ᠭᠤᠷᠪᠠ ᠨᠢᠭᠡ ᠡᠨ᠋ᠸᠷᠬᠢ ᠵᠢᠨ ᠺᠤᠮᠫᠠᠨᠢ ᠵᠢᠨ ᠱᠢᠯᠢ᠎ᠶ᠋ᠢᠨ ᠭᠤᠤᠯ᠎ᠤᠨ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠣᠶᠤᠨᠴᠢ ᠠᠵᠤ ᠦᠶ᠋ᠯᠡᠰ᠎ᠦᠨ ᠬᠦᠷᠢᠶᠡᠯᠡᠩ᠎ᠦᠨ ᠲᠥᠷᠥᠯ ᠵᠦᠶ᠋ᠯ᠎ᠦᠨ ᠴᠠᠬᠢᠯᠭᠠᠨ ᠬᠠᠩᠭᠠᠬᠤ ᠢᠨᠵᠧᠨᠧᠷᠢᠩ ᠠᠱᠢᠭ᠍ᠯᠠᠯᠲᠠ᠎ᠳᠤ ᠣᠷᠣᠵᠡᠢ
2026-02-09 13:32:30
ᠵᠣᠬᠢᠶᠠᠭ᠍ᠴᠢ᠄
​ ᠪᠢᠯᠢᠭᠪᠡᠭᠠᠳᠤᠷ
ᠣᠩᠱᠢᠭ᠍ᠰᠠᠨ ᠣᠳᠠᠭ᠎ᠠ᠄
★★★☆☆

ᠭᠤᠷᠪᠠ ᠨᠢᠭᠡ ᠡᠨ᠋ᠸᠷᠬᠢ ᠵᠢᠨ ᠺᠤᠮᠫᠠᠨᠢ ᠵᠢᠨ ᠱᠢᠯᠢ᠎ᠶ᠋ᠢᠨ ᠭᠤᠤᠯ᠎ᠤᠨ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠣᠶᠤᠨᠴᠢ ᠠᠵᠤ ᠦᠶ᠋ᠯᠡᠰ᠎ᠦᠨ ᠬᠦᠷᠢᠶᠡᠯᠡᠩ᠎ᠦᠨ ᠲᠥᠷᠥᠯ ᠵᠦᠶ᠋ᠯ᠎ᠦᠨ ᠴᠠᠬᠢᠯᠭᠠᠨ ᠬᠠᠩᠭᠠᠬᠤ ᠢᠨᠵᠧᠨᠧᠷᠢᠩ ᠲᠦᠷᠦᠭᠦᠬᠡᠨ ᠠᠱᠢᠭ᠍ᠯᠠᠯᠲᠠ᠎ᠳᠤ ᠣᠷᠣᠪᠠ᠃ ᠲᠤᠰ ᠵᠠᠩᠭᠢᠯᠠᠭ᠎ᠠ᠎ᠶ᠋ᠢᠨ ᠢᠨᠵᠧᠨᠧᠷᠢᠩ ᠠᠱᠢᠭ᠍ᠯᠠᠯᠲᠠ᠎ᠳᠤ ᠣᠷᠣᠭ᠍ᠰᠠᠨ ᠨᠢ ᠠᠵᠤ ᠠᠬᠤᠢᠯᠠᠯ᠎ᠤᠨ ᠦᠡᠭᠭᠡᠷᠡᠭᠰᠡᠨ ᠤ᠋ 10 ᠺᠢᠯᠦᠸᠤᠯᠲ᠎ᠤᠨ ᠮᠠᠯᠵᠢᠬᠤ ᠲᠠᠷᠢᠶᠠᠯᠠᠬᠤ ᠣᠷᠣᠨ᠎ᠳᠤ ᠬᠡᠷᠡᠭ᠌ᠯᠡᠬᠦ᠌ ᠴᠠᠬᠢᠯᠭᠠᠨ᠎ᠤ ᠲᠣᠭ᠍ᠲᠠᠪᠤᠷᠢᠲᠤ ᠴᠢᠨᠠᠷ ᠠᠨᠠᠢ ᠪᠠᠢᠭᠰᠠᠨ ᠠᠰᠠᠭᠤᠳᠠᠯ᠎ᠢ ᠲᠤᠢᠯᠪᠤᠷᠢᠲᠠᠶ ᠱᠢᠶ᠋ᠳᠪᠦᠷᠢᠯᠡᠵᠦ᠂ ᠡᠳᠦᠭᠡ 110 ᠺᠢᠯᠦᠸᠤᠯᠲ᠎ᠤᠨ ᠥᠨᠳᠥᠷ ᠪᠠᠷᠢᠮᠵᠢᠶᠠᠲᠤ ᠴᠠᠬᠢᠯᠭᠠᠨ ᠬᠠᠩᠭᠠᠬᠤ ᠱᠢᠰᠲ᠋ᠧᠮ᠎ᠢᠶᠡᠷ ᠬᠦᠷᠢᠶᠡᠯᠡᠩ᠎ᠤᠨ ᠪᠣᠬᠢᠷᠲᠤᠯ ᠥᠬᠡᠶ ᠬᠥᠭ᠌ᠵᠢᠯᠲᠡ᠎ᠳᠤ ᠪᠠᠲᠤᠯᠠᠭ᠎ᠠ ᠬᠠᠡᠭᠭᠠᠪᠠ᠃

ᠭᠤᠷᠪᠠ ᠨᠢᠭᠡ ᠡᠨ᠋ᠸᠷᠬᠢ ᠵᠢᠨ ᠺᠤᠮᠫᠠᠨᠢ ᠵᠢᠨ ᠱᠢᠯᠢ᠎ᠶ᠋ᠢᠨ ᠭᠤᠤᠯ᠎ᠤᠨ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠣᠶᠤᠨᠴᠢ ᠠᠵᠤ ᠦᠶ᠋ᠯᠡᠰ᠎ᠦᠨ ᠬᠦᠷᠢᠶᠡᠯᠡᠩ ᠲᠣᠮᠣ ᠬᠡᠯᠪᠡᠷᠢ᠎ᠶ᠋ᠢᠨ ᠰᠠᠯᠬᠢᠨ ᠬᠦᠴᠦᠨ᠎ᠦ ᠴᠠᠬᠢᠯᠭᠠᠨ᠎ᠤ ᠰᠠᠷᠬᠢᠷᠠᠭᠤᠯ ᠦᠶ᠋ᠯᠡᠳᠪᠦᠷᠢᠯᠡᠬᠦ᠌ ᠳᠡᠭᠡᠳᠦ ᠲᠠᠰ᠎ᠤᠨ ᠰᠠᠭᠤᠷᠢᠨ ᠪᠣᠯᠤᠭ᠍ᠰᠠᠨ᠎ᠤ ᠬᠤᠪᠢ᠎ᠳᠤ᠂ ᠲᠡᠭᠦᠨ᠎ᠦ ᠦᠶ᠋ᠯᠡᠳᠪᠦᠷᠢᠯᠡᠯ᠎ᠦᠨ ᠶᠠᠪᠤᠴᠠ᠎ᠳᠠᠬᠢ ᠴᠠᠬᠢᠯᠭᠠᠨ ᠬᠠᠩᠭᠠᠯᠭ᠎ᠠ᠎ᠶ᠋ᠢᠨ ᠲᠣᠭ᠍ᠲᠠᠪᠤᠷᠢᠲᠤ ᠴᠢᠨᠠᠷ᠂ ᠦᠷᠭᠦᠯᠵᠢᠯᠡᠬᠦ᠌ ᠴᠢᠨᠠᠷ᠎ᠤᠨ ᠱᠠᠭᠠᠷᠳᠠᠯᠭ᠎ᠠ ᠨᠢ ᠲᠤᠢᠯ᠎ᠤᠨ ᠥᠨᠳᠥᠷ ᠪᠠᠢᠳᠠᠭ᠃ ᠰᠠᠯᠬᠢᠨ ᠬᠦᠴᠦᠨ ᠵᠢᠠᠷ ᠴᠠᠬᠢᠯᠭᠠᠨ ᠭᠠᠷᠭᠠᠬᠤ ᠮᠠᠰᠢᠨ᠎ᠤ ᠰᠠᠷᠬᠢᠷᠠᠭᠤᠯ᠎ᠤᠨ ᠬᠡᠪ᠎ᠢ ᠬᠠᠯᠠᠭᠠᠬᠤ᠂ ᠨᠡᠢᠯᠡᠮᠡᠯ ᠮᠠᠲ᠋ᠧᠷᠢᠶᠠᠯ᠎ᠢ ᠬᠠᠲᠠᠭᠤᠷᠠᠭᠤᠯᠬᠤ᠂ ᠨᠠᠷᠢᠯᠢᠭ ᠡᠳ᠋ᠱᠢᠭᠦᠯᠬᠦ᠌ ᠵᠡᠷᠭᠡ ᠭᠤᠤᠯ ᠠᠵᠢᠯ᠎ᠤᠨ ᠭᠤᠭᠴᠤᠭ᠎ᠠ ᠵᠢ ᠴᠥᠮ ᠲᠠᠰᠤᠯᠳᠠᠭᠤᠯᠤᠯ ᠥᠬᠡᠶ ᠴᠠᠬᠢᠯᠭᠠᠨ᠎ᠢᠶᠠᠷ ᠪᠠᠲᠤᠯᠠᠬᠤ ᠴᠢᠬᠤᠯᠠᠲᠠᠶ ᠪᠠᠢᠳᠠᠭ᠂ ᠡᠭᠦᠨ᠎ᠡᠴᠡ ᠡᠮᠦᠨ᠎ᠡ 10 ᠺᠢᠯᠦᠸᠤᠯᠲ᠎ᠤᠨ ᠮᠠᠯᠵᠢᠬᠤ ᠲᠠᠷᠢᠶᠠᠯᠠᠬᠤ ᠣᠷᠣᠨ᠎ᠤ ᠴᠠᠬᠢᠯᠭᠠᠨ ᠬᠠᠩᠭᠠᠬᠤ ᠲᠤᠤᠷ᠎ᠤᠨ ᠵᠠᠮ᠎ᠱᠤᠭᠤᠮ᠎ᠤᠨ ᠪᠠᠢᠷᠢᠱᠢᠭᠤᠯᠤᠯᠲᠠ᠂ ᠳᠠᠭᠠᠭᠠᠴᠠ᠎ᠶ᠋ᠢᠨ ᠴᠢᠳᠠᠪᠤᠷᠢ᠎ᠶ᠋ᠢᠨ ᠬᠢᠵᠠᠭᠠᠷᠯᠠᠯ᠎ᠠᠴᠠ ᠪᠣᠯᠵᠣ᠂ ᠴᠠᠬᠢᠯᠭᠠᠨ ᠬᠦᠴᠦᠳᠡᠯ᠎ᠦᠨ ᠬᠡᠯᠪᠡᠯᠵᠡᠯ᠂ ᠭᠡᠨᠡᠳᠲᠡ ᠴᠠᠬᠢᠯᠭᠠᠨ ᠵᠤᠭᠰᠤᠬᠤ ᠵᠡᠷᠭᠡ ᠲᠦᠭ᠌ᠰᠢᠭᠦᠷᠢ ᠣᠷᠣᠱᠢᠵᠤ᠂ ᠦᠶ᠋ᠯᠡᠳᠪᠦᠷᠢᠯᠡᠯ᠎ᠦᠨ ᠦᠷ᠎ᠡ ᠪᠦᠲᠦᠮᠵᠢ ᠬᠢᠭᠡᠳ ᠦᠶ᠋ᠯᠡᠳᠬᠦᠨ᠎ᠦ ᠶᠠᠰᠤ ᠴᠢᠨᠠᠷ᠎ᠤᠨ ᠠᠬᠢᠴᠠ᠎ᠶ᠋ᠢ ᠨᠦᠯᠦᠭᠡᠯᠡᠵᠦ ᠪᠠᠢᠪᠠ᠃

ᠡᠨᠡ ᠬᠦ᠌ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢᠨ ᠲᠥᠯᠥᠭᠡ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ (ᠪᠦᠯᠦᠭ᠌ᠯᠡᠯ) ᠬᠢᠵᠠᠭᠠᠷᠲᠤ ᠺᠣᠮᠫᠠᠨᠢ 798 ᠲᠦᠮᠡᠨ ᠲᠥᠭᠥᠷᠢᠭ᠎ᠦᠨ ᠪᠠᠯᠠ ᠣᠷᠣᠭᠤᠯᠵᠤ᠂ ᠴᠠᠬᠢᠯᠭᠠᠨ ᠬᠠᠩᠭᠠᠬᠤ ᠲᠥᠷᠥᠯ ᠵᠦᠶ᠋ᠯ᠎ᠢ ᠲᠠᠰ ᠳᠡᠪᠱᠢᠭᠦᠯᠵᠦ᠂ ᠬᠦᠷᠢᠶᠡᠯᠡᠩ᠎ᠤᠨ ᠳᠡᠭᠡᠳᠦ ᠲᠠᠰ᠎ᠤᠨ ᠦᠶ᠋ᠯᠡᠳᠪᠦᠷᠢᠯᠡᠯ᠎ᠤᠨ ᠬᠡᠷᠡᠭ᠌ᠴᠡᠭᠡ᠎ᠶ᠋ᠢ ᠬᠠᠩᠭᠠᠵᠠᠢ᠃ ᠥᠪᠥᠷ ᠮᠣᠩᠭᠣᠯ᠎ᠤᠨ ᠴᠠᠬᠢᠯᠭᠠᠨ ᠬᠦᠴᠦᠨ᠎ᠦ ᠪᠦᠯᠦᠭ᠌ᠯᠡᠯ᠎ᠦᠨ ᠱᠢᠯᠢ᠎ᠶ᠋ᠢᠨ ᠭᠣᠣᠯ᠎ᠤᠨ ᠴᠠᠬᠢᠯᠭᠠᠨ ᠬᠠᠩᠭᠠᠬᠤ ᠺᠣᠮᠫᠠᠨᠢ᠎ᠶ᠋ᠢᠨ ᠢᠨᠵᠧᠨᠧᠷᠢᠩ᠎ᠦᠨ ᠪᠦᠲᠦᠭᠡᠨ ᠪᠠᠢᠭᠤᠯᠤᠯᠲᠠ᠎ᠶ᠋ᠢᠨ ᠬᠡᠯᠲᠡᠰ᠎ᠦᠨ ᠶᠧ ᠶᠠᠩ ᠄ 《ᠭᠤᠷᠪᠠᠠ ᠨᠢᠭᠡ ᠡᠨᠧᠷᠭᠢ ᠵᠢᠨ ᠪᠦᠯᠦᠭᠯᠡᠯ ᠣᠷᠣᠨ ᠪᠦᠰᠡ᠎ᠶ᠋ᠢᠨ ᠪᠣᠬᠢᠷᠲᠤᠯ ᠦᠭᠡᠢ ᠦᠢᠯᠡᠳᠬᠦ᠌ ᠦᠢᠯᠡᠰ᠎ᠦᠨ ᠳᠡᠰ ᠳᠡᠪᠱᠢᠬᠦ᠌᠎ᠶ᠋ᠢ ᠠᠬᠢᠭᠤᠯᠬᠤ ᠴᠢᠬᠤᠯᠠ ᠡᠭᠦᠷᠭᠡ᠎ᠶ᠋ᠢ ᠡᠭᠦᠷᠭᠡᠯᠡᠵᠦ᠍ ᠪᠤᠢ᠃ ᠱᠢᠯᠢ᠎ᠶ᠋ᠢᠨ ᠭᠤᠤᠯ᠎ᠤᠨ ᠴᠠᠬᠢᠯᠭᠠᠨ ᠬᠠᠩᠭᠠᠬᠤ ᠺᠣᠮᠫᠠᠨᠢ ᠠᠵᠤ ᠠᠬᠤᠢᠯᠠᠯ᠎ᠤᠨ ᠴᠠᠬᠢᠯᠭᠠᠨ ᠬᠡᠷᠡᠭ᠌ᠯᠡᠬᠦ᠌ ᠬᠡᠷᠡᠭ᠌ᠴᠡᠭᠡ ᠵᠢ ᠤᠢᠯᠠᠭᠠᠭᠰᠠᠨ᠎ᠤ ᠳᠠᠷᠠᠭ᠎ᠠ ᠰᠠᠨᠠᠭᠠᠴᠢᠯᠠᠭ᠎ᠠ᠎ᠡᠴᠡ᠎ᠪᠠᠨ ᠲᠦᠷᠦᠯ ᠵᠦᠢᠯ᠎ᠢ ᠵᠤᠯᠭᠠᠭᠤᠯᠵᠦ᠂ ᠲᠤᠬᠠᠢᠯᠠᠭ᠍ᠰᠠᠨ ᠠᠵᠢᠯ᠎ᠤᠨ ᠭᠤᠤᠯᠯᠠᠭ᠍ᠴᠢ ᠮᠡᠷᠭᠡᠵᠢᠯᠳᠡᠳ᠎ᠢ ᠦᠳᠲᠡᠷ ᠲᠦᠷᠭᠡᠨ ᠲᠠᠲᠠᠵᠤ᠂ ᠲᠤᠰᠭᠠᠶ ᠦᠶ᠋ᠯᠡᠴᠢᠯᠡᠭᠡᠨ᠎ᠦ ᠳᠤᠭᠤᠢᠯᠠᠩ ᠪᠠᠢᠭᠤᠯᠪᠠ᠃ ᠪᠠᠷᠢᠯᠭ᠎ᠠ᠎ᠶ᠋ᠢᠨ ᠠᠵᠢᠯ᠎ᠤᠨ ᠬᠦᠴᠢᠷ ᠶᠡᠬᠡ᠂ ᠠᠮᠤᠷ ᠲᠦᠪᠱᠢᠨ᠎ᠦ ᠲᠦᠭ᠌ᠰᠢᠭᠦᠷᠢ ᠶᠡᠬᠡ ᠪᠦᠭᠡᠳ ᠣᠯᠠᠨ ᠰᠠᠯᠠᠭ᠎ᠠ ᠮᠥᠴᠢᠷ ᠵᠣᠬᠢᠴᠠᠭᠤᠯᠬᠤ ᠴᠢᠬᠤᠯᠠᠲᠠᠢ᠃ ᠢᠨᠵᠧᠨᠧᠷᠢᠩ᠎ᠦᠨ ᠤᠷᠤᠭ᠍ᠰᠢᠲᠠᠶ ᠶᠠᠪᠤᠭ᠍ᠳᠠᠬᠤ᠎ᠶ᠋ᠢ ᠦᠨᠡᠨ ᠬᠦ᠌ ᠪᠠᠲᠤᠯᠠᠬᠤ᠎ᠶ᠋ᠢᠨ ᠲᠥᠯᠥᠭᠡ ᠱᠢᠯᠢ᠎ᠶ᠋ᠢᠨ ᠭᠤᠤᠯ᠎ᠤᠨ ᠴᠠᠬᠢᠯᠭᠠᠨ ᠬᠠᠩᠭᠠᠬᠤ ᠺᠣᠮᠫᠠᠨᠢ᠎ᠶ᠋ᠢᠨ ᠠᠵᠢᠯᠲᠠᠳ ᠡᠳᠦᠷ ᠰᠥᠨᠢ ᠥᠬᠡᠶ ᠴᠢᠷᠮᠠᠢᠨ ᠠᠵᠢᠯᠯᠠᠵᠤ᠂ ᠲᠣᠰ ᠢᠨᠵᠧᠨᠧᠷᠢᠩ᠎ᠢ ᠡᠴᠦᠰ᠎ᠲᠡᠬᠡᠨ ᠲᠦᠯᠦᠪᠵᠢᠭᠦᠯᠦᠭᠰᠡᠨ ᠴᠠᠭ ᠲᠠᠭᠠᠨ ᠴᠢᠨᠠᠷ ᠰᠠᠢᠲᠠᠶ ᠪᠡᠶᠡᠯᠡᠭᠦᠯᠦᠯ᠎ᠡ》 ᠭᠡᠵᠦ ᠰᠤᠷᠪᠤᠯᠵᠢᠯᠠᠭᠴᠢ᠎ᠳᠤ ᠲᠠᠨᠢᠯᠴᠠᠭᠤᠯᠵᠠᠢ᠃

ᠭᠤᠷᠪᠠ ᠨᠢᠭᠡ ᠡᠨᠧᠷᠭᠢ᠎ᠶ᠋ᠢᠨ ᠺᠣᠮᠫᠠᠨᠢ᠎ᠶ᠋ᠢᠨ ᠱᠢᠯᠢ᠎ᠶ᠋ᠢᠨ ᠭᠣᠣᠯ ᠠᠢᠮᠠᠭ᠎ᠤᠨ ᠬᠠᠷᠢᠭᠤᠴᠠᠯᠭᠠᠲᠠᠨ ᠮᠠ ᠱᠤᠸᠠᠢ ᠵᠢᠨ ᠬᠡᠯᠡᠬᠦ ᠪᠡᠷ ᠂ ᠭᠤᠷᠪᠠ ᠨᠢᠭᠡ ᠡᠨ᠋ᠸᠷᠬᠢ ᠵᠢᠨ ᠺᠤᠮᠫᠠᠨᠢ ᠵᠢᠨ ᠱᠢᠯᠢ᠎ᠶ᠋ᠢᠨ ᠭᠣᠣᠯ᠎ᠤᠨ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠦᠢᠯᠡᠳᠬᠦ᠌ ᠠᠵᠤ ᠦᠢᠯᠡᠰ᠎ᠦᠨ ᠬᠦᠷᠢᠶᠡᠯᠡᠩ ᠪᠣᠯ ᠭᠤᠷᠪᠠ ᠨᠢᠭᠡ ᠡᠨᠧᠷᠭᠢ᠎ᠶ᠋ᠢᠨ ᠺᠤᠮᠫᠠᠨᠢ ᠵᠢᠨ ᠱᠢᠯᠢ᠎ᠶ᠋ᠢᠨ ᠭᠣᠣᠯ ᠠᠢᠮᠠᠭ᠎ᠲᠠᠬᠢ ᠴᠢᠬᠤᠯᠠ ᠪᠠᠢᠷᠢᠱᠢᠭᠤᠯᠤᠯᠲᠠ ᠪᠣᠯᠤᠨ᠎ᠠ᠃ 2024 ᠣᠨ᠎ᠤ 10 ᠰᠠᠷ᠎ᠠ᠎ᠳᠤ ᠠᠱᠢᠭ᠍ᠯᠠᠯᠲᠠ᠎ᠳᠤ ᠤᠷᠤᠭ᠍ᠰᠠᠨ᠎ᠠᠴᠠ ᠨᠠᠭᠠᠰᠢ 4 ᠵᠤᠷᠪᠤᠰ 10 ᠺᠢᠯᠦᠸᠤᠯᠲ᠎ᠤᠨ ᠴᠠᠬᠢᠯᠭᠠᠨ ᠬᠦᠴᠦᠳᠡᠯ ᠵᠢᠡᠷ ᠦᠶ᠋ᠯᠡᠳᠪᠦᠷᠢ᠎ᠳᠦ ᠴᠠᠬᠢᠯᠭᠠᠨ ᠬᠠᠩᠭᠠᠵᠤ᠂ ᠲᠣᠭ᠍ᠲᠠᠪᠤᠷᠢᠲᠤ ᠴᠢᠨᠠᠷ᠎ᠢᠶᠠᠷ ᠠᠨᠠᠶ ᠪᠠᠢᠪᠠ᠃ 110 ᠺᠢᠯᠤᠸᠤᠯᠲ᠎ᠤᠨ ᠥᠨᠳᠥᠷ ᠬᠦᠴᠦᠳᠡᠯᠲᠦ ᠴᠠᠬᠢᠯᠭᠠᠨ᠎ᠢ ᠨᠡᠪᠲᠡᠷᠡᠭᠦᠯᠦᠭ᠌ᠰᠡᠨ ᠨᠢ ᠺᠣᠮᠫᠠᠨᠢ᠎ᠶ᠋ᠢᠨ ᠦᠢᠯᠡᠳᠪᠦᠷᠢᠯᠡᠯ᠎ᠳᠤ ᠬᠦᠴᠦᠲᠡᠢ ᠪᠠᠲᠤᠯᠠᠭ᠎ᠠ ᠬᠠᠩᠭᠠᠨ᠂ ᠴᠠᠬᠢᠯᠭᠠᠨ ᠲᠤᠤᠷ᠎ᠤᠨ ᠴᠡᠪᠡᠷ ᠡᠨᠧᠷᠭᠢ᠎ᠶ᠋ᠢ ᠲᠣᠭ᠍ᠲᠠᠭᠤᠨ᠎ᠢᠶᠠᠷ ᠬᠦᠷᠭᠡᠬᠦ᠌  ᠴᠢᠳᠠᠪᠤᠷᠢ᠎ᠶ᠋ᠢ ᠳᠡᠭᠡᠭ᠌ᠰᠢᠯᠡᠭᠦᠯᠵᠡᠢ᠂ ᠵᠠᠮ ᠱᠤᠭᠤᠮ᠎ᠤᠨ ᠢᠨᠵᠧᠨᠧᠷᠢᠩ 《ᠱᠢᠨ᠎ᠡ᠎ᠪᠡᠷ ᠪᠠᠢᠭᠤᠯᠬᠤ + ᠥᠭᠡᠷᠡᠴᠢᠯᠡᠬᠦ᠌》  ᠵᠢ ᠤᠶᠠᠯᠳᠤᠭᠤᠯᠬᠤ ᠠᠷᠭ᠎ᠠ᠎ᠪᠡᠷ ᠥᠨᠳᠥᠷ ᠪᠦᠲᠦᠮᠵᠢᠲᠡᠶ ᠴᠠᠬᠢᠯᠭᠠᠨ ᠬᠦᠷᠭᠡᠬᠦ᠌ ᠲᠤᠤᠷ᠎ᠢ ᠪᠠᠢᠭᠤᠯᠤᠭᠰᠠᠨ ᠭᠡᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号