ᠮᠡᠷᠭᠡᠵᠢᠯ᠎ᠤᠨ ᠬᠦᠴᠦᠨ᠎ᠳᠦ ᠲᠠᠮᠢᠷ᠎ᠤᠨ ᠦᠢᠯᠡᠰ᠎ᠨᠡᠩ ᠦᠷᠨᠢᠭᠦᠨ ᠬᠦᠭᠵᠢᠨ᠎ᠡ
2026-02-09 11:41:05
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠨᠢᠰᠬᠦ ᠮᠡᠳᠦ ᠬᠦᠭᠵᠢᠵᠦ ᠪᠠᠢᠭ᠎ᠠ ᠰᠢᠨ᠎ᠡ ᠡᠷᠡᠨ᠎ᠳᠦ ᠣᠶᠤᠨᠴᠢ ᠮᠡᠷᠭᠡᠵᠢᠯ᠎ᠨᠢ ᠪᠡᠶ᠎ᠡ᠎ᠶ᠋ᠢᠨ ᠲᠠᠮᠢᠷ᠎ᠤᠨ ᠦᠢᠯᠡᠰ᠎ᠦᠨ ᠬᠥᠭ᠌ᠵᠢᠯᠲᠡ᠎ᠶ᠋ᠢᠨ ᠡᠯ᠎ᠡ ᠲᠠᠯ᠎ᠠ᠎ᠳᠤ ᠭᠦᠨᠵᠡᠭᠡᠢ ᠠᠭᠤᠰᠤᠯᠴᠠᠵᠤ᠂ ᠪᠥᠬᠥ᠌ ᠣᠷᠣᠨ᠎ᠤ ᠪᠡᠶ᠎ᠡ᠎ᠶ᠋ᠢᠨ ᠲᠠᠮᠢᠷ᠎ᠤᠨ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠳᠦ ᠰᠢᠨ᠎ᠡ ᠬᠥᠳᠡᠯᠭᠡᠬᠦ᠌ ᠡᠨᠧᠷᠭᠢ ᠨᠡᠮᠡᠷᠢᠯᠡᠵᠦ ᠪᠤᠢ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠳᠥᠷᠪᠡᠳᠦᠭᠡᠷ ᠲᠠᠪᠤᠨ ᠵᠢᠯ〉 ᠤ᠋ᠨ ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠲᠥᠯᠥᠪᠵᠢᠭᠦᠯᠭᠡ》᠎ᠳ᠋ᠤ ᠣᠶᠤᠨᠴᠢ ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ᠎ᠢ ᠬᠥᠭ᠌ᠵᠢᠭᠦᠯᠬᠦ᠌᠎ᠶ᠋ᠢ ᠲᠥᠯᠥᠪᠵᠢᠭᠦᠯᠭᠡ᠎ᠶᠢᠨ ᠭᠤᠤᠯ ᠡᠭᠦᠷᠭᠡ᠎ᠶ᠋ᠢᠨ ᠨᠢᠭᠡ ᠪᠤᠯᠭᠠᠭᠰᠠᠨ ᠪᠠᠢᠨ᠎ᠠ᠃

ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠬᠦᠷᠢᠶᠡᠨ᠎ᠳᠡᠬᠢ ᠲᠣᠭᠠᠴᠢᠯᠠᠭ᠍ᠰᠠᠨ ᠬᠡᠯᠪᠡᠷᠢ᠎ᠪᠠᠨ ᠬᠤᠪᠢᠷᠠᠭᠤᠯᠬᠤ ᠨᠢ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ 《ᠡᠴᠦᠰ᠎ᠦᠨ ᠨᠢᠭᠡ ᠺᠢᠯᠣᠮᠧᠲ᠋ᠷ》 ᠢ᠋ ᠨᠡᠪᠳᠡᠷᠡᠭᠦᠯᠬᠦ ᠬᠦᠴᠢᠷ ᠠᠰᠠᠭᠤᠳᠠᠯ᠎ᠢ ᠱᠢᠶ᠋ᠳᠪᠦᠷᠢᠯᠡᠪᠡ᠃ ᠮᠠᠨ᠎ᠤ ᠣᠷᠣᠨ 2017 ᠣᠨ᠎ᠳᠤ ᠥᠪᠥᠷ ᠮᠣᠩᠭᠣᠯ᠎ᠤᠨ ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠣᠯᠠᠨ ᠨᠡᠢᠲᠡ᠎ᠶ᠋ᠢᠨ ᠦᠶ᠋ᠯᠡᠴᠢᠯᠡᠭᠡᠨ᠎ᠦ ᠲᠠᠪᠴᠠᠩ᠎ᠢ ᠪᠠᠢᠭᠤᠯᠵᠦ᠂ ᠲᠠᠰ ᠳᠡᠪᠱᠢᠭᠦᠯᠦᠨ ᠲᠡᠭᠦᠯᠳᠡᠷᠵᠢᠭᠦᠯᠬᠦ᠌᠎ᠪᠡᠷ ᠳᠡᠮᠵᠢᠨ᠂ ᠨᠢᠭᠡᠨᠲᠡ ᠲᠠᠯᠠᠪᠠᠶ ᠣᠷᠳᠣᠨ᠎ᠤ ᠵᠠᠬᠢᠶᠠᠯᠠᠭ᠎ᠠ᠂ ᠪᠡᠶ᠎ᠡ ᠴᠢᠭᠢᠷᠠᠭ᠍ᠵᠢᠭᠤᠯᠬᠤ ᠡᠯᠧᠺᠲ᠋ᠷᠣᠨ ᠭᠠᠵᠠᠷ᠎ᠤᠨ ᠵᠢᠷᠤᠭ᠂ ᠤᠷᠤᠯᠳᠤᠭᠠᠨ᠎ᠳᠦ ᠨᠡᠷ᠎ᠡ ᠮᠡᠳᠡᠭᠦᠯᠬᠦ᠌᠂ ᠱᠢᠨᠵᠢᠯᠡᠬᠦ᠌ ᠤᠬᠠᠭᠠᠨᠴᠢ᠎ᠪᠠᠷ ᠪᠡᠶ᠎ᠡ ᠴᠢᠭᠢᠷᠠᠭ᠍ᠵᠢᠭᠤᠯᠬᠤ ᠵᠢᠯᠣᠭᠣᠳᠣᠯᠭ᠎ᠠ᠎ᠶ᠋ᠢ ᠨᠢᠭᠡ ᠴᠣᠭ᠍ᠴᠠᠵᠢᠭᠤᠯᠤᠭ᠍ᠰᠠᠨ ᠨᠡᠢᠲᠡ᠎ᠶ᠋ᠢᠨ ᠠᠰᠠᠷᠠᠮᠵᠢ᠎ᠶ᠋ᠢᠨ ᠴᠢᠨᠠᠷᠲᠠᠶ 《ᠪᠡᠶ᠎ᠡ᠎ᠶ᠋ᠢᠨ ᠲᠠᠮᠢᠷ + ᠢᠨᠲ᠋ᠧᠷ ᠰᠦᠯᠵᠢᠶ᠎ᠡ》 ᠎ᠶ᠋ᠢᠨ ᠶᠡᠷᠦᠩᠬᠡᠢᠯᠡᠭ᠌ᠰᠡᠨ ᠲᠠᠪᠴᠠᠩ ᠪᠤᠯᠭᠠᠵᠦ᠂ 《ᠮᠥᠩᠬᠡ ᠰᠤᠪᠠᠭ》 APP ᠎ᠲᠠᠢ ᠵᠠᠯᠭᠠᠵᠤ ᠵᠠᠰᠠᠭ᠎ᠤᠨ ᠶᠠᠪᠤᠳᠠᠯ᠎ᠤᠨ ᠦᠶ᠋ᠯᠡᠴᠢᠯᠡᠭᠡᠨ᠎ᠦ ᠠᠭᠤᠰᠤᠯᠴᠠᠯ᠎ᠢ ᠪᠡᠶᠡᠯᠡᠭᠦᠯᠦᠭ᠌ᠰᠡᠨ᠎ᠢᠶᠡᠷ ᠪᠠᠷᠠᠬᠤ ᠥᠬᠡᠶ᠂ 171 ᠪᠡᠶ᠎ᠡ᠎ᠶ᠋ᠢᠨ ᠲᠠᠮᠢᠷ᠎ᠤᠨ ᠲᠠᠯᠠᠪᠠᠶ ᠣᠷᠳᠣᠨ᠎ᠤ ᠮᠡᠳᠡᠭᠡ ᠵᠠᠩᠭᠢ᠎ᠶ᠋ᠢ ᠴᠤᠭ᠍ᠯᠠᠭᠤᠯᠵᠤ᠂ ᠵᠢᠯ ᠳᠤᠮᠳᠠᠴᠢ᠎ᠪᠠᠷ ᠪᠡᠶ᠎ᠡ ᠴᠢᠭᠢᠷᠠᠭ᠍ᠵᠢᠭᠤᠯᠬᠤ ᠵᠠᠭᠤᠨ ᠲᠦᠮᠡᠨ ᠬᠥᠮᠦᠨ ᠤᠳᠠᠭ᠎ᠠ᠎ᠳᠦ ᠦᠶ᠋ᠯᠡᠴᠢᠯᠡᠭᠡ ᠬᠠᠩᠭᠠᠪᠠ᠃ ᠡᠭᠦᠨ᠎ᠦ ᠬᠠᠮᠲᠤ᠂ ᠮᠠᠨ᠎ᠤ ᠣᠷᠣᠨ ᠣᠯᠠᠨ ᠨᠡᠢᠲᠡ᠎ᠶ᠋ᠢᠨ ᠪᠡᠶ᠎ᠡ᠎ᠶ᠋ᠢᠨ ᠲᠠᠮᠢᠷ᠎ᠤᠨ ᠲᠠᠯᠠᠪᠠᠶ ᠣᠷᠳᠣᠨ᠎ᠤ ᠮᠡᠳᠡᠭᠡ ᠵᠠᠩᠭᠢᠵᠢᠯᠲᠠ᠎ᠶ᠋ᠢᠨ ᠥᠭᠡᠷᠡᠴᠢᠯᠡᠯᠲᠡ᠎ᠶ᠋ᠢ ᠦᠷᠭᠦᠯᠵᠢᠯᠡᠨ ᠠᠬᠢᠭᠤᠯᠵᠤ᠂ ᠪᠥᠬᠥ᠌ ᠣᠷᠣᠨ᠎ᠤ 130 ᠭᠠᠷᠤᠶ ᠲᠠᠯᠠᠪᠠᠶ ᠣᠷᠳᠣᠨ᠎ᠤ ᠲᠣᠭ᠎ᠠ ᠪᠠᠷᠢᠮᠲᠠ᠎ᠶ᠋ᠢ ᠴᠠᠭ ᠲᠤᠬᠠᠶ᠎ᠳᠤᠨᠢ ᠪᠦᠷᠢᠳᠭᠡᠬᠦ᠌᠎ᠶ᠋ᠢᠨ ᠬᠠᠮᠲᠤ᠂ ᠣᠯᠠᠨ ᠲᠦᠮᠡᠨ᠎ᠳᠦ ᠪᠡᠶ᠎ᠡ ᠴᠢᠭᠢᠷᠠᠭ᠍ᠵᠢᠭᠤᠯᠬᠤ ᠣᠨᠣᠴᠠᠲᠠᠶ ᠵᠢᠯᠣᠭᠣᠳᠣᠯᠭ᠎ᠠ᠎ᠬᠠᠨᠭᠭᠠᠬᠤ ᠶ᠋ᠢ ᠪᠡᠶᠡᠯᠡᠭᠦᠯᠪᠡ᠃

