ᠬᠦᠬᠡᠬᠤᠲᠠ ᠶ᠋ᠢᠨ ᠤᠷᠤᠨ ᠨᠤᠳᠤᠭ ᠎ᠤᠨ ᠦᠢᠯᠡᠳᠪᠦᠷᠢᠯᠡᠯ ᠤ᠋ᠨ ᠶᠡᠷᠦᠨᠭᠬᠡᠢ ᠦᠷᠲᠡᠭ 4278.3 ᠳ᠋ᠦᠩᠱᠢᠭᠤᠷ ᠲᠦᠭᠦᠷᠢᠭ ᠲᠦ᠍ ᠬᠦᠷᠴᠡᠢ
2026-02-09 13:29:53
ᠵᠣᠬᠢᠶᠠᠭ᠍ᠴᠢ᠄
ᠤᠷᠠᠨ᠎ᠠ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠬᠴᠢ ᠬᠦᠬᠡᠬᠤᠲᠠ ᠶ᠋ᠢᠨ ᠲᠤᠭ᠎ᠠ ᠪᠦᠷᠢᠳᠭᠡᠯ ᠤ᠋ᠨ ᠲᠤᠪᠴᠢᠶ᠎ᠠ ᠡᠴᠡ ᠤᠢᠯᠠᠭᠠᠬᠰᠠᠨ ᠢ᠋ᠶ᠋ᠡᠷ᠂ 2025 ᠤᠨ ᠳ᠋ᠤ᠂ ᠬᠦᠬᠡᠬᠤᠲᠠ ᠶ᠋ᠢᠨ ᠤᠷᠤᠨ ᠨᠤᠳᠤᠭ ᠎ᠤᠨ ᠦᠶ᠋ᠯᠡᠳᠪᠦᠷᠢᠯᠡᠯ ᠤ᠋ᠨ ᠶᠡᠷᠦᠩᠬᠡᠶ ᠥᠷᠲᠡᠭ 4278.3 ᠳ᠋ᠦᠩᠱᠢᠭᠤᠷ ᠲᠥᠭᠥᠷᠢᠭ ᠲᠦ᠍ ᠬᠦᠷᠴᠦ᠍᠂ ᠳᠡᠭᠡᠷ᠎ᠡ ᠵᠢᠯ ᠤ᠋ᠨ ᠬᠢ ᠡᠴᠡ 5.2% ᠢ᠋ᠶ᠋ᠡᠷ ᠨᠡᠮᠡᠭ᠌ᠳᠡᠪᠡ᠃ ᠡᠭᠦᠨ ᠳ᠋ᠤ ᠨᠢᠭᠡᠳᠦᠭᠡᠷ ᠠᠵᠤ ᠦᠶ᠋ᠯᠡᠰ ᠤ᠋ᠨ ᠨᠡᠮᠡᠭ᠌ᠳᠡᠯ ᠥᠷᠲᠡᠭ 181.3 ᠳ᠋ᠦᠩᠱᠢᠭᠤᠷ ᠲᠥᠭᠥᠷᠢᠭ ᠲᠦ᠍ ᠬᠦᠷᠴᠦ᠍᠂ ᠳᠡᠭᠡᠷ᠎ᠡ ᠵᠢᠯ ᠤ᠋ᠨ ᠬᠢ ᠡᠴᠡ 4.6% ᠪᠡᠷ ᠨᠡᠮᠡᠭᠳᠡᠵᠦ᠂ ᠬᠣᠶᠠᠳᠤᠭᠠᠷ ᠠᠵᠤ ᠦᠶ᠋ᠯᠡᠰ ᠤ᠋ᠨ ᠨᠡᠮᠡᠭ᠌ᠳᠡᠯ ᠥᠷᠲᠡᠭ 1288.5 ᠳ᠋ᠦᠩᠱᠢᠭᠤᠷ ᠲᠥᠭᠥᠷᠢᠭ ᠲᠦ᠍ ᠬᠦᠷᠴᠦ᠍᠂ 4.7% ᠪᠡᠷ ᠨᠡᠮᠡᠭ᠌ᠳᠡᠨ᠂ ᠭᠤᠷᠪᠠᠳᠤᠭᠠᠷ ᠠᠵᠤ ᠦᠶ᠋ᠯᠡᠰ ᠤ᠋ᠨ ᠨᠡᠮᠡᠭ᠌ᠳᠡᠯ ᠥᠷᠲᠡᠭ 2808.5 ᠳ᠋ᠦᠩᠱᠢᠭᠤᠷ ᠲᠥᠭᠥᠷᠢᠭ ᠲᠦ᠍ ᠬᠦᠷᠴᠦ᠍᠂ 5.4% ᠪᠡᠷ ᠨᠡᠮᠡᠭ᠌ᠳᠡᠪᠡ᠃

ᠬᠦᠬᠡᠬᠤᠲᠠ ᠲᠠᠷᠢᠶᠠᠯᠠᠩ ᠣᠶ ᠱᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶ᠋ᠢᠨ ᠶᠡᠷᠦᠩᠬᠡᠢᠯᠡᠭ᠌ᠰᠡᠨ ᠦᠶ᠋ᠯᠡᠳᠪᠦᠷᠢᠯᠡᠯ ᠤ᠋ᠨ ᠴᠢᠳᠠᠪᠤᠷᠢ ᠵᠢ ᠳᠡᠭᠡᠭᠰᠢᠯᠡᠭᠦᠯᠬᠦ ᠳ᠋ᠤ ᠠᠨᠭᠬᠠᠷᠤᠯ ᠢ᠋ᠶ᠋ᠡᠨ ᠲᠦᠪᠯᠡᠷᠡᠭᠦᠯᠵᠦ᠂ ᠠᠮᠤ ᠪᠤᠳᠠᠭᠠᠨ ᠤ᠋ ᠠᠮᠤᠷ ᠲᠦᠪᠱᠢᠨ ᠢ᠋ ᠪᠠᠲᠤᠯᠠᠬᠤ᠂ ᠠᠵᠤ ᠦᠶ᠋ᠯᠡᠰ ᠤ᠋ᠨ ᠬᠥᠳᠡᠯᠭᠡᠬᠦ᠌ ᠡᠨᠧᠷᠭᠢ ᠵᠢ ᠬᠥᠭ᠌ᠵᠢᠭᠡᠬᠦ᠂ ᠠᠮᠢ ᠠᠬᠤᠶ ᠪᠡᠷ ᠠᠷᠠᠳ ᠢ᠋ ᠪᠠᠶᠠᠵᠢᠭᠤᠯᠬᠤ ᠵᠢ ᠪᠡᠶᠡᠯᠡᠭᠦᠯᠬᠦ ᠵᠠᠮ ᠢ᠋ᠶ᠋ᠡᠷ ᠯᠠᠪᠳᠠᠭᠤᠨ ᠢ᠋ᠶ᠋ᠡᠷ ᠤᠷᠤᠭ᠍ᠰᠢᠯᠠᠪᠠ᠃ 2025 ᠣᠨ ᠳ᠋ᠤ᠂ ᠪᠥᠬᠥ᠌ ᠬᠣᠲᠠ ᠶ᠋ᠢᠨ ᠲᠠᠷᠢᠶᠠᠯᠠᠩ ᠣᠶ ᠱᠢᠭᠤᠶ ᠮᠠᠯ ᠠᠵᠤ ᠠᠬᠤᠶ ᠵᠢᠭᠠᠰᠤᠨ ᠠᠵᠤ ᠠᠬᠤᠶ ᠶ᠋ᠢᠨ ᠦᠶ᠋ᠯᠡᠳᠬᠦᠨ ᠤ᠋ ᠪᠥᠬᠥ᠌ ᠥᠷᠲᠡᠭ 310.3 ᠳ᠋ᠦᠩᠱᠢᠭᠤᠷ ᠲᠥᠭᠥᠷᠢᠭ ᠲᠦ᠍ ᠬᠦᠷᠴᠦ᠍᠂ ᠳᠡᠭᠡᠷ᠎ᠡ ᠵᠢᠯ ᠤ᠋ᠨ ᠬᠢ ᠡᠴᠡ 4.7%  ᠪᠡᠷ ᠨᠡᠮᠡᠭ᠌ᠳᠡᠪᠡ᠃ ᠣᠳᠣᠬᠢᠴᠢᠯᠠᠭ᠍ᠰᠠᠨ ᠠᠵᠤ ᠦᠶ᠋ᠯᠡᠰ ᠤ᠋ᠨ ᠱᠢᠰᠲ᠋ᠧᠮ ᠢ᠋ ᠪᠠᠢᠭᠤᠯᠬᠤ ᠶ᠋ᠢᠨ ᠲᠣᠭᠣᠷᠢᠨ ᠳ᠋ᠤ᠂ ᠠᠵᠤ ᠦᠶ᠋ᠯᠡᠳᠪᠦᠷᠢ ᠶ᠋ᠢᠨ ᠬᠡᠯᠬᠢᠶ᠎ᠡ ᠶ᠋ᠢᠨ ᠪᠦᠯᠦᠭ᠌ᠵᠢᠯ ᠤ᠋ᠨ ᠠᠭᠤᠰᠤᠯᠴᠠᠨ ᠬᠥᠭ᠌ᠵᠢᠬᠦ᠌ ᠵᠢ ᠠᠬᠢᠭᠤᠯᠵᠤ᠂ ᠠᠵᠤ ᠦᠢᠯᠡᠳᠪᠦᠷᠢ ᠶ᠋ᠢᠨ ᠦᠢᠯᠡᠳᠪᠦᠷᠢᠯᠡᠯ ᠢᠯᠡᠳᠲᠡ ᠰᠠᠢᠵᠢᠷᠠᠪᠠ᠃ 2025 ᠣᠨ ᠳ᠋ᠤ᠂ ᠪᠥᠬᠥ᠌ ᠬᠣᠲᠠ ᠶ᠋ᠢᠨ ᠬᠡᠪᠴᠢᠶᠡᠵᠢᠯ ᠡᠴᠡ ᠳᠡᠭᠡᠭ᠌ᠰᠢᠬᠢ ᠠᠵᠤ ᠦᠶ᠋ᠯᠡᠳᠪᠦᠷᠢ ᠶ᠋ᠢᠨ ᠨᠡᠮᠡᠭ᠌ᠳᠡᠯ ᠥᠷᠲᠡᠭ ᠳᠡᠭᠡᠷ᠎ᠡ ᠵᠢᠯ ᠤ᠋ᠨ ᠬᠢ ᠡᠴᠡ 6.7% ᠪᠡᠷ ᠨᠡᠮᠡᠭ᠌ᠳᠡᠪᠡ᠃

ᠬᠦᠬᠡᠬᠤᠲᠠ ᠲᠡᠭᠡᠳᠦ ᠲᠡᠰᠵᠢᠭᠦᠯᠬᠦ᠂ ᠲᠣᠭᠠᠴᠢᠯᠠᠬᠤ ᠲᠡᠢᠰᠢ ᠠᠨᠭᠬᠠᠷᠤᠯ ᠢ᠋ᠶ᠋ᠡᠨ ᠲᠦᠪᠯᠡᠷᠡᠭᠦᠯᠦᠨ ᠳᠡᠰ ᠳᠡᠪᠰᠢᠭᠦᠯᠬᠦ ᠵᠢ ᠲᠦᠷᠭᠡᠳᠭᠡᠵᠦ᠂ ᠬᠡᠪᠴᠢᠶᠡᠵᠢᠯ ᠡᠴᠡ ᠳᠡᠭᠡᠭᠰᠢᠬᠢ ᠦᠢᠯᠡᠴᠢᠯᠡᠭᠡᠨ ᠤ᠋ ᠦᠢᠯᠡᠰ ᠤ᠋ᠨ ᠪᠦᠬᠦᠯᠢ ᠴᠤᠬᠴᠠ ᠶ᠋ᠢᠨ ᠠᠵᠢᠯᠯᠠᠭᠠᠨ ᠤ᠋ ᠪᠠᠢᠳᠠᠯ ᠰᠠᠢᠨ ᠬᠠᠨᠳᠤᠰᠢ ᠲᠠᠢ ᠪᠤᠯᠪᠠ᠃ 2025 ᠣᠨ ᠤ᠋ 1 - 11 ᠰᠠᠷ᠎ᠠ ᠳ᠋ᠤ᠂ ᠪᠥᠬᠥ᠌ ᠬᠣᠲᠠ ᠶ᠋ᠢᠨ ᠬᠡᠪᠴᠢᠶᠡᠵᠢᠯ ᠡᠴᠡ ᠳᠡᠭᠡᠭ᠌ᠰᠢᠬᠢ ᠦᠶ᠋ᠯᠡᠴᠢᠯᠡᠭᠡᠨ ᠤ᠋ ᠦᠶ᠋ᠯᠡᠰ ᠤ᠋ᠨ ᠡᠵᠡᠩᠨᠡᠯᠲᠡ ᠶ᠋ᠢᠨ ᠣᠷᠣᠯᠭ᠎ᠠ 1298.8 ᠳ᠋ᠦᠩᠱᠢᠭᠤᠷ ᠲᠥᠭᠥᠷᠢᠭ ᠲᠦ᠍ ᠬᠦᠷᠴᠦ᠍᠂ ᠳᠡᠭᠡᠷ᠎ᠡ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ 10.8% ᠪᠡᠷ ᠨᠡᠮᠡᠭ᠌ᠳᠡᠵᠦ᠍᠂ ᠶᠡᠷᠦᠩᠬᠡᠶ ᠬᠡᠮᠵᠢᠶ᠎ᠡ ᠪᠠ ᠨᠡᠮᠡᠭ᠌ᠳᠡᠯ ᠤ᠋ᠨ ᠬᠤᠷᠳᠤᠴᠠ ᠨᠢ ᠲᠣᠰ ᠲᠣᠰ ᠪᠥᠬᠥ᠌ ᠣᠷᠣᠨ ᠤ᠋ ᠨᠢᠭᠡᠳᠦᠭᠡᠷ ᠪᠠ ᠬᠣᠶᠠᠳᠤᠭᠠᠷ ᠲᠦ᠍ ᠣᠷᠣᠪᠠ᠃ ᠤᠨᠴᠠᠯᠢᠬ᠍ᠳᠤ ᠬᠤᠳᠠᠯᠳᠤᠭᠠᠨ ᠤ᠋ ᠲᠣᠭᠣᠷᠢᠭ ᠵᠡᠭᠡᠯᠢ ᠲᠣᠭᠣᠷᠢᠭ ᠢ᠋ ᠥᠭᠡᠷᠡᠴᠢᠯᠡᠨ ᠲᠠᠰ ᠳᠡᠪᠱᠢᠭᠦᠯᠵᠦ᠂ ᠬᠡᠷᠡᠭ᠌ᠯᠡᠭᠡ ᠵᠢ ᠠᠬᠢᠭᠤᠯᠬᠤ ᠡᠯ᠎ᠡ ᠲᠥᠷᠥᠯ ᠤ᠋ᠨ ᠠᠵᠢᠯᠯᠠᠭ᠎ᠠ ᠥᠷᠨᠢᠭᠦᠯᠦᠨ᠂ ᠬᠡᠷᠡᠭ᠌ᠯᠡᠭᠡ ᠵᠢ ᠤᠯᠠᠮ ᠴᠢᠨᠠᠭ᠍ᠰᠢᠳᠠ ᠳᠠᠢᠴᠢᠯᠠᠨ ᠬᠥᠭ᠌ᠵᠢᠭᠡᠪᠡ᠃ 2025 ᠤᠨ ᠳ᠋ᠤ ᠪᠦᠬᠦ᠌ ᠬᠤᠳᠠ ᠶ᠋ᠢᠨ ᠨᠡᠢᠭᠡᠮ ᠤ᠋ᠨ ᠬᠡᠷᠡᠭ᠌ᠯᠡᠭᠡᠨ ᠤ᠋ ᠪᠤᠳᠠᠰ ᠢ᠋ ᠵᠢᠵᠢᠭ᠌ᠯᠡᠨ ᠪᠣᠷᠣᠯᠠᠭᠤᠯᠤᠭ᠍ᠰᠠᠨ ᠶᠡᠷᠦᠩᠬᠡᠢ ᠬᠡᠮᠵᠢᠶ᠎ᠡ 1232.3 ᠳ᠋ᠦᠩᠱᠢᠭᠤᠷ ᠲᠥᠭᠥᠷᠢᠭ ᠲᠦ᠍ ᠬᠦᠷᠴᠦ᠍᠂ ᠳᠡᠭᠡᠷ᠎ᠡ ᠵᠢᠯ ᠤ᠋ᠨ ᠬᠢ ᠡᠴᠡ 4.8% ᠪᠡᠷ ᠨᠡᠮᠡᠭ᠌ᠳᠡᠪᠡ᠃ ᠭᠠᠳᠠᠭᠠᠳᠤ ᠠᠷᠠᠯᠵᠢᠶᠠᠨ ᠤ᠋ ᠬᠥᠭ᠌ᠵᠢᠯᠲᠡ ᠶ᠋ᠢᠨ ᠳᠣᠲᠣᠭᠠᠳᠤ ᠬᠥᠳᠡᠯᠭᠡᠬᠦ᠌ ᠬᠦᠴᠦᠨ ᠪᠣᠯᠤᠨ ᠨᠡᠭᠡᠭᠡᠯᠲᠡ ᠶ᠋ᠢᠨ ᠠᠮᠢᠵᠢᠷᠠᠯ ᠤ᠋ᠨ ᠬᠦᠴᠦᠨ ᠢ᠋ ᠦᠷᠭᠦᠯᠵᠢᠯᠡᠨ ᠪᠠᠳᠠᠷᠠᠭᠤᠯᠵᠦ᠂ ᠭᠠᠳᠠᠭᠠᠳᠤ ᠤᠷᠤᠭᠤᠯᠤᠯᠲᠠ ᠭᠠᠷᠭᠠᠯᠲᠠ ᠶ᠋ᠢᠨ ᠠᠷᠠᠯᠵᠢᠶ᠎ᠠ ᠶ᠋ᠢᠨ ᠬᠤᠶᠠᠷ ᠤᠷᠤᠨᠲᠤ ᠲᠤᠭ᠎ᠠ ᠶ᠋ᠢᠨ ᠨᠡᠮᠡᠭᠳᠡᠯ ᠤ᠋ᠨ ᠬᠠᠨᠳᠤᠰᠢ ᠵᠢ ᠦᠷᠬᠦᠯᠵᠢᠯᠡᠨ ᠪᠠᠲᠤᠯᠠᠪᠠ᠃ 2025 ᠣᠨ ᠳ᠋ᠤ᠂ ᠪᠥᠬᠥ᠌ ᠬᠣᠲᠠ ᠶ᠋ᠢᠨ ᠭᠠᠳᠠᠭᠠᠳᠤ ᠡᠴᠡ ᠣᠷᠣᠭᠤᠯᠵᠤ ᠭᠠᠳᠠᠭᠠᠳᠤ ᠳ᠋ᠤ ᠭᠠᠷᠭᠠᠬᠤ ᠠᠷᠠᠯᠵᠢᠶᠠᠨ ᠤ᠋ ᠶᠡᠷᠦᠩᠬᠡᠶ ᠬᠡᠮᠵᠢᠶ᠎ᠡ 264.3 ᠳ᠋ᠦᠩᠱᠢᠭᠤᠷ ᠲᠥᠭᠥᠷᠢᠭ ᠲᠦ᠍  ᠬᠦᠷᠴᠦ᠍᠂ ᠳᠡᠭᠡᠷ᠎ᠡ ᠵᠢᠯ ᠤ᠋ᠨ ᠬᠢ ᠡᠴᠡ16.5% ᠪᠡᠷ ᠨᠡᠮᠡᠭ᠌ᠳᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号