— ᠦᠪᠦᠷ ᠮᠤᠡᠭᠭᠤᠯ ᠤ᠋ᠨ ᠤᠰᠤᠨ ᠠᠰᠢᠭᠯᠠᠯᠲᠠ ᠢ᠋ᠢᠨ ᠴᠢᠨᠠᠷ ᠰᠠᠢᠳᠠᠢ ᠬᠦᠭᠵᠢᠯᠲᠡ ᠵᠢ ᠠᠬᠢᠭᠤᠯᠤᠭᠰᠠᠨ ᠦᠷ᠎ᠡ ᠪᠦᠲᠦᠬᠡᠯ ①
ᠥᠪᠥᠷ ᠮᠣᠩᠭᠣᠯ ᠤ᠋ᠨ ᠥᠪᠡᠷᠲᠡᠭᠡᠨ ᠵᠠᠰᠠᠬᠤ ᠣᠷᠣᠨ ᠤ᠋ ᠭᠠᠵᠠᠷ ᠳᠤᠤᠷᠠᠬᠢ ᠤᠰᠤ ᠢ᠋ᠢ ᠬᠠᠮᠠᠭᠠᠯᠠᠬᠤ ᠪᠠ ᠬᠠᠮᠢᠶᠠᠷᠬᠤ ᠲᠦᠷᠢᠮ᠂ ᠤᠰᠤ ᠢ᠋ᠢ ᠠᠷᠪᠢᠯᠠᠨ ᠬᠡᠷᠡᠭ᠌ᠯᠡᠬᠦ᠌ ᠲᠦᠷᠢᠮ᠂ ᠳᠠᠬᠢᠯᠲᠠ ᠤᠰᠤ ᠢ᠋ᠢ ᠶᠡᠷᠦᠩᠬᠡᠢᠯᠡᠨ ᠠᠱᠢᠭ᠍ᠯᠠᠬᠤ ᠢ᠋ᠢ ᠴᠢᠩᠭᠠᠳᠭᠠᠬᠤ ᠲᠤᠬᠠᠶ ᠠᠷᠭ᠎ᠠ ᠬᠡᠮᠵᠢᠶ᠎ᠡ ᠨᠤᠭᠦᠳ᠂ ᠬᠠᠲᠤᠨ ᠭᠤᠤᠯ ᠤ᠋ᠨ ᠰᠠᠪᠠ ᠭᠠᠵᠠᠷᠤ᠋ᠨ ᠠᠯᠪᠠᠳᠠᠯᠭ᠎ᠠ ᠢ᠋ᠢᠨ ᠴᠢᠨᠠᠷᠲᠠᠶ ᠤᠰᠤ ᠬᠡᠷᠡᠭ᠌ᠯᠡᠬᠦ᠌ ᠲᠣᠭ᠍ᠲᠠᠭ᠍ᠰᠠᠨ ᠨᠣᠷᠮ᠎ᠠ ᠢ᠋ᠢᠨ ᠬᠠᠮᠢᠶᠠᠷᠤᠯᠲᠠ ᠢ᠋ᠢᠨ ᠠᠷᠭ᠎ᠠ᠂ ᠤᠰᠤ ᠠᠷᠪᠢᠯᠠᠬᠤ ᠠᠵᠤ ᠦᠶ᠋ᠯᠡᠰ ᠢ᠋ ᠲᠦᠷᠭᠡᠳᠭᠡᠨ ᠬᠥᠭ᠌ᠵᠢᠭᠦᠯᠬᠦ᠌ ᠪᠣᠳᠠᠲᠠᠶ ᠠᠷᠭ᠎ᠠ ᠬᠡᠮᠵᠢᠶ᠎ᠡ ᠁ ᠤᠢᠷ᠎ᠠ ᠵᠢᠨ ᠵᠢᠯ ᠳ᠋ᠤ ᠮᠠᠨ ᠤ᠋ ᠤᠷᠤᠨ 《ᠤᠰᠤᠨ ᠤ᠋ ᠬᠡᠮᠵᠢᠶ᠎ᠠ ᠪᠡᠷ ᠳᠦᠷᠪᠡ ᠢ᠋ᠢ ᠲᠣᠭ᠍ᠲᠠᠭᠠᠬᠤ》ᠵᠠᠷᠴᠢᠮ ᠢ᠋ ᠨᠠᠢᠳᠠᠪᠤᠷᠢᠵᠢᠭᠤᠯᠬᠤ ᠠᠯᠢ ᠤᠯᠠᠨ ᠲᠦᠷᠢᠮ ᠪᠠ ᠲᠥᠷᠥ ᠢ᠋ᠢᠨ ᠪᠣᠳᠣᠯᠭ᠎ᠠ ᠠᠷᠭ᠎ᠠ ᠬᠡᠮᠵᠢᠶ᠎ᠡ ᠢ᠋ᠢ ᠲᠣᠭ᠍ᠲᠠᠭᠠᠨ ᠬᠡᠷᠡᠭᠵᠢᠬᠦᠯᠵᠤ᠂ ᠮᠠᠯ ᠠᠵᠤ ᠠᠬᠤᠢ ᠲᠠᠷᠢᠶᠠᠯᠠᠩ᠂ ᠠᠵᠤ ᠦᠶ᠋ᠯᠡᠳᠪᠦᠷᠢ᠂ ᠬᠣᠲᠠ ᠪᠠᠯᠭᠠᠰᠤ ᠢ᠋ᠢ ᠬᠠᠮᠤᠷᠤᠭ᠍ᠰᠠᠨ ᠪᠥᠬᠥ᠌ ᠬᠡᠯᠬᠢᠶ᠎ᠠ ᠢ᠋ᠢᠨ ᠤᠰᠤ ᠠᠷᠪᠢᠯᠠᠬᠤ ᠲᠦᠷᠢᠮ ᠬᠢᠬᠡᠳ ᠲᠦᠷᠦ ᠵᠢᠨ ᠪᠤᠳᠤᠯᠭ᠎ᠠ ᠵᠢᠨ ᠱᠢᠰᠲ᠋ᠧᠮ ᠢ᠋ ᠪᠠᠢᠭᠤᠯᠵᠤ᠂ ᠤᠰᠤᠨ ᠤ᠋ ᠡᠬᠢ ᠪᠠᠶᠠᠯᠢᠭ ᠢ᠋ ᠠᠷᠪᠢᠯᠠᠨ ᠭᠠᠮᠨᠠᠵᠤ ᠡᠷᠴᠢᠮᠵᠢᠭᠦᠯᠦᠨ ᠠᠱᠢᠭ᠍ᠯᠠᠬᠤ ᠱᠢᠨ᠎ᠡ ᠵᠠᠮ ᠢ᠋ ᠨᠡᠬᠡᠬᠡᠵᠠᠢ᠃
《ᠮᠢᠨᠤ 200 ᠮᠦ᠍ ᠲᠠᠷᠢᠶᠠᠨ ᠭᠠᠵᠠᠷ ᠤ᠋ᠨ ᠨᠠᠮᠤᠷ ᠤ᠋ᠨ ᠤᠰᠤᠯᠠᠯᠲᠠ ᠢ᠋ᠢᠨ ᠤᠰᠤᠨ ᠤ᠋ ᠬᠡᠮᠵᠢᠶ᠎ᠡ ᠮᠦ᠍ ᠪᠦᠷᠢ ᠳ᠋ᠤ 400 ᠪᠣᠰᠣᠭ᠎ᠠ ᠳᠥᠷᠪᠡᠯᠵᠢᠨ ᠮᠸᠲᠷ ᠲᠦ᠍ ᠬᠦᠷᠴᠤ ᠪᠠᠢᠭᠰᠠᠨ ᠡᠴᠡ ᠪᠠᠨ ᠤᠳᠤ 180 ᠪᠣᠰᠣᠭ᠎ᠠ ᠳᠥᠷᠪᠡᠯᠵᠢᠨ ᠮᠸᠲᠷ ᠪᠤᠯᠤᠨ ᠪᠠᠭᠤᠷᠠᠵᠤ᠂ ᠤᠰᠤᠨ ᠤ᠋ ᠰᠦᠢᠳᠭᠡᠯ ᠢ᠋ ᠶᠡᠬᠡ ᠪᠡᠷ ᠠᠷᠪᠢᠯᠠᠭ᠍ᠰᠠᠨ ᠢ᠋ᠢᠡᠷ ᠪᠠᠷᠠᠬᠤ ᠦᠭᠡᠢ ᠬᠥᠷᠥᠰᠥ᠍ ᠱᠢᠷᠣᠢ ᠢ᠋ᠢᠨ ᠬᠤᠵᠢᠷᠱᠢᠬᠤ ᠲᠦᠭ᠌ᠰᠢᠭᠦᠷᠢ ᠵᠢ ᠴᠤ᠌ ᠪᠠᠭᠠᠰᠬᠠᠪᠠ》 ᠭᠡᠵᠤ ᠱᠢᠨ ᠠᠨ ᠪᠠᠯᠭᠠᠰᠤ ᠵᠢᠨ ᠲᠠᠷᠢᠶᠠᠴᠢᠨ ᠵᠠᠩ ᠵᠢᠶᠠᠨ ᠭᠦᠸᠧ ᠤᠷᠮᠠᠲᠠᠢ ᠬᠡᠯᠡᠨ᠎ᠠ᠃ ᠪᠠᠶᠠᠨᠨᠠᠭᠤᠷ ᠬᠤᠲᠠ ᠢ᠋ᠢᠨ ᠤᠷᠠᠳ ᠤ᠋ᠨ ᠡᠮᠦᠨᠡᠲᠦ ᠬᠣᠱᠢᠭᠤᠨ ᠤ᠋ ᠱᠢᠨ ᠠᠨ ᠪᠠᠯᠭᠠᠰᠤ ᠲᠤᠰᠤᠯᠠᠭᠠᠨ ᠤᠰᠤᠯᠠᠬᠤ ᠮᠡᠷᠭᠡᠵᠢᠯ ᠢ᠋ ᠳᠡᠯᠭᠡᠷᠡᠭᠦᠯᠵᠦ᠍᠂ ᠲᠠᠷᠢᠶᠠᠨ ᠭᠠᠵᠠᠷ ᠤ᠋ᠨ ᠤᠰᠤᠯᠠᠯᠳᠠ ᠵᠢᠨ ᠤᠰᠤᠨ ᠤ᠋ ᠠᠱᠢᠭ᠍ᠯᠠᠯᠲᠠ ᠢ᠋ᠢᠨ ᠢᠯᠡᠳᠭᠡᠮᠵᠢ 0.55 ᠪᠠᠢᠭᠰᠠᠨᠢ 0.9 ᠪᠣᠯᠭᠠᠨ ᠳᠡᠭᠡᠭ᠌ᠰᠢᠯᠡᠭᠦᠯᠪᠠ᠃
ᠪᠣᠷᠣᠲᠣᠬᠣᠶ ᠢ᠋ᠢᠨ ᠤᠰᠤᠯᠠᠯᠲᠠ ᠢ᠋ᠢᠨ ᠣᠷᠣᠨ ᠪᠤᠯ ᠮᠠᠨ ᠤ᠋ ᠤᠯᠤᠰ ᠤ᠋ᠨ 3 ᠤᠨᠴᠠ ᠶᠡᠬᠡ ᠬᠡᠯᠪᠡᠷᠢ ᠢ᠋ᠢᠨ ᠤᠰᠤᠯᠠᠯᠲᠠ ᠢ᠋ᠢᠨ ᠤᠷᠤᠨ ᠤ᠋ ᠨᠢᠭᠡ ᠪᠠᠢᠵᠤ᠂ ᠨᠠᠮᠤᠷ ᠤ᠋ᠨ ᠤᠰᠤᠯᠠᠯᠲᠠ ᠪᠣᠯ ᠲᠤᠬᠠᠶ ᠢ᠋ᠢᠨ ᠭᠠᠵᠠᠷ ᠤ᠋ᠨ ᠢᠷᠡᠬᠦ᠌ ᠵᠢᠯ ᠤ᠋ᠨ ᠬᠠᠪᠤᠷ ᠤ᠋ᠨ ᠲᠠᠷᠢᠶᠠᠯᠠᠭ᠎ᠠ ᠢ᠋ᠢ ᠪᠠᠲᠤᠯᠠᠬᠤ ᠴᠢᠬᠤᠯᠠ ᠭᠣᠭ᠍ᠴᠣᠭᠠ ᠪᠣᠯᠤᠨ᠎ᠠ᠃ ᠬᠡᠪᠡᠴᠦ ᠨᠠᠮᠤᠷ ᠤ᠋ᠨ ᠤᠰᠤᠯᠠᠯᠲᠠ ᠢ᠋ᠢᠨ ᠤᠯᠠᠮᠵᠢᠯᠠᠯᠲᠤ ᠠᠷᠭ᠎ᠠ ᠬᠡᠯᠪᠡᠷᠢ ᠢ᠋ᠢᠨ ᠤᠰᠤ ᠵᠠᠷᠤᠴᠠᠭᠤᠯᠬᠤ ᠬᠡᠮᠵᠢᠶ᠎ᠡ ᠨᠢ ᠶᠡᠬᠡ᠂ ᠤᠰᠤᠨ ᠤ᠋ ᠡᠬᠢ ᠪᠠᠶᠠᠯᠢᠭ ᠤ᠋ᠨ ᠠᠱᠢᠭ᠍ᠯᠠᠮᠵᠢ ᠪᠡᠷ ᠳᠤᠤᠷ᠎ᠠ ᠪᠠᠢᠵᠤ᠂ ᠤᠰᠤᠯᠠᠯᠲᠠ ᠢ᠋ᠢᠨ ᠣᠷᠣᠨ ᠤ᠋ ᠬᠥᠭ᠌ᠵᠢᠯᠲᠡ ᠢ᠋ᠢ ᠬᠢᠵᠠᠭᠠᠷᠯᠠᠬᠤ ᠪᠣᠭᠣᠮᠢ ᠪᠤᠯᠵᠤ ᠪᠠᠢᠪᠠ᠃ ᠡᠬᠦᠨ ᠳ᠋ᠤ ᠦᠪᠡᠷᠳᠡᠬᠡᠨ ᠵᠠᠰᠠᠬᠤ ᠤᠷᠤᠨ ᠤ᠋ ᠤᠰᠤᠨ ᠠᠱᠢᠭ᠍ᠯᠠᠯᠲᠠ ᠢ᠋ᠢᠨ ᠲᠢᠩᠬᠢᠮ ᠪᠠᠶᠠᠨᠨᠠᠭᠤᠷ ᠬᠣᠲᠠ ᠲᠠᠶ ᠬᠠᠮᠲᠤᠷᠠᠨ 《ᠪᠣᠷᠣᠲᠣᠬᠣᠶ ᠢ᠋ᠢᠨ ᠤᠰᠤᠯᠠᠯᠲᠠ ᠢ᠋ᠢᠨ ᠣᠷᠣᠨ ᠤ᠋ ᠨᠠᠮᠤᠷ ᠤ᠋ᠨ ᠤᠰᠤᠯᠠᠯᠲᠠ᠂ ᠬᠠᠪᠤᠷ ᠤ᠋ᠨ ᠲᠠᠷᠢᠶᠠᠯᠠᠭ᠎ᠠ ᠢ᠋ᠢᠨ ᠪᠤᠰᠤ ᠬᠤᠭᠤᠴᠠᠭᠠᠨ ᠤ᠋ ᠤᠰᠤᠯᠠᠯᠲᠠ ᠢ᠋ᠢᠨ ᠤᠰᠤ ᠬᠡᠷᠡᠭ᠌ᠯᠡᠬᠦ᠌ ᠲᠥᠰᠦᠯ》 ᠢ᠋ ᠲᠣᠭ᠍ᠲᠠᠭᠠᠨ᠂ ᠨᠠᠮᠤᠷ ᠤ᠋ᠨ ᠤᠰᠤᠯᠠᠯᠲᠠ ᠳ᠋ᠤ ᠱᠢᠰᠲ᠋ᠧᠮᠲᠦ ᠴᠢᠨᠠᠷᠲᠠᠶ ᠥᠭᠡᠷᠡᠴᠢᠯᠡᠯᠲᠡ ᠬᠢᠵᠤ᠂ ᠲᠠᠷᠢᠶᠠᠯᠠᠡᠭ ᠤ᠋ᠨ ᠦᠢᠯᠡᠳᠪᠦᠷᠢᠯᠡᠯ ᠵᠢᠴᠢ ᠠᠮᠤ ᠪᠤᠳᠠᠭᠠᠨ ᠤ᠋ ᠠᠮᠤᠷ ᠲᠦᠪᠰᠢᠨ ᠢ᠋ ᠪᠠᠲᠤᠯᠠᠨ᠂ ᠤᠰᠤ ᠠᠷᠪᠢᠯᠠᠵᠤ ᠦᠷ᠎ᠡ ᠠᠱᠢᠭ ᠢ᠋ ᠨᠡᠮᠡᠭ᠌ᠳᠡᠭᠦᠯᠬᠦ᠌ ᠢ᠋ᠢ ᠶᠡᠬᠡ ᠪᠡᠷ ᠠᠬᠢᠭᠤᠯᠵᠠᠢ᠃
ᠮᠠᠨ ᠤ᠋ ᠤᠷᠤᠨ ᠤᠳᠤ ᠪᠣᠷᠣᠲᠣᠬᠣᠶ ᠢ᠋ᠢᠨ ᠤᠰᠤᠯᠠᠯᠲᠠ ᠢ᠋ᠢᠨ ᠣᠷᠣᠨ ᠤ᠋ ᠨᠠᠮᠤᠷ ᠤ᠋ᠨ ᠤᠰᠤᠯᠠᠯᠲᠠ ᠢ᠋ᠢᠨ ᠤᠰᠤ ᠬᠡᠷᠡᠭᠯᠡᠬᠦ ᠬᠡᠮᠵᠢᠶ᠎ᠡ ᠵᠢ 10 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠤ᠋ᠨ ᠳᠣᠲᠣᠷ᠎ᠠ ᠴᠢᠩᠭ᠎ᠠ ᠬᠢᠵᠠᠭᠠᠷᠯᠠᠨ᠂ 《ᠠᠷᠪᠠᠨ ᠭᠤᠷᠪᠠᠳᠤᠭᠠᠷ ᠲᠠᠪᠤᠨ ᠵᠢᠯ》 ᠤ᠋ᠨ ᠬᠤᠭᠤᠴᠠᠭᠠᠨ ᠤ᠋ ᠬᠢ ᠡᠴᠡ 30% ᠪᠡᠷ ᠪᠠᠭᠠᠰᠬᠠᠵᠤ᠂ ᠬᠠᠲᠤᠨ ᠭᠤᠤᠯ ᠤ᠋ᠨ ᠤᠰᠤ ᠢ᠋ᠢ ᠲᠠᠲᠠᠬᠤ ᠪᠤᠰᠤᠳ ᠤᠰᠤᠯᠠᠯᠲᠠ ᠢ᠋ᠢᠨ ᠣᠷᠣᠨ ᠤ᠋ ᠤᠷᠭᠤᠯᠲᠠ ᠢ᠋ᠢᠨ ᠪᠤᠰᠤ ᠬᠤᠭᠤᠴᠠᠭᠠᠨ ᠤ᠋ ᠤᠰᠤ ᠬᠡᠷᠡᠭ᠌ᠯᠡᠬᠦ᠌ ᠬᠡᠮᠵᠢᠶ᠎ᠡ ᠵᠢ ᠴᠦ᠍ 52% ᠢ᠋ᠢᠡᠷ ᠪᠠᠭᠠᠰᠬᠠᠪᠠ᠃
