ᠣᠢᠷ᠎ᠠ᠎ᠶ᠋ᠢᠨ ᠵᠢᠯ᠎ᠦᠨ ᠲᠤᠷᠰᠢ᠂ ᠦᠪᠦᠷ ᠮᠤᠨᠭᠭᠤᠯ ᠣᠷᠣᠨ ᠪᠦᠰᠡ᠎ᠶ᠋ᠢᠨ ᠣᠨᠴᠠᠯᠢᠭ ᠪᠠ ᠳᠠᠪᠠᠭᠤᠯᠢᠭ᠎ᠲᠠᠭᠠᠨ ᠰᠠᠭᠤᠷᠢᠯᠠᠨ᠂ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠣᠷᠣᠨ᠎ᠤ ᠪᠥᠲᠥᠭᠡᠨ ᠪᠠᠢᠭᠤᠯᠤᠯᠲᠠ᠎ᠪᠠᠷ ᠤᠳᠤᠷᠢᠳᠤᠮᠵᠢ ᠪᠣᠯᠭᠠᠵᠤ᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ᠂ ᠦᠷᠢᠰᠦᠯᠳᠦᠭᠡᠨᠳᠦ ᠤᠷᠤᠯᠳᠤᠭᠠᠨ᠎ᠤ ᠪᠡᠶ᠎ᠡ᠎ᠶ᠋ᠢᠨ ᠲᠠᠮᠢᠷ᠂ ᠠᠵᠤ ᠦᠶ᠋ᠯᠡᠰ᠎ᠦᠨ ᠠᠭᠤᠰᠤᠯᠴᠠᠯ ᠵᠡᠷᠭᠡ ᠭᠤᠷᠪᠠᠨ ᠶᠡᠬᠡ ᠭᠤᠤᠯᠯᠠᠭ᠍ᠴᠢᠬᠦᠴᠦᠨᠢ ᠨᠢᠭ᠍ᠲᠠ ᠤᠶᠠᠯᠳᠤᠭᠤᠯᠤᠨ᠂ 《ᠪᠡᠶ᠎ᠡ᠎ᠶ᠋ᠢᠨ ᠲᠠᠮᠢᠷ +》 ᠠᠭᠤᠰᠤᠯᠴᠠᠨ ᠬᠥᠭ᠌ᠵᠢᠬᠦ᠌ ᠵᠠᠭ᠍ᠪᠤᠷ᠎ᠢ ᠲᠠᠰᠤᠷᠠᠯᠲᠠ ᠥᠬᠡᠶ ᠭᠦᠨᠵᠡᠭᠡᠢᠷᠡᠭᠦᠯᠵᠦ᠍᠂ ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ ᠬᠢᠭᠡᠳ ᠰᠣᠶᠣᠯ ᠵᠢᠭᠤᠯᠴᠢᠯᠠᠯ᠂ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ ᠵᠡᠷᠭᠡ ᠬᠦᠷᠢᠶᠡᠨ᠎ᠳᠡᠬᠢ ᠭᠦᠨᠵᠡᠭᠡᠶ ᠬᠣᠯᠪᠣᠭᠠᠯᠠᠨ ᠬᠥᠳᠡᠯᠦᠯᠴᠡᠬᠦ᠌᠎ᠶ᠋ᠢ ᠠᠬᠢᠭᠤᠯᠵᠤ᠂ ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ᠎ᠢ ᠦᠪᠦᠷ ᠮᠤᠨᠭᠭᠤᠯ᠎ᠤᠨ ᠠᠵᠤ ᠠᠬᠤᠶ ᠨᠡᠢᠭᠡᠮ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠬᠦᠳᠡᠯᠭᠡᠭᠦᠷ ᠪᠣᠯᠭᠠᠪᠠ᠃
ᠪᠦᠬᠦ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ᠎ᠵᠢ ᠠᠬᠢᠭᠤᠯᠤᠬᠰᠠᠨ ᠰᠠᠭᠤᠷᠢ ᠲᠥᠬᠥᠭᠡᠷᠦᠮᠵᠢ᠎ᠵᠢᠨ ᠲᠡᠭᠦᠯᠳᠡᠷᠵᠢᠯ
ᠪᠡᠶ᠎ᠡ᠎ᠶ᠋ᠢᠨ ᠲᠠᠮᠢᠷ᠎ᠤᠨ ᠠᠵᠤ ᠦᠢᠯᠡᠰ᠎ᠦᠨ ᠬᠥᠭ᠌ᠵᠢᠯᠲᠡ᠎ᠶ᠋ᠢᠨ ᠰᠠᠭᠤᠷᠢ ᠨᠢ ᠪᠦᠬᠦ᠌ ᠠᠷᠠᠳ᠎ᠢᠶᠠᠷ᠎ᠢᠶᠠᠨ ᠣᠷᠣᠯᠴᠠᠬᠤ᠎ᠳᠤ ᠪᠤᠢ᠂ ᠵᠠᠩᠭᠢᠯᠠᠭ᠎ᠠ ᠨᠢ ᠰᠠᠭᠤᠷᠢ ᠲᠥᠬᠥᠭᠡᠷᠦᠮᠵᠢ᠎ᠶ᠋ᠢᠨ ᠪᠠᠲᠤᠯᠠᠭ᠎ᠠ᠎ᠳᠤ ᠪᠤᠢ᠃《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠳᠤ᠂ ᠦᠪᠦᠷ ᠮᠤᠨᠭᠭᠤᠯ ᠦᠨᠳᠦᠰᠦᠲᠡᠨ᠎ᠨᠦᠭᠦᠳ᠎ᠦᠨ ᠣᠯᠠᠨ ᠲᠦᠮᠡᠨᠴᠢ ᠪᠡᠶ᠎ᠡ ᠴᠢᠭᠢᠷᠠᠭ᠍ᠵᠢᠭᠤᠯᠬᠤ ᠬᠡᠷᠡᠭ᠌ᠴᠡᠭᠡ ᠱᠠᠭᠠᠷᠳᠠᠯᠭ᠎ᠠ᠎ᠳᠤ ᠠᠩᠬᠠᠷᠤᠯ᠎ᠢᠶᠠᠨ ᠲᠥᠪᠯᠡᠷᠡᠭᠦᠯᠦᠨ᠂ 《ᠬᠠᠮᠢᠭ᠎ᠠ ᠣᠴᠢᠵᠦ ᠪᠡᠶ᠎ᠡ ᠴᠢᠬᠢᠷᠠᠭᠵᠢᠭᠤᠯᠬᠤ ᠪᠤᠢ》ᠭᠡᠬᠦ ᠬᠦᠴᠢᠷ ᠠᠰᠠᠭᠤᠳᠠᠯ᠎ᠢ ᠪᠥᠬᠥ᠌ ᠬᠦᠴᠦᠨ᠎ᠢᠶᠡᠷ᠎ᠢᠶᠡᠨ ᠱᠢᠶ᠋ᠳᠪᠦᠷᠢᠯᠡᠵᠦ᠍᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠪᠡᠯᠡᠳᠭᠡᠮᠵᠢ᠎ᠶ᠋ᠢᠨ ᠳᠤᠲᠠᠭᠤᠳᠠᠯ᠎ᠢ ᠨᠥᠬᠥᠪᠥᠷᠢᠯᠡᠬᠦ᠌ ᠢᠨᠵᠧᠨᠧᠷᠢᠩ᠎ᠢ ᠬᠡᠷᠡᠭ᠌ᠵᠢᠭᠦᠯᠦᠨ᠂ ᠪᠡᠶ᠎ᠡ᠎ᠶ᠋ᠢᠨ ᠲᠠᠮᠢᠷ᠎ᠤᠨ ᠴᠡᠴᠡᠷᠯᠢᠭ᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠲᠥᠪ᠂ ᠣᠯᠠᠨ ᠴᠢᠳᠠᠪᠬᠢᠲᠤ ᠪᠡᠶ᠎ᠡ᠎ᠶ᠋ᠢᠨ ᠲᠠᠮᠢᠷ᠎ᠤᠨ ᠲᠠᠯᠠᠪᠠᠶ᠂ ᠪᠡᠶ᠎ᠡ ᠴᠢᠭᠢᠷᠠᠭ᠍ᠵᠢᠭᠤᠯᠬᠤ ᠵᠠᠮ ᠱᠤᠭᠤᠮ ᠵᠡᠷᠭᠡ 2495 ᠪᠡᠶ᠎ᠡ᠎ᠶ᠋ᠢᠨ ᠲᠠᠮᠢᠷ᠎ᠤᠨ ᠲᠠᠯᠠᠪᠤᠷ ᠭᠠᠵᠠᠷ᠎ᠢ ᠱᠢᠨ᠎ᠡ᠎ᠪᠡᠷ ᠪᠠᠢᠭᠤᠯᠤᠭ᠍ᠰᠠᠨ ᠪᠤᠶᠤ ᠥᠭᠡᠷᠡᠴᠢᠯᠡᠵᠦ᠍ ᠥᠷᠭᠡᠳᠭᠡᠨ ᠪᠠᠢᠭᠤᠯᠵᠤ᠂ ᠤᠯᠤᠰ᠎ᠠᠴᠠ ᠪᠠᠭᠤᠯᠭᠠᠭ᠍ᠰᠠᠨ ᠪᠡᠶ᠎ᠡ᠎ᠶ᠋ᠢᠨ ᠲᠠᠮᠢᠷ᠎ᠤᠨ ᠴᠡᠴᠡᠷᠯᠢᠭ᠎ᠦᠨ ᠪᠥᠲᠥᠭᠡᠨ ᠪᠠᠢᠭᠤᠯᠤᠯᠲᠠ᠎ᠶ᠋ᠢᠨ ᠡᠭᠦᠷᠭᠡ᠎ᠶ᠋ᠢ ᠳᠠᠪᠠᠭᠤᠯᠤᠨ ᠪᠡᠶᠡᠯᠡᠭᠦᠯᠵᠦ᠍᠂ ᠱᠢᠶᠠᠨ ᠱᠢᠶᠠᠩ ᠲᠣᠰᠭᠣᠨ ᠭᠤᠷᠪᠠᠨ ᠱᠠᠲᠤᠨ᠎ᠤ ᠣᠯᠠᠨ ᠨᠡᠢᠲᠡ᠎ᠶ᠋ᠢᠨ ᠪᠡᠶ᠎ᠡ᠎ᠶ᠋ᠢᠨ ᠲᠠᠮᠢᠷ᠎ᠤᠨ ᠪᠡᠯᠡᠳᠭᠡᠮᠵᠢ ᠪᠠ ᠬᠣᠲᠠ᠎ᠶ᠋ᠢᠨ ᠨᠡᠢᠭᠡᠮ ᠲᠣᠭᠣᠷᠢᠭ᠎ᠤᠨ 《15 ᠮᠢᠨᠦ᠋ᠲ᠎ᠦᠨ ᠪᠡᠶ᠎ᠡ ᠴᠢᠭᠢᠷᠠᠭ᠍ᠵᠢᠭᠤᠯᠬᠤ ᠲᠣᠭᠣᠷᠢᠭ》 ᠢ᠋ ᠪᠦᠷᠢᠨ ᠪᠥᠷᠬᠥᠭᠦᠯᠬᠦ᠌᠎ᠶ᠋ᠢ ᠪᠡᠶᠡᠯᠡᠭᠦᠯᠪᠡ᠃ ᠡᠭᠦᠨ᠎ᠦ ᠬᠠᠮᠲᠤ᠂ ᠦᠪᠦᠷ ᠮᠤᠨᠭᠭᠤᠯ ᠣᠯᠠᠨ ᠨᠡᠢᠲᠡ᠎ᠶ᠋ᠢᠨ ᠪᠡᠶ᠎ᠡ᠎ᠶ᠋ᠢᠨ ᠲᠠᠮᠢᠷ᠎ᠤᠨ ᠣᠷᠳᠣᠨ ᠲᠠᠯᠠᠪᠠᠶ᠎ᠶ᠋ᠢ ᠨᠡᠭᠡᠭᠡᠬᠦ᠌ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ 3.2 ᠳ᠋ᠦᠩᠱᠢᠭᠤᠷ ᠲᠥᠭᠥᠷᠢᠭ᠎ᠦᠨ ᠪᠠᠯᠠ ᠮᠥᠩᠭᠥ᠎ᠶ᠋ᠢᠨ ᠨᠥᠬᠥᠪᠥᠷᠢ᠎ᠪᠡᠷ 559 ᠣᠯᠠᠨ ᠨᠡᠢᠲᠡ᠎ᠶ᠋ᠢᠨ ᠪᠡᠶ᠎ᠡ᠎ᠶ᠋ᠢᠨ ᠲᠠᠮᠢᠷ᠎ᠤᠨ ᠣᠷᠳᠣᠨ ᠲᠠᠯᠠᠪᠠᠶ᠎ᠶ᠋ᠢ ᠦᠨ᠎ᠡ ᠲᠥᠯᠥᠪᠦᠷᠢ ᠥᠬᠡᠶ ᠰᠦᠶ᠋ᠳᠭᠡᠯ ᠪᠠᠭ᠎ᠠ ᠬᠤᠷᠢᠶᠠᠵᠤ ᠨᠡᠭᠡᠭᠡᠬᠦ᠌᠎ᠶ᠋ᠢ ᠠᠬᠢᠭᠤᠯᠵᠤ᠂ ᠪᠠᠷᠤᠭ 1 ᠳ᠋ᠦᠩᠱᠢᠭᠤᠷ ᠬᠥᠮᠦᠨ ᠤᠳᠠᠭ᠎ᠠ᠎ᠳᠤ ᠠᠱᠢᠭ ᠬᠦᠷᠲᠡᠭᠡᠵᠦ᠍᠂ 2024 ᠣᠨ᠎ᠤ ᠡᠴᠦᠰ᠎ᠲᠦ ᠮᠠᠨ᠎ᠤ ᠣᠷᠣᠨ᠎ᠤ ᠬᠥᠮᠦᠨ ᠳᠤᠮᠳᠠᠴᠢ᠎ᠶ᠋ᠢᠨ ᠪᠡᠶ᠎ᠡ᠎ᠶ᠋ᠢᠨ ᠲᠠᠮᠢᠷ᠎ᠤᠨ ᠲᠠᠯᠠᠪᠠᠶ 2.93 ᠲᠡᠭ᠌ᠰᠢ ᠳᠥᠷᠪᠡᠯᠵᠢᠨ ᠮᠧᠲ᠋ᠷ᠎ᠲᠦ ᠬᠦᠷᠴᠦ᠍᠂ ᠤᠯᠤᠰ ᠠᠷᠠᠳ᠎ᠤᠨ ᠪᠡᠶ᠎ᠡ ᠮᠠᠬᠠᠪᠣᠳ᠎ᠤᠨ ᠬᠢᠨᠠᠨ ᠬᠡᠮᠵᠢᠯᠲᠡ᠎ᠶ᠋ᠢᠨ ᠬᠢᠷᠢ ᠲᠡᠩᠴᠡᠭ᠌ᠰᠡᠨ ᠨᠣᠷᠮ᠎ᠠ᠂ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠳᠤ ᠪᠠᠢᠩᠭᠤ ᠣᠷᠣᠯᠴᠠᠬᠤ ᠬᠥᠮᠦᠨ᠎ᠦ ᠲᠣᠭ᠎ᠠ᠎ᠶ᠋ᠢᠨ ᠬᠠᠷᠢᠴᠠᠯ᠎ᠢ ᠲᠣᠰ ᠲᠣᠰ 91.2 %᠂ 39.1 % ᠪᠣᠯᠲᠠᠯ᠎ᠠ ᠳᠡᠭᠡᠭ᠌ᠰᠢᠯᠡᠭᠦᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ》 ᠤ᠋ᠨ ᠲᠣᠭ᠍ᠲᠠᠭᠠᠭ᠍ᠰᠠᠨ ᠬᠠᠷᠠᠯᠲᠠ᠎ᠶ᠋ᠢ ᠴᠥᠮ ᠲᠡᠭᠦᠰ ᠠᠮᠵᠢᠯᠲᠠ᠎ᠲᠠᠶ ᠪᠡᠶᠡᠯᠡᠭᠦᠯᠪᠡ᠃ 2025 ᠣᠨ᠎ᠳᠤ᠂ ᠮᠠᠨ᠎ᠤ ᠣᠷᠣᠨ ᠪᠠᠰᠠ ᠪᠡᠶ᠎ᠡ᠎ᠶ᠋ᠢᠨ ᠲᠠᠮᠢᠷ᠎ᠤᠨ ᠠᠷᠠᠳ᠎ᠲᠤ ᠠᠱᠢᠭ ᠬᠦᠷᠲᠡᠭᠡᠬᠦ᠌ ᠲᠥᠷᠥᠯ ᠵᠦᠶ᠋ᠯ᠎ᠢ ᠦᠷᠭᠦᠯᠵᠢᠯᠡᠨ ᠬᠡᠷᠡᠭ᠌ᠵᠢᠭᠦᠯᠵᠦ᠍᠂ 20ᠪᠡᠶ᠎ᠡ᠎ᠶ᠋ᠢᠨ ᠲᠠᠮᠢᠷ᠎ᠤᠨ ᠴᠡᠴᠡᠷᠯᠢᠭ᠎ᠢ ᠥᠭᠡᠷᠡᠴᠢᠯᠡᠨ ᠪᠠᠢᠭᠤᠯᠬᠤ ᠪᠠ ᠥᠷᠭᠡᠳᠭᠡᠨ ᠪᠠᠢᠭᠤᠯᠬᠤ᠎ᠶ᠋ᠢ ᠳᠡᠮᠵᠢᠵᠦ᠍᠂ ᠣᠯᠠᠨ ᠴᠢᠳᠠᠪᠬᠢᠲᠤ ᠪᠡᠶ᠎ᠡ᠎ᠶ᠋ᠢᠨ ᠲᠠᠮᠢᠷ᠎ᠤᠨ ᠲᠠᠯᠠᠪᠠᠶ ᠵᠢ 30᠂ ᠫᠢᠩᠫᠠᠩ ᠪᠥᠮᠪᠥᠭᠡ᠎ᠶ᠋ᠢᠨ ᠲᠠᠮᠢᠷ᠎ᠤᠨ ᠲᠠᠯᠠᠪᠠᠶ ᠵᠢ 400 ᠱᠢᠨ᠎ᠡ᠎ᠪᠡᠷ ᠪᠠᠢᠭᠤᠯᠵᠤ᠂ 《ᠤᠮᠠᠷᠠᠲᠤ ᠬᠢᠯᠢ᠎ᠶ᠋ᠢᠨ ᠪᠡᠶ᠎ᠡ᠎ᠶ᠋ᠢᠨ ᠲᠠᠮᠢᠷ᠎ᠤᠨ ᠪᠡᠶ᠎ᠡ ᠴᠢᠭᠢᠷᠠᠭ᠍ᠵᠢᠭᠤᠯᠬᠤ ᠬᠥᠩᠭᠡᠨ ᠮᠣᠷᠢᠲᠤ ᠴᠡᠷᠢᠭ》᠎ᠢ᠋ ᠵᠣᠬᠢᠶᠠᠨ ᠪᠠᠢᠭᠤᠯᠵᠤ᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠦᠶ᠋ᠯᠡᠴᠢᠯᠡᠭᠡ᠎ᠶ᠋ᠢ ᠨᠠᠩ ᠣᠨᠣᠪᠴᠢᠲᠠᠶ᠂ ᠨᠠᠩ ᠲᠦᠭᠡᠮᠡᠯ ᠠᠱᠢᠭ ᠬᠦᠷᠲᠡᠭᠡᠵᠦ᠍᠂ ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ᠎ᠦᠨ ᠬᠥᠭ᠌ᠵᠢᠯᠲᠡ᠎ᠳᠦ ᠣᠯᠠᠨ ᠲᠦᠮᠡᠨ᠎ᠦ ᠰᠠᠭᠤᠷᠢ᠎ᠶ᠋ᠢ ᠪᠡᠬᠢᠵᠢᠭᠦᠯᠪᠠ᠃

ᠠᠵᠤ ᠦᠢᠯᠡᠰ᠎ᠦᠨ ᠬᠥᠳᠡᠯᠭᠡᠬᠦ᠌ ᠡᠨᠧᠷᠭᠢ᠎ᠶ᠋ᠢ ᠬᠥᠭ᠌ᠵᠢᠭᠡᠭᠰᠡᠨ ᠦᠷᠢᠰᠦᠯᠳᠦᠭᠡᠨᠳᠦ ᠤᠷᠤᠯᠳᠤᠭᠠᠨ
ᠤᠷᠤᠯᠳᠤᠭᠠᠨ ᠪᠣᠯ ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠭᠤᠤᠯ ᠬᠥᠳᠡᠯᠭᠡᠭᠦᠷ ᠮᠥᠨ᠃ ᠦᠪᠦᠷ ᠮᠤᠨᠭᠭᠤᠯ᠎ᠤᠨ ᠭᠠᠵᠠᠷ ᠤᠷᠤᠨ᠎ᠤ ᠣᠨᠴᠠᠯᠢᠭ ᠪᠠ ᠣᠷᠣᠨ ᠪᠦᠰᠡ᠎ᠶ᠋ᠢᠨ ᠳᠠᠪᠠᠭᠤᠯᠢᠭ᠎ᠲᠠᠭᠠᠨ ᠰᠠᠭᠤᠷᠢᠯᠠᠵᠤ᠂ ᠨᠢᠭᠡ ᠪᠦᠯᠦᠭ ᠨᠥᠯᠥᠭᠡᠯᠡᠬᠦ᠌ ᠬᠦᠴᠦᠨ᠎ᠲᠡᠶ ᠲᠣᠰ ᠭᠠᠵᠠᠷ᠎ᠤᠨ ᠪᠡᠶ᠎ᠡ᠎ᠶ᠋ᠢᠨ ᠲᠠᠮᠢᠷ᠎ᠤᠨ ᠤᠷᠤᠯᠳᠤᠭᠠᠨ᠎ᠤ IP ᠶ᠋ᠢ ᠡᠭᠦᠳᠴᠦ᠍᠂ 《ᠵᠢᠵᠢᠭ ᠤᠷᠤᠯᠳᠤᠭᠠᠨ》 ᠶ᠋ᠢᠡᠷ 《ᠲᠣᠮᠣ ᠠᠵᠤ ᠦᠶ᠋ᠯᠡᠰ》᠎ᠢ᠋ ᠬᠦᠭᠵᠢᠭᠦᠯᠪᠡ᠃ 《ᠲᠠᠯ᠎ᠠ ᠨᠤᠲᠤᠭ᠎ᠤᠨ ᠲᠣᠰᠭᠣᠨ᠎ᠤ ᠠᠯᠠᠭᠠᠳᠠᠬᠤ ᠪᠥᠮᠪᠥᠭᠡ》 ᠶ᠋ᠢᠨ ᠰᠢᠷᠢᠰ ᠤᠷᠤᠯᠳᠤᠭᠠᠨ ᠨᠢ ᠵᠢᠯ ᠪᠦᠷᠢ ᠵᠠᠯᠠᠭᠤᠴᠤᠳ ᠪᠠᠭᠠᠴᠤᠳ᠎ᠤᠨ ᠤᠷᠤᠯᠳᠤᠭᠠᠨ᠂ ᠨᠠᠰᠤᠲᠠᠢᠴᠤᠳ᠎ᠤᠨ ᠤᠷᠤᠯᠳᠤᠭᠠᠨ᠂ ᠬᠦᠷᠰᠢ ᠵᠡᠷᠭᠡᠯᠡᠳᠡᠭᠡ᠎ᠶᠢᠨ ᠤᠷᠤᠯᠳᠤᠭᠠᠨ ᠵᠡᠷᠭᠡ 400 ᠭᠠᠷᠤᠢ ᠲᠠᠯᠠᠪᠠᠢ ᠤᠷᠤᠯᠳᠤᠭᠠᠨ᠎ᠢ ᠶᠠᠪᠤᠭᠳᠠᠭᠤᠯᠵᠦ᠂ ᠮᠠᠯᠴᠢᠨ ᠲᠠᠷᠢᠶᠠᠴᠢᠳ᠎ᠢ ᠳᠠᠢᠴᠢᠯᠠᠨ ᠤᠷᠤᠯᠴᠠᠭᠤᠯᠵᠦ᠂ ᠰᠤᠶᠤᠯ ᠲᠠᠮᠢᠷ᠎ᠤᠨ ᠠᠵᠢᠯᠯᠠᠭ᠎ᠠ ᠪᠡᠷ ᠳᠠᠮᠵᠢᠨ ᠪᠡᠶ᠎ᠡ᠎ᠶᠢᠨ ᠲᠠᠮᠢᠷᠶ᠋ᠢᠡᠷ ᠬᠦᠳᠡᠭᠡ ᠲᠤᠰᠬᠤᠨ᠎ᠢ ᠬᠦᠭᠵᠢᠭᠦᠯᠦᠨ ᠮᠠᠨᠳᠤᠭᠤᠯᠪᠠ; ᠣᠯᠠᠨ ᠲᠦᠮᠡᠨᠴᠢ 《ᠭᠤᠷᠪᠠᠨ ᠲᠣᠮᠣ ᠪᠥᠮᠪᠥᠭᠡ》 ᠶ᠋ᠢᠨ ᠤᠷᠤᠯᠳᠤᠭᠠᠨ ᠢ᠋ ᠨᠡᠢᠲᠡ 500 ᠭᠠᠷᠤᠶ ᠲᠠᠯᠠᠪᠤᠷ ᠤᠷᠤᠯᠳᠤᠭᠠᠨ ᠡᠷᠭᠢᠯᠡᠵᠦ᠂ 2025 ᠣᠨ᠎ᠳᠦ ᠵᠢᠭᠤᠯᠴᠢᠯᠠᠭᠰᠠᠳ᠎ᠢ 155.4 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠌᠂ ᠵᠢᠭᠤᠯᠴᠢᠯᠠᠯ᠎ᠤᠨ ᠣᠷᠣᠯᠭ᠎ᠠ 10 ᠭᠠᠷᠤᠢ ᠳ᠋ᠦᠩᠱᠢᠭᠤᠷ ᠲᠥᠭᠥᠷᠢᠭ᠎ᠲᠤ ᠬᠦᠷᠴᠠᠢ; ᠦᠪᠦᠷ ᠮᠤᠨᠭᠭᠤᠯ᠎ᠤᠨ ᠬᠥᠯ ᠪᠥᠮᠪᠥᠭᠡ᠎ᠶ᠋ᠢᠨ ᠬᠡᠳᠦ ᠲᠡᠰ᠎ᠤᠨ ᠬᠣᠯᠪᠣᠭᠠᠲᠤ ᠤᠷᠤᠯᠳᠤᠭᠠᠨ ᠨᠢ ᠪᠥᠬᠥ᠌ ᠠᠷᠠᠳ᠎ᠤᠨ ᠬᠥᠯ ᠪᠥᠮᠪᠥᠭᠡ᠎ᠶ᠋ᠢᠨ ᠬᠠᠯᠠᠭᠤᠨ ᠦᠷᠨᠢᠯᠲᠡ᠎ᠵᠢ ᠪᠤᠢ ᠪᠤᠯᠭᠠᠵᠦ᠂ 50 ᠲᠠᠯᠠᠪᠤᠷ ᠤᠷᠤᠯᠳᠤᠭᠠᠨ᠎ᠳᠤ 89 ᠲᠦᠮᠡᠨ ᠬᠥᠮᠦᠨ ᠤᠳᠠᠭ᠎ᠠ ᠲᠤᠬᠠᠶ᠎ᠶ᠋ᠢᠨ ᠲᠠᠯᠠᠪᠠᠶ᠎ᠶ᠋ᠢᠨ ᠤᠷᠤᠯᠳᠤᠭᠠᠨ᠎ᠢ ᠰᠣᠨᠢᠷᠬᠠᠵᠤ᠂ 2455 ᠲᠦᠮᠡᠨ ᠬᠥᠮᠦᠨ ᠤᠳᠠᠭ᠎ᠠ ᠱᠢᠭᠤᠳ ᠨᠡᠪᠲᠡᠷᠡᠭᠦᠯᠭᠡ᠎ᠶ᠋ᠢ ᠭᠥᠯᠢᠶᠡᠨ ᠠᠪᠴᠤ᠌ ᠦᠵᠡᠵᠦ᠍᠂ ᠬᠡᠷᠡᠭ᠌ᠯᠡᠭᠡ᠎ᠶ᠋ᠢ 4.06 ᠳ᠋ᠦᠩᠱᠢᠭᠤᠷ ᠲᠥᠭᠥᠷᠢᠭ ᠳᠠᠢᠴᠢᠯᠠᠪᠠ᠃ ᠡᠭᠦᠨ᠎ᠡᠴᠡ ᠭᠠᠳᠠᠨ᠎ᠠ᠂ ᠮᠣᠩᠭᠣᠯ ᠮᠣᠷᠢᠨ᠎ᠤ ᠬᠡᠲᠦ ᠲᠡᠰ᠎ᠤᠨ ᠬᠣᠯᠪᠣᠭᠠᠲᠤ ᠤᠷᠤᠯᠳᠤᠭᠠᠨ᠂ ᠬᠥᠳᠡᠭᠡ ᠲᠣᠰᠭᠣᠨ᠎ᠤ ᠮᠠᠯᠴᠢᠨ ᠲᠠᠷᠢᠶᠠᠴᠢᠨ᠎ᠤ ᠱᠢᠷᠢᠰ ᠤᠷᠤᠯᠳᠤᠭᠠᠨ᠂ ᠮᠥᠰᠥ᠍ ᠴᠠᠰᠤᠨ᠎ᠤ ᠨᠠᠭᠠᠳᠤᠮ ᠵᠡᠷᠭᠡ ᠤᠷᠤᠯᠳᠤᠭᠠᠨ᠎ᠤ ᠨᠠᠷᠠᠲᠤ ᠲᠡᠮᠳᠡᠭ᠎ᠢ ᠦᠷᠭᠦᠯᠵᠢᠯᠡᠨ ᠲᠠᠰ ᠳᠡᠪᠱᠢᠭᠦᠯᠵᠦ᠍᠂ ᠪᠥᠬᠡ ᠪᠠᠷᠢᠯᠳᠤᠬᠤ᠂ ᠰᠤᠷ ᠬᠠᠷᠪᠤᠬᠤ᠂ ᠮᠣᠷᠢ ᠤᠷᠤᠯᠳᠤᠬᠤ ᠵᠡᠷᠭᠡ ᠤᠯᠠᠮᠵᠢᠯᠠᠯᠲᠤ ᠪᠡᠶ᠎ᠡ᠎ᠶ᠋ᠢᠨ ᠲᠠᠮᠢᠷ᠎ᠤᠨ ᠲᠥᠷᠥᠯ ᠵᠦᠶ᠋ᠯ᠎ᠢ ᠣᠲᠣ ᠦᠶ᠎ᠡ᠎ᠶ᠋ᠢᠨ ᠤᠷᠤᠯᠳᠤᠭᠠᠨ᠎ᠲᠡᠶ ᠬᠠᠷᠢᠯᠴᠠᠨ ᠤᠶᠠᠯᠳᠤᠭᠤᠯᠵᠤ᠂ ᠲᠠᠯ᠎ᠠ ᠨᠤᠲᠤᠭ᠎ᠤᠨ ᠪᠡᠶ᠎ᠡ᠎ᠶ᠋ᠢᠨ ᠲᠠᠮᠢᠷ᠎ᠤᠨ ᠰᠣᠶᠣᠯ᠎ᠢ ᠤᠯᠠᠮᠵᠢᠯᠠᠭ᠍ᠰᠠᠨ᠎ᠢᠶᠠᠷ ᠪᠠᠷᠠᠬᠤ ᠥᠬᠡᠶ᠂ ᠥᠪᠡᠷᠮᠢᠴᠡ ᠣᠨᠴᠠᠯᠢᠭ᠎ᠲᠠᠶ ᠤᠷᠤᠯᠳᠤᠭᠠᠨ ᠵᠢᠡᠷ ᠣᠷᠣᠨ ᠨᠤᠲᠤᠭ᠎ᠤᠨ ᠬᠡᠷᠡᠭ᠌ᠯᠡᠭᠡ᠎ᠶ᠋ᠢ ᠳᠠᠢᠴᠢᠯᠠᠬᠤ᠂ ᠣᠷᠣᠨ ᠪᠦᠰᠡ᠎ᠶ᠋ᠢᠨ ᠰᠣᠯᠢᠯᠴᠠᠭ᠎ᠠ᠎ᠶ᠋ᠢ ᠠᠬᠢᠭᠤᠯᠬᠤ ᠴᠢᠬᠤᠯᠠ ᠲᠠᠪᠴᠠᠩ ᠪᠣᠯᠭᠠᠵᠠᠶ᠃ ᠡᠭᠦᠨ᠎ᠦ ᠬᠠᠮᠲᠤ᠂ ᠦᠪᠦᠷ ᠮᠤᠨᠭᠭᠤᠯ ᠳᠡᠯᠡᠬᠡᠶ᠎ᠶ᠋ᠢᠨ ᠪᠠ ᠤᠯᠤᠰ᠎ᠤᠨ ᠳᠣᠲᠣᠭᠠᠳᠤ᠎ᠶ᠋ᠢᠨ ᠥᠨᠳᠥᠷ ᠬᠢᠷᠢ ᠲᠦᠪᠱᠢᠨ ᠪᠥᠬᠥᠶ ᠤᠷᠤᠯᠳᠤᠭᠠᠨ᠂ ᠠᠷᠪᠠᠨ ᠨᠢᠭᠡᠳᠦᠭᠡᠷ ᠬᠤᠭᠤᠴᠠᠭᠠᠨ᠎ᠤ ᠳᠤᠮᠳᠠᠳᠤ ᠣᠷᠣᠰ ᠮᠣᠩᠭᠣᠯ᠎ᠤᠨ ᠵᠠᠯᠠᠭᠤᠴᠤᠳ ᠪᠠᠭᠠᠴᠤᠳ᠎ᠤᠨ ᠪᠡᠶ᠎ᠡ᠎ᠶ᠋ᠢᠨ ᠲᠠᠮᠢᠷ᠎ᠤᠨ ᠴᠤᠭ᠍ᠯᠠᠭᠠᠨ᠂ ᠪᠥᠬᠥ᠌ ᠤᠯᠤᠰ᠎ᠤᠨ ᠬᠡᠢ᠎ᠳᠦ ᠠᠯᠠᠭᠠᠳᠠᠬᠤ ᠪᠥᠮᠪᠥᠭᠡ᠎ᠶ᠋ᠢᠨ ᠤᠷᠤᠯᠳᠤᠭᠠᠨ ᠵᠡᠷᠭᠡ ᠤᠷᠤᠯᠳᠤᠭᠠᠨ᠎ᠢ ᠢᠳᠡᠪᠬᠢᠲᠡᠶ ᠳᠠᠭᠠᠭᠠᠨ ᠡᠷᠭᠢᠯᠡᠵᠦ᠍᠂ ᠦᠪᠦᠷ ᠮᠤᠨᠭᠭᠤᠯ ᠤ᠋ᠨ ᠪᠡᠶ᠎ᠡ᠎ᠶ᠋ᠢᠨ ᠲᠠᠮᠢᠷ᠎ᠤᠨ ᠨᠥᠯᠥᠭᠡᠯᠡᠬᠦ᠌ ᠬᠦᠴᠦᠨ᠎ᠢ ᠳᠡᠭᠡᠭ᠌ᠰᠢᠯᠡᠭᠦᠯᠦᠭ᠌ᠰᠡᠨ᠎ᠢᠶᠡᠷ ᠪᠠᠷᠠᠬᠤ ᠥᠬᠡᠶ᠂ ᠨᠠᠩ ᠴᠤ᠌ ᠤᠷᠤᠯᠳᠤᠭᠠᠨ᠎ᠢᠶᠠᠷ ᠬᠦᠭᠦᠷᠭᠡ ᠬᠣᠯᠪᠣᠭᠠᠰᠤ ᠪᠣᠯᠭᠠᠨ᠂ ᠪᠡᠶ᠎ᠡ᠎ᠶ᠋ᠢᠨ ᠲᠠᠮᠢᠷ ᠬᠢᠭᠡᠳ ᠵᠢᠭᠤᠯᠴᠢᠯᠠᠯ᠂ ᠠᠷᠠᠯᠵᠢᠶ᠎ᠠ ᠬᠤᠳᠠᠯᠳᠤᠭᠠᠨ᠎ᠤ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠠᠵᠤ ᠦᠶ᠋ᠯᠡᠰ᠎ᠦᠨ ᠬᠥᠭ᠌ᠵᠢᠯᠲᠡ᠎ᠳᠦ ᠱᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃

ᠵᠠᠬ᠎ᠠ ᠲᠡᠯᠬᠡᠬᠦᠷ᠎ᠢ ᠬᠦᠭᠵᠢᠬᠦᠯᠦᠭᠰᠡᠨ ᠮᠥᠰᠥ᠍ ᠴᠠᠰᠤᠨ᠎ᠤ ᠪᠡᠶ᠎ᠡ᠎ᠶ᠋ᠢᠨ ᠲᠠᠮᠢᠷ
ᠦᠪᠦᠷ ᠮᠤᠨᠭᠭᠤᠯ ᠡᠯᠪᠡᠭ ᠪᠠᠶᠠᠯᠢᠭ ᠮᠦᠰᠦ ᠴᠠᠰᠤᠨ᠎ᠤ ᠠᠵᠢᠯᠯᠠᠭ᠎ᠠ᠎ᠵᠢ ᠤᠯᠠᠨᠲᠠ ᠢᠳᠡᠪᠬᠢᠲᠠᠢ ᠦᠷᠨᠢᠭᠦᠯᠵᠦ᠂ ᠤᠯᠠᠨ ᠲᠦᠮᠡᠨᠴᠢ ᠴᠢᠨᠠᠷᠲᠠᠢ ᠮᠦᠰᠦ ᠴᠠᠰᠤᠨ᠎ᠤ ᠬᠦᠳᠡᠯᠭᠡᠭᠡᠨ᠎ᠤ ᠬᠦᠭᠵᠢᠶᠡᠨᠳᠦ ᠠᠭᠤᠷ ᠠᠮᠢᠰᠬᠤᠯ ᠡᠳᠦᠷ ᠢᠷᠡᠭᠦᠶ᠎ᠡ ᠦᠳᠭᠡᠷᠡᠵᠦ ᠪᠤᠢ᠃ ᠣᠳᠣᠬᠠᠨ᠎ᠳᠤ ᠥᠪᠥᠷ ᠮᠣᠩᠭᠣᠯ᠎ᠤᠨ ᠮᠥᠰᠥ᠍ ᠴᠠᠰᠤᠨ᠎ᠤ ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ ᠶᠠᠭ ᠪᠠᠢᠯᠳᠤᠬᠤ ᠪᠣᠳᠣᠯᠭ᠎ᠠ᠎ᠶ᠋ᠢᠨ ᠠᠵᠠ ᠲᠣᠬᠢᠶᠠᠯᠳᠤ ᠬᠤᠭᠤᠴᠠᠭᠠᠨ᠎ᠳᠤ ᠣᠷᠣᠱᠢᠵᠤ᠂ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠮᠦᠰᠦ ᠴᠠᠰᠤᠨ᠎ᠤ ᠬᠦᠳᠡᠯᠭᠡᠭᠡᠨ᠎ᠤ ᠥᠷᠨᠢᠯᠲᠡ ᠦᠷᠭᠦᠯᠵᠢᠯᠡᠨ ᠨᠡᠮᠡᠭ᠌ᠳᠡᠵᠦ᠍᠂ ᠪᠡᠶ᠎ᠡ᠎ᠶ᠋ᠢᠨ ᠲᠠᠮᠢᠷ᠎ᠤᠨ ᠬᠡᠷᠡᠭ᠌ᠯᠡᠭᠡᠨ᠎ᠦ ᠵᠠᠬ᠎ᠠ ᠳᠡᠯᠭᠡᠭᠦᠷ᠎ᠦᠨ ᠳᠠᠯᠳᠠ ᠬᠦᠴᠦᠨ᠎ᠢ ᠪᠠᠳᠠᠷᠠᠭᠤᠯᠵᠦ ᠪᠤᠢ᠃ ᠥᠪᠥᠷ ᠮᠣᠩᠭᠣᠯ᠎ᠤᠨ ᠮᠥᠰᠥ᠍ ᠴᠠᠰᠤᠨ᠎ᠤ ᠠᠵᠤ ᠠᠬᠤᠶ᠎ᠶ᠋ᠢ ᠬᠥᠭ᠌ᠵᠢᠭᠦᠯᠬᠦ᠌᠎ᠨᠢ ᠡᠬᠢ ᠪᠠᠶᠠᠯᠢᠭ᠎ᠤᠨ ᠳᠠᠪᠠᠭᠤᠯᠢᠭ ᠲᠠᠶ ᠪᠥᠭᠡᠳ ᠲᠡᠦᠬᠡ᠎ᠶ᠋ᠢᠨ ᠤᠤᠷ ᠲᠤᠨᠤᠳᠠᠰᠤ᠎ᠲᠠᠶ ᠶᠤᠮ᠃ ᠦᠪᠦᠷ ᠮᠤᠨᠭᠭᠤᠯ ᠮᠥᠰᠥ᠍ ᠴᠠᠰᠤᠨ᠎ᠤ ᠲᠠᠮᠢᠷ᠎ᠤᠨ ᠬᠥᠳᠡᠯᠭᠡᠭᠡᠨ᠂ ᠮᠥᠰᠥ᠍ ᠴᠠᠰᠤᠨ᠎ᠤ ᠰᠣᠶᠣᠯ᠂ ᠮᠥᠰᠥ᠍ ᠴᠠᠰᠤᠨ᠎ᠤ ᠲᠤᠨᠤᠭ ᠲᠦᠭᠦᠭᠡᠷᠦᠮᠵᠢ᠂ ᠮᠥᠰᠥ᠍ ᠴᠠᠰᠤᠨ᠎ᠤ ᠵᠢᠭᠤᠯᠴᠢᠯᠠᠯ ᠵᠡᠷᠭᠡ᠎ᠲᠡᠶ ᠤᠶᠠᠯᠳᠤᠭᠤᠯᠤᠨ ᠪᠥᠬᠥ᠌ ᠠᠵᠤ ᠦᠶ᠋ᠯᠡᠰ᠎ᠦᠨ ᠬᠡᠯᠬᠢᠶ᠎ᠡ᠎ᠶ᠋ᠢᠨ ᠬᠥᠭ᠌ᠵᠢᠯᠲᠡ᠎ᠶ᠋ᠢ ᠠᠬᠢᠭᠤᠯᠵᠤ᠂ ᠨᠠᠩ ᠣᠯᠠᠨ ᠮᠥᠰᠥ᠍ ᠴᠠᠰᠤᠨ᠎ᠤ ᠡᠬᠢ ᠪᠠᠶᠠᠯᠢᠭ᠎ᠢ ᠠᠵᠤ ᠠᠬᠤᠶ᠎ᠶ᠋ᠢᠨ ᠨᠡᠮᠡᠭ᠌ᠳᠡᠯ ᠪᠣᠯᠭᠠᠨ ᠬᠤᠪᠢᠷᠠᠭᠤᠯᠵᠤ᠂ ᠥᠪᠥᠷ ᠮᠣᠩᠭᠣᠯ᠎ᠤᠨ ᠮᠥᠰᠥ᠍ ᠴᠠᠰᠤᠨ᠎ᠤ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠶ᠋ᠢᠨ ᠱᠢᠨ᠎ᠡ ᠪᠠᠢᠷᠢᠱᠢᠯ᠎ᠢ ᠴᠣᠭ᠍ᠴᠠᠯᠠᠪᠠ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶ᠋ᠢᠨ ᠲᠠᠮᠢᠷ᠎ᠤᠨ ᠹᠷᠣᠨᠲ᠎ᠤᠨ ᠬᠢᠨ ᠪᠦᠯᠬᠦᠮᠳᠡᠨ ᠲᠡᠮᠡᠴᠡᠵᠦ᠍᠂ ᠪᠡᠶ᠎ᠡ᠎ᠶ᠋ᠢᠨ ᠲᠠᠮᠢᠷ᠎ᠤᠨ ᠦᠢᠯᠡᠰ᠎ᠦᠨ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠰᠦᠪᠡᠭ᠌ᠴᠢᠯᠡᠯᠳᠡ᠂ ᠱᠢᠨ᠎ᠡ ᠠᠮᠵᠢᠯᠲᠠ᠂ ᠱᠢᠨ᠎ᠡ ᠦᠢᠯᠡᠳᠦᠯᠭᠡ᠎ᠶ᠋ᠢ ᠡᠷᠡᠰ ᠭᠤᠢᠪᠢᠰᠢ ᠦᠭᠡᠢ ᠠᠬᠢᠭᠤᠯᠵᠤ᠂ ᠪᠡᠶ᠎ᠡ᠎ᠶ᠋ᠢᠨ ᠲᠠᠮᠢᠷ᠎ᠤᠨ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠵᠦ᠍᠂ ᠪᠡᠶ᠎ᠡ᠎ᠶ᠋ᠢᠨ ᠲᠠᠮᠢᠷ᠎ᠤᠨ ᠬᠦᠴᠦᠷᠬᠡᠭ ᠣᠷᠣᠨ᠎ᠤ ᠪᠦᠳᠦᠭᠡᠨ ᠪᠠᠢᠭᠤᠯᠤᠯᠲᠠ᠎ᠶ᠋ᠢ ᠲᠦᠷᠭᠡᠳᠭᠡᠵᠦ᠍᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠴᠢᠷᠮᠠᠢᠨ ᠪᠢᠴᠢᠭ᠌ᠯᠡᠬᠦ᠌ ᠳᠤᠮᠳᠠ ᠪᠡᠶ᠎ᠡ᠎ᠶ᠋ᠢᠨ ᠲᠠᠮᠢᠷ᠎ᠤᠨ ᠱᠢᠨ᠎ᠡ ᠡᠭᠦᠷᠭᠡᠯᠡᠯ᠂ ᠱᠢᠨ᠎ᠡ ᠵᠢᠳᠬᠦᠯ ᠴᠢᠷᠮᠠᠢᠯᠭ᠎ᠠ᠎ᠶ᠋ᠢ ᠢᠯᠡᠷᠡᠭᠦᠯᠵᠦ ᠪᠤᠢ᠃



(ᠭᠡᠷᠡᠯ ᠵᠢᠷᠤᠭ᠎ᠦᠳ᠎ᠢ ᠰᠢᠡᠬᠤᠸᠠ ᠰᠦᠯᠵᠢᠶ᠎ᠡ ᠡᠴᠨ ᠠᠪᠤᠪᠠ)