— ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ ᠤ᠋ᠨ ᠭᠡᠰᠡᠭ ᠦᠵᠡᠭᠳᠡᠯ
2 ᠰᠠᠷ᠎ᠠ᠎ᠶ᠋ᠢᠨ 7 ᠤ᠋ ᠦᠳᠡ᠎ᠶ᠋ᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ ᠡᠯ᠎ᠡ ᠵᠥᠪᠯᠡᠬᠦ᠌ ᠵᠦᠶ᠋ᠯ᠎ᠢᠶᠡᠨ ᠲᠡᠭᠦᠰ ᠠᠮᠵᠢᠯᠲᠠ᠎ᠲᠠᠶ ᠳᠠᠭᠤᠰᠭᠠᠵᠤ᠂ ᠥᠪᠥᠷ ᠮᠣᠩᠭᠣᠯ᠎ᠤᠨ ᠠᠷᠠᠳ᠎ᠤᠨ ᠬᠤᠷᠠᠯ᠎ᠤᠨ ᠲᠠᠩᠬᠢᠮ᠎ᠳᠤ ᠲᠡᠭᠦᠰᠪᠡ᠃
ᠬᠤᠷᠠᠯ᠎ᠤᠨ ᠬᠤᠭᠤᠴᠠᠭᠠᠨ᠎ᠳᠤ᠂ ᠭᠡᠱᠢᠭᠦᠳ ᠡᠯ᠎ᠡ ᠵᠦᠢᠯ᠎ᠦᠨ ᠢᠯᠡᠳᠭᠡᠯ ᠪᠠ ᠮᠡᠳᠡᠭᠦᠯᠦᠯᠲᠡ᠎ᠶ᠋ᠢ ᠨᠠᠷᠢᠨ ᠬᠢᠨᠠᠮᠠᠭᠠᠢ ᠬᠢᠨᠠᠨ ᠵᠥᠪᠯᠡᠵᠦ᠍ ᠶᠠᠷᠢᠯᠴᠠᠨ᠂ᠦᠪᠡᠷᠳᠡᠬᠡᠨ ᠵᠠᠰᠠᠬᠤ ᠤᠷᠤᠨ ᠤ᠋ ᠨᠠᠮ ᠤ᠋ᠨ ᠬᠤᠷᠢᠶ᠎ᠠ ᠵᠢᠨ 《1571》 ᠠᠵᠢᠯ᠎ᠤᠨ ᠪᠠᠢᠷᠢᠯᠠᠭᠤᠯᠤᠯᠲᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠲᠤᠱᠢᠶᠠᠯ ᠬᠠᠷᠢᠭᠤᠴᠠᠯᠭ᠎ᠠ᠎ᠪᠠᠨ ᠢᠳᠡᠪᠬᠢᠲᠡᠢ ᠭᠦᠢᠴᠡᠳᠭᠡᠨ᠂ ᠪᠣᠳᠠᠲᠠᠢ᠎ᠶ᠋ᠢ ᠡᠷᠬᠢᠮᠯᠡᠨ ᠵᠠᠰᠠᠭ᠎ᠤᠨ ᠶᠠᠪᠤᠳᠠᠯ᠎ᠢ ᠵᠥᠪᠯᠡᠵᠦ᠍᠂ ᠬᠠᠮᠲᠤ᠎ᠶ᠋ᠢᠨ ᠲᠠᠨᠢᠯᠲᠠ᠎ᠶ᠋ᠢ ᠥᠷᠭᠡᠨ᠎ᠢᠶᠡᠷ ᠨᠢᠭ᠍ᠲᠠᠷᠠᠭᠤᠯᠪᠠ᠃ ᠣᠯᠠᠨ᠎ᠢᠶᠠᠷ᠎ᠢᠶᠠᠨ᠂ ᠡᠨᠡ ᠪᠣᠯ ᠨᠢᠭᠡᠨ ᠤᠳᠠᠭ᠎ᠠ᠎ᠶ᠋ᠢᠨ ᠲᠣᠭ᠎ᠢᠶᠠᠨ ᠥᠨᠳᠥᠷ ᠮᠠᠨᠳᠤᠭᠤᠯᠵᠤ᠂ ᠦᠵᠡᠯ ᠰᠠᠨᠠᠭ᠎ᠠ᠎ᠪᠠᠨ ᠨᠢᠬᠡᠳᠬᠡᠵᠦ᠂ ᠪᠦᠯᠬᠦᠮᠳᠡᠯ ᠠᠷᠠᠳᠴᠢᠯᠠᠯ᠎ᠲᠠᠶ᠂ ᠬᠦᠴᠦᠨ ᠴᠢᠳᠠᠯ᠎ᠢᠶᠠᠨ ᠨᠢᠭ᠍ᠲᠠᠷᠠᠭᠤᠯᠤᠭ᠍ᠰᠠᠨ ᠶᠡᠬᠡ ᠬᠤᠷᠠᠯ ᠮᠥᠨ᠂ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ ᠪᠠ ᠤᠯᠤᠰ ᠲᠥᠷᠥ᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠬᠤᠷᠢᠶ᠎ᠠ ᠵᠢᠨ ᠠᠵᠢᠯ᠎ᠤᠨ ᠮᠡᠳᠡᠬᠦᠯᠦᠯᠳᠡ ᠨᠢ ᠴᠥᠮ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠦᠯᠦᠪᠵᠢᠬᠦᠯᠬᠡ ᠵᠢᠨ ᠡᠬᠢᠯᠡᠯᠲᠡ᠎ᠶ᠋ᠢᠨ ᠵᠠᠩᠭᠢᠯᠠᠭ᠎ᠠ᠎ᠶ᠋ᠢᠨ ᠴᠡᠭ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠎ᠶᠢᠨ 《1571》 ᠠᠵᠢᠯ᠎ᠤᠨ ᠪᠠᠢᠷᠢᠯᠠᠭᠤᠯᠤᠯᠲᠠ᠎ᠳᠤ ᠰᠠᠭᠤᠷᠢᠯᠠᠵᠤ᠂ ᠰᠡᠳᠭᠢᠯ᠎ᠢᠶᠡᠨ ᠨᠢᠭᠡᠳᠭᠡᠨ ᠬᠦᠴᠦ᠍᠎ᠪᠡᠨ ᠬᠠᠮᠲᠤᠳᠭᠠᠭ᠍ᠰᠠᠨ ᠡᠯᠪᠡᠭ ᠪᠠᠶᠠᠯᠢᠭ ᠦᠷ᠎ᠡ ᠪᠦᠲᠦᠭᠡᠯ᠎ᠢ ᠳ᠋ᠦᠩᠨᠡᠭ᠌ᠰᠡᠨ᠎ᠢᠶᠡᠷ ᠪᠠᠷᠠᠬᠤ ᠥᠬᠡᠶ᠂ ᠨᠠᠩ ᠴᠤ᠌ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠲᠠᠯ᠎ᠠ᠎ᠪᠠᠷ ᠠᠬᠢᠭᠤᠯᠬᠤ ᠠᠸ᠋ᠭ᠎ᠠ ᠲᠥᠰᠦᠪ᠎ᠢ ᠵᠢᠷᠤᠭ᠍ᠯᠠᠵᠤ᠂ ᠬᠥᠮᠦᠰ᠎ᠢ ᠲᠤᠢᠯ᠎ᠢᠶᠠᠷ ᠤᠷᠮᠠᠱᠢᠭᠤᠯᠤᠨ ᠵᠣᠷᠢᠭ᠍ᠵᠢᠭᠤᠯᠵᠠᠶ ᠬᠡᠵᠦ ᠦᠵᠡᠵᠡᠬᠡᠪᠡ᠃
2 ᠰᠠᠷ᠎ᠠ᠎ᠶ᠋ᠢᠨ 5 ᠤ᠋ ᠡᠳᠦᠷ᠎ᠦᠨ 12 ᠴᠠᠭ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠎ᠶ᠋ᠢᠨ ᠵᠥᠪᠯᠡᠯᠭᠡᠨ᠎ᠦ ᠠᠷᠪᠠᠨ ᠭᠤᠷᠪᠠᠳᠤᠭᠠᠷ ᠬᠤᠭᠤᠴᠠᠭᠠᠨ᠎ᠤ ᠬᠤᠷᠢᠶ᠎ᠠ ᠵᠢᠨ ᠳᠥᠷᠪᠡᠳᠦᠭᠡᠷ ᠬᠤᠷᠠᠯ ᠨᠡᠢᠲᠡ 1080 ᠬᠤᠪᠢ ᠰᠠᠨᠠᠯ ᠳᠤᠷᠠᠳᠤᠯᠭ᠎ᠠ᠎ᠶ᠋ᠢ ᠭᠥᠯᠢᠶᠡᠨ ᠠᠪᠴᠤ᠌ ᠂ ᠬᠢᠨᠠᠨ ᠪᠠᠢᠴᠠᠭᠠᠬᠤ᠎ᠪᠠᠷ ᠳᠡᠮᠵᠢᠨ 780 ᠬᠤᠪᠢ ᠰᠠᠨᠠᠯ ᠳᠤᠷᠠᠳᠤᠯᠭ᠎ᠠ᠎ᠶ᠋ᠢ ᠳᠡᠩᠰᠡᠯᠡᠵᠦ᠍᠂ 130 ᠬᠤᠪᠢ ᠵᠢ ᠨᠢ ᠨᠡᠢᠯᠡᠭᠦᠯᠵᠦ᠂ 170 ᠬᠤᠪᠢ ᠨᠡᠢᠭᠡᠮ᠎ᠦᠨ ᠪᠠᠢᠳᠠᠯ ᠠᠷᠠᠳ᠎ᠤᠨ ᠰᠠᠨᠠᠭ᠎ᠠ᠎ᠶ᠋ᠢᠨ ᠮᠡᠳᠡᠭᠡ ᠵᠠᠩᠭᠢ ᠵᠢ ᠱᠢᠯᠵᠢᠭᠦᠯᠪᠡ᠃

ᠠᠯᠠᠭ᠎ᠠ ᠲᠠᠰᠢᠵᠤ ᠪᠠᠳᠤᠯᠠᠨ᠎ᠠ

ᠳᠤᠭᠤᠢᠯᠠᠩ ᠬᠤᠪᠢᠶᠠᠨ ᠶᠠᠷᠢᠯᠴᠠᠨ᠎ᠠ

ᠰᠤᠷᠤᠯᠴᠠᠵᠤ ᠪᠤᠳᠤᠯ ᠰᠠᠨᠠᠯ ᠵᠢᠡᠨ ᠰᠤᠯᠢᠯᠴᠠᠨ᠎ᠠ

ᠬᠠᠯᠠᠭᠤᠨ ᠵᠢᠡᠷ ᠶᠠᠷᠢᠯᠴᠠᠨ᠎ᠠ

ᠪᠢᠯᠧᠲ ᠦᠭᠬᠦᠨ᠎ᠡ

ᠱᠢᠨ᠎ᠡ ᠠᠶᠠᠨ᠎ᠳᠠᠭᠠᠨ ᠮᠤᠷᠳᠠᠨ᠎ᠠ