ᠪᠥᠬᠥ᠌ ᠠᠷᠠᠳ᠎ᠤᠨ ᠪᠡᠶ᠎ᠡ ᠴᠢᠭᠢᠷᠠᠭ᠍ᠵᠢᠭᠤᠯᠬᠤ ᠰᠦᠯᠵᠢᠶᠡᠨ  ᠳᠡᠭᠡᠷᠡᠬᠢ ᠪᠡᠶ᠎ᠡ᠎ᠶ᠋ᠢᠨ  ᠲᠠᠮᠢᠷ᠎ᠤᠨ ᠴᠤᠭ᠍ᠯᠠᠭᠠᠨ ᠨᠢ ᠪᠡᠶ᠎ᠡ᠎ᠶ᠋ᠢᠨ ᠲᠠᠮᠢᠷ᠎ᠤᠨ ᠪᠣᠯᠪᠠᠰᠤᠷᠠᠯ᠎ᠢ ᠴᠠᠭ ᠬᠤᠭᠤᠴᠠᠭ᠎ᠠ ᠪᠠ ᠣᠷᠣᠨ ᠵᠠᠶ᠎ᠶ᠋ᠢᠨ ᠬᠢᠵᠠᠭᠠᠷᠯᠠᠯ᠎ᠢ ᠡᠪᠳᠡᠵᠦ᠂ 《 ᠴᠠᠭ ᠢᠮᠠᠭ᠍ᠲᠠ ᠪᠡᠶ᠎ᠡ ᠴᠢᠭᠢᠷᠠᠭ᠍ᠵᠢᠭᠤᠯᠬᠤ᠂ ᠬᠥᠮᠦᠨ ᠪᠦᠬᠦᠨ ᠣᠷᠣᠯᠴᠠᠵᠤ ᠪᠣᠯᠬᠤ》 ᠶ᠋ᠢ ᠦᠨᠡᠨ ᠬᠦ᠌ ᠪᠡᠶᠡᠯᠡᠭᠦᠯᠪᠠ᠃ ᠰᠤᠷᠭᠠᠭᠤᠯᠢ᠎ᠶ᠋ᠢᠨ ᠬᠦᠷᠢᠶᠡᠨ᠎ᠦ ᠪᠡᠶ᠎ᠡ᠎ᠶ᠋ᠢᠨ ᠲᠠᠮᠢᠷ᠎ᠤᠨ ᠤᠶᠤᠨᠴᠢᠯᠠᠯᠲᠠ᠎ᠶ᠋ᠢ ᠳᠡᠰ ᠳᠡᠪᠱᠢᠭᠦᠯᠵᠦ᠍᠂ ᠮᠠᠨ᠎ᠤ ᠣᠷᠣᠨ ᠳᠤᠮᠳᠠᠳᠤ ᠪᠠᠭ᠎ᠠ ᠰᠤᠷᠭᠠᠭᠤᠯᠢ ᠶ᠋ᠢᠨ ᠰᠤᠷᠤᠭ᠍ᠴᠢᠳ᠎ᠤᠨ ᠡᠳᠦᠷ ᠪᠦᠷᠢ᠎ᠶ᠋ᠢᠨ 2 ᠴᠠᠭ᠎ᠤᠨ ᠶᠡᠷᠦᠩᠬᠡᠢᠯᠡᠭ᠌ᠰᠡᠨ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠢ ᠨᠠᠢᠳᠠᠪᠤᠷᠢᠵᠢᠭᠤᠯᠬᠤ᠎ᠪᠠᠷ ᠭᠠᠷᠳᠠᠴᠠ ᠪᠣᠯᠭᠠᠵᠤ᠂ ᠣᠶᠤᠨᠴᠢ ᠮᠡᠷᠭᠡᠵᠢᠯ᠎ᠢ ᠰᠤᠷᠭᠠᠭᠤᠯᠢ᠎ᠶ᠋ᠢᠨ ᠬᠦᠷᠢᠶᠡᠨ᠎ᠦ ᠪᠡᠶ᠎ᠡ᠎ᠶ᠋ᠢᠨ ᠲᠠᠮᠢᠷ᠎ᠤᠨ ᠵᠢᠭᠠᠨ ᠰᠤᠷᠭᠠᠯᠲᠠ᠎ᠶ᠋ᠢᠨ ᠪᠥᠬᠥ᠌ ᠶᠠᠪᠤᠴᠠ᠎ᠳᠤ ᠠᠭᠤᠰᠤᠯᠴᠠᠭᠤᠯᠪᠠ᠃ ᠤᠯᠠᠭᠠᠨᠬᠣᠲᠠ᠎ᠶ᠋ᠢᠨ ᠳᠣᠯᠣᠳᠤᠭᠠᠷ ᠳᠤᠮᠳᠠᠳᠤ ᠰᠤᠷᠭᠠᠭᠤᠯᠢ᠎ᠶ᠋ᠢᠨ 《AI ᠬᠥᠳᠡᠯᠭᠡᠭᠡᠨ᠎ᠤ ᠱᠢᠰᠲ᠋ᠧᠮ》 ᠎ᠨᠢ ᠰᠤᠷᠤᠭ᠍ᠴᠢᠳ᠎ᠤᠨ ᠳᠡᠭᠡᠰᠦ ᠦᠰᠦᠷᠬᠦ᠌ ᠬᠥᠳᠡᠯᠭᠡᠭᠡᠨ᠎ᠢ ᠣᠨᠣᠪᠴᠢᠲᠠᠶ ᠡᠵᠡᠮᠳᠡᠵᠦ᠍᠂ ᠲᠣᠭ᠎ᠠ᠂ ᠳᠠᠪᠲᠠᠮᠵᠢ᠂ ᠦᠨᠳᠦᠷᠴᠡ ᠵᠡᠷᠭᠡ ᠲᠣᠭ᠎ᠠ ᠪᠠᠷᠢᠮᠲᠠ᠎ᠶ᠋ᠢ ᠴᠠᠭ ᠲᠤᠬᠠᠶ᠎ᠳᠤᠨᠢ  ᠲᠡᠮᠳᠡᠭ᠌ᠯᠡᠬᠦ᠌᠎ᠶ᠋ᠢᠨ ᠬᠠᠮᠲᠤ᠂ ᠰᠤᠷᠤᠭ᠍ᠴᠢᠳ᠎ᠲᠤ ᠬᠥᠳᠡᠯᠭᠡᠭᠡᠨ᠎ᠦ ᠳᠤᠲᠠᠭᠤᠳᠠᠯ᠎ᠢ ᠲᠣᠳᠣᠷᠬᠠᠶ ᠡᠵᠡᠮᠱᠢᠭᠦᠯᠦᠨ᠎ᠠ; ᠪᠦᠬᠦ ᠣᠷᠣᠨ᠎ᠤ ᠡᠯ᠎ᠡ ᠳᠤᠮᠳᠠᠳᠤ ᠪᠠᠭ᠎ᠠ ᠰᠤᠷᠭᠠᠭᠤᠯᠢ ᠪᠠᠰᠠ ᠤᠶᠤᠨᠲᠤ ᠮᠡᠷᠭᠡᠵᠢᠯ᠎ᠢ ᠦᠨᠳᠦᠰᠦᠲᠡᠨ᠎ᠦ ᠤᠯᠠᠮᠵᠢᠯᠠᠯᠲᠤ  ᠪᠡᠶ᠎ᠡ᠎ᠶ᠋ᠢᠨ ᠲᠠᠮᠢᠷ᠂ ᠤᠨᠴᠠᠯᠢᠬ᠍ᠳᠤ ᠰᠤᠷᠭᠠᠭᠤᠯᠢ᠎ᠶ᠋ᠢᠨ ᠬᠢᠴᠢᠶᠡᠯ᠎ᠲᠡᠶ ᠠᠭᠤᠰᠤᠯᠴᠠᠭᠤᠯᠵᠤ᠂ ᠰᠤᠷᠤᠭ᠍ᠴᠢᠳ᠎ᠤᠨ ᠪᠡᠶ᠎ᠡ ᠮᠠᠬᠠᠪᠣᠳ᠎ᠤᠨ ᠬᠡᠪ ᠴᠢᠨᠠᠷ᠎ᠢ ᠳᠡᠭᠡᠭ᠌ᠰᠢᠯᠡᠭᠦᠯᠦᠭ᠌ᠰᠡᠨ᠎ᠢᠶᠡᠷ ᠪᠠᠷᠠᠬᠤ ᠦᠭᠡᠢ᠂ ᠨᠡᠩ ᠴᠤ᠌ ᠲᠡᠳᠡᠨ᠎ᠦ ᠪᠡᠶ᠎ᠡ᠎ᠶ᠋ᠢᠨ ᠲᠠᠮᠢᠷ᠎ᠤᠨ ᠬᠥᠳᠡᠯᠭᠡᠭᠡᠨ᠎ᠦ ᠳᠤᠷ᠎ᠠ ᠰᠣᠨᠢᠷᠬᠠᠯ᠎ᠢ ᠬᠥᠮᠦᠵᠢᠭᠦᠯᠬᠦ᠎ᠵᠢ ᠠᠬᠢᠭᠤᠯᠵᠦ ᠪᠤᠢ᠃

