2026 ᠦᠷᠨᠢᠭᠦᠨ ᠦᠭᠡᠳᠡᠯᠡᠬᠦ ᠦᠪᠦᠷ ᠮᠤᠩᠭᠤᠯ
2026-02-09 10:23:27
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆


eb332032-7f02-468e-88f1-2d9450e8d6d1.png


ᠨᠠᠢᠷᠠᠭᠤᠯᠤᠬᠴᠢ ᠵᠢᠨ ᠦᠭᠡ᠄

2 ᠰᠠᠷ᠎ᠠ ᠵᠢᠨ 7᠎ᠤ᠋ ᠡᠳᠦᠷ᠂ ᠡᠯ᠎ᠡ ᠵᠦᠢᠯ᠎ᠤᠨ ᠵᠦᠪᠯᠡᠬᠦ ᠵᠦᠢᠯᠡᠰ ᠵᠢᠡᠨ ᠲᠡᠬᠦᠰ ᠠᠮᠵᠢᠯᠳᠠ ᠲᠠᠢ ᠲᠠᠭᠤᠰᠬᠠᠭᠠᠳ᠂ ᠦᠪᠡᠷᠳᠡᠭᠡᠨ ᠵᠠᠰᠠᠬᠤ ᠤᠷᠤᠨ᠎ᠤ ᠬᠤᠶᠠᠷ ᠬᠤᠷᠠᠯ ᠠᠮᠵᠢᠯᠳᠠ ᠲᠠᠢ ᠦᠨᠳᠦᠷᠯᠡᠪᠡ᠃ ᠲᠦᠯᠦᠭᠡᠯᠡᠭᠴᠢᠳ ᠭᠡᠰᠢᠬᠦᠳ ᠡᠬᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠵᠦ᠂ ᠲᠡᠭᠡᠳᠤ ᠭᠡᠮᠵᠢᠶᠡᠨ᠎ᠤ ᠤᠯᠤᠰ ᠲᠦᠷᠦ ᠵᠢᠨ ᠬᠠᠷᠢᠭᠤᠴᠠᠯᠭᠠᠳᠤ ᠰᠡᠳᠬᠢᠯᠭᠡ ᠪᠠ ᠲᠡᠦᠭᠡ ᠵᠢᠨ ᠡᠭᠦᠷᠭᠡᠳᠤ ᠰᠡᠳᠬᠢᠯᠭᠡ ᠪᠡᠷ ᠭᠤᠤᠯᠳᠠᠯᠭ᠎ᠠ ᠵᠢ ᠠᠳᠬᠤᠵᠦ᠂ ᠦᠪᠦᠷ ᠮᠤᠩᠭᠤᠯ᠎ᠤᠨ ᠬᠦᠭᠵᠢᠯᠳᠡ ᠵᠢᠨ ᠶᠡᠭᠡ ᠶᠠᠪᠤᠳᠠᠯ᠎ᠢ ᠵᠦᠪᠯᠡᠵᠦ᠂ ᠦᠨᠡᠨ ᠦᠭᠡ ᠬᠡᠯᠡᠵᠦ᠂ ᠪᠤᠳᠠᠳᠠᠢ ᠠᠷᠭ᠎ᠠ ᠤᠬᠠᠭᠠᠨ ᠭᠠᠷᠭᠠᠵᠦ᠂ ᠰᠠᠨᠠᠯ ᠵᠦᠪᠯᠡᠯᠭᠡ ᠲᠡᠪᠰᠢᠬᠦᠯᠦᠨ᠂ ᠰᠠᠨᠠᠯ ᠲᠤᠷᠠᠳᠤᠯᠭ᠎ᠠ ᠭᠠᠷᠭᠠᠵᠦ᠂ ᠲᠡᠰᠪᠦᠷᠢ ᠬᠠᠳᠠᠭᠤᠵᠢᠯᠳᠠᠢ ᠪᠠᠷ ᠰᠢᠨ᠎ᠠ ᠵᠠᠮ᠎ᠢ ᠨᠡᠭᠡᠭᠡᠬᠦ᠂ ᠮᠤᠩᠭᠤᠯ ᠮᠤᠷᠢᠨ᠎ᠤ ᠵᠤᠷᠢᠭ ᠰᠠᠨᠠᠭ᠎ᠠ ᠪᠡᠷ ᠴᠤᠴᠠᠯᠳᠠ ᠦᠭᠡᠢ ᠤᠷᠤᠭᠰᠢᠯᠠᠬᠤ ᠰᠦᠷ ᠲᠠᠯᠠᠢᠴᠠᠳᠠᠢ ᠬᠦᠴᠦᠨ᠎ᠢ ᠨᠢᠭᠳᠠᠷᠠᠭᠤᠯᠪᠠ᠃

ᠬᠤᠶᠠᠷ ᠬᠤᠷᠠᠯ ᠤ᠋ᠨ ᠬᠤᠭᠤᠴᠠᠭᠠᠨ ᠳ᠋ᠤ᠂ ᠥᠪᠥᠷ ᠮᠣᠩᠭᠣᠯ᠎ᠤᠨ ᠡᠳᠦᠷ᠎ᠦᠨ ᠰᠣᠨᠢᠨ᠎ᠤ ᠮᠤᠩᠭᠤᠯ ᠪᠦᠷᠢᠨ ᠵᠠᠭᠤᠴᠢᠯᠠᠭᠤᠷ ᠨᠠᠷᠢᠯᠢᠬ ᠤᠬᠠᠭᠠᠯᠠᠨ ᠲᠦᠰᠦᠪᠯᠡᠵᠦ᠂ ᠮᠡᠳᠡᠭᠡᠯᠡᠯ᠎ᠤᠨ ᠪᠦᠯᠬᠦᠮ ᠪᠠᠢᠭᠤᠯᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ 《 1571 》 ᠠᠵᠢᠯ᠎ᠤᠨ ᠪᠠᠢᠷᠢᠯᠠᠭᠤᠯᠤᠯᠲᠠ ᠲᠠᠢ ᠨᠢᠭᠳᠠ ᠤᠶᠠᠯᠳᠤᠭᠤᠯᠵᠤ᠂ ᠦᠪᠦᠷ ᠮᠤᠩᠭᠤᠯ᠎ᠤᠨ ᠪᠦᠬᠦ ᠤᠯᠤᠰ ᠲᠦ᠍ ᠲᠦᠷᠦᠬᠦᠯᠡᠵᠦ ᠪᠠᠢᠭ᠎ᠠ ᠠᠷᠪᠠᠨ ᠬᠤᠶᠠᠷ ᠲᠦᠷᠦᠯ ᠵᠦᠢᠯ ᠵᠢᠡᠷ ᠰᠢᠵᠢᠮ ᠪᠤᠯᠭᠠᠨ 《ᠦᠷᠨᠢᠬᠦᠨ ᠦᠭᠡᠳᠡᠯᠡᠬᠦ ᠦᠪᠦᠷ ᠮᠤᠩᠭᠤᠯ》 ᠰᠢᠷᠢᠰ ᠰᠢᠨ᠎ᠡ ᠵᠠᠭᠤᠴᠢᠯᠠᠭᠤᠷ᠎ᠤᠨ ᠦᠢᠯᠡᠳᠬᠦᠨ ᠦᠢᠯᠡᠳᠴᠦ᠂ ᠲᠤᠮᠳᠠᠳᠤ ᠤᠯᠤᠰ᠎ᠤᠨ ᠮᠤᠩᠭᠤᠯ ᠬᠡᠯᠡᠨ ᠤ᠋ ᠰᠤᠨᠢᠨ ᠮᠡᠳᠡᠭᠡ ᠵᠢᠨ ᠰᠦᠯᠵᠢᠶ᠎ᠡ᠂ ᠬᠦᠯᠦᠭ ᠰᠢᠯᠵᠢᠢ᠎ᠡ ᠪᠠ ᠦᠪᠦᠷ ᠮᠤᠩᠭᠤᠯ᠎ᠤᠨ ᠡᠳᠦᠷ᠎ᠤᠨ ᠰᠤᠨᠢᠨ᠎ᠤ ᠮᠤᠩᠭᠤᠯ ᠵᠢᠷᠬᠢᠶ᠎ᠡ ᠵᠢᠨ ᠤᠯᠠᠨ ᠨᠡᠢᠳᠡ ᠵᠢᠨ ᠲᠠᠪᠴᠠᠩ ᠵᠡᠷᠭᠡ ᠰᠢᠨ᠎ᠠ ᠵᠠᠭᠤᠴᠢᠯᠠᠭᠤᠷ ᠲᠦ᠍ ᠨᠡᠢᠳᠡᠯᠡᠨ᠂ ᠤᠯᠠᠨ᠎ᠤ ᠠᠩᠬᠠᠷᠤᠯ᠎ᠳᠤ ᠬᠦᠷᠴᠦ᠂ ᠦᠪᠡᠷᠳᠡᠭᠡᠨ ᠵᠠᠰᠠᠬᠤ ᠤᠷᠤᠨ᠎ᠤ ᠬᠤᠶᠠᠷ ᠬᠤᠷᠠᠯ᠎ᠤᠨ ᠰᠤᠨᠢᠨ ᠮᠡᠳᠡᠭᠡ ᠵᠢ ᠴᠠᠭ ᠲᠤᠬᠠᠢ᠎ᠳᠤᠨᠢ ᠪᠦᠬᠦ ᠤᠷᠤᠨ᠎ᠤ ᠤᠯᠠᠨ ᠲᠦᠮᠡᠨ᠎ᠤ ᠬᠠᠷᠠᠭᠠᠨ᠎ᠳᠤ ᠬᠦᠷᠭᠡᠪᠡ᠃ ᠲᠤᠰ ᠳ᠋ᠤᠭᠠᠷ ᠲᠤ᠌ ᠲᠤᠰ ᠠᠷᠪᠠᠨ ᠬᠤᠶᠠᠷ ᠰᠢᠷᠢᠰ ᠰᠢᠨ᠎ᠡ ᠵᠠᠭᠤᠴᠢᠯᠠᠭᠤᠷ᠎ᠤᠨ ᠦᠢᠯᠡᠳᠬᠦᠨ ᠤ᠋ ᠭᠤᠤᠯ ᠠᠭᠤᠯᠭ᠎ᠠ ᠡᠴᠡ ᠰᠡᠢᠷᠡᠭᠦᠯᠦᠨ ᠲᠡᠯᠭᠡᠪᠡ᠂ ᠤᠩᠰᠢᠭᠴᠢᠳ ᠮᠠᠨᠢ ᠠᠮᠳᠠᠷᠬᠠᠨ ᠤᠩᠰᠢᠬᠤ ᠵᠢᠨ ᠬᠠᠮᠳᠤ ᠬᠠᠷᠠᠭᠠᠯᠵᠠᠭᠰᠠᠨ ᠬᠤᠶᠠᠷ ᠬᠡᠮᠵᠢᠯᠳᠤ ᠺᠤᠳ᠋ ᠢ᠋ ᠰᠢᠷᠪᠢᠵᠦ᠂ ᠰᠢᠨ᠎ᠠ ᠵᠠᠭᠤᠴᠢᠯᠠᠭᠤᠷ ᠡᠴᠡ ᠪᠦᠬᠦ ᠠᠭᠤᠯᠭ᠎ᠠ ᠵᠢ ᠰᠤᠨᠢᠷᠬᠠᠮᠦ!


ᠪᠦᠬᠦ ᠤᠯᠤᠰ ᠲᠦ᠍ ᠬᠠᠮᠤᠭ ᠡᠷᠳᠡ ᠪᠠᠢᠭᠤᠯᠤᠭᠳᠠᠭᠰᠠᠨ ᠦᠨᠳᠦᠰᠦᠳᠡᠨ ᠤ᠋ ᠤᠷᠤᠨ᠎ᠤ ᠦᠪᠡᠷᠳᠡᠬᠡᠨ ᠵᠠᠰᠠᠬᠤ ᠤᠷᠤᠨ ᠪᠤᠯᠤᠭᠰᠠᠨ᠎ᠤ ᠬᠤᠪᠢ᠎ᠳᠤ᠂ ᠦᠪᠦᠷ ᠮᠤᠩᠭᠤᠯ 《ᠵᠢᠱ᠌ᠢᠶᠡᠴᠢ ᠦᠪᠡᠷᠳᠡᠭᠡᠨ ᠵᠠᠰᠠᠬᠤ ᠤᠷᠤᠨ》 ᠤ᠋ ᠡᠷᠬᠢᠮ ᠲᠡᠭᠡᠳᠤ ᠢᠷᠠᠭᠤ ᠠᠯᠳᠠᠷ ᠵᠢᠡᠨ ᠪᠠᠳᠠᠷᠠᠭᠤᠯᠤᠭᠰᠠᠭᠠᠷ ᠢᠷᠡᠪᠡ᠃ ᠦᠪᠤᠷ ᠮᠤᠨᠭᠭᠤᠯ ᠵᠢᠱ᠌ᠢᠶᠡᠴᠢ ᠦᠪᠡᠷᠳᠡᠬᠡᠨ ᠵᠠᠰᠠᠬᠤ ᠤᠷᠤᠨ ᠢ᠋ ᠪᠦᠬᠦ ᠲᠠᠯ᠎ᠡ ᠪᠡᠷ ᠪᠦᠳᠦᠬᠡᠨ ᠪᠠᠢᠭᠤᠯᠬᠤ ᠲᠤᠬᠠᠢ 《ᠲᠤᠯᠤᠭᠠᠨ ᠲᠠᠯ᠎ᠠ ᠪᠡᠷ ᠵᠢᠱ᠌ᠢᠶᠡᠴᠢ ᠪᠤᠯᠬᠤ》 ᠠᠷᠭ᠎ᠠ ᠪᠤᠳᠤᠯᠭ᠎ᠠ ᠢ᠋ᠢ ᠲᠤᠷᠠᠳᠤᠨ ᠭᠠᠷᠭᠠᠵᠤ᠂ ᠤᠷᠤᠨ ᠲᠠᠶᠠᠭᠠᠷ ᠢ᠋ᠢᠡᠨ ᠰᠡᠳᠬᠢᠯ ᠨᠢᠬᠡᠳᠤᠨ ᠬᠦᠴᠦ ᠪᠡᠨ ᠬᠠᠮᠳᠤᠳᠬᠠᠨ᠂ ᠲᠤᠮᠳᠠᠳᠤ ᠵᠢᠨ ᠦᠨᠳᠦᠰᠦᠳᠡᠨ᠎ᠤ ᠬᠠᠮᠳᠤ ᠵᠢᠨ ᠴᠤᠭᠴᠠ ᠵᠢᠨ ᠤᠬᠠᠮᠰᠠᠷ᠎ᠢ ᠪᠠᠳᠤ ᠴᠤᠭᠴᠠᠯᠠᠨ᠂ ᠦᠵᠡᠰᠭᠦᠯᠡᠩᠳᠤ ᠰᠠᠢᠬᠠᠨ ᠦᠵᠡᠮᠵᠢ ᠵᠢᠨ ᠤᠷᠤᠨ ᠵᠢᠡᠨ ᠬᠠᠮᠳᠤ ᠪᠡᠷ ᠪᠦᠲᠦᠭᠡᠨ ᠪᠠᠢᠭᠤᠯᠵᠦ ᠪᠠᠢᠨ᠎ᠠ᠃


11 (2).png


11 (1).png

ᠡᠨᠧᠷᠭᠢ ᠪᠣᠯ ᠠᠵᠤ ᠦᠢᠯᠡᠳᠪᠦᠷᠢ᠎ᠶ᠋ᠢᠨ ᠠᠮᠤ ᠬᠦᠨᠡᠰᠦ᠂ ᠤᠯᠤᠰ ᠠᠷᠠᠳ᠎ᠤᠨ ᠠᠵᠤ ᠠᠬᠤᠢ᠎ᠶ᠋ᠢᠨ ᠠᠮᠢᠨ ᠰᠤᠳᠠᠰᠤ ᠮᠥᠨ᠃ ᠵᠢᠯ ᠲᠤᠮᠳᠠᠴᠢ ᠵᠢᠨ ᠨᠡᠬᠦᠷᠡᠰᠤᠨ᠎ᠤ ᠭᠠᠷᠤᠯᠳᠠ 12 ᠎ᠳ᠋ᠦᠡᠭᠰᠢᠭᠤᠷ ᠲᠤᠨ ᠡᠴᠡ ᠲᠡᠭᠡᠭᠰᠢ ᠪᠠᠢᠬᠤ ᠵᠢ ᠪᠠᠳᠤᠯᠠᠨ᠂ 29 ᠮᠤᠵᠢ ᠤᠷᠤᠨ᠎ᠳᠤ ᠪᠠᠳᠤᠯᠠᠨ ᠬᠠᠡᠭᠭᠠᠬᠰᠠᠨ ᠨᠡᠬᠦᠷᠡᠰᠤ ᠨᠡᠢᠳᠡ 35 ᠎ᠳ᠋ᠦᠡᠭᠰᠢᠭᠤᠷ ᠲᠤᠨ᠎ᠢ ᠲᠠᠪᠠᠵᠤ ᠂ ᠪᠦᠬᠦ ᠤᠯᠤᠰ ᠲᠸ᠋ ᠲᠦᠷᠤᠬᠦᠯᠡᠪᠡ; ᠴᠠᠬᠢᠯᠭᠠᠨ ᠬᠦᠴᠤᠨ᠎ᠤ ᠶᠡᠷᠤᠡᠭᠭᠡᠢ ᠮᠠᠰᠢᠨ ᠴᠤᠬᠴᠠᠯᠠᠪᠤᠷᠢ ᠵᠢᠨ ᠬᠡᠪᠴᠢᠶᠠᠵᠢᠯ 3.1 ᠎ᠳ᠋ᠦᠡᠭᠰᠢᠭᠤᠷ ᠺᠢᠯᠤᠸᠠᠲ᠂ ᠰᠢᠨ᠎ᠠ ᠡᠨ᠋ᠸᠷᠬᠢ ᠵᠢᠨ ᠮᠠᠰᠢᠨ ᠴᠤᠬᠴᠠᠯᠠᠪᠤᠷᠢ 1.7 ᠎ᠳ᠋ᠦᠡᠭᠰᠢᠭᠤᠷ ᠺᠢᠯᠤᠸᠠᠲ ᠪᠠᠢᠵᠤ᠂ ᠭᠠᠳᠠᠬᠰᠢ ᠬᠦᠷᠭᠡᠭᠰᠡᠨ ᠴᠠᠬᠢᠯᠭᠠᠨ ᠬᠦᠴᠤᠨ᠎ᠤ ᠬᠡᠮᠵᠢᠶ᠎ᠠ 21 ᠵᠢᠯ ᠲᠠᠷᠠᠭᠠᠯᠠᠨ ᠪᠦᠬᠦ ᠤᠯᠤᠰ ᠲᠸ᠋ ᠲᠦᠷᠤᠬᠦᠯᠡᠪᠡ᠃




ᠦᠪᠦᠷ ᠮᠤᠩᠭᠤᠯ᠎ᠤᠨ ᠦᠨᠢᠶᠡᠨ ᠰᠦ ᠵᠢᠨ ᠭᠠᠷᠤᠯᠳᠠ 7 ᠵᠢᠯ ᠲᠠᠷᠠᠭᠠᠯᠠᠨ ᠪᠦᠬᠦ ᠤᠯᠤᠰ ᠲᠦ᠍ ᠲᠦᠷᠦᠭᠦᠯᠡᠵᠦ᠂ ᠢᠯᠢ᠂ ᠮᠧᠩ ᠨᠢᠤ ᠬᠣᠶᠠᠷ ᠲᠣᠮᠣ ᠠᠵᠤ ᠠᠬᠤᠢᠯᠠᠯ᠎ᠤᠨ ᠴᠠᠭᠠᠨ ᠢᠳᠡᠭᠡᠨ᠎ᠦ ᠦᠢᠯᠡᠳᠭᠦᠨ ᠤ᠋ ᠭᠠᠷᠤᠯᠳᠠ ᠪᠥᠬᠥ᠌ ᠤᠯᠤᠰ᠎ᠤᠨ ᠵᠠᠬ᠎ᠠ ᠳᠡᠯᠭᠡᠭᠦᠷ᠎ᠤ᠋ᠨ 60% ᠣᠷᠴᠢᠮ᠎ᠢ ᠡᠵᠡᠯᠡᠵᠦ᠍ ᠪᠤᠢ᠃ 2024 ᠣᠨ᠎ᠳᠤ᠂ ᠥᠪᠥᠷ ᠮᠣᠩᠭᠣᠯ᠎ᠤᠨ ᠰᠠᠭᠠᠯᠢ᠎ᠶ᠋ᠢᠨ ᠦᠨᠢᠶ᠎ᠡ ᠵᠢᠨ ᠲᠤᠭ᠎ᠠ 163.1 ᠲᠦᠮᠡ ᠳ᠋ᠤ ᠬᠦᠷᠴᠦ᠂ ᠦᠨᠢᠶᠡᠨ ᠰᠦ ᠶ᠋ᠢᠨ ᠭᠠᠷᠤᠯᠲᠠ 776.7 ᠲᠦᠮᠡᠨ ᠲᠣᠨ᠎ᠳᠤ ᠬᠦᠷᠪᠡ; ᠬᠡᠪᠴᠢᠶᠡᠵᠢᠯ᠎ᠡᠴᠡ ᠳᠡᠭᠡᠭ᠌ᠰᠢᠬᠢ ᠴᠠᠭᠠᠨ ᠢᠳᠡᠭᠡᠨ᠎ᠦ ᠭᠠᠷᠤᠯᠲᠠ 461.9 ᠲᠦᠮᠡᠨ ᠲᠣᠨ᠎ᠳᠤ ᠬᠦᠷᠴᠦ᠍᠂ 3 ᠵᠢᠯ ᠳᠠᠷᠠᠭᠠᠯᠠᠨ ᠪᠥᠬᠥ᠌ ᠤᠯᠤᠰ᠎ᠲᠤ ᠲᠦᠷᠦᠬᠦᠯᠡᠪᠡ᠃



ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ ᠤ᠋ᠨ ᠰᠠᠭᠤᠷᠢᠨ ᠤ᠋ ᠪᠥᠲᠥᠭᠡᠨ ᠪᠠᠢᠭᠤᠯᠤᠯᠲᠠ᠎ᠳᠤ ᠬᠦᠴᠦᠨ ᠨᠡᠮᠡᠷᠢᠯᠡᠵᠦ᠍ ᠂ 2025 ᠤᠨ ᠳ᠋ᠤ ᠂ ᠦᠪᠦᠷ ᠮᠤᠩᠭᠤᠯ ᠤ᠋ᠨ ᠦᠬᠡᠷ᠎ᠦᠨ ᠮᠢᠬᠠᠨ᠎ᠤ ᠭᠠᠷᠤᠯᠲᠠ 101.7 ᠲᠦᠮᠡᠨ ᠲᠣᠨ᠎ᠳᠤ ᠬᠦᠷᠴᠦ᠍ ᠂ ᠠᠩᠬ᠎ᠠ ᠤᠳᠠᠭ᠎ᠠ 100 ᠲᠦᠮᠡᠨ ᠲᠣᠨ᠎ᠤ ᠪᠣᠭᠣᠮᠲᠠ᠎ᠶ᠋ᠢ ᠳᠠᠪᠠᠵᠤ᠂ ᠭᠠᠷᠤᠯᠲᠠ᠎ᠨᠢ ᠪᠥᠬᠥ᠌ ᠤᠯᠤᠰ ᠲᠤ᠌ ᠲᠦᠷᠦᠬᠦᠯᠡᠪᠡ᠃ ᠡᠨᠡ ᠨᠢ ᠮᠥᠨ ᠴᠦ᠍ ᠥᠪᠥᠷ ᠮᠣᠩᠭᠣᠯ᠎ᠤᠨ ᠦᠬᠡᠷ᠎ᠦᠨ ᠮᠢᠬᠠᠨ᠎ᠤ ᠭᠠᠷᠤᠯᠲᠠ 2020 ᠣᠨ᠎ᠠᠴᠠ ᠨᠠᠭᠠᠰᠢ ᠵᠢᠷᠭᠤᠭᠠᠨ ᠵᠢᠯ ᠳᠠᠷᠠᠭᠠᠯᠠᠨ ᠪᠥᠬᠥ᠌ ᠤᠯᠤᠰ᠎ᠲᠤ ᠲᠦᠷᠦᠬᠦᠯᠡᠵᠥ ᠪᠠᠢᠭ᠎ᠠ ᠶᠠᠪᠤᠳᠠᠯ ᠪᠤᠯᠤᠨ᠎ᠠ᠃ ᠮᠢᠬᠠᠨ ᠤ᠋ ᠦᠬᠡᠷ᠎ᠦᠨ ᠲᠣᠭ᠎ᠠ 873.4 ᠲᠦᠮᠡᠡ ᠲᠤᠯᠤᠭᠠᠢ ᠳ᠋ᠤ ᠬᠦᠷᠴᠤ ᠂ 594.7 ᠲᠦᠮᠡᠡ ᠦᠬᠡᠷ ᠬᠤᠳᠠᠯᠳᠤᠵᠤ ᠂ ᠠᠳᠠᠯᠢ ᠬᠤᠭᠤᠴᠠᠭᠠᠨ᠎ᠤ ᠬᠢ᠎ᠡᠴᠡ ᠲᠣᠰ ᠲᠣᠰ 12.7 %᠂ 12.8 % ᠪᠡᠷ ᠨᠡᠮᠡᠭ᠌ᠳᠡᠪᠡ᠃



ᠦᠪᠦᠷ ᠮᠤᠩᠭᠤᠯ ᠪᠤᠬᠢᠷᠳᠤᠯ ᠦᠬᠡᠢ ᠮᠠᠯ᠎ᠤᠨ ᠠᠱᠢᠭ ᠱᠢᠮ᠎ᠠ ᠲᠠᠷᠢᠶᠠᠯᠠᠩ᠎ᠤᠨ ᠪᠦᠳᠦᠭᠡᠭ᠌ᠳᠡᠭᠦᠨ᠎ᠢᠶᠡᠷ᠎ᠢᠶᠡᠨ ᠠᠯᠳᠠᠷᠱᠢᠨ᠂ ᠦᠪᠦᠷ ᠮᠤᠩᠭᠤᠯ ᠤ᠋ᠨ ᠨᠡᠷᠡᠳᠤ ᠲᠦᠷᠦᠯ ᠲᠡᠮᠳᠡᠭᠳᠤ ᠵᠢᠨ ᠪᠦᠳᠦᠭᠡᠭ᠌ᠳᠡᠭᠦᠨ ᠭᠡᠷᠡᠭ᠌ᠯᠡᠭ᠌ᠴᠢᠳ ᠲᠦ᠍ ᠲᠠᠭᠠᠱᠢᠶᠠᠬ᠍ᠳᠠᠵᠤ᠂ 973 ᠪᠦᠳᠦᠭᠡᠭ᠌ᠳᠡᠬᠦᠨ ᠪᠦᠬᠦ᠌ ᠤᠯᠤᠰ ᠤ᠋ᠨ ᠨᠡᠷᠡᠳᠤ ᠤᠨᠴᠠᠯᠢᠭ᠍ᠳᠤ ᠤᠬᠢ ᠱᠢᠨ᠎ᠡ ᠮᠠᠯ᠎ᠤᠨ ᠠᠱᠢᠭ ᠱᠢᠮ᠎ᠠ ᠲᠠᠷᠢᠶᠠᠯᠠᠨᠭ᠌ ᠤ᠋ᠨ ᠪᠦᠳᠦᠭᠡᠭ᠌ᠳᠡᠬᠦᠨ ᠢ᠋ᠢᠡᠷ ᠪᠦᠷᠢᠳᠭᠡᠭ᠌ᠳᠡᠵᠤ᠂ ᠪᠦᠳᠦᠭᠡᠭ᠌ᠳᠡᠬᠦᠨ ᠤ᠋ ᠶᠡᠷᠦᠨᠭ᠌ᠬᠡᠢ ᠲᠤᠭ᠎ᠠ ᠪᠡᠷ ᠪᠦᠬᠦ᠌ ᠤᠯᠤᠰ ᠲᠦ᠍ ᠲᠦᠷᠦᠬᠦᠯᠡᠵᠤ᠂ 《ᠦᠪᠤᠷ ᠮᠤᠨᠭᠭᠤᠯ ᠤ᠋ᠨ ᠦᠨᠤᠷ ᠠᠮᠳᠠ》 ᠤᠷᠤᠯᠠᠭᠤᠯᠵᠤ ᠪᠤᠯᠤᠰᠢ ᠦᠬᠡᠢ ᠤᠷᠤᠨ ᠪᠦᠰᠡ ᠢ᠋ᠢᠨ ᠲᠠᠪᠠᠭᠤᠯᠢᠭ᠂ ᠪᠤᠬᠢᠷᠳᠤᠯ ᠦᠭᠡᠢ ᠪᠠᠢᠭᠠᠯᠢᠯᠢᠬ ᠤᠨᠴᠠᠯᠢᠬ ᠵᠢᠡᠷ ᠵᠢᠡᠨ ᠤᠯᠤᠰ ᠲᠠᠶᠠᠭᠠᠷ ᠲᠤ᠌ ᠠᠯᠳᠠᠷᠱᠢᠯ᠎ᠡ᠃




ᠦᠪᠦᠷ ᠮᠤᠩᠭᠤᠯ 90% ᠭᠠᠷᠤᠢ ᠶ᠋ᠢᠨ ᠳᠤᠮᠳᠠᠳᠤ ᠮᠣᠩᠭᠣᠯ ᠤ᠋ᠨ ᠬᠠᠭᠤᠷᠠᠶ ᠵᠠᠮ ᠤ᠋ᠨ ᠲᠡᠭᠡᠭᠡᠪᠦᠷᠢ ᠪᠠ 65% ᠭᠠᠷᠤᠢ ᠶ᠋ᠢᠨ ᠳᠤᠮᠳᠠᠳᠤ ᠣᠷᠣᠰ ᠤ᠋ᠨ ᠬᠠᠭᠤᠷᠠᠶ ᠵᠠᠮ ᠤ᠋ᠨ ᠲᠡᠭᠡᠭᠡᠪᠦᠷᠢ ᠶ᠋ᠢᠨ ᠡᠭᠦᠷᠭᠡ ᠶ᠋ᠢ ᠡᠭᠦᠷᠭᠡᠯᠡᠵᠦ᠍᠂ ᠪᠥᠬᠥ᠌ ᠤᠯᠤᠰ ᠤ᠋ᠨ ᠬᠠᠭᠠᠰ ᠱᠢᠬᠠᠮ ᠳᠤᠮᠳᠠᠳᠤ ᠧᠦ᠋ᠷᠣᠫᠠ ᠶ᠋ᠢᠨ ᠵᠢᠱᠢᠶᠠᠨ ᠤ᠋ ᠭᠠᠯᠲᠤ ᠲᠡᠷᠭᠡ ᠥᠪᠥᠷ ᠮᠣᠩᠭᠣᠯ ᠶ᠋ᠢᠡᠷ ᠳᠠᠮᠵᠢᠨ ᠬᠢᠯᠢ ᠪᠡᠷ ᠤᠷᠤᠵᠤ ᠭᠠᠷᠤᠨ᠎ᠠ᠃ 2025 ᠣᠨ᠎ᠳᠤ ᠥᠪᠥᠷ ᠮᠣᠩᠭᠣᠯ᠎ᠤᠨ ᠬᠠᠭᠤᠷᠠᠢ ᠵᠠᠮ᠎ᠤᠨ ᠬᠢᠯᠢ ᠵᠢᠨ ᠪᠣᠭᠣᠮᠲᠠ᠎ᠶᠢᠨ ᠪᠠᠷᠠᠭᠠᠨ ᠤ᠋ ᠲᠡᠭᠡᠭᠡᠪᠦᠷᠢ᠎ᠶᠢᠨ ᠬᠡᠮᠵᠢᠶ᠎ᠡ 1.32 ᠳ᠋ᠦᠩᠰᠢᠭᠤᠷ ᠲᠣᠨ᠎ᠳᠤ ᠬᠦᠷᠴᠦ᠂ ᠪᠥᠬᠥ ᠤᠯᠤᠰ᠎ᠲᠤ ᠲᠦᠷᠦᠭᠦᠯᠡᠪᠡ᠃




《ᠠᠷᠪᠠᠨ ᠲᠦᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ᠎ᠳᠤ ᠦᠪᠦᠷ ᠮᠤᠩᠭᠤᠯ 1.23 ᠳ᠋ᠦᠩᠱᠢᠭᠤᠷ ᠮᠦ᠍ ᠠᠮᠢ ᠠᠬᠤᠢ ᠵᠢᠨ ᠪᠦᠲᠦᠭᠡᠨ ᠪᠠᠢᠭᠤᠯᠤᠯᠳᠠ ᠵᠢᠨ ᠡᠭᠦᠷᠭᠡ ᠵᠢ ᠪᠡᠶᠡᠯᠡᠬᠦᠯᠪᠡ᠃ ᠡᠯᠡᠰᠦᠷᠭᠡᠭᠵᠢᠯ᠎ᠢ ᠰᠡᠷᠭᠡᠢᠯᠡᠨ ᠡᠯᠡᠰᠦ ᠵᠢ ᠵᠠᠰᠠᠭᠰᠠᠨ ᠲᠠᠯᠠᠪᠠᠢ 6688 ᠲᠦᠮᠡᠨ ᠮᠦ᠍᠎ᠳᠤ ᠬᠦᠷᠴᠦ᠂ ᠤᠢ ᠰᠢᠭᠤᠢ ᠵᠢᠨ ᠪᠦᠷᠬᠦᠴᠡ ᠵᠢᠨ ᠨᠤᠷᠮ᠎ᠠ 22% ᠲᠦ᠍ ᠬᠦᠷᠴᠦ᠂ ᠨᠤᠲᠤᠭ ᠪᠡᠯᠴᠢᠭᠡᠷ᠎ᠤᠨ ᠶᠡᠷᠦᠩᠬᠡᠢᠯᠡᠭᠰᠡᠨ ᠤᠷᠭᠤᠮᠠᠯ᠎ᠤᠨ ᠬᠤᠴᠢᠯᠭ᠎ᠠ 45% ᠡᠴᠡ ᠲᠡᠭᠡᠭᠰᠢ᠎ᠳᠤ ᠲᠤᠭᠳᠠᠪᠤᠷᠢᠵᠢᠵᠦ᠂ ᠴᠦᠮ ᠪᠦᠬᠦ ᠤᠯᠤᠰ ᠲᠦ᠍ ᠲᠦᠷᠦᠬᠦᠯᠡᠪᠡ᠃



77.png


ᠦᠪᠦᠷ ᠮᠤᠩᠭᠤᠯ᠎ᠤᠨ ᠪᠦᠬᠦ ᠤᠷᠤᠨ ᠪᠦᠰᠡ᠂ ᠲᠦᠷᠪᠡᠨ ᠤᠯᠠᠷᠢᠯ᠂ ᠪᠦᠬᠦ ᠠᠵᠢᠯ ᠲᠦᠷᠦᠯ ᠤ᠋ᠨ ᠵᠢᠭᠤᠯᠴᠢᠯᠠᠯ ᠵᠢᠯ ᠡᠴᠡ ᠵᠢᠯ ᠬᠦᠭᠵᠢᠶᠡᠨᠳᠡᠢ ᠪᠤᠯᠵᠤ᠂ 2025 ᠤᠨ᠎ᠳᠤ᠂ ᠤᠯᠤᠰ᠎ᠤᠨ ᠲᠤᠳᠤᠭᠠᠳᠤ ᠵᠢᠨ ᠵᠢᠭᠤᠯᠴᠢᠯᠠᠬᠰᠠᠳ᠎ᠢ 3᠎ᠳ᠋ᠦᠡᠭᠰᠢᠭᠤᠷ ᠭᠠᠷᠤᠢ ᠬᠦᠮᠤᠨ ᠤᠳᠠᠭ᠎ᠠ ᠬᠦᠯᠢᠶᠠᠨ ᠠᠪᠴᠤ᠂ ᠵᠢᠭᠤᠯᠴᠢᠯᠠᠯ᠎ᠤᠨ ᠶᠡᠷᠤᠡᠭᠭᠡᠢ ᠤᠷᠤᠯᠭ᠎ᠠ 4500  ᠳ᠋ᠦᠡᠭᠰᠢᠭᠤᠷ ᠲᠦᠬᠦᠷᠢᠭ ᠲᠸ᠋ ᠬᠦᠷᠴᠤ᠂ ᠠᠳᠠᠯᠢ ᠬᠤᠭᠤᠴᠠᠭᠠᠨ᠎ᠤ ᠬᠢ ᠡᠴᠡ 8.93% ᠨᠡᠮᠡᠭᠳᠡᠪᠡ᠃