ᠦᠬᠠᠢ ᠬᠤᠲᠠ ᠢ᠋ᠢᠨ ᠬᠠᠢᠨᠠᠨ ᠲᠣᠭᠣᠷᠢᠭ ᠲᠦ᠍ ᠪᠠᠢᠭ᠎ᠠ ᠥᠪᠥᠷ ᠮᠣᠩᠭᠣᠯ ᠤ᠋ᠨ ᠢ ᠬᠤᠸᠠ ᠬᠢᠮᠢ ᠢ᠋ᠢᠨ ᠠᠵᠤ ᠦᠢᠯᠡᠳᠪᠦᠷᠢ ᠢ᠋ᠢᠨ ᠬᠢᠵᠠᠭᠠᠷᠲᠤ ᠺᠣᠮᠫᠠᠨᠢ ᠡᠷᠭᠢᠯᠲᠡᠲᠤ ᠤᠰᠤᠨ ᠱᠢᠰᠲ᠋ᠧᠮ ᠵᠢᠡᠷ ᠲᠠᠮᠵᠢᠨ ᠡᠳᠦᠷ ᠪᠦᠷᠢ 2 ᠲᠦᠮᠡᠨ ᠪᠣᠰᠣᠭ᠎ᠠ ᠳᠥᠷᠪᠡᠯᠵᠢᠨ ᠮᠸᠲᠷ ᠪᠤᠬᠢᠷ ᠤᠰᠤ ᠢ᠋ᠢ ᠠᠷᠢᠭᠤᠳᠬᠠᠨ ᠦᠢᠯᠡᠳᠪᠦᠷᠢᠯᠡᠯ ᠤ᠋ᠨ ᠭᠣᠭ᠍ᠴᠣᠭᠠ ᠳ᠋ᠤ ᠣᠷᠣᠭᠤᠯᠵᠤ᠂ ᠱᠢᠨ᠎ᠡ ᠰᠣᠷᠭᠣᠭ ᠤᠰᠤᠨ ᠰᠤᠷᠪᠤᠯᠵᠢ ᠢ᠋ᠢ ᠣᠷᠣᠯᠠᠭᠤᠯᠵᠤ ᠪᠠᠢᠨ᠎ᠠ᠃ ᠦᠬᠠᠶ ᠬᠣᠲᠠ ᠤᠰᠤᠨ ᠤ᠋ ᠡᠬᠢ ᠪᠠᠶᠠᠯᠢᠭ ᠳᠤᠲᠠᠭ᠍ᠳᠠᠬᠤ ᠪᠠ ᠠᠵᠤ ᠦᠶ᠋ᠯᠡᠳᠪᠦᠷᠢ ᠢ᠋ᠢᠨ ᠤᠰᠤ ᠬᠡᠷᠡᠭ᠌ᠯᠡᠬᠦ᠌ ᠬᠡᠷᠡᠭ᠌ᠴᠡᠭᠡ ᠲᠦᠷᠭᠡᠨ ᠨᠡᠮᠡᠭ᠌ᠳᠡᠬᠦ᠌ ᠳᠠᠪᠬᠤᠷ ᠳᠠᠷᠤᠯᠲᠠ ᠵᠢᠨ ᠲᠤᠤᠷ᠎ᠠ 《ᠭᠤᠷᠪᠠᠨ ᠤᠷᠤᠨ ᠨᠢᠭᠡ ᠬᠦᠷᠢᠶᠡᠯᠡᠡᠭ ᠤᠯᠠᠨ ᠴᠡᠭ》 ᠢ᠋ᠢᠡᠷ ᠪᠦᠬᠦ ᠬᠤᠲᠠ ᠢ᠋ᠢ ᠬᠠᠮᠤᠷᠤᠬᠰᠠᠨ ᠳᠠᠬᠢᠯᠲᠠ ᠤᠰᠤᠨ ᠤ᠋ ᠠᠰᠢᠭᠯᠠᠯᠲᠠ ᠢ᠋ᠢᠨ ᠪᠠᠢᠷᠢᠰᠢᠯ ᠢ᠋ ᠪᠠᠢᠭᠤᠯᠵᠤ᠂ ᠠᠵᠤ ᠠᠬᠤᠢᠯᠠᠯ ᠤ᠋ᠨ ᠮᠡᠷᠭᠡᠵᠢᠯ ᠤ᠋ᠨ ᠦᠭᠡᠷᠡᠴᠢᠯᠡᠯᠲᠡ ᠢ᠋ᠢ ᠲᠦᠷᠭᠡᠳᠬᠡᠨ᠂ ᠠᠵᠤ ᠦᠢᠯᠡᠳᠪᠦᠷᠢ ᠢ᠋ᠢᠨ ᠪᠤᠬᠢᠷ ᠤᠰᠤ ᠢ᠋ᠢ ᠡᠬᠢ ᠪᠠᠶᠠᠯᠢᠭᠵᠢᠭᠤᠯᠤᠨ ᠠᠰᠢᠭᠯᠠᠵᠤ᠂ ᠤᠰᠤ ᠠᠷᠪᠢᠯᠠᠬᠤ ᠬᠡᠯᠪᠡᠷᠢ ᠢ᠋ᠢᠨ ᠠᠵᠤ ᠠᠬᠤᠢᠯᠠᠯ ᠪᠠ ᠬᠦᠷᠢᠶᠡᠯᠡᠡᠭ ᠲᠤᠭᠤᠷᠢᠭ ᠤ᠋ᠨ ᠪᠦᠲᠦᠭᠡᠨ ᠪᠠᠢᠭᠤᠯᠤᠯᠲᠠ ᠢ᠋ᠢ ᠡᠷᠴᠢᠮᠲᠠᠢ ᠠᠬᠢᠭᠤᠯᠤᠭᠰᠠᠨ ᠪᠠᠢᠨ᠎ᠠ᠃