ᠦᠪᠦᠷ ᠮᠤᠨᠭᠭᠤᠯ ᠤᠶᠤᠨᠲᠤ ᠪᠡᠶ᠎ᠡ᠎ᠶ᠋ᠢᠨ ᠲᠠᠮᠢᠷ᠎ᠢᠶᠠᠷ ᠬᠣᠯᠪᠣᠭᠠᠰᠤ ᠪᠣᠯᠭᠠᠵᠤ᠂ ᠪᠡᠶ᠎ᠡ᠎ᠶ᠋ᠢᠨ ᠲᠠᠮᠢᠷ᠎ᠤᠨ ᠠᠵᠤ ᠦᠶ᠋ᠯᠡᠰ ᠬᠢᠭᠡᠳ ᠰᠣᠶᠣᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ ᠵᠡᠷᠭᠡ ᠵᠢᠨ ᠭᠦᠨᠵᠡᠭᠡᠶ ᠠᠭᠤᠰᠤᠯᠴᠠᠯ᠎ᠢ ᠠᠬᠢᠭᠤᠯᠵᠤ᠂ ᠲᠣᠮᠣ ᠳ᠋ᠠᠢᠲ᠋ᠠ᠎ᠳᠤ ᠲᠦᠱᠢᠭ᠌ᠯᠡᠨ ᠮᠥᠰᠥ᠍ ᠴᠠᠰᠤᠨ᠎ᠤ ᠬᠥᠳᠡᠯᠭᠡᠭᠡᠨ᠂ ᠮᠣᠷᠢᠨ ᠮᠡᠷᠭᠡᠵᠢᠯ᠎ᠦᠨ ᠬᠥᠳᠡᠯᠭᠡᠭᠡᠨ ᠵᠡᠷᠭᠡ ᠤᠨᠴᠠᠯᠢᠬ᠍ᠳᠤ ᠪᠡᠶ᠎ᠡ᠎ᠶ᠋ᠢᠨ ᠲᠠᠮᠢᠷ ᠵᠢᠭᠤᠯᠴᠢᠯᠠᠯ᠎ᠤᠨ ᠪᠦᠲᠦᠭᠡᠭ᠌ᠳᠡᠬᠦᠨ᠎ᠢ ᠣᠨᠣᠴᠠᠲᠠᠶ ᠡᠭᠦᠳᠴᠦ᠍᠂ ᠤᠷᠤᠯᠳᠤᠭᠠᠨ ᠬᠢᠭᠡᠳ ᠢᠳᠡᠭᠡᠨ ᠤᠮᠳᠠᠭᠠᠨ᠂ ᠬᠤᠳᠠᠯᠳᠤᠭ᠎ᠠ᠂ ᠵᠢᠭᠤᠯᠴᠢᠯᠠᠯ᠎ᠢ ᠠᠭᠤᠰᠤᠯᠴᠠᠭᠤᠯᠬᠤ ᠠᠷᠭ᠎ᠠ ᠵᠠᠮ᠎ᠢ ᠱᠢᠯᠢᠳᠡᠭ᠌ᠵᠢᠭᠦᠯᠵᠦ᠍᠂ 《ᠤᠷᠤᠯᠳᠤᠭᠠᠨ᠎ᠢ᠎ᠲᠠᠭᠠᠨ ᠵᠢᠭᠤᠯᠴᠢᠯᠠᠬᠤ》᠎ᠶ᠋ᠢ ᠦᠪᠤᠷ ᠮᠤᠩᠭᠤᠯ᠎ᠤᠨ ᠰᠣᠶᠣᠯ ᠪᠡᠶ᠎ᠡ᠎ᠶ᠋ᠢᠨ ᠲᠠᠮᠢᠷ ᠵᠢᠭᠤᠯᠴᠢᠯᠠᠯ᠎ᠤᠨ ᠠᠭᠤᠰᠤᠯᠴᠠᠯ᠎ᠤᠨ ᠱᠢᠨ᠎ᠡ ᠨᠡᠷ᠎ᠡ᠎ᠶ᠋ᠢᠨ ᠬᠠᠭᠤᠳᠠᠰᠤ ᠪᠤᠯᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号