88.png


ᠳᠡᠯᠡᠬᠡᠶ᠎ᠶ᠋ᠢᠨ ᠢᠮᠠᠭᠠᠨ ᠨᠣᠤᠯᠤᠭᠤᠷ᠎ᠤᠨ ᠭᠠᠷᠤᠯᠳᠠ ᠵᠢᠨ 70% ᠨᠢ ᠳᠤᠮᠳᠠᠳᠤ ᠤᠯᠤᠰ᠎ᠲᠤ ᠪᠠᠢᠵᠤ᠂ ᠳᠤᠮᠳᠠᠳᠤ ᠤᠯᠤᠰ᠎ᠤᠨ ᠢᠮᠠᠭᠠᠨ ᠨᠣᠤᠯᠤᠭᠤᠷ᠎ᠤᠨ ᠭᠠᠷᠤᠯᠳᠠ ᠵᠢᠨ 70 % ᠨᠢ ᠥᠪᠥᠷ ᠮᠣᠩᠭᠣᠯ᠎ᠳᠤ ᠪᠤᠢ᠃ 2024 ᠣᠨ᠎ᠳᠤ ᠂ ᠥᠪᠥᠷ ᠮᠣᠩᠭᠣᠯ᠎ᠤᠨ ᠨᠣᠣᠯᠤᠭᠤᠷ᠎ᠤᠨ ᠢᠮᠠᠭ᠎ᠠ 1581 ᠲᠦᠮᠡᠨ ᠲᠣᠯᠣᠭᠠᠶ ᠳ᠋ᠤ ᠬᠦᠷᠴᠤ᠂ ᠢᠮᠠᠭᠠᠨ ᠨᠣᠤᠯᠤᠭᠤᠷ᠎ᠤᠨ ᠭᠠᠷᠤᠯᠲᠠ 6945 ᠲᠣᠨ᠎ᠳᠤ ᠬᠦᠷᠴᠦ᠍᠂ ᠪᠥᠬᠥ᠌ ᠤᠯᠤᠰ᠎ᠤᠨ 1 / 3᠎ᠶ᠋ᠢ ᠡᠵᠡᠯᠡᠵᠦ᠂ ᠪᠦᠬᠦ᠌ ᠠᠵᠤ ᠦᠢᠯᠡᠰ᠎ᠦᠨ ᠬᠡᠯᠬᠢᠶ᠎ᠡ᠎ᠶ᠋ᠢᠨ ᠦᠢᠯᠡᠳᠬᠦᠨ᠎ᠦ ᠥᠷᠲᠡᠭ 180 ᠳ᠋ᠦᠩᠱᠢᠭᠤᠷ ᠲᠥᠭᠥᠷᠢᠭ᠎ᠢ ᠳᠠᠪᠠᠪᠠ᠃




ᠦᠪᠦᠷ ᠮᠤᠩᠭᠤᠯ᠎ᠳᠤ ᠵᠢᠭᠤᠯᠴᠢᠯᠠᠭᠰᠠᠳ᠎ᠤᠨ ᠬᠠᠮᠳᠤ ᠵᠢᠨ ᠨᠢᠭᠡᠨ ᠬᠠᠷᠠᠯᠳᠠ ᠪᠤᠯ ᠲᠠᠯ᠎ᠠ ᠨᠤᠲᠤᠭ ᠲᠦ᠍ ᠵᠢᠭᠤᠯᠴᠢᠯᠠᠬᠤ ᠶᠠᠪᠤᠳᠠᠯ ᠪᠤᠯᠤᠨ᠎ᠠ᠃ ᠦᠪᠦᠷ ᠮᠤᠩᠭᠤᠯ᠎ᠳᠤ 13.2᠎ᠳ᠋ᠦᠩᠰᠢᠭᠤᠷ ᠮᠦ᠍ ᠪᠠᠢᠭᠠᠯᠢᠯᠢᠬ ᠨᠤᠲᠤᠭ ᠪᠡᠯᠴᠢᠭᠡᠷ ᠲᠠᠢ᠂ ᠪᠦᠬᠦ ᠤᠯᠤᠰ᠎ᠤᠨ ᠪᠠᠢᠭᠠᠯᠢᠯᠢᠬ ᠨᠤᠲᠤᠭ ᠪᠡᠯᠴᠢᠭᠡᠷ᠎ᠤᠨ ᠶᠡᠷᠦᠩᠬᠡᠢ ᠲᠠᠯᠠᠪᠠᠢ ᠵᠢᠨ ᠲᠦᠷᠪᠡᠨ᠎ᠤ ᠨᠢᠭᠡ ᠵᠢ ᠡᠵᠡᠯᠡᠵᠦ᠂ ᠪᠦᠬᠦ ᠤᠯᠤᠰ ᠲᠦ᠍ ᠲᠦᠷᠦᠬᠦᠯᠡᠳᠡᠭ᠃ ᠲᠡᠯᠡᠬᠡᠢ ᠵᠢᠨ ᠲᠦᠷᠪᠡᠳᠦᠭᠡᠷ ᠲᠤᠮᠤ ᠲᠠᠯ᠎ᠠ ᠨᠤᠲᠤᠭ ᠪᠤᠯᠤᠭᠰᠠᠨ ᠬᠦᠯᠦᠨ ᠪᠤᠢᠷ 《ᠲᠡᠯᠡᠬᠡᠢ ᠵᠢᠨ ᠪᠦᠮᠪᠦᠷᠴᠡᠭ ᠲᠡᠭᠡᠷᠡᠬᠢ ᠬᠠᠮᠤᠭ᠎ᠤᠨ ᠰᠠᠢᠬᠠᠨ ᠲᠠᠯ᠎ᠠ ᠨᠤᠲᠤᠭ》 ᠭᠡᠬᠦ ᠠᠯᠳᠠᠷ ᠳᠠᠢ᠃




ᠪᠤᠭᠤᠲᠤ ᠬᠣᠲᠠ ᠵᠢᠨ ᠪᠠᠶᠠᠠᠠᠤᠪᠤᠭ᠎ᠠ ᠠᠭᠤᠷᠬᠠᠶ ᠪᠣᠯ ᠪᠥᠬᠥ᠌ ᠲᠡᠯᠡᠬᠡᠢ ᠵᠢᠨ ᠬᠠᠳᠠᠭᠠᠯᠠᠭᠳᠠᠴᠡ᠎ᠪᠠᠷ ᠬᠠᠮᠤᠭ ᠤ᠋ᠨ ᠶᠡᠬᠡ ᠬᠣᠪᠣᠷ ᠰᠢᠷᠤᠢ ᠵᠢᠨ ᠠᠭᠤᠷᠬᠠᠶ ᠪᠠᠢᠵᠤ᠂ ᠪᠤᠭᠤᠳᠤ ᠬᠤᠳᠠ 《ᠲᠡᠯᠡᠬᠡᠢ ᠢ᠋ᠢᠨ ᠬᠤᠪᠤᠷ ᠰᠢᠷᠤᠢ ᠢ᠋ᠢᠨ ᠬᠤᠳᠠ》 ᠬᠡᠰᠡᠨ ᠰᠠᠢᠬᠠᠨ ᠠᠯᠳᠠᠷ ᠲᠠᠢ᠃ ᠦᠪᠤᠷ ᠮᠤᠨᠭᠭᠤᠯ ᠬᠤᠪᠤᠷ ᠰᠢᠷᠤᠢ ᠢ᠋ᠢᠨ ᠡᠬᠢ ᠪᠠᠶᠠᠯᠢᠭ ᠲᠠᠭᠠᠨ ᠰᠠᠭᠤᠷᠢᠯᠠᠨ᠂ 《ᠬᠤᠪᠤᠷ ᠰᠢᠷᠤᠢ ᠢ᠋ᠢᠨ ᠬᠤᠶᠠᠷ ᠰᠠᠭᠤᠷᠢᠨ》 ᠤ᠋ ᠪᠦᠳᠦᠭᠡᠨ ᠪᠠᠢᠭᠤᠯᠤᠯᠳᠡ ᠢ᠋ᠢ ᠠᠬᠢᠭᠤᠯᠵᠤ᠂ 《ᠠᠷᠪᠠᠨ ᠲᠦᠷᠪᠡᠳᠤᠬᠡᠷ ᠲᠠᠪᠤᠨ ᠵᠢᠯ》 ᠤ᠋ᠨ ᠬᠤᠭᠤᠴᠠᠭᠠᠨ ᠳ᠋ᠤ᠌᠂ 《ᠬᠤᠪᠤᠷ ᠰᠢᠷᠤᠢ ᠢ᠋ᠢᠨ ᠬᠤᠶᠠᠷ ᠰᠠᠭᠤᠷᠢᠨ》 ᠠᠨᠭᠬ᠎ᠠ ᠬᠡᠪᠴᠢᠶᠡᠵᠢᠵᠤ᠂ ᠲᠡᠮᠤᠷᠯᠢᠭ᠌ ᠬᠠᠢᠯᠤᠭᠤᠯᠵᠤ ᠪᠤᠯᠪᠠᠰᠤᠷᠠᠭᠤᠯᠬᠤ ᠴᠢᠳᠠᠪᠤᠷᠢ ᠪᠠ ᠤᠷ᠎ᠡ ᠮᠡᠷᠬᠡᠰᠢᠯ ᠤ᠋ᠨ ᠲᠦᠪᠰᠢᠨ ᠢ᠋ᠢᠡᠷ ᠢ᠋ᠢᠡᠨ ᠲᠡᠯᠡᠬᠡᠢ ᠳ᠋ᠤ᠌ ᠲᠦᠷᠦᠬᠦᠯᠡᠪᠡ᠃




ᠥᠪᠦᠷ ᠮᠤᠩᠭᠤᠯ ᠳ᠋ᠦ ᠪᠠᠢᠭᠠᠯᠢ ᠵᠢᠨ ᠰᠢᠲᠠᠮᠠᠬᠠᠢ ᠭᠡᠢ ᠵᠢᠨ ᠡᠬᠢ ᠪᠠᠶᠠᠯᠢᠭ ᠡᠯᠪᠡᠭ ᠪᠠᠢᠵᠦ᠂ ᠬᠠᠢᠨ ᠳᠤᠳᠤᠯᠠᠭᠰᠠᠨ ᠬᠠᠳᠠᠭᠠᠯᠠᠭᠳᠠᠴᠠ ᠨᠢ ᠪᠠᠷᠤᠭ ᠪᠦᠬᠦ ᠤᠯᠤᠰ᠎ᠤᠨ 1 / 3 ᠵᠢ ᠡᠵᠡᠯᠡᠵᠦ ᠪᠠᠢᠨ᠎ᠠ᠃ ᠥᠪᠦᠷ ᠮᠤᠩᠭᠤᠯ 《ᠪᠠᠷᠠᠭᠤᠨᠳᠠᠬᠢ ᠬᠡᠢ ᠵᠢ ᠵᠡᠬᠦᠨᠰᠢ ᠬᠦᠷᠭᠡᠬᠦ》 ᠱᠤᠭᠤᠮ᠎ᠤᠨ ᠭᠤᠤᠯ ᠭᠠᠷᠤᠯᠲᠠ ᠵᠢᠨ ᠤᠷᠤᠨ᠎ᠤ ᠨᠢᠭᠡ ᠪᠠᠢᠵᠦ᠂ ᠤᠯᠤᠰ᠎ᠤᠨ ᠡᠨ᠋ᠸᠷᠬᠢ ᠵᠢᠨ ᠠᠮᠤᠷ ᠲᠦᠪᠰᠢᠨ᠎ᠢ ᠪᠠᠳᠤᠯᠠᠬᠤ ᠳᠤᠮᠳᠠ ᠵᠠᠩᠬᠢᠯᠠᠭ᠎ᠠ ᠵᠢᠨ ᠦᠢᠯᠡᠳᠦᠯ ᠦᠵᠡᠬᠦᠯᠵᠦ ᠪᠤᠢ᠃




ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号