠭᠦᠯᠤᠨ᠂ ᠨᠠᠩ ᠴᠢᠨᠠᠷ ᠰᠠᠢᠲᠠᠶ ᠦᠶ᠋ᠯᠡᠴᠢᠯᠡᠭᠡ ᠪᠡᠷ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠵᠤ᠂ ᠠᠵᠤ ᠠᠬᠤᠢᠯᠠᠯ᠂ ᠣᠯᠠᠨ ᠲᠦᠮᠡᠨ ᠤ᠋ ᠬᠦᠷᠲᠡᠮᠵᠢ ᠵᠢᠨ ᠲᠥᠷᠥᠭ᠌ᠳᠡᠯ ᠪᠠ ᠬᠠᠨᠤᠮᠵᠢ ᠵᠢᠨ ᠬᠡᠮᠵᠢᠶ᠎ᠡ ᠶ᠋ᠢ ᠦᠨᠡᠨ ᠬᠦ᠌ ᠨᠡᠮᠡᠭ᠌ᠳᠡᠭᠦᠯᠬᠦ ᠪᠤᠯᠤᠨ᠎ᠠ᠃
《ᠪᠢᠳᠡ 〈ᠦᠨᠡᠮᠯᠡᠯ ᠥᠬᠡᠶ ᠪᠡᠷ ᠭᠦᠶ᠋ᠴᠡᠳᠭᠡᠬᠦ᠌〉 ᠵᠦᠶ᠋ᠯᠡᠰ ᠤ᠋ᠨ ᠬᠡᠪᠴᠢᠶ᠎ᠡ ᠪᠠ ᠬᠡᠷᠡᠭ᠌ᠯᠡᠭᠡᠨ ᠤ᠋ ᠪᠠᠢᠳᠠᠯ ᠢ᠋ ᠲᠠᠰᠤᠷᠠᠯᠲᠠ ᠥᠬᠡᠶ ᠥᠷᠭᠡᠳᠭᠡᠵᠦ᠍᠂ ᠡᠯᠧᠺᠲ᠋ᠷᠣᠨ ᠦᠨᠡᠮᠯᠡᠯ ᠤ᠋ᠨ ᠬᠥᠮᠥᠷᠭᠡ ᠵᠢᠨ ᠪᠠᠢᠭᠤᠯᠤᠯᠲᠠ ᠶ᠋ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠲᠣᠭ᠎ᠠ ᠪᠠᠷᠢᠮᠲᠠ ᠵᠢᠨ ᠠᠮᠤᠷ ᠲᠦᠪᠱᠢᠨ ᠤ᠋ ᠬᠠᠮᠢᠶᠠᠷᠤᠯᠲᠠ ᠶ᠋ᠢ ᠴᠢᠩᠭᠠᠳᠭᠠᠵᠤ᠂ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡ ᠵᠢᠨ ᠲᠣᠭᠠᠴᠢᠯᠠᠯᠲᠠ᠂ ᠤᠶᠤᠨᠴᠢᠯᠠᠯᠲᠠ᠂ ᠳᠥᠭᠥᠮᠴᠢᠯᠡᠯᠲᠡ ᠵᠢᠨ ᠴᠢᠭ᠌ᠯᠡᠯ ᠵᠢᠡᠷ ᠤᠷᠤᠭ᠍ᠰᠢᠯᠠᠬᠤ ᠶ᠋ᠢ ᠠᠬᠢᠭᠤᠯᠤᠨ᠂ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠢ᠋ ᠱᠢᠯᠢᠳᠡᠭ᠌ᠵᠢᠭᠦᠯᠬᠦ᠌᠂ ᠳᠡᠭᠡᠳᠦ ᠱᠢᠨ᠎ᠡ ᠮᠡᠷᠭᠡᠵᠢᠯᠤᠨ ᠲᠣᠭᠣᠷᠢᠭ ᠤ᠋ᠨ ᠠᠵᠤ ᠠᠬᠤᠶ ᠨᠡᠢᠭᠡᠮ ᠤ᠋ᠨ ᠴᠢᠨᠠᠷ ᠰᠠᠢᠲᠠᠶ ᠬᠥᠭ᠌ᠵᠢᠯᠲᠡ ᠶ᠋ᠢ ᠠᠬᠢᠭᠤᠯᠬᠤ ᠳ᠋ᠤ ᠬᠦᠴᠦᠲᠡᠶ ᠲᠤᠯᠭᠠᠭᠤᠷᠢᠯᠠᠯ ᠬᠠᠩᠭᠠᠪᠠ》 ᠭᠡᠵᠦ᠍ ᠠᠯᠠᠱᠠ ᠵᠢᠨ ᠳᠡᠭᠡᠳᠦ ᠱᠢᠨ᠎ᠡ ᠮᠡᠷᠭᠡᠵᠢᠯ ᠤ᠋ᠨ ᠲᠣᠭᠣᠷᠢᠭ ᠤ᠋ᠨ ᠵᠠᠰᠠᠭ ᠵᠠᠬᠢᠷᠭᠠᠨ ᠤ᠋ ᠬᠢᠨᠠᠨ ᠵᠥᠪᠱᠢᠶᠡᠷᠡᠬᠦ᠌ ᠵᠠᠰᠠᠭ ᠤ᠋ᠨ ᠶᠠᠪᠤᠳᠠᠯ ᠤ᠋ᠨ ᠦᠶ᠋ᠯᠡᠴᠢᠯᠡᠭᠡ ᠬᠢᠭᠡᠳ ᠲᠣᠭ᠎ᠠ ᠪᠠᠷᠢᠮᠲᠠ ᠵᠢᠨ ᠬᠠᠮᠢᠶᠠᠷᠤᠯᠲᠠ ᠵᠢᠨ ᠲᠣᠪᠴᠢᠶ᠎ᠠ ᠵᠢᠨ ᠨᠢᠭᠡᠳᠦᠭᠡᠷ ᠳᠡᠰ ᠤ᠋ᠨ ᠭᠤᠤᠯᠯᠠᠨ ᠡᠷᠬᠢᠯᠡᠭ᠌ᠴᠢ ᠯᠢ ᠵᠦ᠍ ᠵᠢᠶᠦ᠋ᠨ ᠬᠡᠯᠡᠪᠡ᠃