ᠣᠷᠳᠣᠰ ᠬᠣᠲᠠ ᠵᠢᠨ 《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠪᠠᠩᠬᠢ ᠠᠵᠤ ᠠᠬᠤᠢᠯᠠᠯ》ᠢ᠋ ᠴᠢᠨᠠᠷ ᠰᠠᠢᠲᠠᠢ ᠬᠥᠭᠵᠢᠯᠳᠠ ᠵᠢᠨ ᠬᠡᠷᠡᠭᠴᠡᠭᠡ ᠲᠠᠢ ᠵᠣᠯᠭᠠᠭᠤᠯᠬᠤ ᠬᠤᠷᠠᠯ ᠳᠦᠷᠦᠬᠦᠭᠡᠨ ᠣᠷᠳᠣᠰ ᠤ᠋ᠨ ᠣᠯᠠᠨ ᠤᠯᠤᠰ ᠤ᠋ᠨ ᠬᠤᠷᠠᠯ ᠦᠵᠡᠰᠬᠦᠯᠡᠩ ᠤ᠋ᠨ ᠲᠥᠪ ᠲᠤ᠌ ᠶᠠᠪᠤᠭᠳᠠᠵᠤ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠰᠤᠳᠤᠯᠭᠠᠨ ᠤ᠋ ᠨᠢᠭᠡᠴᠢ᠂ ᠮᠥᠩᠭᠥᠨ ᠭᠦᠢᠯᠭᠡᠭᠡᠨ ᠤ᠋ ᠪᠠᠢᠭᠤᠯᠤᠮᠵᠢ ᠪᠣᠯᠣᠨ ᠠᠵᠤ ᠠᠬᠤᠢᠯᠠᠯ ᠤ᠋ᠨ ᠭᠦᠨᠵᠡᠭᠡᠢ ᠬᠠᠮᠵᠢᠯᠴᠠᠭᠠᠨ ᠤ᠋ ᠬᠥᠭᠥᠷᠭᠡ ᠵᠢ ᠪᠠᠢᠭᠤᠯᠵᠤ᠂ ᠤᠨᠢᠨ ᠳᠡᠭᠡᠷ᠎ᠡ ᠨᠢ ᠵᠣᠯᠭᠠᠭᠤᠯᠬᠤ ᠪᠠᠷ ᠴᠢᠬᠤᠯᠠ ᠭᠠᠷᠳᠠᠴᠠ ᠪᠤᠯᠭᠠᠨ᠂ ᠣᠷᠳᠣᠰ ᠬᠤᠳᠠ ᠵᠢᠨ ᠴᠢᠨᠠᠷ ᠰᠠᠢᠲᠠᠢ ᠬᠥᠭᠵᠢᠯᠲᠡ ᠳ᠋ᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠡᠢ᠃
ᠲᠣᠰ ᠵᠣᠯᠭᠠᠭᠤᠯᠬᠤ ᠬᠤᠷᠠᠯ 《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠶ᠋ᠢᠡᠷ ᠠᠵᠤ ᠦᠢᠯᠡᠰ ᠲᠤ᠌ ᠬᠦᠴᠦ ᠨᠡᠮᠡᠷᠢᠯᠡᠬᠦ᠂ ᠮᠥᠩᠭᠥᠨ ᠭᠦᠢᠯᠭᠡᠭᠡ ᠪᠡᠷ ᠬᠥᠭᠵᠢᠯᠲᠡ ᠵᠢ ᠳᠡᠮᠵᠢᠬᠦ》 ᠪᠡᠷ ᠭᠣᠣᠯ ᠤᠳᠤᠷᠢᠳᠤᠮᠵᠢ ᠪᠣᠯᠭᠠᠵᠤ᠂ ᠲᠣᠰ ᠭᠠᠵᠠᠷ ᠤᠷᠤᠨ ᠤ᠋ ᠳᠠᠭᠠᠭᠤᠯᠤᠭᠴᠢ ᠠᠵᠤ ᠠᠬᠤᠢᠯᠠᠯ᠂ ᠭᠠᠳᠠᠨ᠎ᠠ ᠣᠷᠣᠨ ᠤ᠋ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠰᠢᠨ᠎ᠡ ᠵᠢ ᠡᠭᠦᠳᠬᠦ ᠬᠡᠯᠪᠡᠷᠢ ᠶ᠋ᠢᠨ ᠠᠵᠤ ᠠᠬᠤᠢᠯᠠᠯ᠂ ᠮᠥᠩᠭᠥᠨ ᠭᠦᠢᠯᠭᠡᠭᠡᠨᠤ ᠪᠠᠢᠭᠤᠯᠤᠮᠵᠢ ᠵᠢᠴᠢ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠰᠤᠳᠤᠯᠭᠠᠨ ᠤ᠋ ᠬᠦᠷᠢᠶᠡᠯᠡᠩ ᠭᠠᠵᠠᠷ ᠤ᠋ᠨ ᠲᠥᠯᠥᠭᠡᠯᠡᠭᠴᠢ ᠨᠠᠷ ᠤᠷᠤᠯᠴᠠᠵᠤ᠂ ᠪᠡᠯᠡ ᠣᠷᠣᠭᠤᠯᠬᠤ ᠴᠢᠭᠯᠡᠯ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠲᠤᠯᠭᠠᠭᠤᠷᠢᠯᠠᠯ᠂ ᠲᠥᠷᠥᠯ ᠵᠦᠢᠯ ᠢ᠋ ᠨᠠᠢᠳᠠᠪᠤᠷᠢᠵᠢᠭᠤᠯᠬᠤ᠂ ᠪᠡᠯᠡ ᠲᠣᠬᠢᠷᠠᠭᠤᠯᠬᠤ ᠬᠡᠷᠡᠭᠴᠡᠭᠡ ᠵᠡᠷᠭᠡ ᠵᠠᠩᠭᠢᠯᠠᠭ᠎ᠠ ᠵᠢᠨ ᠵᠥᠪᠯᠡᠬᠦ ᠰᠡᠳᠦᠪ ᠤ᠋ᠨ ᠲᠣᠭᠣᠷᠢᠨ ᠳ᠋ᠤ ᠨᠠᠷᠢᠯᠢᠭ᠋ ᠣᠨᠣᠴᠠᠲᠠᠢ ᠵᠣᠯᠭᠠᠭᠤᠯᠤᠨ᠂ ᠮᠥᠩᠭᠥᠨ ᠭᠦᠢᠯᠭᠡᠭᠡᠨ ᠤ᠋ ᠪᠠᠢᠭᠤᠯᠤᠮᠵᠢ ᠡᠴᠡ ᠮᠥᠩᠭᠥᠨ ᠭᠦᠢᠯᠭᠡᠭᠡᠨ ᠤ᠋ ᠪᠦᠲᠦᠭᠡᠭᠳᠡᠭᠦᠨ ᠵᠢᠴᠢ ᠲᠣᠬᠢᠷᠠᠭᠤᠯᠤᠨ ᠬᠡᠷᠡᠭᠯᠡᠬᠦ ᠠᠬᠤᠢ ᠪᠠᠢᠳᠠᠯ ᠢ᠋ ᠨᠠᠷᠢᠯᠢᠭ ᠲᠠᠢᠯᠪᠤᠷᠢᠯᠠᠵᠠᠢ᠃ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠰᠤᠳᠤᠯᠭᠠᠨ ᠤ᠋ ᠬᠦᠷᠢᠶᠡᠯᠡᠩ ᠭᠠᠵᠠᠷ ᠡᠴᠡ ᠳᠡᠷᠢᠬᠦᠨ ᠤ᠋ ᠮᠡᠷᠭᠡᠵᠢᠯ ᠢ᠋ ᠬᠤᠪᠢᠷᠠᠭᠤᠯᠤᠭᠰᠠᠨ ᠦᠷ᠎ᠡ ᠪᠦᠲᠦᠭᠡᠯ ᠶ᠋ᠢᠡᠨ ᠲᠠᠨᠢᠯᠴᠠᠭᠤᠯᠤᠨ᠂ ᠠᠺᠠᠳᠧᠮᠢᠴᠢ ᠲᠤᠰᠬᠠᠢ ᠮᠡᠷᠭᠡᠵᠢᠯᠲᠡᠳ ᠡᠴᠡ ᠠᠵᠢᠯ ᠲᠥᠷᠥᠯ ᠤ᠋ᠨ ᠬᠥᠭᠵᠢᠯᠲᠡ ᠵᠢᠨ ᠬᠠᠨᠳᠤᠰᠢ ᠵᠢ ᠬᠤᠪᠢᠶᠠᠯᠴᠠᠵᠤ᠂ ᠠᠵᠤ ᠦᠢᠯᠡᠰ ᠤ᠋ᠨ ᠲᠠᠰ ᠳᠡᠪᠰᠢᠬᠦ ᠳ᠋ᠤ ᠪᠥᠬᠥ ᠲᠠᠯ᠎ᠠ ᠵᠢᠨ ᠣᠶᠤᠨ ᠤ᠋ ᠪᠠ ᠡᠬᠢ ᠪᠠᠶᠠᠯᠢᠭ᠋ ᠤ᠋ᠨ ᠲᠤᠯᠭᠠᠭᠤᠷᠢᠯᠠᠯ ᠬᠠᠩᠭᠠᠭᠰᠠᠨ ᠪᠠᠢᠨ᠎ᠠ᠃ ᠡᠬᠦᠨ ᠤ᠋ ᠬᠠᠮᠳᠤ᠂ ᠤᠳᠤ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢᠯᠡᠳᠪᠦᠷᠢ᠂ ᠰᠢᠨ᠎ᠡ ᠮᠠᠲᠧᠷᠢᠶᠠᠯ᠂ ᠮᠠᠰᠢᠨ ᠲᠡᠷᠭᠡ᠂ ᠤᠰᠤᠲᠥ᠋ᠷᠥᠭᠴᠢ ᠡᠨᠧᠷᠭᠢ᠂ ᠬᠠᠩᠭᠠᠯᠭ᠎ᠠ ᠶ᠋ᠢᠨ ᠬᠡᠯᠬᠢᠶ᠎ᠡ ᠬᠢᠭᠡᠳ ᠠᠷᠠᠯᠵᠢᠶ᠎ᠠ ᠬᠤᠳᠠᠯᠳᠤᠭ᠎ᠠ (ᠭᠠᠳᠠᠭᠠᠳᠤ ᠠᠷᠠᠯᠵᠢᠶ᠎ᠠ) ᠵᠡᠷᠭᠡ 5 ᠶᠡᠬᠡ ᠬᠦᠷᠢᠶ᠎ᠡ ᠬᠤᠪᠢᠶᠠᠭᠰᠠᠨ ᠭᠦᠨᠵᠡᠭᠡᠢ ᠵᠣᠯᠭᠠᠭᠤᠯᠬᠤ ᠬᠤᠷᠠᠯ ᠢ᠋ ᠵᠡᠷᠭᠡ ᠪᠡᠷ ᠲᠣᠬᠢᠷᠠᠭᠤᠯᠵᠤ᠂ ᠠᠳᠠᠯᠢ ᠪᠤᠰᠤ ᠠᠵᠤ ᠦᠢᠯᠡᠰ ᠤ᠋ᠨ ᠬᠥᠭᠵᠢᠯᠲᠡ ᠵᠢᠨ ᠬᠡᠷᠡᠭᠴᠡᠭᠡ ᠵᠢ ᠣᠨᠣᠪᠴᠢᠲᠠᠢ ᠲᠣᠬᠢᠷᠠᠭᠤᠯᠤᠨ᠂ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠂ ᠬᠥᠷᠥᠩᠭᠡ ᠪᠣᠯᠣᠨ ᠠᠵᠤ ᠦᠢᠯᠡᠰ ᠤ᠋ᠨ ᠠᠭᠤᠰᠤᠯᠴᠠᠨ ᠬᠦᠭᠵᠢᠬᠦ ᠵᠠᠮ ᠢ᠋ ᠪᠦᠲᠦᠮᠵᠢᠲᠡᠢ ᠨᠠᠪᠲᠠᠷᠡᠭᠦᠯᠵᠦ᠂ 《ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠶ᠋ᠢᠡᠷ ᠬᠦᠴᠦᠨ ᠨᠠᠮᠡᠷᠢᠯᠡᠨ᠂ ᠮᠥᠩᠭᠥᠨ ᠭᠦᠢᠯᠭᠡᠭᠡ ᠪᠡᠷ ᠳᠤᠯᠭᠠᠭᠤᠷᠢᠯᠠᠵᠦ᠂ ᠠᠵᠤ ᠠᠬᠤᠢᠯᠠᠯ ᠤ᠋ᠨ ᠦᠷ᠎ᠡ ᠠᠰᠢᠭ᠋ ᠢ᠋ ᠨᠡᠮᠡᠭᠳᠡᠭᠦᠯᠬᠦ》 ᠰᠠᠢᠨ ᠰᠠᠢᠬᠠᠨ ᠡᠷᠬᠢᠯᠳᠡᠳᠤ ᠣᠷᠴᠢᠯ ᠢ᠋ ᠪᠦᠷᠢᠯᠳᠦᠭᠦᠯᠬᠦ ᠳ᠋ᠤ ᠬᠦᠴᠦ ᠨᠡᠮᠡᠷᠢᠯᠡᠨ᠂ ᠣᠷᠳᠣᠰ ᠬᠤᠳᠠ ᠵᠢᠨ ᠠᠵᠤ ᠦᠢᠯᠡᠰ ᠤ᠋ᠨ ᠬᠡᠯᠪᠡᠷᠢ ᠪᠡᠨ ᠬᠤᠪᠢᠷᠠᠭᠤᠯᠬᠤ ᠪᠠ ᠰᠢᠨ᠎ᠡ ᠴᠢᠨᠠᠷᠤᠨ ᠦᠢᠯᠡᠳᠪᠦᠷᠢᠯᠡᠯ ᠤ᠋ᠨ ᠬᠦᠴᠦᠨ ᠢ᠋ ᠪᠣᠢᠵᠢᠭᠤᠯᠬᠤ ᠳ᠋ᠤ ᠰᠠᠭᠤᠷᠢ ᠵᠢ ᠪᠠᠲᠤᠳᠬᠠᠵᠤ᠂ ᠪᠦᠬᠦ ᠬᠤᠳᠠ ᠵᠢᠨ ᠴᠢᠨᠠᠷ ᠰᠠᠢᠲᠠᠢ ᠬᠥᠭᠵᠢᠯᠲᠡ ᠵᠢᠨ ᠰᠢᠨ᠎ᠡ ᠳᠡᠭᠲᠡᠷ ᠲᠤ᠌ ᠭᠠᠷᠬᠤ ᠵᠢ ᠦᠷᠭᠦᠯᠵᠢᠯᠡᠨ ᠠᠬᠢᠭᠤᠯᠬᠤ ᠵᠢ ᠵᠤᠷᠢᠭᠰᠠᠨ ᠪᠠᠢᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号