ᠤᠳᠤ ᠦᠬᠠᠶ ᠬᠣᠲᠠ ᠢ᠋ᠢᠨ ᠬᠡᠪ ᠤ᠋ᠨ ᠪᠤᠰᠤ ᠤᠰᠤᠨ ᠤ᠋ ᠵᠢᠯ ᠤ᠋ᠨ ᠠᠱᠢᠭ᠍ᠯᠠᠯᠲᠠ ᠢ᠋ᠢᠨ ᠬᠡᠮᠵᠢᠶ᠎ᠡ 1.2 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠲᠤ᠌ ᠬᠦᠷᠴᠦ᠍᠂ 2020 ᠣᠨ ᠤ᠋ ᠬᠢ ᠡᠴᠡ 45% ᠪᠡᠷ ᠨᠡᠮᠡᠭ᠌ᠳᠡᠨ᠂ ᠠᠵᠤ ᠦᠶ᠋ᠯᠡᠳᠪᠦᠷᠢ ᠢ᠋ᠢᠨ ᠪᠤᠬᠢᠷ ᠤᠰᠤ ᠢ᠋ᠢ ᠰᠢᠢᠳᠪᠦᠷᠢᠯᠡᠨ ᠠᠱᠢᠭ᠍ᠯᠠᠬᠤ ᠨᠣᠷᠮ᠎ᠠ 2020 ᠣᠨ ᠤ᠋ 82% ᠪᠠᠢᠭᠰᠠᠨ ᠡᠴᠡ 91% ᠪᠤᠯᠤᠨ ᠳᠡᠭᠡᠭ᠌ᠰᠢᠯᠡᠵᠤ᠂ ᠪᠥᠬᠥ᠌ ᠤᠯᠤᠰ ᠤ᠋ᠨ ᠨᠡᠢᠲᠡᠯᠢᠭ ᠭᠠᠵᠠᠷ ᠣᠷᠣᠨ ᠤ᠋ ᠳᠠᠬᠢᠯᠲᠠ ᠤᠰᠤ ᠢ᠋ᠢ ᠲᠤᠬᠢᠷᠠᠭᠤᠯᠤᠨ ᠠᠱᠢᠭ᠍ᠯᠠᠬᠤ ᠲᠤᠷᠱᠢᠯᠲᠠ ᠢ᠋ᠢᠨ ᠴᠡᠭ ᠤ᠋ᠨ ᠬᠣᠲᠠ ᠪᠡᠷ ᠰᠣᠩᠭᠣᠭ᠍ᠳᠠᠭ᠍ᠰᠠᠨ ᠢ᠋ᠢᠡᠷ ᠪᠠᠷᠠᠬᠤ ᠥᠬᠡᠶ ᠲᠤᠷᠱᠢᠯᠲᠠ ᠢ᠋ᠢᠨ ᠴᠡᠭ ᠤ᠋ᠨ ᠤᠰᠤᠨ ᠤ᠋ ᠲᠥᠰᠦᠪ ᠤ᠋ᠨ ᠬᠠᠮᠢᠶᠠᠷᠤᠯᠲᠠ ᠢ᠋ᠢᠨ ᠲᠦᠷᠢᠮ ᠨᠢ ᠤᠰᠤᠨ ᠠᠱᠢᠭ᠍ᠯᠠᠯᠲᠠ ᠢ᠋ᠢᠨ ᠶᠠᠮᠤᠨ ᠤ᠋ 《2025 ᠣᠨ ᠤ᠋ ᠨᠡᠷᠡᠨ ᠭᠡᠷᠡᠯᠲᠦ ᠦᠵᠡᠭᠦᠯᠭᠡ ᠢ᠋ᠢᠨ ᠬᠣᠩᠭᠢᠯ》 ᠢ᠋ᠢᠡᠷ ᠰᠣᠩᠭᠣᠭ᠍ᠳᠠᠪᠠ᠃
ᠮᠠᠨ ᠤ᠋ ᠤᠷᠤᠨ ᠤᠢᠷ᠎ᠠ ᠵᠢᠨ ᠵᠢᠯ ᠳ᠋ᠤ ᠠᠵᠤ ᠦᠶ᠋ᠯᠡᠳᠪᠦᠷᠢ ᠢ᠋ᠢᠨ ᠤᠰᠤ ᠠᠷᠪᠢᠯᠠᠵᠤ ᠪᠣᠬᠢᠷ ᠭᠠᠳᠠᠭ᠍ᠰᠢᠯᠠᠭᠤᠯᠬᠤ ᠬᠡᠮᠵᠢᠶ᠎ᠡ ᠢ᠋ᠢ ᠪᠠᠭᠠᠰᠭᠠᠬᠤ ᠲᠦᠷᠢᠮ ᠪᠠ ᠲᠥᠷᠥ ᠢ᠋ᠢᠨ ᠪᠣᠳᠣᠯᠭ᠎ᠠ ᠢ᠋ᠢ ᠲᠦᠷᠭᠡᠳᠭᠡᠨ ᠲᠡᠭᠦᠯᠳᠡᠷᠵᠢᠭᠦᠯᠵᠦ᠍᠂ 《ᠳᠠᠬᠢᠯᠲᠠ ᠤᠰᠤ ᠢ᠋ᠢ ᠶᠡᠷᠦᠩᠬᠡᠢᠯᠡᠨ ᠠᠱᠢᠭ᠍ᠯᠠᠬᠤ ᠢ᠋ᠢ ᠴᠢᠩᠭᠠᠳᠭᠠᠬᠤ ᠲᠤᠬᠠᠶ ᠠᠷᠭ᠎ᠠ ᠬᠡᠮᠵᠢᠶ᠎ᠡ ᠨᠤᠭᠦᠳ》 ᠢ᠋ ᠨᠡᠢᠲᠡᠯᠡᠨ᠂ ᠠᠵᠤ ᠦᠢᠯᠡᠳᠪᠦᠷᠢ ᠢ᠋ᠢᠨ ᠠᠵᠤ ᠠᠬᠤᠢᠯᠠᠯ ᠤ᠋ᠨ ᠳᠠᠬᠢᠯᠲᠠ ᠤᠰᠤ ᠢ᠋ᠢ ᠠᠱᠢᠭ᠍ᠯᠠᠬᠤ ᠨᠣᠷᠮ᠎ᠠ ᠢ᠋ᠢ 30% ᠡᠴᠡ ᠳᠣᠣᠷ᠎ᠠ ᠦᠭᠡᠶ ᠪᠠᠢᠯᠭᠠᠵᠤ᠂ ᠡᠭᠦᠷᠭᠡ ᠪᠡᠨ ᠳᠠᠪᠠᠭᠤᠯᠤᠨ ᠪᠡᠶᠡᠯᠡᠭᠦᠯᠦᠭ᠌ᠰᠡᠨ ᠠᠵᠤ ᠠᠬᠤᠢᠯᠠᠯ ᠳ᠋ᠤ ᠡᠳ᠋ ᠤ᠋ᠨ ᠵᠠᠰᠠᠭ ᠤ᠋ᠨ ᠨᠥᠬᠥᠪᠥᠷᠢ ᠥᠭ᠌ᠴᠠᠢ᠃ ᠪᠠᠰᠠ 《ᠬᠠᠲᠤᠨ ᠭᠤᠤᠯ ᠤ᠋ᠨ ᠰᠠᠪᠠ ᠭᠠᠵᠠᠷᠤ᠋ᠨ ᠠᠯᠪᠠᠳᠠᠯᠭ᠎ᠠ ᠢ᠋ᠢᠨ ᠴᠢᠨᠠᠷᠲᠠᠶ ᠤᠰᠤ ᠬᠡᠷᠡᠭ᠌ᠯᠡᠬᠦ᠌ ᠲᠣᠭ᠍ᠲᠠᠭ᠍ᠰᠠᠨ ᠨᠣᠷᠮ᠎ᠠ ᠢ᠋ᠢᠨ ᠬᠠᠮᠢᠶᠠᠷᠤᠯᠲᠠ ᠢ᠋ᠢᠨ ᠠᠷᠭ᠎ᠠ》 ᠵᠢ ᠲᠤᠭᠲᠠᠭᠠᠨ ᠬᠡᠷᠡᠭᠵᠢᠭᠦᠯᠵᠤ᠂ ᠤᠰᠤ ᠶᠡᠬᠡ ᠬᠣᠷᠣᠭ᠍ᠳᠠᠭᠤᠯᠬᠤ ᠠᠵᠤ ᠠᠬᠤᠢᠯᠠᠯ ᠤ᠋ᠨ ᠤᠰᠤ ᠠᠷᠪᠢᠯᠠᠬᠤ ᠮᠡᠷᠭᠡᠵᠢᠯ ᠢ᠋ ᠲᠠᠰ ᠳᠡᠪᠱᠢᠭᠦᠯᠬᠦ᠌ ᠢ᠋ᠢ ᠲᠦᠷᠬᠡᠳᠬᠡᠨ ᠠᠬᠢᠭᠤᠯᠪᠠ᠃ ᠤᠳᠤ ᠬᠠᠲᠤᠨ ᠭᠤᠤᠯ ᠤ᠋ᠨ ᠰᠠᠪᠠ ᠭᠠᠵᠠᠷ ᠤ᠋ᠨ 4 ᠠᠢᠮᠠᠭ ᠬᠣᠲᠠ ᠴᠥᠮ ᠪᠥᠬᠥ᠌ ᠤᠯᠤᠰ ᠤ᠋ᠨ ᠳᠠᠬᠢᠯᠲᠠ ᠤᠰᠤ ᠢ᠋ᠢ ᠲᠤᠬᠢᠷᠠᠭᠤᠯᠤᠨ ᠠᠱᠢᠭ᠍ᠯᠠᠬᠤ ᠲᠤᠷᠱᠢᠯᠲᠠ ᠢ᠋ᠢᠨ ᠴᠡᠭ ᠤ᠋ᠨ ᠡᠩᠨᠡᠭᠡᠨ ᠳ᠋ᠤ ᠤᠷᠤᠭᠰᠠᠨ ᠪᠦᠬᠡᠳ ᠪᠤᠭᠤᠲᠤ᠂ ᠦᠬᠠᠶ᠂ ᠣᠷᠳᠣᠰ ᠵᠡᠷᠬᠡ 3 ᠬᠣᠲᠠ ᠱᠢᠯᠢᠳᠡᠭ ᠲᠤᠷᠱᠢᠯᠲᠠ ᠢ᠋ᠢᠨ ᠴᠡᠭ ᠤ᠋ᠨ ᠬᠣᠲᠠ ᠪᠡᠷ ᠦᠨᠡᠯᠡᠭ᠌ᠳᠡᠵᠦ᠍᠂ ᠪᠥᠬᠥ᠌ ᠣᠷᠣᠨ ᠤ᠋ ᠬᠡᠪ ᠤ᠋ᠨ ᠪᠤᠰᠤ ᠤᠰᠤᠨ ᠤ᠋ ᠵᠢᠯ ᠤ᠋ᠨ ᠠᠱᠢᠭ᠍ᠯᠠᠯᠲᠠ ᠢ᠋ᠢᠨ ᠬᠡᠮᠵᠢᠶ᠎ᠡ 8.9 ᠳ᠋ᠦᠩᠱᠢᠭᠤᠷ ᠪᠣᠰᠣᠭ᠎ᠠ ᠳᠥᠷᠪᠡᠯᠵᠢᠨ ᠮᠧᠲ᠋ᠷ ᠲᠤ᠌ ᠬᠦᠷᠴᠦ᠍᠂ 2020 ᠣᠨ ᠤ᠋ ᠬᠢ ᠡᠴᠡ 25% ᠪᠡᠷ ᠨᠡᠮᠡᠭᠳᠡᠭᠰᠡᠨ ᠪᠠᠢᠨ᠎ᠠ᠃
