ᠤᠷᠳᠤᠰ ᠬᠤᠲᠠ ᠵᠢᠨ ᠬᠢᠶ᠎ᠠ ᠪᠠᠭᠰᠢ ᠳᠤᠭᠤᠷᠢᠭ ᠤᠯᠤᠰ ᠤ᠋ᠨ ᠣᠶᠤᠨᠴᠢ ᠵᠠᠮ ᠬᠠᠷᠢᠯᠴᠠᠭᠠᠨ ᠤ᠋ ᠤᠷᠢᠳᠠᠯ ᠬᠡᠷᠡᠭᠯᠡᠭᠡ ᠪᠠ 《ᠲᠡᠷᠭᠡ ᠵᠠᠮ ᠡᠭᠦᠯᠡᠨ ᠳᠠᠪᠴᠠᠩ ᠢ᠋ ᠨᠢᠭᠡ ᠴᠣᠭᠴᠠᠵᠢᠭᠤᠯᠬᠤ》 ᠬᠡᠷᠡᠭᠯᠡᠭᠡᠨ ᠤ᠋ ᠬᠤᠤᠰ ᠲᠤᠷᠰᠢᠯᠲᠠ ᠵᠢᠨ ᠴᠡᠭ ᠤ᠋ᠨ ᠳᠠᠪᠠᠭᠤᠯᠢᠭ᠋ ᠲᠠᠭᠠᠨ ᠲᠦᠰᠢᠭᠯᠡᠨ᠂ ᠤᠯᠠᠨ ᠡᠰᠢᠲᠦ ᠬᠠᠮᠵᠢᠯᠴᠠᠭᠰᠠᠨ ᠵᠢᠯᠣᠭᠣᠴᠢ ᠦᠭᠡᠢ ᠳᠡᠷᠭᠡᠨ ᠤ᠋ ᠬᠡᠷᠡᠭᠯᠡᠭᠡᠨ ᠤ᠋ ᠰᠢᠰᠲᠧᠮ ᠢ᠋ ᠪᠠᠢᠭᠤᠯᠵᠤ᠂ ᠤᠳᠤᠬᠠᠨ ᠪᠤᠯᠳᠠᠯ᠎ᠠ ᠲᠣᠰ ᠲᠣᠭᠣᠷᠢᠭ᠋ ᠨᠢᠭᠡᠨᠲᠡ 8 ᠲᠣᠮᠣ᠌ ᠵᠢᠯᠣᠭᠣᠴᠢ ᠦᠭᠡᠢ ᠬᠡᠷᠡᠭᠯᠡᠭᠡᠨ ᠤ᠋ ᠠᠬᠤᠢ ᠲᠠᠯᠠᠪᠤᠷ ᠢ᠋ ᠪᠠᠢᠭᠤᠯᠤᠨ᠂ ᠠᠰᠢᠭᠯᠠᠯᠳᠠ ᠳ᠋ᠤ ᠤᠷᠤᠭᠰᠠᠨ ᠵᠢᠯᠤᠭᠤᠴᠢ ᠦᠭᠡᠢ ᠮᠠᠰᠢᠨ ᠲᠡᠷᠭᠡᠨ ᠤ᠋ ᠳᠤᠭ᠎ᠠ 80 ᠰᠠᠭᠤᠷᠢ ᠪᠤᠯᠪᠠ᠃
ᠪᠠᠷᠠᠭᠤᠨ ᠬᠣᠢᠲᠤ ᠣᠷᠣᠨ ᠤ᠋ ᠴᠣᠷ ᠤ᠋ᠨ ᠭᠠᠭᠴᠠ ᠬᠣᠣᠰ ᠲᠤᠷᠰᠢᠯᠲᠠ ᠵᠢᠨ ᠴᠡᠭ ᠪᠣᠯᠤᠭᠰᠠᠨ ᠤ᠋ ᠬᠤᠪᠢ ᠳ᠋ᠤ᠂ ᠬᠢᠶ᠎ᠠ ᠪᠠᠭ᠍ᠰᠢ ᠲᠣᠭᠣᠷᠢᠭ᠋ ᠬᠣᠲᠠ ᠵᠢᠨ ᠵᠠᠰᠠᠯᠲᠠ ᠪᠠ ᠠᠷᠠᠳ ᠤ᠋ᠨ ᠠᠮᠢᠳᠤᠷᠠᠯ ᠤ᠋ᠨ ᠬᠡᠷᠡᠭᠴᠡᠭᠡ ᠪᠡᠨ ᠦᠨᠳᠦᠰᠦᠯᠡᠨ᠂ ᠨᠡᠶ᠋ᠢᠲᠡ ᠵᠢᠨ ᠮᠠᠰᠢᠨ ᠳᠡᠷᠭᠡ᠂ ᠲᠦᠷᠢᠶᠡᠰᠦᠨ ᠮᠠᠰᠢᠨ ᠲᠡᠷᠭᠡ᠂ ᠤᠬᠤᠷ ᠵᠠᠢ ᠵᠢᠨ ᠵᠦᠭᠡᠭᠡᠪᠦᠷᠢ ᠵᠢᠨ ᠲᠡᠷᠭᠡ᠂ ᠲᠣᠭᠣᠷᠢᠨ ᠵᠢᠭᠤᠯᠴᠢᠯᠠᠬᠤ ᠳᠡᠷᠭᠡ᠂ ᠴᠡᠪᠡᠷᠯᠡᠨ ᠱᠦᠭᠦᠷᠳᠡᠬᠦ ᠲᠡᠷᠭᠡ᠂ ᠪᠠᠷᠠᠭᠠᠨ ᠤ᠋ ᠳᠡᠭᠡᠭᠡᠪᠦᠷᠢ ᠶ᠋ᠢᠨ ᠲᠡᠷᠭᠡ᠂ ᠪᠠᠷᠠᠭ᠎ᠠ ᠬᠤᠳᠠᠯᠳᠤᠬᠤ ᠳᠡᠷᠭᠡ᠂ ᠴᠠᠭᠳᠠᠨ ᠪᠠᠢᠴᠠᠭᠠᠬᠤ ᠲᠡᠷᠭᠡ ᠵᠡᠷᠭᠡ 8 ᠳᠤᠮᠤ ᠵᠢᠯᠤᠭᠤᠴᠢ ᠦᠭᠡᠢ ᠬᠡᠷᠡᠭᠯᠡᠭᠡᠨ ᠤ᠋ ᠠᠬᠤᠢ ᠲᠠᠯᠠᠪᠤᠷ ᠢ᠋ ᠪᠠᠢᠭᠤᠯᠵᠤ᠂ ᠣᠯᠠᠨ ᠨᠡᠶ᠋ᠢᠲᠡ ᠵᠢᠨ ᠶᠠᠪᠤᠵᠤ ᠰᠠᠭᠤᠬᠤ᠂ ᠬᠣᠲᠠ ᠵᠢᠨ ᠬᠡᠷᠡᠭᠯᠡᠭᠡᠨ᠂ ᠪᠠᠴᠢᠮ ᠪᠠᠢᠳᠠᠯ ᠢ᠋ ᠠᠷᠭᠠᠴᠠᠭᠠᠬᠤ ᠵᠡᠷᠭᠡ ᠵᠢ ᠬᠠᠮᠤᠷᠤᠭᠰᠠᠨ ᠪᠥᠬᠥ ᠬᠡᠯᠬᠢᠶᠡᠨ ᠤ᠋ ᠬᠡᠷᠡᠭᠯᠡᠭᠡᠨ ᠤ᠋ ᠰᠢᠰᠲᠧᠮ ᠢ᠋ ᠪᠠᠢᠭᠤᠯᠵᠤ᠂ ᠤᠶᠤᠨᠴᠢ ᠵᠠᠮ ᠬᠠᠷᠢᠯᠴᠠᠭᠠᠨ ᠤ᠋ ᠪᠦᠳᠦᠭᠡᠨ ᠪᠠᠢᠭᠤᠯᠤᠯᠳᠠ ᠳ᠋ᠤ ᠰᠠᠭᠤᠷᠢ ᠳᠠᠯᠪᠢᠵᠠᠢ᠃ ᠡᠳᠡᠭᠡᠷ ᠵᠢᠯᠤᠭᠤᠴᠢ ᠦᠭᠡᠢ ᠲᠡᠷᠭᠡ ᠬᠥᠰᠬᠡ ᠵᠢ ᠨᠡᠢᠳᠡ 2518 ᠢᠵᠢ ᠵᠠᠮ ᠤ᠋ᠨ ᠳᠤᠨᠤᠭ ᠲᠥᠬᠦᠭᠡᠷᠦᠮᠵᠢ ᠪᠠ ᠣᠷᠣᠨ ᠪᠦᠰᠡ ᠵᠢᠨ ᠡᠭᠦᠯᠡᠨ ᠡᠵᠡᠮᠳᠡᠯ ᠤ᠋ᠨ ᠲᠠᠪᠴᠠᠩ ᠶ᠋ᠢᠡᠷ ᠡᠵᠡᠮᠳᠡᠵᠦ᠂ 0.3 ᠰᠧᠺᠦ᠋ᠨ᠋ᠳ᠋ ᠤ᠋ᠨ ᠳᠣᠲᠣᠷ᠎ᠠ ᠵᠠᠮ ᠤ᠋ᠨ ᠪᠠᠢᠳᠠᠯ ᠢ᠋ ᠢᠯᠭᠠᠨ ᠲᠠᠨᠢᠬᠤ ᠪᠠ ᠣᠶᠤᠨᠴᠢ ᠪᠡᠷ ᠰᠢᠢᠳᠪᠦᠷᠢ ᠲᠣᠭᠲᠠᠭᠠᠬᠤ ᠵᠢ ᠪᠡᠶᠡᠯᠡᠭᠦᠯᠳᠡᠭ ᠠᠵᠢ᠃
ᠣᠲᠣᠬᠠᠨ ᠪᠣᠯᠲᠠᠯ᠎ᠠ᠂ ᠲᠣᠰ ᠲᠣᠭᠣᠷᠢᠭ᠋ ᠤ᠋ᠨ ᠵᠢᠯᠣᠭᠣᠴᠢ ᠦᠭᠡᠢ ᠮᠠᠰᠢᠨ ᠲᠡᠷᠭᠡᠨ ᠤ᠋ ᠲᠡᠭᠡᠭᠡᠪᠦᠷᠢ ᠵᠢᠨ ᠵᠠᠢ ᠨᠢ 15 ᠲᠦᠮᠡᠨ ᠺᠢᠯᠣᠮᠧᠲᠷ ᠢ᠋ ᠳᠠᠪᠠᠵᠤ᠂ 7 ᠲᠦᠮᠡᠨ ᠬᠥᠮᠥᠨ ᠤᠳᠠᠭ᠎ᠠ ᠳ᠋ᠤ ᠦᠢᠯᠡᠴᠢᠯᠡᠨ᠂ ᠵᠢᠯᠤᠭᠤᠴᠢ ᠦᠭᠡᠢ ᠮᠠᠰᠢᠨ ᠳᠡᠷᠭᠡᠨ ᠤ᠋ ᠴᠡᠪᠡᠷᠯᠡᠨ ᠱᠦᠬᠦᠷᠳᠡᠭᠰᠡᠨ ᠲᠠᠯᠠᠪᠠᠢ ᠨᠢ 60 ᠲᠦᠮᠡᠨ ᠲᠡᠭᠰᠢ ᠳᠥᠷᠪᠡᠯᠵᠢᠨ ᠮᠧᠲᠷ ᠢ᠋ ᠳᠠᠪᠠᠵᠤ᠂ ᠵᠢᠯᠤᠭᠤᠴᠢ ᠦᠭᠡᠢ ᠪᠠᠷᠠᠭᠠᠨ ᠤ᠋ ᠳᠡᠭᠡᠭᠡᠪᠦᠷᠢ ᠶ᠋ᠢᠨ ᠳᠡᠷᠭᠡ ᠨᠢ 45 ᠲᠦᠮᠡᠨ ᠬᠤᠪᠢ ᠪᠠᠷᠠᠭ᠎ᠠ ᠵᠢ ᠲᠣᠬᠢᠷᠠᠭᠤᠯᠤᠨ ᠬᠦᠷᠭᠡᠪᠡ᠃ ᠡᠭᠦᠨ ᠤ᠋ ᠬᠠᠮᠲᠤ᠂ ᠬᠡᠷᠡᠭᠯᠡᠭᠡᠨ ᠤ᠋ ᠠᠬᠤᠢ ᠲᠠᠯᠠᠪᠤᠷ ᠶ᠋ᠢᠡᠷ ᠤᠶᠤᠨᠴᠢ ᠵᠠᠮ ᠬᠠᠷᠢᠯᠴᠠᠭᠠᠨ ᠤ᠋ ᠠᠵᠤ ᠦᠢᠯᠡᠰ ᠤ᠋ᠨ ᠪᠦᠯᠦᠭᠵᠢᠬᠦ ᠵᠢ ᠳᠠᠶ᠋ᠢᠴᠢᠯᠠᠵᠤ᠂ ᠬᠤᠸᠠ ᠸᠧᠢ ᠵᠡᠷᠭᠡ 10 ᠭᠠᠷᠤᠢ ᠲᠠᠭᠠᠭᠤᠯᠤᠭᠴᠢ ᠠᠵᠤ ᠠᠬᠤᠢᠯᠠᠯ ᠢ᠋ ᠤᠷᠤᠭᠤᠯᠤᠨ ᠨᠠᠢᠳᠠᠪᠤᠷᠢᠵᠢᠭᠤᠯᠵᠦ᠂ 《ᠲᠡᠷᠭᠡ ︱ ᠵᠠᠮ ︱ ᠡᠭᠦᠯᠡᠨ ᠳᠠᠪᠴᠠᠩ》 ᠢ᠋ ᠠᠭᠤᠰᠤᠯᠴᠠᠭᠤᠯᠤᠨ ᠬᠥᠭᠵᠢᠭᠦᠯᠦᠭᠰᠡᠨ ᠰᠢᠰᠲᠧᠮ ᠪᠠᠢᠭᠤᠯᠵᠤ᠂ ᠤᠶᠤᠨᠴᠢ ᠵᠠᠮ ᠬᠠᠷᠢᠯᠴᠠᠭᠠᠨ ᠤ᠋ ᠴᠠᠭ ᠦᠶ᠎ᠡ ᠳ᠋ᠤ ᠤᠷᠤᠬᠤ ᠳ᠋ᠤ ᠰᠠᠭᠤᠷᠢ ᠳᠠᠯᠪᠢᠵᠠᠢ᠃