— ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠬᠤ ᠲᠤᠬᠠᠶ ᠨᠢᠭᠡᠨᠲᠡ ᠥᠭᠦᠯᠡᠬᠦ᠌ ᠨᠢ
ᠬᠠᠪᠤᠷ ᠢᠷᠡᠵᠤ ᠱᠢᠨ᠎ᠡ ᠠᠶᠠᠨ᠎ᠢᠶᠠᠨ ᠡᠬᠢᠯᠡᠭᠦᠯᠵᠦ᠍᠂ ᠪᠦᠯᠬᠦᠮᠳᠡᠨ ᠲᠡᠮᠡᠴᠡᠵᠦ᠍ ᠢᠷᠡᠭᠡᠳᠦᠢ ᠵᠦᠭ ᠤᠷᠤᠭ᠍ᠰᠢᠯᠠᠨ᠎ᠠ᠃ ᠰᠠᠶᠢᠬᠠᠨ ᠲᠡᠭᠦᠰᠦᠭ᠌ᠰᠡᠨ 2026 ᠣᠨ᠎ᠤ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠳ᠋ᠤ 《ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠬᠤᠭᠤᠴᠠᠭᠠᠨ᠎ᠤ ᠬᠥᠭ᠌ᠵᠢᠯᠲᠡ᠎ᠶ᠋ᠢᠨ ᠠᠮᠵᠢᠯᠲᠠ ᠪᠦᠲᠦᠮᠵᠢ ᠪᠣᠯᠤᠨ 2025 ᠣᠨ᠎ᠤ ᠠᠵᠢᠯ ᠢ ᠳ᠋ᠦᠩᠨᠡᠨ ᠡᠷᠭᠢᠴᠡᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ 》 ᠤ᠋ᠨ ᠬᠤᠭᠤᠴᠠᠭᠠᠨ᠎ᠤ ᠭᠤᠤᠯ ᠬᠠᠷᠠᠯᠲᠠ ᠪᠣᠯᠤᠨ 2026 ᠣᠨ᠎ᠤ ᠭᠤᠤᠯᠳᠠᠯᠭ᠎ᠠ᠎ᠲᠠᠶ ᠠᠵᠢᠯ᠎ᠢ ᠱᠢᠨᠵᠢᠯᠡᠬᠦ᠌ ᠤᠬᠠᠭᠠᠨᠴᠢ᠎ᠪᠠᠷ ᠲᠥᠯᠥᠪᠵᠢᠭᠦᠯᠵᠦ᠍᠂ ᠬᠠᠮᠲᠤ᠎ᠶ᠋ᠢᠨ ᠲᠠᠨᠢᠯᠲᠠ᠎ᠶ᠋ᠢ ᠤᠯᠠᠮ ᠨᠢᠭ᠍ᠲᠠᠷᠠᠭᠤᠯᠤᠨ᠂ ᠴᠢᠭ᠌ᠯᠡᠯ᠎ᠢ ᠲᠣᠳᠣᠷᠬᠠᠶ ᠲᠣᠭ᠍ᠲᠠᠭᠠᠪᠠ᠃ ᠣᠷᠣᠨ ᠳᠠᠶᠠᠭᠠᠷ ᠵᠢᠡᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ᠎ᠪᠠᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠳᠡᠭᠡᠷ᠎ᠡ ᠨᠢᠭᠡᠳᠭᠡᠵᠦ᠍᠂ ᠤᠶᠤᠨ ᠤᠬᠠᠭᠠᠨ ᠪᠣᠯᠤᠨ ᠬᠦᠴᠦᠨ ᠴᠢᠳᠠᠯ᠎ᠢᠶᠠᠨ ᠡᠯ᠎ᠡ ᠵᠦᠢᠯ᠎ᠦᠨ ᠬᠠᠷᠠᠯᠲᠠ ᠡᠭᠦᠷᠭᠡ ᠳᠡᠭᠡᠷ᠎ᠡ ᠭᠦᠢᠴᠡᠳ ᠨᠢᠭ᠍ᠲᠠᠷᠠᠭᠤᠯᠵᠤ᠂ ᠨᠡᠩ ᠡᠷᠡᠰ ᠪᠠᠲᠤ ᠢᠲᠡᠭᠡᠯ᠂ ᠨᠡᠩ ᠴᠤᠭ ᠪᠠᠳᠠᠷᠠᠩᠭᠤᠢ ᠵᠣᠷᠢᠭ ᠰᠠᠨᠠᠭ᠎ᠠ᠎ᠪᠠᠷ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠳᠠ ᠵᠢᠨ ᠥᠪᠥᠷ ᠮᠣᠩᠭᠣᠯ᠎ᠤᠨ ᠱᠢᠨ᠎ᠡ ᠬᠠᠭᠤᠳᠠᠰᠤ᠎ᠶ᠋ᠢ ᠪᠢᠴᠢᠭ᠌ᠯᠡᠬᠦ᠌ ᠬᠡᠷᠡᠭ᠌ᠲᠡᠢ᠃
ᠦᠵᠡᠯ ᠰᠠᠨᠠᠭ᠎ᠠ ᠪᠣᠯ ᠦᠢᠯᠡ ᠠᠵᠢᠯᠯᠠᠭ᠎ᠠ᠎ᠶ᠋ᠢᠨ ᠤᠳᠤᠷᠢᠳᠤᠮᠵᠢ ᠮᠥᠨ᠂ ᠬᠠᠮᠲᠤ᠎ᠶ᠋ᠢᠨ ᠲᠠᠨᠢᠯᠲᠠ ᠪᠣᠯ ᠡᠷᠡᠮᠡᠭᠡᠢᠯᠡᠨ ᠤᠷᠤᠭ᠍ᠰᠢᠯᠠᠬᠤ᠎ᠶ᠋ᠢᠨ ᠰᠠᠭᠤᠷᠢ ᠮᠥᠨ᠃ 《 ᠠᠷᠪᠠᠨ ᠳᠥᠷᠪᠡᠳᠦᠭᠡᠷ ᠲᠠᠪᠤᠨ ᠵᠢᠯ 》 ᠤ᠋ᠨ ᠬᠤᠭᠤᠴᠠᠭᠠᠨ᠎ᠳᠤ᠂ ᠥᠪᠥᠷ ᠮᠣᠩᠭᠣᠯ ᠰᠢ ᠵᠢᠨ ᠫᠢᠩ ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠬᠤ ᠶ᠋ᠢ ᠪᠠᠷᠢᠮᠲᠠᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠵᠤ᠂ ᠰᠡᠳᠭᠢᠯ ᠨᠢᠭᠡᠳᠤᠨ ᠬᠦᠴᠦ᠍᠎ᠪᠡᠨ ᠬᠠᠮᠲᠤᠳᠭᠠᠵᠤ᠂ ᠦᠨᠡᠨ ᠬᠦ᠌ ᠠᠳᠭᠤᠨ ᠪᠣᠳᠠᠲᠠᠶ ᠠᠵᠢᠯᠯᠠᠵᠤ᠂ ᠡᠯ᠎ᠡ ᠵᠦᠶ᠋ᠯ᠎ᠦᠨ ᠠᠵᠢᠯ ᠦᠶ᠋ᠯᠡᠰ᠎ᠦᠨ ᠬᠥᠭ᠌ᠵᠢᠯᠲᠡ ᠱᠢᠨ᠎ᠡ ᠳᠡᠭ᠌ᠲᠡᠷ᠎ᠲᠦ ᠭᠠᠷᠪᠠ᠃ ᠡᠳᠡᠭᠡᠷ ᠠᠮᠵᠢᠯᠲᠠ ᠪᠦᠲᠦᠮᠵᠢ᠎ᠶ᠋ᠢ ᠣᠯᠤᠭ᠍ᠰᠠᠨ᠎ᠤ ᠦᠨᠳᠦᠰᠦ ᠨᠢ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠵᠢᠨ ᠠᠶᠠᠯᠠᠯ ᠢ᠋ ᠵᠢᠯᠣᠭᠣᠳᠴᠤ᠌ ᠵᠠᠯᠠᠭᠤᠷ᠎ᠢ ᠡᠵᠡᠮᠳᠡᠭ᠌ᠰᠡᠨ᠎ᠳᠦ ᠪᠠᠢᠨ᠎ᠠ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠢᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ ᠤᠨ ᠬᠣᠷᠢᠶ᠎ᠠ ᠡᠴᠡ ᠪᠦᠬᠦ᠌ ᠣᠷᠣᠨ᠎ᠤ ᠦᠨᠳᠦᠰᠦᠲᠡᠨ᠎ᠨᠦᠭᠦᠳ᠎ᠦᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠬᠠᠮᠲᠤ᠎ᠪᠠᠷ ᠲᠡᠮᠡᠴᠡᠭ᠌ᠰᠡᠨ᠎ᠦ ᠦᠷ᠎ᠡ ᠳ᠋ᠦᠩ ᠪᠣᠯᠤᠨ᠎ᠠ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭ᠎ᠠ ᠪᠣᠯ ᠥᠪᠥᠷ ᠮᠣᠩᠭᠣᠯ᠎ᠤᠨ ᠴᠢᠨᠠᠷ ᠰᠠᠢᠲᠠᠶ ᠬᠥᠭ᠌ᠵᠢᠯᠲᠡ ᠵᠢ ᠠᠬᠢᠭᠤᠯᠬᠤ᠂ ᠱᠢᠨ᠎ᠡ ᠵᠠᠮ᠎ᠢ ᠲᠦᠷᠭᠡᠨ ᠨᠡᠭᠡᠭᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠂ ᠠᠵᠠ ᠲᠣᠬᠢᠶᠠᠯ ᠬᠢᠭᠡᠳ ᠥᠷᠢᠰᠥᠯᠳᠦᠭᠡᠨ ᠵᠡᠷᠭᠡ ᠪᠡᠷ ᠣᠷᠣᠱᠢᠵᠤ᠂ ᠡᠭᠦᠷᠭᠡ ᠬᠠᠷᠢᠭᠤᠴᠠᠯᠭ᠎ᠠ ᠬᠦᠨᠳᠦ ᠪᠠᠢᠵᠤ᠂ ᠣᠷᠣᠨ ᠳᠠᠶᠠᠭᠠᠷ ᠵᠢᠡᠨ ᠦᠵᠡᠯ ᠰᠠᠨᠠᠭ᠎ᠠ᠎ᠪᠠᠨ ᠤᠯᠠᠮ ᠨᠢᠭᠡᠳᠭᠡᠨ᠂ ᠬᠠᠮᠲᠤ᠎ᠶ᠋ᠢᠨ ᠲᠠᠨᠢᠯᠲᠠ᠎ᠪᠠᠨ ᠨᠢᠭ᠍ᠲᠠᠷᠠᠭᠤᠯᠵᠤ᠂ ᠰᠡᠳᠭᠢᠯ ᠨᠢᠭᠡᠳᠤᠨ ᠬᠦᠴᠦ᠍᠎ᠪᠡᠨ ᠬᠠᠮᠳᠤᠳᠬᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠠᠬᠢᠴᠠ ᠳᠤᠮᠳᠠ ᠱᠢᠨ᠎ᠡ ᠠᠵᠠ ᠲᠣᠬᠢᠶᠠᠯ᠎ᠢ ᠠᠮᠵᠢᠨ ᠱᠢᠨ᠎ᠡ ᠵᠢᠳᠬᠦᠯ ᠴᠢᠷᠮᠠᠢᠯᠭ᠎ᠠ ᠭᠠᠷᠭᠠᠬᠤ ᠬᠡᠷᠡᠭ᠌ᠲᠡᠶ᠃
2026 ᠣᠨ ᠪᠣᠯ 《ᠠᠷᠪᠠᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ᠎ᠶ᠋ᠢᠨ ᠵᠢᠯ ᠮᠥᠨ᠂ ᠤᠷᠢᠳᠤᠬᠢ ᠵᠢ ᠵᠠᠯᠭᠠᠮᠵᠢᠯᠠᠨ ᠬᠤᠢᠰᠢᠬᠢ ᠵᠢ ᠰᠡᠨᠭᠭᠡᠷᠡᠬᠦᠯᠵᠤ᠂ ᠤᠷᠢᠳᠤᠬᠢ᠎ᠶ᠋ᠢ ᠵᠠᠯᠭᠠᠮᠵᠢᠯᠠᠨ ᠬᠤᠢᠰᠢᠬᠢ ᠳ᠋ᠤ ᠵᠠᠮ ᠨᠡᠭᠡᠭᠡᠬᠦ ᠵᠠᠩᠭᠢᠯᠠᠭ᠎ᠠ᠎ᠶ᠋ᠢᠨ ᠨᠢᠭᠡ ᠵᠢᠯ ᠮᠥᠨ᠃ ᠤᠴᠢᠷ ᠶᠠᠪᠤᠳᠠᠯ ᠢ᠋ ᠡᠬᠢᠯᠡᠬᠦᠯᠬᠦ ᠳ᠋ᠤ ᠡᠷᠬᠡᠪᠰᠢ ᠦᠷ᠎ᠠ ᠳ᠋ᠦᠩ ᠢ᠋ ᠨᠢ ᠪᠤᠳᠤᠯᠬᠢᠯᠠᠬᠤ ᠭᠡᠷᠡᠭᠳᠠᠢ᠂ ᠠᠮᠵᠢᠯᠳᠠ ᠪᠦᠳᠦᠮᠵᠢ ᠤᠯᠬᠤ ᠳ᠋ᠤ ᠡᠷᠬᠡᠪᠰᠢ ᠨᠠᠷᠢᠨ ᠬᠢᠨᠠᠮᠠᠭᠠᠢ ᠲᠦᠯᠦᠪᠵᠢᠬᠦᠯᠬᠦ ᠭᠡᠷᠡᠭᠳᠠᠢ᠃ ᠪᠥᠬᠥ᠌ ᠣᠷᠣᠨ᠎ᠤ ᠡᠯ᠎ᠡ ᠱᠠᠲᠤ ᠡᠯ᠎ᠡ ᠭᠠᠵᠠᠷ᠎ᠤᠨ᠎ᠬᠢᠨ ᠶᠡᠷᠦᠩᠬᠡᠶ ᠱᠦᠵᠢ ᠰᠢ ᠵᠢᠨ ᠫᠢᠩ᠎ᠦᠨ ᠥᠪᠥᠷ ᠮᠣᠩᠭᠣᠯ᠎ᠤᠨ ᠲᠤᠬᠠᠶ ᠱᠢᠷᠢᠰ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶ᠋ᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠨᠠᠩ ᠡᠷᠡᠰ ᠬᠦᠴᠦᠲᠡᠶ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《1571》ᠠᠵᠢᠯ᠎ᠤᠨ ᠪᠠᠢᠷᠢᠯᠠᠭᠤᠯᠤᠯᠲᠠ᠎ᠪᠠᠷ ᠵᠢᠯᠣᠭᠣᠳᠤᠮᠵᠢ ᠪᠣᠯᠭᠠᠬᠤ᠎ᠶ᠋ᠢ ᠪᠠᠷᠢᠮᠲᠠᠯᠠᠵᠤ᠂ ᠨᠢᠭᠡ ᠵᠢᠷᠤᠭ ᠲᠥᠰᠦᠪ᠎ᠢ ᠡᠴᠦᠰ᠎ᠲᠦᠨᠢ ᠲᠤᠯᠲᠠᠯ᠎ᠠ ᠵᠢᠷᠤᠭ᠍ᠯᠠᠵᠤ᠂ ᠴᠥᠬᠥᠷᠡᠰᠢ ᠥᠬᠡᠶ ᠤᠳᠠᠭᠠᠨ ᠲᠠᠭᠠᠭᠠᠮᠠᠭᠠᠢ ᠵᠢᠳᠬᠦᠨ ᠴᠢᠷᠮᠠᠢᠵᠤ᠂ ᠨᠢᠭᠡ ᠨᠢᠭᠡ ᠠᠯᠬᠤᠮ᠎ᠢᠶᠠᠷ ᠶᠡᠷᠦᠩᠬᠡᠶ ᠱᠦᠵᠢ᠎ᠶ᠋ᠢᠨ ᠴᠢᠬᠤᠯᠠ ᠵᠢᠭᠠᠪᠤᠷᠢ ᠱᠠᠭᠠᠷᠳᠠᠯᠭ᠎ᠠ ᠪᠣᠯᠤᠨ ᠨᠠᠮ᠎ᠤᠨ ᠲᠥᠪ ᠬᠣᠷᠢᠶ᠎ᠠ ᠵᠢᠨ ᠴᠢᠬᠤᠯᠠ ᠶᠡᠬᠡ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠥᠪᠥᠷ ᠮᠣᠩᠭᠣᠯ᠎ᠳᠤ ᠪᠣᠳᠠᠲᠠᠶ ᠨᠠᠢᠳᠠᠪᠤᠷᠢᠵᠢᠭᠤᠯᠬᠤ᠎ᠶ᠋ᠢ ᠠᠬᠢᠭᠤᠯᠵᠤ᠂ ᠯᠠᠪᠳᠠᠭᠤᠨ ᠪᠠᠲᠤᠲᠠᠶ ᠠᠵᠢᠯ ᠪᠣᠯᠤᠨ ᠰᠠᠢᠨ ᠰᠠᠢᠬᠠᠨ ᠦᠷ᠎ᠡ ᠪᠦᠲᠦᠮᠵᠢ᠎ᠪᠡᠷ 《ᠬᠣᠶᠠᠷ ᠢ ᠲᠣᠭ᠍ᠲᠠᠭᠠᠬᠰᠡᠨ》 ᠢ᠋ ᠡᠷᠡᠰ ᠬᠦᠷᠢᠶᠡᠯᠡᠵᠦ᠍᠂ 《ᠬᠣᠶᠠᠷ ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠬᠦ᠌ ᠬᠡᠷᠡᠭ᠌ᠲᠡᠶ᠃
ᠵᠠᠰᠠᠭ ᠪᠠᠷᠢᠬᠤ᠎ᠶ᠋ᠢᠨ ᠵᠠᠩᠭᠢᠯᠠᠭ᠎ᠠ ᠨᠢ ᠨᠠᠢᠳᠠᠪᠤᠷᠢᠵᠢᠭᠤᠯᠬᠤ᠎ᠳᠤ ᠪᠤᠢ; ᠨᠠᠢᠳᠠᠪᠤᠷᠢᠵᠢᠭᠤᠯᠬᠤ᠎ᠶ᠋ᠢᠨ ᠭᠣᠣᠯᠳᠠᠯᠭ᠎ᠠ ᠨᠢ ᠪᠣᠳᠠᠲᠤ ᠦᠷ᠎ᠡ ᠪᠦᠲᠦᠮᠵᠢᠤᠯᠬᠤ ᠳ᠋ᠸ᠋ ᠪᠤᠢ᠃ ᠥᠪᠡᠷᠲᠡᠭᠡᠨ ᠵᠠᠰᠠᠬᠤ ᠣᠷᠣᠨ ᠤ ᠬᠣᠶᠠᠷ ᠬᠤᠷᠠᠯ᠎ᠡᠴᠡ ᠵᠢᠷᠤᠭ᠍ᠯᠠᠭ᠍ᠰᠠᠨ ᠬᠥᠭ᠌ᠵᠢᠯᠲᠡ᠎ᠶ᠋ᠢᠨ ᠵᠢᠷᠤᠭ ᠲᠥᠯᠥᠪᠯᠡᠭᠡ ᠨᠢ ᠪᠦᠬᠦ᠌ ᠣᠷᠣᠨ ᠤ ᠦᠨᠳᠦᠰᠦᠲᠡᠨ᠎ᠨᠦᠭᠦᠳ᠎ᠦᠨ ᠠᠷᠠᠳ ᠲᠦᠮᠡᠨ᠎ᠦ ᠬᠠᠮᠲᠤ᠎ᠶ᠋ᠢᠨ ᠬᠦᠰᠡᠯ ᠡᠷᠡᠮᠡᠯᠵᠡᠯ ᠪᠣᠯᠤᠨ ᠰᠠᠢ᠌ᠨ ᠰᠠᠢᠬᠠᠨ ᠬᠦᠰᠡᠯ ᠡᠷᠡᠮᠡᠯᠵᠡᠯ᠎ᠢ ᠠᠴᠢᠶᠠᠯᠠᠵᠤ ᠪᠠᠢᠨ᠎ᠠ᠃ ᠬᠣᠶᠠᠷ ᠬᠤᠷᠠᠯ᠎ᠡᠴᠡ ᠲᠣᠳᠣᠷᠬᠠᠢᠯᠠᠭ᠍ᠰᠠᠨ ᠡᠯ᠎ᠡ ᠵᠦᠢᠯ᠎ᠦᠨ ᠭᠣᠣᠯᠳᠠᠯᠭ᠎ᠠ᠎ᠲᠠᠶ ᠡᠭᠦᠷᠭᠡ᠎ᠳᠦ ᠠᠩᠬᠠᠷᠤᠯ ᠢᠶᠠᠨ ᠲᠥᠪᠯᠡᠷᠡᠭᠦᠯᠵᠦ᠍᠂ ᠬᠠᠷᠠᠯᠲᠠ᠎ᠪᠠᠨ ᠵᠠᠳᠠᠯᠵᠤ᠂ ᠠᠷᠭ᠎ᠠ ᠬᠡᠮᠵᠢᠶ᠎ᠡ᠎ᠪᠡᠨ ᠨᠠᠷᠢᠯᠢᠬ᠍ᠵᠢᠭᠤᠯᠵᠤ᠂ ᠬᠠᠷᠢᠭᠤᠴᠠᠯᠭ᠎ᠠ ᠪᠠᠨ ᠪᠣᠳᠠᠲᠠᠢᠵᠢᠭᠤᠯᠵᠤ᠂ ᠡᠬᠢᠯᠠᠮᠡᠭᠴᠡ ᠳᠠᠷᠤᠢ ᠱᠢᠢᠳᠪᠦᠷᠢᠲᠦ ᠳᠠᠢᠯᠠᠯᠳᠤᠭᠠᠨ ᠬᠢᠵᠦ᠍᠂ ᠡᠬᠢᠯᠡᠮᠡᠭᠴᠡ ᠳᠠᠷᠤᠢ ᠱᠢᠪᠲᠤᠯᠤᠯᠲᠠ ᠬᠢᠬᠦ᠌ ᠡᠷᠡᠮᠡᠬᠡᠢᠯᠡᠨ ᠤᠷᠤᠭ᠍ᠰᠢᠯᠠᠬᠤ ᠳᠦᠷᠰᠦ ᠪᠠᠢᠳᠠᠯ᠎ᠢᠶᠠᠷ ᠬᠠᠷᠠᠯᠲᠠ᠎ᠪᠠᠨ ᠪᠠᠳᠤ ᠡᠵᠡᠮᠳᠡᠵᠤ᠂ ᠡᠭᠦᠷᠭᠡ ᠪᠡᠨ ᠴᠢᠩᠭ᠎ᠠ ᠠᠩᠬᠠᠷᠴᠤ᠌᠂ ᠦᠨᠡᠨ ᠬᠦ᠌ ᠠᠳᠭᠤᠨ ᠪᠣᠳᠠᠲᠠᠢ ᠠᠵᠢᠯᠯᠠᠵᠤ᠂ 《ᠵᠠᠮ ᠤᠨ ᠵᠢᠷᠤᠭ 》 ᠢ᠋ 《ᠪᠠᠷᠢᠯᠭ᠎ᠠ᠎ᠶ᠋ᠢᠨ ᠵᠢᠷᠤᠭ》 ᠪᠣᠯᠭᠠᠨ ᠬᠤᠪᠢᠷᠠᠭᠤᠯᠵᠤ᠂ ᠬᠦᠰᠡᠯ ᠡᠷᠡᠮᠡᠯᠵᠡᠯ᠎ᠢᠶᠡᠨ ᠪᠣᠳᠠᠲᠤ ᠠᠬᠤᠢ ᠪᠣᠯᠭᠠᠨ ᠬᠤᠪᠢᠷᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠰᠠᠢ᠌ᠨ ᠰᠠᠢᠬᠠᠨ ᠡᠬᠢᠯᠡᠯᠲᠡ᠎ᠶ᠋ᠢ ᠪᠡᠶᠡᠯᠡᠭᠦᠯᠬᠦ᠌᠎ᠳᠦ ᠪᠠᠲᠤ ᠰᠠᠭᠤᠷᠢ ᠲᠠᠯᠪᠢᠵᠤ᠂ ᠬᠦᠴᠦᠷᠬᠡᠭ ᠶᠡᠬᠡ ᠬᠥᠳᠡᠯᠭᠡᠬᠦ᠌ ᠡᠨᠧᠷᠭᠢ᠎ᠶ᠋ᠢ ᠬᠤᠷᠠᠮᠳᠤᠭᠤᠯᠬᠤ ᠬᠡᠷᠡᠭ᠌ᠲᠡᠢ᠃
