ᠤᠢᠷ᠎ᠠ ᠳ᠋ᠤ᠂ ᠦᠪᠦᠷ ᠮᠤᠨᠭᠭᠤᠯ ᠪᠦᠬᠦ ᠤᠯᠤᠰ ᠤ᠋ᠨ ᠠᠨᠭᠬᠠᠳᠠᠬᠴᠢ ᠮᠤᠵᠢ ᠶ᠋ᠢᠨ ᠳᠡᠰ ᠤ᠋ᠨ ᠴᠠᠬᠢᠯᠭᠠᠨ ᠦᠢᠯᠡᠳᠪᠦᠷᠢᠯᠡᠯ ᠤ᠋ᠨ ᠨᠡᠭᠦᠷᠡᠰᠦᠲᠥ᠋ᠷᠥᠭ᠌ᠴᠢ ᠶ᠋ᠢᠨ ᠬᠡᠮᠵᠢᠯᠲᠡ ᠶ᠋ᠢᠨ ᠤᠷᠤᠨ ᠨᠤᠲᠤᠭ ᠤ᠋ᠨ ᠪᠠᠷᠢᠮᠵᠢᠶ᠎ᠠ ᠪᠤᠯᠬᠤ 《ᠴᠠᠬᠢᠯᠭᠠᠨ ᠦᠢᠯᠡᠳᠪᠦᠷᠢᠯᠡᠯ ᠤ᠋ᠨ ᠨᠡᠭᠦᠷᠡᠰᠦᠳᠦ᠋ᠷᠦᠭᠴᠢ ᠶ᠋ᠢᠨ ᠬᠡᠮᠵᠢᠯᠲᠡ ᠶ᠋ᠢᠨ ᠮᠡᠷᠭᠡᠵᠢᠯ ᠤ᠋ᠨ ᠵᠢᠷᠦᠮᠵᠢᠯ》 ᠢ᠋ ᠨᠡᠢᠲᠡᠯᠡᠪᠡ᠃
ᠣᠢᠯᠠᠭᠠᠭ᠍ᠰᠠᠨ ᠢ᠋ᠶ᠋ᠡᠷ᠂ 《ᠴᠠᠬᠢᠯᠭᠠᠨ ᠦᠢᠯᠡᠳᠪᠦᠷᠢᠯᠡᠯ ᠤ᠋ᠨ ᠨᠡᠭᠦᠷᠡᠰᠦᠳᠦ᠋ᠷᠦᠭᠴᠢ ᠶ᠋ᠢᠨ ᠬᠡᠮᠵᠢᠯᠲᠡ ᠶ᠋ᠢᠨ ᠮᠡᠷᠭᠡᠵᠢᠯ ᠤ᠋ᠨ ᠵᠢᠷᠦᠮᠵᠢᠯ》 ᠢ᠋ ᠥᠪᠥᠷ ᠮᠣᠩᠭᠣᠯ ᠤ᠋ᠨ ᠴᠠᠬᠢᠯᠭᠠᠨ ᠬᠦᠴᠦᠨ ᠤ᠋ ᠪᠦᠯᠦᠭ᠌ᠯᠡᠯ ᠬᠠᠮᠢᠶ᠎ᠠ ᠪᠦᠬᠦᠢ ᠰᠢᠨᠵᠢᠯᠡᠬᠦ ᠤᠬᠠᠭᠠᠨ ᠤ᠋ ᠰᠤᠳᠤᠯᠭᠠᠨ ᠤ᠋ ᠨᠢᠭᠡᠴᠢ ᠲᠠᠢ ᠬᠠᠮᠲᠤᠷᠠᠨ ᠲᠤᠬᠲᠠᠭᠠᠵᠠᠢ᠂ ᠲᠤᠰ ᠵᠢᠷᠦᠮᠵᠢᠯ ᠢ᠋ ᠲᠤᠬᠲᠠᠭᠠᠬᠰᠠᠨ ᠨᠢ ᠮᠠᠨ ᠤ᠋ ᠤᠯᠤᠰ ᠤ᠋ᠨ ᠴᠠᠬᠢᠯᠭᠠᠨ ᠦᠢᠯᠡᠳᠪᠦᠷᠢᠯᠡᠯ ᠤ᠋ᠨ ᠨᠡᠭᠦᠷᠡᠰᠦᠲᠥ᠋ᠷᠥᠭ᠌ᠴᠢ ᠶ᠋ᠢᠨ ᠬᠡᠮᠵᠢᠯᠲᠡ ᠶ᠋ᠢᠨ ᠬᠦᠷᠢᠶᠡᠨ ᠳ᠋ᠡᠬᠢ ᠮᠡᠷᠭᠡᠵᠢᠯ ᠤ᠋ᠨ ᠬᠣᠭᠣᠰᠣᠨ ᠢ᠋ ᠨᠥᠬᠥᠪᠥᠷᠢᠯᠡᠭ᠌ᠰᠡᠨ ᠢ᠋ᠶ᠋ᠡᠷ ᠪᠠᠷᠠᠬᠤ ᠥᠬᠡᠶ ᠪᠠᠰᠠ ᠥᠪᠥᠷ ᠮᠣᠩᠭᠣᠯ ᠤ᠋ᠨ ᠡᠨᠧᠷᠭᠢ ᠶ᠋ᠢᠨ ᠠᠵᠤ ᠦᠶ᠋ᠯᠡᠰ ᠤ᠋ᠨ ᠪᠣᠬᠢᠷᠲᠤᠯ ᠥᠬᠡᠶ ᠲᠡᠢᠰᠢ ᠬᠡᠯᠪᠡᠷᠢ ᠪᠠᠨ ᠬᠤᠪᠢᠷᠠᠭᠤᠯᠬᠤ ᠳ᠋ᠤ ᠴᠢᠬᠤᠯᠠ ᠮᠡᠷᠭᠡᠵᠢᠯ ᠤ᠋ᠨ ᠲᠤᠯᠭᠠᠭᠤᠷᠢᠯᠠᠯ ᠬᠠᠩᠭᠠᠵᠤ᠂ ᠪᠥᠬᠥ᠌ ᠤᠯᠤᠰ ᠤ᠋ᠨ ᠴᠠᠬᠢᠯᠭᠠᠨ ᠦᠢᠯᠡᠳᠪᠦᠷᠢᠯᠡᠯ ᠤ᠋ᠨ ᠨᠡᠭᠦᠷᠡᠰᠦᠲᠥ᠋ᠷᠥᠭ᠌ᠴᠢ ᠶ᠋ᠢᠨ ᠱᠢᠰᠲ᠋ᠧᠮ ᠤ᠋ᠨ ᠪᠠᠢᠭᠤᠯᠤᠯᠲᠠ ᠳ᠋ᠤ ᠬᠠᠭᠤᠯᠪᠤᠷᠢᠯᠠᠵᠤ ᠪᠣᠯᠬᠤ ᠂ ᠳᠡᠯᠭᠡᠷᠡᠭᠦᠯᠵᠦ᠍ ᠪᠣᠯᠬᠤ 《ᠥᠪᠥᠷ ᠮᠣᠩᠭᠣᠯ ᠤ᠋ᠨ ᠲᠥᠰᠦᠯ》 ᠢ᠋ ᠬᠠᠨᠭᠭᠠᠪᠠ᠃
ᠤᠯᠤᠰ ᠡᠴᠡ 《ᠬᠤᠤᠰ ᠨᠡᠭᠦᠷᠡᠰᠦᠲᠥ᠋ᠷᠥᠭ᠌ᠴᠢ》 ᠶ᠋ᠢᠨ ᠪᠠᠢᠯᠳᠤᠬᠤ ᠪᠣᠳᠣᠯᠭ᠎ᠠ ᠵᠢ ᠭᠦᠨᠵᠡᠭᠡᠶ ᠠᠬᠢᠭᠤᠯᠵᠤ᠂ ᠪᠥᠬᠥ᠌ ᠪᠥᠮᠪᠥᠷᠴᠡᠭ ᠤ᠋ᠨ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ ᠨᠢᠭᠡᠨᠲᠡ ᠶᠡᠬᠡ ᠬᠠᠨᠳᠤᠰᠢ ᠪᠣᠯᠤᠭ᠍ᠰᠠᠨ ᠠᠬᠤᠶ ᠪᠠᠢᠳᠠᠯ ᠳᠤᠤᠷ᠎ᠠ᠂ ᠲᠣᠰ ᠪᠠᠷᠢᠮᠵᠢᠶ᠎ᠠ ᠶ᠋ᠢᠨ ᠱᠢᠰᠲ᠋ᠧᠮ ᠨᠢ ᠴᠠᠬᠢᠯᠭᠠᠨ ᠬᠦᠴᠦᠨ ᠤ᠋ ᠲᠣᠭ᠎ᠠ ᠪᠠᠷᠢᠮᠲᠠ ᠵᠢ ᠴᠤᠭ᠍ᠯᠠᠭᠤᠯᠬᠤ᠂ ᠨᠡᠭᠦᠷᠡᠰᠦᠲᠥ᠋ᠷᠥᠭ᠌ᠴᠢ ᠭᠠᠳᠠᠭ᠍ᠰᠢᠯᠠᠭᠤᠯᠬᠤ ᠬᠡᠮᠵᠢᠶ᠎ᠡ ᠶ᠋ᠢ ᠳᠠᠮᠵᠢᠭᠤᠯᠬᠤ᠂ ᠬᠡᠮᠵᠢᠯᠲᠡ ᠶ᠋ᠢᠨ ᠲᠣᠨᠣᠭ᠍ᠯᠠᠯ ᠢ᠋ ᠭᠡᠷᠡᠴᠢᠯᠡᠨ ᠲᠤᠬᠲᠠᠭᠠᠬᠤ ᠵᠡᠷᠭᠡ ᠵᠠᠩᠭᠢᠯᠠᠭ᠎ᠠ ᠶ᠋ᠢᠨ ᠮᠡᠷᠭᠡᠵᠢᠯ ᠢ᠋ ᠨᠡᠢᠳᠭᠡᠵᠦ᠂ ᠴᠠᠬᠢᠯᠭᠠᠨ ᠭᠠᠷᠭᠠᠬᠤ᠂ ᠴᠠᠬᠢᠯᠭᠠᠨ ᠬᠦᠷᠭᠡᠬᠦ᠌᠂ ᠴᠠᠬᠢᠯᠭᠠᠨ ᠲᠦᠭᠡᠭᠡᠬᠦ᠌᠂ ᠴᠠᠬᠢᠯᠭᠠᠨ ᠬᠡᠷᠡᠭ᠌ᠯᠡᠬᠦ᠌ ᠪᠥᠬᠥ᠌ ᠭᠣᠭ᠍ᠴᠣᠭᠠ ᠶ᠋ᠢᠨ ᠨᠡᠭᠦᠷᠡᠰᠦᠲᠥ᠋ᠷᠥᠭ᠌ᠴᠢ ᠵᠢᠨ ᠭᠠᠳᠠᠬᠰᠢᠯᠠᠭᠤᠯᠤᠯᠲᠠ ᠵᠢ ᠬᠡᠮᠵᠢᠬᠦ᠌ ᠠᠷᠭ᠎ᠠ ᠵᠢ ᠠᠩᠬ᠎ᠠ ᠤᠳᠠᠭ᠎ᠠ ᠲᠣᠳᠣᠷᠬᠠᠢᠯᠠᠵᠤ᠂ ᠨᠡᠭᠦᠷᠡᠰᠦᠨ ᠴᠠᠬᠢᠯᠭᠠᠨ᠂ ᠰᠠᠯᠬᠢᠨ ᠬᠦᠴᠦᠨ ᠤ᠋ ᠴᠠᠬᠢᠯᠭᠠᠨ᠂ ᠬᠡᠷᠡᠯᠴᠢ ᠴᠡᠨᠡᠭ ᠵᠡᠷᠭᠡ ᠣᠯᠠᠨ ᠵᠦᠶ᠋ᠯ ᠤ᠋ᠨ ᠡᠨᠧᠷᠭᠢ ᠶ᠋ᠢᠨ ᠲᠥᠷᠥᠯ ᠬᠡᠯᠪᠡᠷᠢ ᠵᠢ ᠬᠠᠮᠤᠷᠤᠭ᠍ᠰᠠᠨ ᠨᠡᠭᠦᠷᠡᠰᠦᠲᠥ᠋ᠷᠥᠭ᠌ᠴᠢ ᠶ᠋ᠢᠨ ᠭᠠᠳᠠᠭ᠍ᠰᠢᠯᠠᠭᠤᠯᠤᠯᠲᠠ ᠶ᠋ᠢᠨ ᠳ᠋ᠠᠢᠲ᠋ᠠ ᠬᠥᠮᠥᠷᠭᠡ ᠵᠢ ᠪᠠᠢᠭᠤᠯᠵᠤ᠂ ᠣᠷᠳᠣ ᠬᠤᠭᠤᠴᠠᠭᠠᠨ ᠤ᠋ ᠲᠤᠷᠰᠢ ᠴᠠᠬᠢᠯᠭᠠᠨ ᠦᠢᠯᠡᠳᠪᠦᠷᠢᠯᠡᠯ ᠤ᠋ᠨ ᠨᠡᠭᠦᠷᠡᠰᠦᠲᠥ᠋ᠷᠥᠭ᠌ᠴᠢ ᠶ᠋ᠢᠨ ᠲᠣᠭᠠᠴᠠᠭ᠎ᠠ ᠬᠢᠬᠦ᠌ ᠪᠠᠷᠢᠮᠵᠢᠶ᠎ᠠ ᠨᠢᠭᠡᠳᠦᠯ ᠥᠬᠡᠶ᠂ ᠲᠣᠭ᠎ᠠ ᠪᠠᠷᠢᠮᠲᠠ ᠶ᠋ᠢᠨ ᠢᠲᠡᠭᠡᠮᠵᠢ ᠶ᠋ᠢᠨ ᠬᠡᠮᠵᠢᠶ᠎ᠡ ᠬᠦᠷᠦᠯᠴᠡᠬᠦ᠌ ᠥᠬᠡᠶ ᠪᠠᠢᠭ᠍ᠰᠠᠨ ᠠᠵᠢᠯ ᠲᠥᠷᠥᠯ ᠤ᠋ᠨ ᠬᠦᠴᠢᠷᠳᠡᠯ ᠢ᠋ ᠱᠢᠶ᠋ᠳᠪᠦᠷᠢᠯᠡᠪᠡ᠃
ᠲᠣᠰ ᠪᠠᠷᠢᠮᠵᠢᠶ᠎ᠠ ᠵᠢ ᠬᠡᠷᠡᠭ᠌ᠵᠢᠭᠦᠯᠦᠭ᠌ᠰᠡᠨ ᠨᠢ ᠥᠪᠥᠷ ᠮᠣᠩᠭᠣᠯ ᠤ᠋ᠨ ᠡᠨᠧᠷᠭᠢ ᠶ᠋ᠢᠨ ᠰᠠᠭᠤᠷᠢᠨ ᠤ᠋ ᠬᠡᠯᠪᠡᠷᠢ ᠪᠠᠨ ᠬᠤᠪᠢᠷᠠᠭᠤᠯᠬᠤ ᠳ᠋ᠤ ᠱᠢᠨ᠎ᠡ ᠬᠥᠳᠡᠯᠭᠡᠬᠦ᠌ ᠬᠦᠴᠦᠨ ᠨᠡᠮᠡᠷᠢᠯᠡᠪᠡ᠃ ᠵᠢᠱ᠌ᠢᠯᠲᠡ ᠪᠡᠷ 2027 ᠣᠨ ᠪᠣᠯᠬᠤ ᠳ᠋ᠤ᠂ ᠲᠣᠰ ᠪᠠᠷᠢᠮᠵᠢᠶ᠎ᠠ ᠶ᠋ᠢᠨ ᠤᠯᠠᠮ ᠴᠢᠨᠠᠬᠰᠢᠲᠠ ᠬᠡᠷᠡᠭ᠌ᠵᠢᠭᠦᠯᠦᠭ᠌ᠳᠡᠬᠦ᠌ ᠵᠢ ᠳᠠᠭᠠᠯᠳᠤᠨ᠂ ᠥᠪᠡᠷᠲᠡᠭᠡᠨ ᠵᠠᠰᠠᠬᠤ ᠣᠷᠣᠨ ᠤ᠋ ᠪᠣᠬᠢᠷᠲᠤᠯ ᠥᠬᠡᠶ ᠮᠥᠩᠭᠥᠨ ᠭᠦᠶ᠋ᠯᠭᠡᠭᠡᠨ ᠤ᠋ ᠬᠡᠪᠴᠢᠶ᠎ᠡ ᠵᠢ ᠥᠷᠭᠡᠳᠭᠡᠬᠦ᠌ ᠵᠢ ᠦᠷᠭᠦᠯᠵᠢᠯᠡᠨ ᠳᠠᠢᠴᠢᠯᠠᠬᠤ ᠶ᠋ᠢᠨ ᠬᠠᠮᠲᠤ ᠨᠡᠭᠦᠷᠡᠰᠦᠲᠥ᠋ᠷᠥᠭ᠌ᠴᠢ ᠶ᠋ᠢᠨ ᠵᠦᠪᠯᠡᠯᠭᠡ ᠦᠭᠭᠦ ᠵᠡᠷᠭᠡ ᠨᠢᠭᠡ ᠪᠦᠯᠦᠭ ᠱᠢᠨ᠎ᠡ ᠪᠡᠷ ᠬᠥᠭ᠌ᠵᠢᠭ᠌ᠰᠡᠨ ᠦᠶ᠋ᠯᠡᠴᠢᠯᠡᠭᠡᠨ ᠤ᠋ ᠡᠵᠡᠩᠨᠡᠯᠲᠡ ᠶ᠋ᠢᠨ ᠬᠡᠯᠪᠡᠷᠢ ᠵᠢ ᠪᠣᠢᠵᠢᠭᠤᠯᠤᠨ ᠪᠣᠶ ᠪᠣᠯᠭᠠᠬᠤ ᠶ᠋ᠢᠨ ᠬᠠᠮᠲᠤ ᠡᠨᠧᠷᠭᠢ ᠶ᠋ᠢᠨ ᠠᠵᠤ ᠦᠶ᠋ᠯᠡᠰ ᠤ᠋ᠨ ᠴᠢᠨᠠᠷ ᠤ᠋ᠨ ᠦᠰᠦᠷᠦᠯᠲᠡ ᠵᠢ ᠪᠡᠶᠡᠯᠡᠭᠦᠯᠬᠦ᠌ ᠪᠤᠯᠤᠨ᠎ᠠ᠃