ᠣᠷᠳᠣᠰ ᠬᠣᠲᠠ ᠤᠰᠤ ᠠᠷᠪᠢᠯᠠᠬᠤ ᠠᠵᠤ ᠦᠶ᠋ᠯᠡᠰ ᠤ᠋ᠨ ᠬᠦᠷᠢᠶᠡᠯᠡᠩ ᠲᠣᠭᠣᠷᠢᠭ ᠲᠦ᠍ ᠲᠦᠱᠢᠭ᠌ᠯᠡᠨ ᠤᠰᠤ ᠠᠷᠪᠢᠯᠠᠬᠤ ᠮᠡᠷᠭᠡᠵᠢᠯ ᠢ᠋ ᠰᠤᠳᠤᠯᠤᠨ ᠨᠡᠭᠡᠭᠡᠬᠦ᠌᠂ ᠤᠰᠤ ᠠᠷᠪᠢᠯᠠᠬᠤ ᠲᠥᠬᠥᠭᠡᠷᠦᠮᠵᠢ ᠦᠶ᠋ᠯᠡᠳᠬᠦ᠌᠂ ᠤᠰᠤ ᠠᠷᠪᠢᠯᠠᠬᠤ ᠢᠨᠵᠧᠨᠧᠷᠢᠩ ᠤ᠋ᠨ ᠦᠶ᠋ᠯᠡᠴᠢᠯᠡᠭᠡ ᠬᠠᠡᠭᠭᠠᠬᠤ ᠢ᠋ᠢ ᠨᠢᠭᠡ ᠴᠣᠭ᠍ᠴᠠᠵᠢᠭᠤᠯᠤᠭ᠍ᠰᠠᠨ ᠨᠢᠭᠡ ᠪᠦᠯᠦᠭ ᠲᠤᠰᠬᠠᠢᠵᠢᠬᠰᠠᠨ ᠨᠠᠷᠢᠯᠢᠭᠵᠢᠬᠰᠠᠨ ᠣᠨᠴᠠᠯᠢᠭᠳᠤ ᠱᠢᠨ᠎ᠡ ᠠᠵᠤ ᠠᠬᠤᠢᠯᠠᠯ ᠢ᠋ ᠪᠣᠢᠵᠢᠭᠤᠯᠵᠤ᠂ ᠵᠢᠯ ᠤ᠋ᠨ ᠦᠶ᠋ᠯᠡᠳᠬᠦᠨ ᠤ᠋ ᠥᠷᠲᠡᠭ ᠨᠢ 20 ᠳ᠋ᠦᠩᠱᠢᠭᠤᠷ ᠲᠥᠭᠥᠷᠢᠭ ᠢ᠋ ᠳᠠᠪᠠᠵᠤ ᠪᠠᠢᠨ᠎ᠠ; ᠬᠥᠬᠡᠬᠣᠲᠠ ᠤᠰᠤ ᠠᠷᠪᠢᠯᠠᠬᠤ ᠭᠡᠷᠡᠲᠦ ᠬᠠᠮᠢᠶᠠᠷᠤᠯᠲᠠ ᠢ᠋ᠢ ᠬᠡᠷᠡᠭ᠌ᠵᠢᠭᠦᠯᠵᠦ᠍᠂ ᠨᠡᠢᠭᠡᠮ ᠤ᠋ᠨ ᠬᠥᠷᠥᠩᠭᠡ ᠢ᠋ᠢ ᠣᠷᠣᠭᠤᠯᠤᠨ ᠤᠰᠤ ᠬᠠᠩᠭᠠᠬᠤ ᠬᠠᠭᠤᠴᠢᠨ ᠬᠣᠭᠣᠯᠠᠶ ᠲᠤᠤᠷ ᠢ᠋ ᠥᠭᠡᠷᠡᠴᠢᠯᠡᠵᠦ᠍᠂ ᠬᠣᠭᠣᠯᠠᠶ ᠲᠤᠤᠷ ᠤ᠋ᠨ ᠤᠰᠤ ᠭᠣᠭᠣᠵᠢᠵᠤ ᠰᠦᠢᠳᠬᠦ ᠨᠣᠷᠮ᠎ᠠ ᠢ᠋ᠢ 2020 ᠣᠨ ᠤ᠋ 18% ᠪᠠᠢᠭ᠍ᠰᠠᠨ ᠡᠴᠡ 12% ᠪᠣᠯᠭᠠᠨ ᠪᠠᠭᠤᠷᠠᠭᠤᠯᠪᠠ ᠁ ᠮᠠᠨ ᠤ᠋ ᠤᠷᠤᠨ ᠬᠣᠲᠠ ᠪᠠᠯᠭᠠᠰᠤ ᠢ᠋ᠢᠨ ᠤᠰᠤ ᠠᠷᠪᠢᠯᠠᠵᠤ ᠰᠦᠢᠳᠦᠯ ᠢ᠋ ᠪᠠᠭᠠᠰᠭᠠᠬᠤ ᠲᠦᠷᠢᠮ ᠪᠠ ᠲᠥᠷᠥ ᠢ᠋ᠢᠨ ᠪᠣᠳᠣᠯᠭ᠎ᠠ ᠢ᠋ᠢ ᠲᠦᠷᠭᠡᠳᠭᠡᠨ ᠲᠡᠭᠦᠯᠳᠡᠷᠵᠢᠭᠦᠯᠵᠦ᠍᠂ 《ᠤᠰᠤ ᠠᠷᠪᠢᠯᠠᠬᠤ ᠠᠵᠤ ᠦᠶ᠋ᠯᠡᠰ ᠢ᠋ ᠲᠦᠷᠭᠡᠳᠭᠡᠨ ᠬᠥᠭ᠌ᠵᠢᠭᠦᠯᠬᠦ᠌ ᠪᠣᠳᠠᠲᠠᠶ ᠠᠷᠭ᠎ᠠ ᠬᠡᠮᠵᠢᠶ᠎ᠡ》 ᠢ᠋ᠢ ᠳᠠᠷᠤᠮᠠᠯᠯᠠᠨ ᠲᠠᠷᠬᠠᠭᠠᠵᠤ᠂ 《ᠲᠥᠷᠥ ᠢ᠋ᠢᠨ ᠪᠣᠳᠣᠯᠭ᠎ᠠ ᠪᠡᠷ ᠬᠥᠲᠥᠯᠥᠨ ᠵᠢᠯᠣᠭᠣᠳᠭᠤ᠂ ᠵᠠᠬ᠎ᠠ ᠳᠡᠯᠭᠡᠭᠦᠷ ᠢ᠋ᠢᠡᠷ ᠬᠥᠳᠡᠯᠭᠡᠭᠦᠷ ᠪᠣᠯᠭᠠᠬᠤ᠂ ᠮᠡᠷᠭᠡᠵᠢᠯ ᠢ᠋ᠢᠡᠷ ᠲᠤᠯᠭᠠᠭᠤᠷᠢᠯᠠᠬᠤ᠂ ᠮᠥᠩᠭᠥᠨ ᠭᠦᠶ᠋ᠯᠭᠡᠭᠡᠨ ᠵᠢᠡᠷ ᠪᠠᠲᠤᠯᠠᠬᠤ》 ᠳᠥᠷᠪᠡ ᠢ᠋ᠢ ᠨᠢᠭᠡ ᠴᠣᠭ᠍ᠴᠠᠵᠢᠭᠤᠯᠤᠭ᠍ᠰᠠᠨ ᠤᠰᠤ ᠠᠷᠪᠢᠯᠠᠬᠤ ᠠᠵᠤ ᠦᠶ᠋ᠯᠡᠰ ᠤ᠋ᠨ ᠱᠢᠰᠲ᠋ᠧᠮ ᠢ᠋ ᠪᠠᠢᠭᠤᠯᠪᠠ᠃
