ᠬᠥᠬᠡᠬᠣᠲᠠ᠎ᠶ᠋ᠢᠨ ᠵᠡᠮᠳᠡᠭ᠌ᠴᠦᠳ᠎ᠦᠨ ᠬᠣᠯᠪᠣᠭ᠎ᠠ ᠠᠯᠪᠠᠯᠠᠬᠤ ᠭᠠᠵᠠᠷ᠎ᠤᠨ ᠠᠶᠤᠯᠭᠦᠶ ᠦᠶ᠋ᠯᠡᠳᠪᠦᠷᠢᠯᠡᠯ᠎ᠦᠨ ᠲᠤᠰᠭᠠᠶ ᠪᠠᠢᠴᠠᠭᠠᠯᠲᠠ ᠥᠷᠨᠢᠭᠦᠯᠪᠡ
2026-02-09 13:38:54
ᠵᠣᠬᠢᠶᠠᠭ᠍ᠴᠢ᠄
ᠰᠠᠴᠤᠷᠠᠯ
ᠣᠩᠱᠢᠭ᠍ᠰᠠᠨ ᠣᠳᠠᠭ᠎ᠠ᠄
★★★☆☆

ᠤᠢᠷ᠎ᠠ᠎ᠳᠤ᠂ ᠬᠥᠬᠡᠬᠣᠲᠠ᠎ᠶ᠋ᠢᠨ ᠵᠡᠮᠳᠡᠭ᠌ᠴᠦᠳ᠎ᠦᠨ ᠬᠤᠯᠪᠤᠭ᠎ᠠ ᠡᠷᠡᠭᠦᠯᠵᠢᠯ᠎ᠦᠨ ᠲᠥᠪ᠂ ᠠᠵᠢᠯ ᠣᠯᠭᠣᠯᠲᠠ᠎ᠶ᠋ᠢᠨ ᠲᠥᠪ ᠵᠡᠷᠭᠡ ᠬᠤᠶᠠᠳᠤᠭᠠᠷ ᠳᠡᠰ᠎ᠤᠨ ᠨᠢᠭᠡᠴᠢ ᠲᠠᠢ ᠪᠠᠨ ᠬᠠᠮᠲᠤᠷᠠᠵᠦ᠂ ᠠᠯᠪᠠᠯᠠᠬᠤ ᠭᠠᠵᠠᠷ᠎ᠤᠨ ᠠᠶᠤᠯᠬᠦᠢ ᠦᠶ᠋ᠯᠡᠳᠪᠦᠷᠢᠯᠡᠯ᠎ᠦᠨ ᠲᠤᠰᠭᠠᠶ ᠪᠠᠢᠴᠠᠭᠠᠯᠲᠠ ᠥᠷᠨᠢᠭᠦᠯᠵᠦ᠍᠂ ᠬᠡᠮ ᠰᠤᠭᠤᠭ ᠎ᠢ ᠪᠥᠬᠥ᠌ ᠲᠠᠯ᠎ᠠ᠎ᠪᠠᠷ ᠵᠢᠭ᠍ᠰᠠᠭᠠᠨ ᠪᠠᠢᠴᠠᠭᠠᠵᠤ᠂ ᠠᠮᠤᠷ ᠲᠦᠪᠱᠢᠨ᠎ᠦ ᠰᠡᠷᠭᠡᠢᠯᠡᠯᠲᠡ᠎ᠶ᠋ᠢᠨ ᠱᠤᠭᠤᠮ᠎ᠢ ᠪᠠᠲᠤ ᠴᠣᠭ᠍ᠴᠠᠯᠠᠪᠠ᠃

ᠲᠤᠰᠬᠠᠢ ᠪᠠᠢᠴᠠᠭᠠᠯᠲᠠ ᠨᠢ ᠵᠡᠮᠳᠡᠭ᠌ᠴᠦᠳ᠎ᠦᠨ ᠬᠣᠯᠪᠣᠭ᠎ᠠ᠎ᠶ᠋ᠢᠨ ᠠᠵᠢᠯ᠎ᠤᠨ ᠣᠨᠴᠠᠯᠢᠭ᠎ᠢ ᠦᠨᠳᠦᠰᠦᠯᠡᠨ ᠪᠤᠲᠠᠲᠠᠢ ᠪᠠᠢᠴᠠᠭᠠᠯᠲᠠ ᠦᠷᠨᠢᠬᠦᠯᠪᠡ᠃ ᠭᠠᠯ ᠰᠡᠷᠬᠡᠢᠯᠡᠵᠦ ᠭᠠᠯ ᠤᠨᠲᠠᠷᠠᠭᠠᠬᠤ ᠠᠮᠤᠷ ᠲᠦᠪᠰᠢᠨ᠎ᠤ ᠲᠠᠯ᠎ᠠ ᠪᠡᠷ᠂ ᠭᠠᠯ ᠤᠨᠲᠠᠷᠠᠭᠠᠭᠤᠷ ᠵᠡᠷᠭᠡ ᠲᠦᠬᠦᠭᠡᠷᠦᠮᠵᠢ᠎ᠶ᠋ᠢᠨ ᠪᠦᠷᠢᠨ ᠪᠦᠲᠦᠨ ᠪᠥᠭᠡᠳ ᠪᠦᠲᠦᠮᠵᠢᠲᠡᠶ ᠪᠠᠢᠬᠤ ᠡᠰᠡᠬᠦ᠌᠂ ᠪᠠᠴᠢᠮ ᠪᠠᠢᠳᠠᠯ᠎ᠢ ᠠᠷᠭᠠᠴᠠᠭᠠᠬᠤ ᠭᠡᠷᠡᠯᠲᠦᠭᠦᠯᠭᠡ ᠬᠢᠭᠡᠳ ᠠᠮᠤᠷ ᠲᠦᠪᠱᠢᠨ᠎ᠦ ᠲᠡᠮᠳᠡᠭ᠎ᠨᠢ ᠢᠯᠡ ᠲᠣᠳᠣ ᠪᠠᠢᠬᠤ ᠡᠰᠡᠬᠦ᠌᠂ ᠲᠠᠷᠬᠠᠭᠠᠨ ᠵᠠᠢᠯᠠᠭᠤᠯᠬᠤ ᠵᠠᠮ ᠱᠤᠭᠤᠮ᠂ ᠠᠮᠤᠷ ᠲᠦᠪᠱᠢᠨ ᠭᠠᠷᠬᠤ ᠡᠭᠦᠳᠡ᠎ᠨᠢ ᠰᠠᠭᠠᠳ ᠥᠬᠡᠶ ᠨᠡᠪᠲᠡᠷᠡᠵᠦ᠍ ᠪᠠᠢᠬᠤ ᠡᠰᠡᠬᠦ᠌᠎ᠶ᠋ᠢ ᠭᠤᠤᠯᠳᠠᠯᠭ᠎ᠠ᠎ᠲᠠᠶ ᠬᠠᠷᠭᠤᠭᠤᠯᠤᠨ ᠪᠠᠢᠴᠠᠭᠠᠵᠤ᠂ ᠲᠣᠭ᠍ᠲᠠᠭᠠᠯ᠎ᠠᠴᠠ ᠵᠥᠷᠢᠴᠡᠨ ᠭᠠᠯ ᠨᠣᠴᠣᠭᠠᠬᠤ᠂ ᠲᠠᠮᠠᠬᠢ ᠲᠠᠲᠠᠬᠤ ᠵᠡᠷᠭᠡ ᠠᠶᠤᠯ ᠲᠠᠶ ᠦᠶ᠋ᠯᠡ ᠠᠵᠢᠯᠯᠠᠭ᠎ᠠ᠎ᠶ᠋ᠢ ᠴᠢᠩᠭ᠎ᠠ ᠪᠠᠢᠴᠠᠭᠠᠪᠠ᠃ ᠴᠠᠬᠢᠯᠭᠠᠨ ᠬᠡᠷᠡᠭ᠌ᠯᠡᠬᠦ᠌ ᠠᠮᠤᠷ ᠲᠦᠪᠱᠢᠨ᠎ᠤ ᠲᠠᠯ᠎ᠠ ᠪᠡᠷ᠂ ᠴᠠᠬᠢᠯᠭᠠᠨ᠎ᠤ ᠬᠡᠯᠬᠢᠶ᠎ᠡ ᠬᠠᠭᠤᠴᠢᠷᠠᠵᠤ ᠡᠪᠳᠡᠷᠡᠭ᠌ᠰᠡᠨ ᠡᠰᠡᠬᠦ᠌᠂ ᠴᠠᠬᠢᠯᠭᠠᠨ ᠤᠲᠠᠰᠦ᠎ᠶᠢ ᠳᠤᠷ᠎ᠠ᠎ᠪᠠᠷ ᠲᠠᠲᠠᠵᠤ ᠳᠤᠷ᠎ᠠ᠎ᠪᠠᠷ ᠵᠠᠯᠭᠠᠭ᠍ᠰᠠᠨ ᠡᠰᠡᠬᠦ᠌᠂ ᠶᠡᠬᠡ ᠴᠢᠳᠠᠮᠵᠢᠲᠤ ᠴᠠᠬᠢᠯᠭᠠᠨ ᠬᠡᠷᠡᠭ᠌ᠰᠡᠯ᠎ᠢ ᠬᠡᠷᠡᠭ᠌ᠯᠡᠭ᠌ᠰᠡᠨ ᠨᠢ ᠲᠣᠭ᠍ᠲᠠᠭᠠᠯ᠎ᠳᠤ ᠨᠡᠢᠴᠡᠬᠦ᠌ ᠡᠰᠡᠬᠦ᠌ ᠵᠡᠷᠭᠡ᠎ᠶ᠋ᠢ ᠨᠠᠷᠢᠨ ᠬᠢᠨᠠᠮᠠᠭᠠᠶ ᠵᠢᠭ᠍ᠰᠠᠭᠠᠨ ᠪᠠᠢᠴᠠᠭᠠᠵᠤ᠂ ᠴᠠᠬᠢᠯᠭᠠᠨ ᠡᠴᠡ ᠪᠤᠯᠵᠦ ᠮᠡᠳᠡᠬᠦ ᠭᠠᠯ᠎ᠤᠨ ᠠᠶᠤᠯ᠎ᠤᠨ ᠬᠡᠮ ᠰᠤᠭᠤᠭ ᠎ᠢ ᠡᠬᠢ ᠡᠭᠦᠰᠦᠯ᠎ᠡᠴᠡ ᠨᠢ ᠬᠤᠷᠢᠬᠯᠠᠪᠠ᠃ ᠲᠦᠬᠦᠭᠡᠷᠦᠮᠵᠢ᠎ᠶ᠋ᠢᠨ ᠠᠮᠤᠷ ᠲᠦᠪᠱᠢᠨ᠎ᠤ ᠲᠠᠯ᠎ᠠ ᠪᠡᠷ᠂ ᠠᠵᠢᠯᠯᠠᠬᠤ ᠣᠷᠣᠨ ᠪᠦᠰᠡ᠎ᠶ᠋ᠢᠨ ᠡᠭᠦᠳᠡ ᠴᠣᠩᠬᠣ᠂ ᠬᠠᠯᠬᠠᠪᠴᠢ ᠬᠡᠷᠡᠰᠭᠡ ᠵᠡᠷᠭᠡ ᠰᠠᠭᠤᠷᠢ ᠲᠦᠭᠦᠭᠡᠷᠦᠮᠵᠢ᠎ᠳᠦ ᠪᠦᠬᠦ᠌ ᠲᠠᠯ᠎ᠠ᠎ᠶ᠋ᠢᠨ ᠵᠢᠬᠰᠠᠭᠠᠨ ᠪᠠᠢᠴᠠᠭᠠᠯᠲᠠ ᠬᠢᠵᠦ᠂ ᠠᠯᠪᠠᠯᠠᠬᠤ ᠭᠠᠵᠠᠷ᠎ᠤᠨ ᠣᠯᠠᠨ ᠨᠡᠢᠲᠡ᠎ᠶ᠋ᠢᠨ ᠣᠷᠣᠨ ᠪᠦᠰᠡ᠎ᠶ᠋ᠢᠨ ᠬᠠᠯᠲᠤᠷᠢᠬᠤ᠎ᠶ᠋ᠢ ᠰᠡᠷᠭᠡᠢᠯᠡᠬᠦ᠌ ᠠᠷᠭ᠎ᠠ ᠬᠡᠮᠵᠢᠶ᠎ᠡ᠎ᠶ᠋ᠢ ᠨᠠᠢᠳᠠᠪᠤᠷᠢᠵᠢᠭᠤᠯᠤᠭ᠍ᠰᠠᠨ ᠪᠠᠢᠳᠠᠯ᠎ᠢ ᠭᠣᠣᠯᠳᠠᠯᠭ᠎ᠠ᠎ᠲᠠᠶ ᠪᠠᠢᠴᠠᠭᠠᠵᠤ᠂ ᠡᠯ᠎ᠡ ᠲᠥᠷᠥᠯ᠎ᠦᠨ ᠲᠦᠬᠦᠭᠡᠷᠦᠮᠵᠢ᠎ᠶ᠋ᠢᠨ ᠪᠦᠲᠦᠴᠡ᠎ᠶ᠋ᠢᠨ ᠭᠡᠮ ᠰᠤᠭᠤᠭ ᠪᠠᠢᠬᠤ ᠦᠭᠡᠶ᠂ ᠬᠡᠷᠡᠭ᠌ᠯᠡᠬᠦ᠌᠎ᠳᠦ ᠠᠮᠤᠷ ᠲᠦᠪᠱᠢᠨ ᠪᠠᠢᠬᠤ᠎ᠶ᠋ᠢ ᠦᠨᠡᠨ᠎ᠬᠦ᠌ ᠪᠠᠲᠤᠯᠠᠪᠠ᠃

ᠳᠠᠷᠠᠭᠠᠴᠢ᠎ᠶᠢᠨ ᠠᠯᠬᠤᠮ᠎ᠳᠤ᠂ ᠬᠦᠬᠡᠬᠣᠲᠠ᠎ᠶ᠋ᠢᠨ ᠵᠡᠮᠳᠡᠭ᠌ᠴᠦᠳ᠎ᠦᠨ ᠬᠣᠯᠪᠣᠭ᠎ᠠ᠎ᠵᠢᠨ ᠬᠢᠨ ᠪᠠᠢ᠌ᠩᠭᠤᠵᠢᠭ᠍ᠰᠠᠨ ᠪᠠᠢᠴᠠᠭᠠᠯᠲᠠ᠎ᠶ᠋ᠢᠨ ᠲᠣᠭ᠍ᠲᠠᠴᠠ᠎ᠶ᠋ᠢ ᠪᠠᠢᠭᠤᠯᠵᠤ᠂ ᠬᠣᠯᠪᠣᠭᠠᠯᠠᠨ ᠬᠥᠳᠡᠯᠦᠯᠴᠡᠬᠦ᠌ ᠪᠠ ᠤᠬᠠᠭᠤᠯᠭ᠎ᠠ ᠬᠥᠮᠦᠵᠢᠯ᠎ᠢ ᠴᠢᠩᠭᠠᠳᠭᠠᠵᠤ᠂ ᠪᠠᠴᠢᠮ ᠪᠠᠢᠳᠠᠯ᠎ᠢ ᠠᠷᠭᠠᠴᠠᠭᠠᠨ ᠱᠢᠶ᠋ᠳᠪᠦᠷᠢᠯᠡᠬᠦ᠌ ᠴᠢᠳᠠᠪᠤᠷᠢ᠎ᠪᠠᠨ ᠦᠷᠭᠦᠯᠵᠢᠯᠡᠨ ᠳᠡᠭᠡᠭ᠌ᠰᠢᠯᠡᠭᠦᠯᠵᠦ᠍᠂ ᠵᠡᠮᠳᠡᠭ᠌ ᠨᠠᠢᠵᠠ ᠨᠥᠬᠥᠳ ᠪᠠ ᠺᠠᠳ᠋ᠷ ᠠᠵᠢᠯᠲᠠᠨ ᠠᠵᠢᠯᠴᠢᠨ᠎ᠳᠤ ᠠᠮᠤᠷ ᠲᠦᠪᠱᠢᠨ ᠲᠣᠭ᠍ᠲᠠᠭᠤᠨ ᠣᠷᠴᠢᠨ ᠲᠣᠭᠣᠷᠢᠨ᠎ᠢ ᠪᠣᠶ ᠪᠣᠯᠭᠠᠵᠤ᠂ ᠵᠡᠮᠳᠡᠭ᠌ᠴᠦᠳ᠎ᠦᠨ ᠦᠶ᠋ᠯᠡᠰ᠎ᠦᠨ ᠦᠷᠭᠦᠯᠵᠢᠯᠡᠨ ᠡᠷᠡᠭᠦᠯ᠎ᠢᠶᠡᠷ ᠬᠥᠭ᠌ᠵᠢᠬᠦ᠌᠎ᠳᠦ ᠪᠠᠲᠤᠯᠠᠭ᠎ᠠ ᠬᠠᠩᠭᠠᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号