2026 ᠤᠨ ᠤ᠋ ᠮᠠᠱᠢᠨ ᠲᠡᠷᠭᠡᠨ᠎ᠦ ᠬᠠᠭᠤᠴᠢᠨ ᠢ᠋ᠢᠡᠷ ᠰᠢᠨ᠎ᠡ ᠢ᠋ᠢ ᠰᠤᠯᠢᠬᠤ ᠠᠵᠢᠯ ᠢ᠋ ᠰᠠᠢᠳᠤᠷ ᠬᠢᠵᠤ᠂ ᠮᠠᠰᠢᠨ ᠲᠡᠷᠬᠡᠨ ᠤ᠋ ᠬᠡᠷᠡᠭᠯᠡᠬᠡ ᠵᠢᠨ ᠲᠠᠰ ᠳᠡᠪᠱᠢᠬᠦ᠌᠎ᠶ᠋ᠢ ᠠᠬᠢᠭᠤᠯᠬᠤ᠎ᠶ᠋ᠢᠨ ᠲᠥᠯᠥᠭᠡ᠂ ᠲᠦᠷᠦᠭᠦᠬᠡᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭᠠᠨ᠎ᠤ ᠶᠠᠪᠤᠳᠠᠯ᠎ᠤᠨ ᠲᠢᠩᠬᠢᠮ 《2026 ᠤᠨ ᠤ᠋ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠤ᠋ ᠮᠠᠱᠢᠨ ᠲᠡᠷᠭᠡᠨ᠎ᠦ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠨᠥᠬᠥᠪᠥᠷᠢ᠎ᠶ᠋ᠢᠨ ᠲᠥᠷᠥ᠎ᠶ᠋ᠢᠨ ᠪᠣᠳᠣᠯᠭ᠎ᠠ᠎ᠶ᠋ᠢ ᠬᠡᠷᠡᠭ᠌ᠵᠢᠭᠦᠯᠬᠦ᠌ ᠲᠤᠬᠠᠢ ᠮᠡᠳᠡᠭᠳᠡᠯ》 ᠢ᠋ ᠪᠠᠭᠤᠯᠭᠠᠪᠠ᠃
ᠮᠠᠱᠢᠨ ᠲᠡᠷᠭᠡ᠎ᠪᠡᠨ ᠬᠡᠷᠡᠭ᠌ᠯᠡᠭᠡᠨ᠎ᠡᠴᠡ ᠭᠠᠷᠭᠠᠵᠤ ᠰᠢᠨᠡᠴᠢᠯᠡᠵᠤ ᠨᠥᠬᠥᠪᠥᠷᠢ ᠤᠯᠭᠤᠬᠤ ᠲᠠᠯ᠎ᠠ᠎ᠪᠠᠷ ᠲᠣᠳᠣᠷᠬᠠᠶ ᠨᠥᠬᠥᠪᠥᠷᠢ ᠦᠭᠬᠦ ᠬᠡᠪᠴᠢᠶ᠎ᠡ ᠪᠠ ᠪᠠᠷᠢᠮᠵᠢᠶ᠎ᠠ᠎ᠶ᠋ᠢ ᠲᠤᠳᠤᠷᠬᠠᠢᠯᠠᠪᠠ᠃ ᠬᠤᠪᠢ ᠬᠦᠮᠦᠨ ᠦᠪᠡᠷ ᠤ᠋ᠨ ᠨᠡᠷ᠎ᠡ ᠲᠤᠤᠷᠠᠬᠢ 2013 ᠣᠨ᠎ᠤ 6 ᠰᠠᠷ᠎ᠠ᠎ᠶ᠋ᠢᠨ 30 ᠤ᠋ ᠡᠳᠦᠷ᠎ᠡᠴᠡ ᠡᠮᠦᠨ᠎ᠡ ᠳᠠᠩᠰᠠᠯᠠᠭᠤᠯᠤᠭᠰᠠᠨ ᠴᠢᠶᠢᠦ ᠲᠣᠰᠣᠨ᠎ᠤ ᠰᠠᠭᠤᠳᠠᠯ᠎ᠤᠨ ᠮᠠᠱᠢᠨ ᠲᠡᠷᠭᠡ᠂ 2015 ᠣᠨ᠎ᠤ 6 ᠰᠠᠷ᠎ᠠ᠎ᠶ᠋ᠢᠨ 30᠎ᠤ᠋ ᠡᠳᠦᠷ᠎ᠡᠴᠡ ᠡᠮᠦᠨ᠎ᠡ ᠳᠠᠩᠰᠠᠯᠠᠭᠤᠯᠤᠭᠰᠠᠨ ᠴᠠᠢᠶᠢᠦ ᠲᠣᠰᠣᠨ ᠤ᠋ ᠰᠠᠭᠤᠳᠡᠯ ᠤ᠋ᠨ ᠮᠠᠰᠢᠨ ᠲᠡᠷᠬᠡ ᠵᠢᠴᠢ ᠪᠤᠰᠤᠳ ᠲᠦᠯᠡᠰᠢᠨᠤ᠋ ᠰᠠᠭᠤᠳᠠᠯ᠎ᠤᠨ ᠮᠠᠱᠢᠨ ᠲᠡᠷᠭᠡ᠂ 2019 ᠣᠨ᠎ᠤ 12 ᠰᠠᠷ᠎ᠠ᠎ᠶ᠋ᠢᠨ 31᠎ᠤ᠋ ᠡᠳᠦᠷ᠎ᠡᠴᠡ ᠡᠮᠦᠨ᠎ᠡ ᠳᠠᠩᠰᠠᠯᠠᠭᠤᠯᠤᠭᠰᠠᠨ ᠱᠢᠨ᠎ᠡ ᠡᠨᠧᠷᠭᠢ᠎ᠶ᠋ᠢᠨ ᠰᠠᠭᠤᠳᠠᠯ᠎ᠤᠨ ᠮᠠᠱᠢᠨ ᠲᠡᠷᠭᠡ ᠢ᠋ᠢ ᠬᠡᠷᠡᠭᠯᠡᠬᠡᠨ ᠡᠴᠡ ᠭᠠᠷᠭᠠᠬᠤ ᠢ᠋ᠢᠨ ᠬᠠᠮᠳᠤ 《ᠮᠠᠰᠢᠨ ᠲᠡᠷᠬᠡ ᠬᠤᠳᠠᠯᠳᠤᠨ ᠠᠪᠤᠭᠰᠠᠨ ᠭᠠᠢᠯᠢ᠎ᠶ᠋ᠢ ᠬᠠᠰᠤᠵᠤ ᠬᠡᠯᠲᠦᠷᠢᠭᠦᠯᠬᠦ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠲᠡᠷᠬᠡᠨ ᠬᠡᠯᠪᠡᠷᠢ᠎ᠶ᠋ᠢᠨ ᠭᠠᠷᠴᠠᠭ》 ᠲᠡᠬᠢ ᠱᠢᠨ᠎ᠡ ᠡᠨᠧᠷᠭᠢ᠎ᠶ᠋ᠢᠨ ᠰᠠᠭᠤᠳᠠᠯ᠎ᠤᠨ ᠮᠠᠱᠢᠨ ᠲᠡᠷᠭᠡ ᠪᠤᠶᠤ 2.0 ᠯᠢᠲ᠋ᠷ ᠵᠢᠴᠢ ᠲᠡᠭᠦᠨ᠎ᠡᠴᠡ ᠳᠣᠷᠣᠭ᠍ᠰᠢᠬᠢ ᠭᠠᠳᠠᠭ᠍ᠰᠢᠯᠠᠭᠤᠯᠬᠤ ᠪᠠᠷᠢᠮᠵᠢᠶ᠎ᠡ ᠡᠴᠡ ᠲᠤᠷᠤᠭᠰᠢᠬᠢ ᠲᠤᠰᠤ ᠰᠢᠳᠠᠭᠠᠬᠤ ᠰᠠᠭᠤᠳᠠᠯ᠎ᠤᠨ ᠮᠠᠱᠢᠨ ᠲᠡᠷᠭᠡ ᠢ᠋ᠢ ᠦᠪᠤᠷ ᠮᠤᠨᠭᠭᠤᠯ ᠤ᠋ᠨ ᠬᠡᠪᠴᠢᠶᠡᠨ ᠳ᠋ᠤ᠌ ᠬᠤᠳᠠᠯᠳᠤᠨ ᠠᠪᠴᠤ᠂ ᠮᠠᠰᠢᠨ ᠲᠡᠷᠬᠡ ᠢ᠋ᠢ ᠨᠢᠬᠡᠳᠤᠯᠳᠡᠢ ᠪᠤᠷᠤᠯᠠᠭᠤᠯᠤᠭᠰᠠᠨ ᠪᠠᠷᠢᠮᠳᠡ ᠭᠠᠷᠭᠠᠵᠤ ᠠᠪᠤᠭᠰᠠᠨ ᠪᠤᠯ ᠨᠢᠭᠡ ᠯᠡ ᠤᠳᠠᠭ᠎ᠠ᠎ᠶ᠋ᠢᠨ ᠴᠢᠨᠠᠷᠲᠠᠶ ᠨᠥᠬᠥᠪᠥᠷᠢ ᠭᠤᠶᠤᠴᠢᠯᠠᠵᠤ ᠪᠣᠯᠤᠨ᠎ᠠ᠃ ᠬᠤᠪᠢ ᠬᠦᠮᠦᠨ ᠲᠡᠬᠡᠷ᠎ᠡ ᠲᠤᠷᠠᠳᠤᠭᠰᠠᠨ ᠨᠦᠬᠦᠴᠡᠯ ᠳ᠋ᠤ᠌ ᠨᠡᠢᠴᠡᠬᠦ ᠬᠠᠭᠤᠴᠢᠨ ᠮᠠᠰᠢᠨ ᠲᠡᠷᠬᠡ ᠪᠡᠨ ᠬᠡᠷᠡᠭᠯᠡᠬᠡᠨ ᠡᠴᠡ ᠭᠠᠷᠭᠠᠬᠤ ᠢ᠋ᠢᠨ ᠬᠠᠮᠳᠤ ᠰᠢᠨ᠎ᠡ ᠡᠨ᠋ᠸᠷᠬᠢ ᠢ᠋ᠢᠨ ᠮᠠᠰᠢᠨ ᠲᠡᠷᠬᠡ ᠬᠤᠳᠠᠯᠳᠤᠨ ᠠᠪᠤᠭᠰᠠᠨ ᠪᠠᠢᠪᠠᠯ᠂ ᠮᠠᠱᠢᠨ ᠲᠡᠷᠬᠡ ᠬᠤᠳᠠᠯᠳᠤᠨ ᠠᠪᠤᠭᠰᠠᠨ ᠪᠠᠷᠢᠮᠳᠡ ᠶᠤᠰᠤᠭᠠᠷ 12%᠎ᠢ᠋ᠢᠡᠷ ᠨᠥᠬᠥᠪᠥᠷᠢ ᠤᠯᠭᠤᠵᠤ᠂ ᠬᠠᠮᠤᠭ ᠤ᠋ᠨ ᠶᠡᠬᠡ ᠳ᠋ᠡᠬᠡᠨ 2 ᠲᠦᠮᠡᠨ ᠲᠥᠭᠥᠷᠢᠭ᠎ᠤ᠋ᠨ ᠨᠦᠬᠦᠪᠤᠷᠢ ᠤᠯᠭᠤᠨ᠎ᠡ᠂ ᠲᠡᠬᠡᠷ᠎ᠡ ᠲᠤᠷᠠᠳᠤᠭᠰᠠᠨ ᠨᠦᠬᠦᠴᠡᠯ ᠳ᠋ᠤ᠌ ᠨᠡᠢᠴᠡᠬᠦ ᠲᠤᠰᠤ ᠰᠢᠳᠠᠭᠠᠬᠤ ᠮᠠᠰᠢᠨ ᠲᠡᠷᠬᠡ ᠪᠡᠨ ᠬᠡᠷᠡᠭᠯᠡᠬᠡᠨ ᠡᠴᠡ ᠭᠠᠷᠭᠠᠵᠤ 2.0 ᠯᠢᠲ᠋ᠷ ᠵᠢᠴᠢ ᠲᠡᠭᠦᠨ᠎ᠡᠴᠡ ᠳᠣᠷᠣᠭ᠍ᠰᠢᠬᠢ ᠭᠠᠳᠠᠭ᠍ᠰᠢᠯᠠᠭᠤᠯᠬᠤ ᠪᠠᠷᠢᠮᠵᠢᠶ᠎ᠡ ᠡᠴᠡ ᠲᠤᠷᠤᠭᠰᠢᠬᠢ ᠲᠤᠰᠤ ᠰᠢᠳᠠᠭᠠᠬᠤ ᠰᠠᠭᠤᠳᠠᠯ᠎ᠤᠨ ᠮᠠᠰᠢᠨ ᠲᠡᠷᠭᠡᠬᠤᠳᠠᠯᠳᠤᠨ ᠠᠪᠤᠭ᠍ᠰᠠᠨ ᠪᠤᠯ ᠲᠡᠷᠬᠡ ᠬᠤᠳᠠᠯᠳᠤᠨ ᠠᠪᠤᠭᠰᠠᠨ ᠪᠠᠷᠢᠮᠳᠡ ᠶᠤᠰᠤᠭᠠᠷ 10% ᠪᠠᠷ ᠨᠥᠬᠥᠪᠥᠷᠢ ᠤᠯᠭᠤᠵᠤ᠂ ᠬᠠᠮᠤᠭ ᠤ᠋ᠨ ᠶᠡᠬᠡ ᠳ᠋ᠡᠬᠡᠨ 1.5 ᠲᠦᠮᠡᠨ ᠲᠥᠭᠥᠷᠢᠭ ᠤ᠋ᠨ ᠨᠦᠬᠦᠪᠤᠷᠢ ᠤᠯᠭᠤᠨ᠎ᠡ᠃ ᠠᠩᠬᠠᠷᠤᠭᠤᠱᠢᠲᠠᠶ ᠨᠢ᠂ ᠱᠢᠨ᠎ᠡ ᠡᠨᠧᠷᠭᠢ᠎ᠶ᠋ᠢᠨ ᠰᠠᠭᠤᠳᠠᠯ᠎ᠤᠨ ᠮᠠᠱᠢᠨ ᠲᠡᠷᠭᠡ ᠪᠡᠨ ᠬᠡᠷᠡᠭᠯᠡᠬᠡᠨ ᠡᠴᠡ ᠭᠠᠷᠭᠠᠵᠤ ᠲᠤᠰᠤ ᠰᠢᠳᠠᠭᠠᠬᠤ ᠰᠠᠭᠤᠳᠠᠯ᠎ᠤᠨ ᠮᠠᠱᠢᠨ ᠲᠡᠷᠭᠡ ᠬᠤᠳᠠᠯᠳᠤᠨ ᠠᠪᠬᠤ᠎ᠳᠤ ᠨᠦᠬᠦᠪᠤᠷᠢ ᠤᠯᠭᠤᠬᠤ ᠦᠬᠡᠢ᠃
ᠮᠠᠱᠢᠨ ᠲᠡᠷᠭᠡ ᠪᠡᠨ ᠰᠣᠯᠢᠵᠤ ᠰᠢᠨᠡᠴᠢᠯᠡᠬᠦ ᠳ᠋ᠤ᠌ ᠨᠥᠬᠥᠪᠥᠷᠢ ᠤᠯᠭᠤᠬᠤ ᠲᠠᠯ᠎ᠠ᠎ᠪᠠᠷ᠂ 2026 ᠤᠨ ᠳ᠋ᠤ᠌ ᠬᠤᠪᠢ ᠬᠦᠮᠦᠨ ᠦᠪᠡᠷ ᠤ᠋ᠨ ᠨᠡᠷ᠎ᠡ ᠲᠤᠤᠷᠠᠬᠢ ᠳᠠᠩᠰᠠᠯᠠᠭᠤᠯᠤᠭ᠍ᠰᠠᠨ ᠰᠠᠭᠤᠳᠠᠯ᠎ᠤᠨ ᠮᠠᠱᠢᠨ ᠲᠡᠷᠭᠡ (ᠲᠤᠷᠤᠭᠰᠢ 《ᠬᠠᠭᠤᠴᠢᠨ ᠮᠠᠰᠢᠨ ᠲᠡᠷᠬᠡ》 ᠬᠡᠵᠤ ᠲᠤᠪᠴᠢᠯᠡᠨ᠎ᠡ) ᠪᠡᠨ ᠪᠤᠰᠤᠳ ᠲᠦ᠍ ᠰᠢᠯᠵᠢᠬᠦᠯᠤᠨ ᠦᠭᠬᠦ ᠢ᠋ᠢᠨ ᠬᠠᠮᠳᠤ ᠦᠪᠤᠷ ᠮᠤᠨᠭᠭᠤᠯ ᠤ᠋ᠨ ᠬᠡᠪᠴᠢᠶᠡᠨ ᠳ᠋ᠤ᠌ 《ᠮᠠᠰᠢᠨ ᠲᠡᠷᠬᠡ ᠬᠤᠳᠠᠯᠳᠤᠨ ᠠᠪᠤᠭᠰᠠᠨ ᠭᠠᠢᠯᠢ᠎ᠶ᠋ᠢ ᠬᠠᠰᠤᠵᠤ ᠬᠡᠯᠲᠦᠷᠢᠭᠦᠯᠬᠦ ᠱᠢᠨ᠎ᠡ ᠡᠨᠧᠷᠭᠢ᠎ᠶ᠋ᠢᠨ ᠮᠠᠱᠢᠨ ᠲᠡᠷᠭᠡᠨ᠎ᠦ ᠲᠡᠷᠬᠡᠨ ᠬᠡᠯᠪᠡᠷᠢ᠎ᠶ᠋ᠢᠨ ᠭᠠᠷᠴᠠᠭ》 ᠲᠡᠬᠢ ᠱᠢᠨ᠎ᠡ ᠡᠨᠧᠷᠭᠢ᠎ᠶ᠋ᠢᠨ ᠰᠠᠭᠤᠳᠠᠯ᠎ᠤᠨ ᠮᠠᠱᠢᠨ ᠲᠡᠷᠭᠡ ᠪᠤᠶᠤ 2.0 ᠯᠢᠲ᠋ᠷ ᠵᠢᠴᠢ ᠲᠡᠭᠦᠨ᠎ᠡᠴᠡ ᠳᠣᠷᠣᠭ᠍ᠰᠢᠬᠢ ᠭᠠᠳᠠᠭ᠍ᠰᠢᠯᠠᠭᠤᠯᠬᠤ ᠪᠠᠷᠢᠮᠵᠢᠶ᠎ᠡ ᠢ᠋ᠢᠨ ᠲᠤᠰᠤ ᠰᠢᠳᠠᠭᠠᠬᠤ ᠰᠠᠭᠤᠳᠠᠯ᠎ᠤᠨ ᠮᠠᠱᠢᠨ ᠲᠡᠷᠭᠡ ᠬᠤᠳᠠᠯᠳᠤᠨ ᠠᠪᠴᠤ᠂ ᠮᠠᠰᠢᠨ ᠲᠡᠷᠬᠡ ᠢ᠋ᠢ ᠨᠢᠬᠡᠳᠤᠯᠳᠡᠢ ᠪᠤᠷᠤᠯᠠᠭᠤᠯᠤᠭᠰᠠᠨ ᠪᠠᠷᠢᠮᠳᠡ ᠭᠠᠷᠭᠠᠵᠤ ᠠᠪᠤᠭᠰᠠᠨ ᠪᠤᠯ ᠨᠢᠭᠡ ᠯᠡ ᠤᠳᠠᠭ᠎ᠠ᠎ᠶ᠋ᠢᠨ ᠴᠢᠨᠠᠷᠲᠠᠶ ᠨᠥᠬᠥᠪᠥᠷᠢ ᠭᠤᠶᠤᠴᠢᠯᠡᠵᠤ ᠪᠣᠯᠤᠨ᠎ᠠ᠃ ᠪᠣᠳᠠᠲᠠᠶ ᠪᠠᠷᠢᠮᠵᠢᠶ᠎ᠠ᠎ᠨᠢ᠂ ᠰᠢᠨ᠎ᠡ ᠪᠡᠷ ᠬᠤᠳᠠᠯᠳᠤᠨ ᠠᠪᠤᠭᠰᠠᠨ ᠲᠡᠷᠬᠡ ᠨᠢ ᠱᠢᠨ᠎ᠡ ᠡᠨᠧᠷᠭᠢ᠎ᠶ᠋ᠢᠨ ᠰᠠᠭᠤᠳᠠᠯ᠎ᠤᠨ ᠮᠠᠱᠢᠨ ᠲᠡᠷᠭᠡ ᠪᠤᠯ ᠲᠡᠷᠬᠡ ᠬᠤᠳᠠᠯᠳᠤᠨ ᠠᠪᠤᠭᠰᠠᠨ ᠪᠠᠷᠢᠮᠳᠡ ᠶᠤᠰᠤᠭᠠᠷ 8% ᠪᠠᠷ ᠨᠦᠬᠦᠪᠤᠷᠢ ᠤᠯᠭᠤᠵᠤ᠂ ᠬᠠᠮᠤᠭ ᠤ᠋ᠨ ᠶᠡᠬᠡ ᠳ᠋ᠡᠬᠡᠨ 1.5 ᠲᠦᠮᠡᠨ ᠲᠥᠭᠥᠷᠢᠭ ᠤ᠋ᠨ ᠨᠦᠬᠦᠪᠤᠷᠢ ᠤᠯᠭᠤᠨ᠎ᠡ᠂ ᠰᠢᠨ᠎ᠡ ᠪᠡᠷ ᠬᠤᠳᠠᠯᠳᠤᠨ ᠠᠪᠤᠭᠰᠠᠨ ᠲᠡᠷᠬᠡ ᠨᠢ ᠲᠤᠰᠤ ᠰᠢᠳᠠᠭᠠᠬᠤ ᠰᠠᠭᠤᠳᠠᠯ᠎ᠤᠨ ᠮᠠᠱᠢᠨ ᠲᠡᠷᠭᠡ ᠪᠤᠯ ᠲᠡᠷᠬᠡ ᠬᠤᠳᠠᠯᠳᠤᠨ ᠠᠪᠤᠭᠰᠠᠨ ᠪᠠᠷᠢᠮᠳᠡ ᠶᠤᠰᠤᠭᠠᠷ 6% ᠪᠠᠷ ᠨᠥᠬᠥᠪᠥᠷᠢ ᠤᠯᠭᠤᠵᠤ᠂ ᠬᠠᠮᠤᠭ ᠤ᠋ᠨ ᠶᠡᠬᠡ ᠳ᠋ᠡᠬᠡᠨ 1.3 ᠲᠦᠮᠡᠨ ᠲᠥᠭᠥᠷᠢᠭ ᠤ᠋ᠨ ᠨᠦᠬᠦᠪᠤᠷᠢ ᠤᠯᠭᠤᠨ᠎ᠡ᠃