ᠬᠦᠰᠡᠯ ᠵᠡᠭᠦᠳᠤᠨ᠎ᠳᠤ ᠲᠠᠮᠡᠦᠯᠬᠦ ᠵᠠᠮ ᠳ᠋ᠦ ᠬᠦᠴᠢᠷ ᠪᠡᠷᠭᠡᠰᠢᠶᠡᠯ᠎ᠢ ᠢᠯᠠᠨ ᠲᠠᠪᠠᠵᠤ ᠲᠤᠮᠤ ᠠᠯᠬᠤᠮ ᠵᠢᠡᠷ ᠤᠷᠤᠬᠰᠢᠯᠠᠨ᠎ᠠ᠃ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ ᠪᠢᠳᠡᠨ᠎ᠳᠦ ᠤᠷᠤᠭ᠍ᠰᠢᠯᠠᠯᠲᠠ᠎ᠶ᠋ᠢᠨ ᠪᠦᠷᠢᠶ᠎ᠡ᠎ᠶ᠋ᠢ ᠬᠠᠩᠭᠢᠨᠠᠭᠤᠯᠵᠤ᠂ ᠤᠷᠤᠭ᠍ᠰᠢᠯᠠᠬᠤ ᠵᠠᠮ ᠢ ᠲᠣᠳᠣᠷᠬᠠᠢᠯᠠᠵᠠᠢ᠂ ᠪᠢᠳᠡ ᠰᠡᠳᠭᠢᠯ᠎ᠨᠢᠭᠡᠳᠤᠨ ᠬᠦᠴᠦ᠍ ᠪᠡᠨ ᠬᠠᠮᠲᠤᠳᠭᠠᠵᠤ᠂ ᠪᠣᠳᠠᠲᠠᠢ ᠠᠵᠢᠯᠯᠠᠨ ᠪᠠᠲᠤᠲᠠᠢ ᠦᠢᠯᠡᠳᠦᠯᠭᠡᠵᠢᠭᠦᠯᠵᠦ᠍᠂ ᠬᠣᠶᠠᠷ ᠬᠤᠷᠠᠯ ᠤᠨ ᠡᠯ᠎ᠡ ᠵᠦᠢᠯ᠎ᠦᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ ᠶ᠋ᠢ ᠦᠨᠡᠨ ᠬᠦ᠌ ᠮᠠᠨ ᠤ ᠣᠷᠣᠨ᠎ᠤ ᠴᠢᠨᠠᠷ ᠰᠠᠢᠲᠠᠢ ᠬᠥᠭ᠌ᠵᠢᠯᠲᠡ᠎ᠶ᠋ᠢ ᠠᠬᠢᠭᠤᠯᠬᠤ ᠱᠢᠨ᠎ᠡ ᠦᠷ᠎ᠡ ᠪᠦᠲᠦᠮᠵᠢ ᠪᠣᠯᠭᠠᠨ ᠬᠤᠪᠢᠷᠠᠭᠤᠯᠵᠤ᠂ 《ᠠᠷᠪᠠᠨ ᠲᠠᠪᠤᠳᠤᠭᠠᠷ ᠲᠠᠪᠤᠨ ᠵᠢᠯ》 ᠢ᠋ ᠰᠠᠢᠳᠤᠷ ᠡᠬᠢᠯᠡᠬᠦᠯᠵᠤ᠂ ᠠᠨᠭᠬᠠᠨ ᠤ᠋ ᠠᠯᠬᠤᠮ ᠢ ᠰᠠᠢᠳᠤᠷ ᠠᠯᠬᠤᠬᠤ ᠵᠢ ᠪᠦᠬᠦ᠌ ᠬᠦᠴᠦᠨ᠎ᠢᠶᠡᠷ ᠵᠢᠡᠨ ᠦᠨᠡᠨ ᠬᠦ᠌ ᠪᠠᠲᠤᠯᠠᠵᠤ᠂ ᠪᠦᠬᠦ᠌ ᠤᠯᠤᠰ᠎ᠯᠤᠭ᠎ᠠ ᠬᠠᠮᠲᠤ ᠪᠠᠷ ᠨᠡᠢᠭᠡᠮ ᠵᠢᠷᠤᠮ᠎ᠤᠨ ᠣᠳᠣᠬᠢᠴᠢᠯᠠᠯᠲᠠ ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠶ᠋ᠢᠨ ᠲᠥᠯᠥᠭᠡ ᠬᠠᠮᠲᠤ᠎ᠪᠠᠷ ᠲᠡᠮᠡᠴᠡᠵᠡᠭᠡᠶ᠎ᠠ᠃