ᠤᠢᠷ᠎ᠠ᠎ᠶᠢᠨ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠠᠴᠠ ᠭᠤᠤᠯᠯᠠᠨ ᠡᠷᠭᠢᠯᠡᠵᠦ᠍᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠠᠵᠤ ᠦᠶ᠋ᠯᠡᠳᠪᠦᠷᠢ ᠪᠠ ᠮᠡᠳᠡᠭᠡ ᠵᠠᠩᠭᠢᠴᠢᠯᠠᠯᠲᠠ᠎ᠶ᠋ᠢᠨ ᠲᠢᠩᠬᠢᠮ᠂ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠡᠨᠧᠷᠭᠢ᠎ᠶ᠋ᠢᠨ ᠲᠣᠪᠴᠢᠶ᠎ᠠ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠱᠧᠨᠵᠧᠨ᠎ᠳᠦ ᠰᠠᠭᠤᠭ᠎ᠠ ᠬᠡᠷᠡᠭ ᠡᠷᠬᠢᠯᠡᠬᠦ᠌ ᠭᠠᠵᠠᠷ ᠵᠡᠷᠭᠡ ᠡᠴᠡ ᠬᠠᠮᠲᠤᠷᠠᠨ ᠡᠷᠭᠢᠯᠡᠭ᠌ᠰᠡᠨ ᠥᠪᠥᠷ ᠮᠣᠩᠭᠣᠯ᠎ᠤᠨ ᠱᠢᠨ᠎ᠡ ᠡᠨᠧᠷᠭᠢ ᠪᠤᠯᠤᠨ ᠪᠤᠳᠤᠯᠳᠡ᠎ᠶᠢᠨ ᠬᠦᠴᠦᠨ᠎ᠤ ᠠᠵᠤ ᠦᠶ᠋ᠯᠡᠰ᠎ᠢᠶᠡᠨ ᠲᠠᠨᠢᠯᠴᠠᠭᠤᠯᠬᠤ ᠶᠠᠷᠢᠯᠴᠠᠬᠤ ᠬᠤᠷᠠᠯ ᠱᠧᠨᠵᠧᠨ ᠬᠣᠲᠠ᠎ᠳᠤ ᠶᠠᠪᠤᠭ᠍ᠳᠠᠵᠠᠢ᠃
ᠥᠪᠥᠷ ᠮᠣᠩᠭᠣᠯ ᠭᠤᠸᠠᠩᠳᠦ᠋ᠩ ᠠᠵᠤ ᠦᠶ᠋ᠯᠡᠰ᠎ᠦᠨ ᠬᠥᠭ᠌ᠵᠢᠯᠲᠡ᠂ ᠠᠵᠤ ᠠᠬᠤᠶ ᠠᠷᠠᠯᠵᠢᠶᠠᠨ᠎ᠤ ᠭᠦᠶ᠋ᠯᠭᠡᠭᠡ᠂ ᠠᠷᠠᠳ᠎ᠤᠨ ᠬᠣᠭᠣᠷᠣᠨᠳᠣᠬᠢ ᠶᠠᠪᠤᠯᠴᠠᠭ᠎ᠠ ᠵᠡᠷᠭᠡ ᠲᠠᠯ᠎ᠠ᠎ᠪᠠᠷ ᠰᠠᠢᠨ ᠰᠠᠢᠬᠠᠨ ᠬᠠᠮᠲᠤᠷᠠᠯᠴᠠᠭ᠎ᠠ ᠰᠣᠯᠢᠯᠴᠠᠭᠠᠨ᠎ᠤ ᠬᠠᠷᠢᠴᠠᠭ᠎ᠠ᠎ᠪᠠᠨ ᠪᠠᠲᠤᠯᠠᠭ᠍ᠰᠠᠭᠠᠷ ᠢᠷᠡᠵᠡᠶ᠃ ᠨᠢᠳᠤᠨᠤᠨ᠎ᠤ 10 ᠰᠠᠷ᠎ᠠ᠎ᠠᠴᠠ ᠨᠠᠭᠠᠰᠢ᠂ ᠭᠤᠸᠠᠩᠳᠦ᠋ᠩ ᠮᠤᠵᠢ᠎ᠶ᠋ᠢᠨ ᠬᠡᠳᠦᠨ ᠵᠠᠭᠤᠨ ᠠᠵᠤ ᠠᠬᠤᠢᠯᠠᠯ ᠤᠷᠢᠳ ᠬᠣᠵᠢᠳ ᠥᠪᠥᠷ ᠮᠣᠩᠭᠣᠯ᠎ᠳᠤ ᠱᠢᠨᠵᠢᠯᠡᠨ ᠪᠠᠢᠴᠠᠭᠠᠵᠤ᠂ ᠬᠣᠶᠠᠷ ᠲᠠᠯ᠎ᠠ᠎ᠪᠠᠷ᠎ᠢᠶᠠᠨ ᠬᠣᠶᠠᠷ ᠭᠠᠵᠠᠷ᠎ᠤᠨ ᠳᠠᠪᠠᠭᠤᠯᠢᠭ ᠤᠨᠴᠠᠯᠢᠬ᠍ᠳᠤ ᠠᠵᠤ ᠦᠢᠯᠡᠰ᠎ᠦᠨ ᠭᠦᠨᠵᠡᠭᠡᠢ ᠬᠠᠮᠲᠤᠷᠠᠯᠴᠠᠭ᠎ᠠ᠎ᠶ᠋ᠢᠨ ᠲᠤᠬᠠᠢ ᠬᠠᠮᠲᠤ᠎ᠶ᠋ᠢᠨ ᠲᠠᠨᠢᠯᠲᠠ᠎ᠲᠠᠶ ᠪᠣᠯᠵᠠᠢ᠃ ᠲᠣᠰ ᠤᠳᠠᠭ᠎ᠠ᠎ᠶᠢᠨ ᠶᠠᠷᠢᠯᠴᠠᠬᠤ ᠬᠤᠷᠠᠯ᠎ᠨᠢ ᠥᠪᠥᠷ ᠮᠣᠩᠭᠣᠯ ᠬᠢᠭᠡᠳ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ᠎ᠤ ᠬᠣᠯᠪᠣᠭᠠᠯᠠᠨ ᠬᠥᠭ᠌ᠵᠢᠬᠦ᠌᠎ᠶ᠋ᠢ ᠤᠯᠠᠮ ᠭᠦᠨᠵᠡᠭᠡᠢᠷᠡᠭᠦᠯᠵᠦ᠍᠂ ᠭᠤᠸᠠᠩᠳᠦ᠋ᠩ ᠱᠢᠶᠠᠩᠭᠠᠩ ᠣᠣᠮᠧᠨ᠎ᠦ ᠲᠣᠮᠣ ᠪᠤᠯᠤᠩ᠎ᠤᠨ ᠣᠷᠣᠨ᠎ᠳᠤ ᠬᠠᠨᠳᠤᠭᠤᠯᠤᠨ ᠥᠪᠥᠷ ᠮᠣᠩᠭᠣᠯ᠎ᠤᠨ ᠱᠢᠨ᠎ᠡ ᠡᠨᠧᠷᠭᠢ ᠪᠠ ᠪᠤᠳᠤᠯᠳᠡ᠎ᠶᠢᠨ ᠬᠦᠴᠦᠨ᠎ᠦ ᠳᠠᠪᠠᠭᠤᠯᠢᠭ ᠤᠨᠴᠠᠯᠢᠬ᠍ᠳᠤ ᠠᠵᠤ ᠦᠶ᠋ᠯᠡᠰ᠎ᠢᠶᠡᠨ ᠭᠤᠤᠯᠳᠠᠯᠭ᠎ᠠ᠎ᠲᠠᠶ ᠲᠠᠨᠢᠯᠴᠠᠭᠤᠯᠵᠤ᠂ ᠥᠪᠥᠷ ᠮᠣᠩᠭᠣᠯ᠎ᠤᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ ᠪᠠ ᠲᠥᠬᠥᠷᠵᠢᠭᠰᠡᠡ ᠲᠥᠷᠥ᠎ᠶ᠋ᠢᠨ ᠪᠣᠳᠣᠯᠭ᠎ᠠ᠎ᠶ᠋ᠢᠨ ᠤᠬᠠᠭᠤᠯᠬᠤ ᠡᠷᠴᠢᠮ᠎ᠢᠶᠡᠨ ᠴᠢᠩᠭᠠᠷᠠᠭᠤᠯᠵᠤ᠂ ᠠᠵᠤ ᠦᠶ᠋ᠯᠡᠰ᠎ᠦᠨ ᠶᠠᠷᠢᠯᠴᠠᠭ᠎ᠠ ᠬᠢᠵᠦ᠍᠂ ᠪᠣᠬᠢᠷᠲᠤᠯ ᠥᠬᠡᠶ ᠬᠥᠳᠡᠯᠭᠡᠬᠦ᠌ ᠡᠨᠧᠷᠭᠢ ᠬᠢᠭᠡᠳ ᠲᠣᠭᠠᠴᠢᠯᠠᠭ᠍ᠰᠠᠨ ᠠᠵᠤ ᠠᠬᠤᠶ᠎ᠶ᠋ᠢᠨ ᠬᠤᠤᠰ ᠴᠢᠭ᠌ᠯᠡᠯ᠎ᠢᠶᠡᠷ ᠤᠷᠤᠭ᠍ᠰᠢᠯᠠᠬᠤ᠎ᠶ᠋ᠢ ᠪᠡᠶᠡᠯᠡᠭᠦᠯᠬᠦ᠌ ᠪᠡᠷ ᠵᠤᠷᠢᠯᠳᠡ ᠪᠡᠨ ᠪᠤᠯᠭᠠᠵᠠᠢ᠃
ᠥᠪᠥᠷ ᠮᠣᠩᠭᠣᠯ᠎ᠤᠨ ᠰᠠᠯᠬᠢᠨ᠎ᠤ ᠡᠨᠧᠷᠭᠢ᠎ᠶ᠋ᠢᠨ ᠡᠬᠢ ᠪᠠᠶᠠᠯᠢᠭ ᠪᠦᠬᠦ᠌ ᠤᠯᠤᠰ᠎ᠤᠨ ᠬᠠᠭᠠᠰ᠎ᠠᠴᠠ ᠳᠡᠭᠡᠭ᠌ᠰᠢᠬᠢ᠎ᠶ᠋ᠢ ᠡᠵᠡᠯᠡᠵᠦ᠍ ᠂ ᠨᠡᠷᠡᠨ᠎ᠦ ᠡᠨᠧᠷᠭᠢ᠎ᠶ᠋ᠢᠨ ᠡᠬᠢ ᠪᠠᠶᠠᠯᠢᠭ᠎ᠤᠨ ᠡᠵᠡᠯᠡᠬᠦ᠌ ᠬᠠᠷᠢᠴᠠᠯ ᠲᠠᠪᠤᠨ᠎ᠤ ᠨᠢᠭᠡ᠎ᠶ᠋ᠢ ᠳᠠᠪᠠᠵᠠᠢ᠃ ᠱᠢᠨ᠎ᠡ ᠡᠨᠧᠷᠭᠢ᠎ᠶ᠋ᠢᠨ ᠮᠠᠱᠢᠨ ᠴᠣᠭ᠍ᠴᠠᠯᠠᠪᠤᠷᠢ ᠂ ᠴᠠᠬᠢᠯᠭᠠᠨ ᠭᠠᠷᠭᠠᠬᠤ ᠬᠡᠮᠵᠢᠶ᠎ᠡ᠂ ᠭᠠᠳᠠᠭ᠍ᠰᠢ ᠬᠦᠷᠭᠡᠬᠦ ᠴᠠᠬᠢᠯᠭᠠᠨ᠎ᠤ ᠬᠡᠮᠵᠢᠶ᠎ᠡ᠂ ᠡᠨᠧᠷᠭᠢ ᠬᠠᠳᠠᠭᠠᠯᠠᠬᠤ ᠮᠠᠱᠢᠨ ᠴᠣᠭ᠍ᠴᠠᠯᠠᠪᠤᠷᠢ ᠴᠥᠮ ᠪᠥᠬᠥ᠌ ᠤᠯᠤᠰ᠎ᠲᠤ ᠲᠡᠷᠢᠭᠦᠯᠡᠵᠦ᠍᠂ ᠴᠠᠬᠢᠯᠭᠠᠨ ᠬᠦᠴᠦᠨ᠎ᠦ ᠵᠠᠬ᠎ᠠ ᠳᠡᠯᠭᠡᠭᠦᠷ᠎ᠦᠨ ᠲᠦᠷᠢᠮ ᠲᠣᠭ᠍ᠲᠠᠭᠠᠯ ᠪᠥᠬᠥ᠌ ᠤᠯᠤᠰ᠎ᠲᠤ ᠲᠦᠷᠦᠬᠦᠯᠡᠵᠦ᠂ ᠴᠠᠬᠢᠯᠭᠠᠨ ᠬᠦᠴᠦᠨ᠎ᠦ ᠠᠷᠠᠯᠵᠢᠶᠠᠨ᠎ᠤ ᠦᠨ᠎ᠡ ᠪᠥᠬᠥ᠌ ᠤᠯᠤᠰ᠎ᠲᠤ ᠬᠠᠮᠤᠭ᠎ᠤᠨ ᠳᠤᠤᠷ᠎ᠠ ᠪᠣᠯᠵᠠᠢ᠃ ᠥᠪᠥᠷ ᠮᠣᠩᠭᠣᠯ ᠪᠣᠯ ᠮᠥᠨ ᠴᠦ᠍ ᠤᠯᠤᠰ᠎ᠤᠨ ᠨᠠᠶ᠋ᠮᠠᠨ ᠶᠡᠬᠡ ᠪᠤᠳᠤᠯᠳᠡ᠎ᠶᠢᠨ ᠬᠦᠴᠦᠨ᠎ᠦ ᠵᠠᠩᠭᠢᠯᠠᠭ᠎ᠠ᠎ᠶ᠋ᠢᠨ ᠴᠡᠭ ᠪᠠ ᠠᠷᠪᠠᠨ ᠲᠣᠮᠣ ᠳ᠋ᠠᠢᠲ᠋ᠠ᠎ᠶ᠋ᠢᠨ ᠲᠥᠪ᠎ᠦᠨ ᠪᠦᠯᠦᠭᠵᠢᠯ᠎ᠤᠨ ᠨᠢᠭᠡ ᠪᠣᠯᠤᠨ᠎ᠠ᠂ ᠪᠥᠬᠥ᠌ ᠣᠷᠣᠨ᠎ᠤ ᠪᠤᠳᠤᠯᠳᠡ᠎ᠶᠢᠨ ᠬᠦᠴᠦᠨ᠎ᠦ ᠶᠡᠷᠦᠩᠬᠡᠶ ᠬᠡᠪᠴᠢᠶ᠎ᠡ 21 ᠲᠦᠮᠡᠨ P ᠪᠠᠢᠵᠤ᠂ ᠡᠭᠦᠨ᠎ᠳᠦ ᠤᠶᠤᠨᠲᠤ ᠪᠣᠳᠣᠯᠭ᠎ᠠ 19 ᠲᠦᠮᠡᠨ P ᠪᠠᠢᠵᠤ᠂ ᠪᠥᠬᠥ᠌ ᠤᠯᠤᠰ᠎ᠲᠤ ᠲᠡᠷᠢᠭᠦᠯᠡᠵᠦ᠍᠂ ᠳ᠋ᠠᠢᠲ᠋ᠠ᠎ᠶ᠋ᠢᠨ ᠲᠥᠪ᠎ᠦᠨ ᠪᠤᠬᠢᠷᠳᠤᠯ ᠦᠬᠡᠢ ᠴᠠᠬᠢᠯᠭᠠᠨ᠎ᠤ ᠡᠵᠡᠯᠡᠬᠦ᠌ ᠬᠠᠷᠢᠴᠠᠯ 85% ᠳ᠋ᠤ ᠬᠦᠷᠴᠦ᠍᠂《ᠪᠤᠬᠢᠷᠳᠤᠯ ᠦᠬᠡᠢ ᠴᠠᠬᠢᠯᠭᠠᠨ + ᠪᠤᠳᠤᠯᠳᠡ ᠬᠦᠴᠦᠨ + ᠠᠵᠤ ᠦᠶ᠋ᠯᠡᠰ》᠎ᠤ᠋ᠨ ᠬᠠᠮᠵᠢᠯᠴᠠᠬᠤ ᠱᠢᠰᠲ᠋ᠧᠮ᠎ᠢ ᠲᠦᠷᠭᠡᠳᠭᠡᠨ ᠪᠠᠢᠭᠤᠯᠵᠠᠢ᠃