ᠤᠰᠤ ᠪᠣᠯ ᠠᠮᠢ ᠠᠬᠤᠶ ᠢ᠋ᠢᠨ ᠠᠮᠢᠨ ᠰᠤᠳᠠᠰᠤ᠂ ᠠᠵᠤ ᠠᠬᠤᠢ ᠢ᠋ᠢᠨ ᠬᠥᠭ᠌ᠵᠢᠯᠲᠡ ᠢ᠋ᠢᠨ ᠰᠠᠭᠤᠷᠢ ᠶᠤᠮ᠃ ᠪᠣᠷᠣᠲᠣᠬᠣᠶ ᠢ᠋ᠢᠨ ᠤᠰᠤᠯᠠᠯᠲᠠ ᠢ᠋ᠢᠨ ᠣᠷᠣᠨ ᠤ᠋ ᠳᠤᠰᠤᠯᠠᠭᠠᠨ ᠤᠰᠤᠯᠠᠬᠤ ᠪᠦᠰᠡ ᠡᠴᠡ ᠦᠬᠠᠶ ᠢ᠋ᠢᠨ ᠬᠢᠮᠢ ᠢ᠋ᠢᠨ ᠠᠵᠤ ᠦᠶ᠋ᠯᠡᠳᠪᠦᠷᠢ ᠢ᠋ᠢᠨ ᠳᠠᠬᠢᠯᠲᠠ ᠤᠰᠤᠨ ᠤ᠋ ᠰᠢᠰᠲᠸᠮ ᠬᠦᠷᠳᠡᠯ᠎ᠠ᠂ ᠲᠠᠬᠢᠭᠠᠳ ᠬᠣᠲᠠ ᠪᠠᠯᠭᠠᠰᠤᠨ ᠤ᠋ ᠰᠠᠭᠤᠭᠠᠯᠢ ᠠᠷᠠᠳ ᠤ᠋ᠨ ᠲᠣᠭᠣᠷᠢᠭ ᠤ᠋ᠨ ᠤᠰᠤ ᠠᠷᠪᠢᠯᠠᠬᠤ ᠲᠤᠨᠤᠭ ᠲᠦᠬᠦᠭᠡᠷᠦᠮᠵᠢ ᠬᠦᠷᠲᠡᠯ᠎ᠡ᠂ ᠥᠪᠥᠷ ᠮᠣᠩᠭᠣᠯ ᠤ᠋ᠨ ᠤᠰᠤ ᠠᠷᠪᠢᠯᠠᠬᠤ ᠪᠤᠳᠠᠳᠠᠢ ᠠᠵᠢᠯᠯᠠᠭ᠎ᠠ ᠲᠦᠷᠢᠮ ᠬᠢᠬᠡᠳ ᠲᠦᠷᠦ ᠵᠢᠨ ᠪᠤᠳᠤᠯᠭ᠎ᠠ ᠵᠢᠨ ᠱᠢᠰᠲ᠋ᠧᠮ ᠵᠢᠡᠷ ᠲᠠᠮᠵᠢᠨ ᠦᠶ᠋ᠯᠡᠳᠪᠦᠷᠢᠯᠡᠯ ᠠᠮᠢᠳᠤᠷᠠᠯ ᠤ᠋ᠨ ᠦᠨᠴᠦᠭ ᠪᠤᠯᠤᠡᠭ ᠪᠤᠯᠭᠠᠨ ᠳ᠋ᠤ ᠭᠦᠨᠵᠡᠭᠡᠢᠷᠡᠵᠤ ᠪᠤᠢ᠃ ᠤᠰᠤ ᠠᠷᠪᠢᠯᠠᠬᠤ ᠲᠦᠷᠢᠮ ᠬᠢᠬᠡᠳ ᠲᠦᠷᠦ ᠵᠢᠨ ᠪᠤᠳᠤᠯᠭ᠎ᠠ ᠵᠢᠨ ᠱᠢᠰᠲ᠋ᠧᠮ ᠤ᠋ᠨ ᠦᠷᠭᠦᠯᠵᠢᠯᠡᠨ ᠲᠡᠭᠦᠯᠳᠡᠷᠵᠢᠬᠦ᠌ ᠢ᠋ᠢ ᠳᠠᠭᠠᠯᠳᠤᠨ 《ᠰᠠᠨᠠᠭᠠᠴᠢᠯᠠᠭ᠎ᠠ ᠡᠴᠡ ᠪᠡᠨ ᠤᠰᠤ ᠠᠷᠪᠢᠯᠠᠬᠤ》 ᠤᠬᠠᠮᠰᠠᠷ ᠦᠪᠤᠷ ᠮᠤᠩᠭᠤᠯᠴᠤᠳ ᠤ᠋ᠨ ᠰᠡᠳᠬᠢᠯ ᠳ᠋ᠤ ᠬᠠᠳᠠᠩᠰᠢᠵᠤ᠂ ᠤᠯᠤᠰ ᠤ᠋ᠨ ᠠᠮᠢ ᠠᠬᠤᠶ ᠢ᠋ᠢᠨ ᠠᠮᠤᠷ ᠲᠦᠪᠱᠢᠨ᠂ ᠠᠮᠤ ᠪᠤᠳᠠᠭᠠᠨ ᠤ᠋ ᠠᠮᠤᠷ ᠲᠦᠪᠱᠢᠨ ᠪᠠ ᠡᠨᠧᠷᠭᠢ ᠢ᠋ᠢᠨ ᠠᠮᠤᠷ ᠲᠦᠪᠱᠢᠨ ᠢ᠋ ᠪᠠᠲᠤᠯᠠᠬᠤ ᠳ᠋ᠤ 《ᠤᠰᠤ ᠤᠮᠳᠠ》 ᠵᠢᠨ ᠪᠠᠲᠤ ᠴᠢᠩᠭ᠎ᠠ ᠲᠤᠯᠭᠠᠭᠤᠷᠢᠯᠠᠯ ᠬᠠᠩᠭᠠᠨ᠂ ᠦᠪᠤᠷ ᠮᠤᠩᠭᠤᠯ ᠤ᠋ᠨ ᠬᠦᠴᠦᠨ ᠢ᠋ ᠨᠠᠮᠡᠷᠢᠯᠡᠭᠰᠡᠭᠡᠷ ᠁