ᠲᠤᠬᠢᠷᠠᠭᠤᠯᠤᠨ ᠬᠦᠷᠭᠡᠬᠦ ᠬᠤᠭᠤᠴᠠᠭ᠎ᠠ ᠵᠢ 48 ᠴᠠᠭ ᠪᠤᠭᠤᠨᠢᠰᠬᠠᠨ ᠦᠪᠡᠷ ᠤ᠋ᠨ ᠦᠷᠳᠡᠭ ᠢ᠋ 50% ᠪᠡᠷ ᠪᠠᠭᠤᠷᠠᠭᠤᠯᠵᠤ ᠮᠠᠨ ᠤ᠋ ᠤᠷᠤᠨ ᠮᠠᠯ ᠤ᠋ᠨ ᠠᠰᠢᠭ ᠰᠢᠮ᠎ᠠ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠪᠤᠷᠤᠯᠠᠭᠤᠯᠭ᠎ᠠ ᠶ᠋ᠢᠨ ᠰᠢᠨ᠎ᠡ ᠵᠠᠮ ᠢ᠋ ᠨᠡᠬᠡᠬᠡᠪᠡ
2026-02-09 10:04:28
ᠵᠣᠬᠢᠶᠠᠭ᠍ᠴᠢ᠄
ᠼᠠᠢ ᠬᠤᠡᠭ
ᠣᠩᠱᠢᠭ᠍ᠰᠠᠨ ᠣᠳᠠᠭ᠎ᠠ᠄
★★★☆☆

《ᠮᠠᠨ ᠤ᠋ ᠺᠤᠮᠫᠠᠨᠢ ᠪᠡᠬᠡᠵᠢᠩ ᠳ᠋ᠡᠬᠢ ᠦᠪᠤᠷ ᠮᠤᠩᠭᠤᠯ ᠤ᠋ᠨ ᠤᠷᠢᠳᠴᠢᠯᠠᠨ ᠨᠦᠬᠡᠴᠡᠯᠡᠬᠦ ᠬᠦᠮᠦᠷᠭᠡ ᠳ᠋ᠦ ᠤᠷᠤᠭᠰᠠᠨ ᠡᠴᠡ ᠨᠠᠭᠠᠰᠢ 1000 ᠲᠦᠮᠡ ᠭᠠᠷᠤᠢ ᠲᠦᠭᠦᠷᠢᠭ ᠤ᠋ᠨ ᠠᠷᠠᠯᠵᠢᠶᠡᠨ ᠤ᠋ ᠭᠡᠷ᠎ᠡ ᠲᠤᠭᠲᠠᠵᠤ᠂ ᠠᠮᠤ ᠪᠤᠳᠠᠭ᠎ᠠ ᠭᠤᠯᠢᠷ ᠲᠤᠰᠤ ᠪᠠ ᠦᠭᠡᠷ ᠬᠤᠨᠢᠨ ᠮᠢᠬ᠎ᠠ ᠵᠢ ᠬᠠᠮᠤᠷᠴᠠᠢ᠃ ᠤᠷᠢᠳᠴᠢᠯᠠᠨ ᠨᠦᠬᠡᠴᠡᠯᠡᠬᠦ ᠬᠦᠮᠦᠷᠭᠡ ᠶ᠋ᠢᠨ 〈ᠪᠦᠭᠡᠮ ᠶ᠋ᠢᠡᠷ ᠤᠷᠤᠭᠤᠯᠵᠤ ᠰᠤᠯᠠ ᠪᠡᠷ ᠪᠤᠷᠤᠯᠠᠭᠤᠯᠬᠤ〉 ᠵᠠᠭᠪᠤᠷ ᠨᠢ ᠦᠪᠡᠷ ᠤ᠋ᠨ ᠦᠷᠳᠡᠭ ᠢ᠋ ᠶᠡᠬᠡ ᠪᠡᠷ ᠪᠠᠭᠤᠷᠠᠭᠤᠯᠤᠭᠰᠠᠨ ᠪᠦᠬᠡᠳ ᠦᠪᠤᠷ ᠮᠤᠩᠭᠤᠯ ᠤ᠋ᠨ ᠴᠢᠨᠠᠷ ᠰᠠᠢᠲᠠᠢ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠲᠦᠭᠡᠭᠳᠡᠭᠦᠨ ᠢ᠋ ᠠᠯᠢ ᠲᠦᠷᠭᠡᠨ ᠶ᠋ᠢᠡᠷ ᠪᠦᠬᠦ ᠤᠯᠤᠰ ᠤ᠋ᠨ ᠬᠡᠷᠡᠭᠯᠡᠭᠴᠢᠳ ᠲᠦ᠍ ᠬᠦᠷᠭᠡᠬᠦ ᠵᠢ ᠪᠠᠳᠤᠯᠠᠪᠠ》 ᠭᠡᠵᠦ ᠲᠦᠡᠭᠯᠢᠶᠤᠤ ᠬᠤᠲᠠ ᠶ᠋ᠢᠨ ᠪᠦ᠋ᠸᠸ ᠶᠤᠸᠠᠨ ᠳᠠ ᠱᠸᠡᠭ ᠲᠠᠷᠢᠶᠡᠯᠠᠡᠭ ᠮᠠᠯ ᠠᠵᠤ ᠠᠬᠤᠢ ᠶ᠋ᠢᠨ ᠺᠤᠮᠫᠠᠨᠢ ᠶ᠋ᠢᠨ ᠬᠠᠷᠢᠭᠤᠴᠠᠯᠭᠠᠲᠠᠨ ᠱᠢ ᠵᠢᠶᠠᠨ ᠰᠤᠷᠪᠤᠯᠵᠢᠯᠠᠭᠴᠢ ᠳ᠋ᠤ ᠬᠡᠯᠡᠵᠤ ᠪᠠᠢᠯ᠎ᠠ᠃

ᠮᠠᠨ ᠤ᠋ ᠤᠷᠤᠨ ᠪᠤᠯ ᠤᠯᠤᠰ ᠤ᠋ᠨ ᠴᠢᠬᠤᠯᠠ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠦᠢᠯᠡᠳᠪᠦᠷᠢᠯᠡᠯ ᠤ᠋ᠨ ᠰᠠᠭᠤᠷᠢᠨ ᠪᠠᠢᠵᠤ᠂ 《ᠠᠮᠢ ᠠᠬᠤᠢ ᠶ᠋ᠢᠨ ᠦᠪᠦᠷ ᠮᠤᠡᠭᠭᠤᠯ·ᠪᠤᠬᠢᠷᠳᠤᠯ ᠦᠭᠡᠢ ᠦᠨᠦᠷ ᠠᠮᠲᠠ》 ᠶ᠋ᠢᠨ ᠲᠦᠷᠦᠯ ᠲᠡᠮᠲᠡᠭ ᠠᠯᠢ ᠬᠡᠳᠦᠢᠨᠠᠢ ᠳᠠᠶᠠᠡᠭ ᠳ᠋ᠦ ᠳᠠᠭᠤᠷᠢᠰᠤᠭᠰᠠᠨ ᠶᠤᠮ᠃ ᠬᠡᠪᠡᠴᠦ ᠤᠷᠳᠤ ᠬᠤᠭᠤᠴᠠᠭᠠᠨ ᠤ᠋ ᠲᠤᠷᠰᠢ ᠪᠤᠷᠤᠯᠠᠭᠤᠯᠭ᠎ᠠ ᠶ᠋ᠢᠨ ᠴᠡᠭ ᠲᠠᠷᠠᠬᠠᠢ ᠪᠤᠲᠠᠷᠬᠠᠢ᠂ ᠪᠠᠷᠠᠭᠠᠨ ᠤ᠋ ᠭᠦᠢᠯᠭᠡᠭᠡ ᠵᠢᠨ ᠦᠪᠡᠷ ᠤ᠋ᠨ ᠦᠷᠳᠡᠭ ᠦᠨᠳᠦᠷ᠂ ᠲᠤᠬᠢᠷᠠᠭᠤᠯᠤᠨ ᠬᠦᠷᠭᠡᠬᠦ ᠬᠤᠭᠤᠴᠠᠭ᠎ᠠ ᠨᠢ ᠤᠷᠳᠤ ᠵᠡᠷᠬᠡ ᠡᠴᠡ ᠪᠤᠯᠤᠭᠠᠳ ᠦᠪᠤᠷ ᠮᠤᠩᠭᠤᠯ ᠤ᠋ᠨ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ《ᠲᠠᠯ᠎ᠠ ᠨᠤᠲᠤᠭ ᠡᠴᠨ ᠭᠠᠷᠬᠤ ᠳ᠋ᠦ ᠬᠦᠴᠢᠷ᠂ ᠵᠠᠬ᠎ᠠ ᠳᠡᠯᠭᠡᠭᠦᠷ ᠲᠦ᠍ ᠤᠷᠤᠬᠤ ᠳ᠋ᠦ ᠤᠳᠠᠭᠠᠨ》 ᠪᠠᠢᠵᠤ᠂ ᠵᠠᠬ᠎ᠠ ᠳᠡᠯᠭᠡᠭᠦᠷ ᠶ᠋ᠢᠡᠨ ᠦᠷᠭᠡᠳᠭᠡᠬᠦ ᠵᠢ ᠬᠢᠵᠠᠭᠠᠷᠯᠠᠭᠰᠠᠨ ᠶ᠋ᠢᠡᠷ ᠪᠠᠷᠠᠬᠤ ᠦᠭᠡᠢ ᠮᠠᠯᠴᠢᠨ ᠲᠠᠷᠢᠶᠠᠴᠢᠨ ᠤ᠋ ᠤᠷᠤᠯᠭ᠎ᠠ ᠶ᠋ᠢᠨ ᠨᠡᠮᠡᠭᠳᠡᠯ ᠢ᠋ ᠴᠦ᠍ ᠨᠦᠯᠦᠭᠡᠯᠡᠭᠰᠡᠭᠡᠷ ᠢᠷᠡᠵᠡᠢ᠃ ᠡᠬᠦᠨ ᠳ᠋ᠤ ᠦᠪᠡᠷᠳᠡᠬᠡᠨ ᠵᠠᠰᠠᠬᠤ ᠤᠷᠤᠨ ᠡᠴᠡ ᠬᠠᠮᠢᠶ᠎ᠠ ᠪᠦᠬᠦᠢ ᠭᠠᠵᠠᠷ ᠯᠤᠭ᠎ᠠ ᠵᠢᠨ ᠬᠠᠮᠳᠤᠷᠠᠯᠴᠠᠭ᠎ᠠ ᠵᠢ ᠴᠢᠩᠭᠠᠳᠬᠠᠨ᠂ ᠪᠡᠬᠡᠵᠢᠩ ᠪᠤᠯᠤᠨ ᠳᠤᠮᠳᠠᠳᠤ ᠤᠷᠤᠨ ᠳ᠋ᠡᠬᠢ ᠦᠪᠤᠷ ᠮᠤᠩᠭᠤᠯ ᠤ᠋ᠨ ᠬᠠᠮᠲᠤ ᠪᠡᠷ ᠡᠳ᠋ᠯᠡᠬᠦ ᠤᠷᠢᠳᠴᠢᠯᠠᠨ ᠨᠦᠬᠡᠴᠡᠯᠡᠬᠦ ᠬᠦᠮᠦᠷᠭᠡ ᠵᠢ ᠪᠠᠢᠭᠤᠯᠤᠨ ᠵᠠᠯᠭᠠᠭ᠎ᠠ ᠪᠡᠷ ᠠᠰᠢᠭᠯᠠᠯᠲᠠ ᠳ᠋ᠦ ᠤᠷᠤᠭᠤᠯᠵᠤ᠂ ᠬᠦᠮᠦᠷᠭᠡᠯᠡᠨ ᠬᠠᠳᠠᠭᠠᠯᠠᠬᠤ᠂ ᠳᠡᠯᠭᠡᠨ ᠦᠵᠡᠭᠦᠯᠬᠦ᠂ ᠬᠤᠳᠠᠯᠳᠤᠨ ᠪᠤᠷᠤᠯᠠᠭᠤᠯᠬᠤ ᠪᠠ ᠲᠤᠬᠢᠷᠠᠭᠤᠯᠤᠨ ᠬᠦᠷᠭᠡᠬᠦ ᠵᠢ ᠨᠢᠭᠡ ᠴᠤᠭᠴᠠᠵᠢᠭᠤᠯᠤᠭᠰᠠᠨ ᠰᠢᠨ᠎ᠡ ᠵᠢ ᠡᠭᠦᠳᠦᠭᠰᠡᠨ ᠵᠠᠭᠪᠤᠷ ᠵᠢᠡᠷ ᠲᠠᠮᠵᠢᠨ ᠤᠷᠤᠨ ᠪᠦᠰᠡ ᠠᠯᠤᠰᠯᠠᠭᠰᠠᠨ ᠪᠤᠷᠤᠯᠠᠭᠤᠯᠭ᠎ᠠ ᠶ᠋ᠢᠨ 《ᠡᠴᠦᠰ ᠤ᠋ᠨ ᠨᠢᠭᠡ ᠺᠢᠯᠤᠮᠸᠲᠷ》  ᠢ᠋ ᠨᠡᠪᠲᠡᠷᠡᠭᠦᠯᠵᠦ᠂ ᠮᠠᠨ ᠤ᠋ ᠤᠷᠤᠨ ᠤ᠋ ᠴᠢᠨᠠᠷ ᠰᠠᠢᠳᠠᠢ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠪᠦᠬᠦ ᠤᠯᠤᠰ ᠤ᠋ᠨ ᠵᠠᠬ᠎ᠠ ᠳᠡᠯᠭᠡᠭᠦᠷ ᠢ᠋ ᠦᠷᠭᠡᠳᠭᠡᠬᠦ ᠴᠤ ᠰᠢᠨ᠎ᠡ ᠵᠠᠮ  ᠢ᠋ ᠨᠡᠬᠡᠬᠡᠪᠡ᠃

2025 ᠤᠨ ᠳ᠋ᠤ᠂ ᠮᠠᠨ ᠤ᠋ ᠤᠷᠤᠨ ᠪᠦᠬᠦ ᠤᠯᠤᠰ ᠤ᠋ᠨ ᠵᠡᠭᠦᠨ ᠪᠠᠷᠠᠭᠤᠨ ᠤᠷᠤᠨ ᠤ᠋ ᠬᠠᠮᠵᠢᠯᠴᠠᠭ᠎ᠠ ᠵᠢᠨ 18 ᠮᠤᠵᠢ ᠤᠷᠤᠨ ᠬᠤᠳᠠ ᠵᠢᠨ ᠳᠤᠲᠤᠷᠠᠬᠢ ᠠᠡᠭᠬᠠᠳᠠᠭᠴᠢ ᠮᠤᠵᠢ ᠶ᠋ᠢᠨ ᠳᠡᠰ ᠤ᠋ᠨ ᠤᠷᠢᠳᠴᠢᠯᠠᠨ ᠨᠦᠬᠡᠴᠡᠯᠡᠬᠦ ᠬᠦᠮᠦᠷᠭᠡ ᠵᠢ ᠪᠠᠢᠭᠤᠯᠵᠤ᠂  ᠪᠡᠭᠡᠵᠢᠡᠭ ᠤ᠋ᠨ ᠱᠦᠨ ᠢ ᠲᠣᠭᠣᠷᠢᠭ ᠪᠤᠯᠤᠨ ᠹᠠᠩ ᠱᠠᠨ ᠲᠣᠭᠣᠷᠢᠭ ᠲᠦ᠍ ᠬᠣᠶᠠᠷ ᠶᠡᠬᠡ ᠬᠦᠮᠦᠷᠭᠡ ᠲᠤᠬᠢᠷᠠᠭᠤᠯᠤᠨ᠂ ᠪᠡᠭᠡᠵᠢᠡᠭ — ᠴᠧᠩᠳ᠋ᠧ᠂  ᠪᠡᠭᠡᠵᠢᠡᠭ — ᠱᠢᠶᠠᠩᠭᠠᠩ ᠣᠣᠮᠧᠨ ᠬᠦᠷᠬᠦ ᠲᠦᠷᠭᠡᠨ ᠤ᠋ ᠵᠠᠰᠠᠮᠠᠯ ᠵᠠᠮ ᠵᠡᠷᠭᠡ ᠲᠦᠭᠦᠮ ᠳᠦᠲᠡ ᠵᠠᠮ ᠬᠠᠷᠢᠯᠴᠠᠭ᠎ᠠ ᠵᠢ ᠠᠰᠢᠭᠯᠠᠨ ᠦᠪᠤᠷ ᠮᠤᠩᠭᠤᠯ ᠪᠤᠯᠤᠨ ᠪᠡᠭᠡᠵᠢᠡᠭ ᠲᠢᠶᠠᠨᠵᠢᠨ ᠾᠧᠪᠧᠶ ᠵᠢᠴᠢ ᠪᠥᠬᠥ᠌ ᠤᠯᠤᠰ ᠤ᠋ᠨ ᠵᠠᠬ᠎ᠠ ᠳᠡᠯᠭᠡᠭᠦᠷ ᠢ᠋ ᠬᠣᠯᠪᠣᠭ᠍ᠰᠠᠨ ᠪᠠᠷᠠᠭᠠᠨ ᠤ᠋ ᠭᠦᠢᠯᠭᠡᠭᠡ ᠶ᠋ᠢᠨ ᠲᠤᠤᠷ ᠢ᠋ ᠪᠠᠢᠭᠤᠯᠪᠠ᠃ ᠡᠬᠦᠨ ᠤ᠋ ᠬᠠᠮᠳᠤ 《ᠤᠷᠢᠳᠴᠢᠯᠠᠨ ᠨᠦᠬᠡᠴᠡᠯᠡᠬᠦ ᠬᠦᠮᠦᠷᠭᠡ ᠶ᠋ᠢᠨ ᠡᠵᠡᠡᠭᠨᠡᠯᠲᠡ ᠬᠠᠮᠢᠶᠠᠷᠤᠯᠲᠠ ᠶ᠋ᠢᠨ ᠨᠠᠷᠢᠨ ᠳᠦᠷᠢᠮ》 ᠢ᠋ ᠨᠡᠢᠲᠡᠯᠡᠨ ᠬᠡᠷᠡᠭᠵᠢᠭᠦᠯᠵᠤ᠂ ᠦᠢᠯᠡᠴᠢᠯᠡᠭᠡᠨ ᠤ᠋ ᠪᠠᠷᠢᠮᠵᠢᠶ᠎ᠠ᠂ ᠶᠠᠪᠤᠴᠠ ᠶ᠋ᠢᠨ ᠳᠦᠷᠢᠮᠵᠢᠯ ᠡᠴᠡ ᠠᠪᠤᠭᠠᠳ ᠬᠢᠨᠠᠯᠲᠠ ᠲᠠᠯᠪᠢᠵᠤ ᠰᠢᠯᠭᠠᠨ ᠪᠠᠢᠴᠠᠭᠠᠬᠤ ᠬᠦᠷᠲᠡᠯᠡᠬᠢ ᠪᠢᠲᠡᠭᠦᠮᠵᠢᠯᠡᠭᠰᠡᠨ ᠬᠠᠮᠢᠶᠠᠷᠤᠯᠲᠠ ᠶ᠋ᠢᠨ ᠰᠢᠰᠲᠸᠮ ᠢ᠋ ᠪᠦᠷᠢᠯᠳᠦᠭᠦᠯᠤᠨ᠂ ᠪᠠᠷᠢᠮᠵᠢᠶᠠᠵᠢᠭᠰᠠᠨ ᠳᠦᠷᠢᠮᠵᠢᠭᠰᠡᠨ ᠡᠵᠡᠡᠭᠨᠡᠯᠲᠡ ᠪᠡᠷ ᠮᠠᠯ ᠤ᠋ᠨ ᠠᠰᠢᠭ ᠰᠢᠮ᠎ᠠ ᠲᠠᠷᠢᠶᠠᠯᠠᠩ  ᠤ᠋ᠨ ᠪᠦᠳᠦᠬᠡᠭᠳᠡᠬᠦᠨ ᠤ᠋ ᠪᠤᠷᠤᠯᠠᠭᠤᠯᠭ᠎ᠠ ᠵᠢ ᠠᠬᠢᠭᠤᠯᠵᠤ᠂ ᠡᠯ᠎ᠠ ᠭᠠᠵᠠᠷ ᠲᠦ᠍ ᠲᠤᠯᠢᠳᠠᠵᠤ ᠪᠤᠯᠬᠤᠢᠴᠠ᠂ ᠳᠡᠯᠭᠡᠷᠡᠭᠦᠯᠵᠦ ᠪᠤᠯᠬᠤᠢᠴᠠ ᠦᠯᠢᠭᠡᠷ ᠵᠢᠱ᠌ᠢᠶ᠎ᠡ ᠬᠠᠡᠭᠭᠠᠯ᠎ᠠ᠃

2025 ᠣᠨ ᠤ᠋ 12 ᠰᠠᠷ᠎ᠠ ᠳ᠋ᠤ ᠮᠠᠨ ᠤ᠋ ᠤᠯᠤᠰ ᠤ᠋ᠨ ᠳᠤᠮᠳᠠᠳᠤ ᠤᠷᠤᠨ ᠳ᠋ᠡᠬᠢ ᠦᠪᠦᠷ ᠮᠤᠡᠭᠭᠤᠯ ᠤ᠋ᠨ ᠬᠠᠮᠲᠤ ᠪᠡᠷ ᠡᠳ᠋ᠯᠡᠬᠦ ᠤᠷᠢᠳᠴᠢᠯᠠᠨ ᠨᠦᠭᠡᠴᠡᠯᠡᠬᠦ ᠬᠦᠮᠦᠷᠭᠡ ᠵᠸᠩᠵᠸᠦ᠍ ᠬᠤᠲᠠ ᠳ᠋ᠦ ᠡᠭᠦᠳᠡ ᠪᠠᠨ ᠰᠡᠭᠦᠪᠠ᠃ ᠲᠤᠰ ᠬᠦᠮᠦᠷᠭᠡ ᠨᠢ 5000 ᠲᠡᠭᠰᠢ ᠳᠦᠷᠪᠡᠯᠵᠢᠨ ᠮᠸᠲᠷ ᠭᠠᠵᠠᠷ ᠡᠵᠡᠯᠡᠵᠦ᠂  ᠪᠡᠭᠡᠵᠢᠡᠭ ᠳ᠋ᠡᠬᠢ ᠦᠪᠤᠷ ᠮᠤᠩᠭᠤᠯ ᠤ᠋ᠨ ᠬᠠᠮᠳᠤ ᠪᠡᠷ ᠡᠳ᠋ᠯᠡᠬᠦ ᠤᠷᠢᠳᠴᠢᠯᠡᠨ ᠨᠦᠬᠡᠴᠡᠯᠡᠬᠦ ᠬᠦᠮᠦᠷᠭᠡ ᠶ᠋ᠢᠨ ᠡᠵᠡᠡᠭᠨᠡᠯᠲᠡ ᠶ᠋ᠢᠨ ᠲᠤᠷᠰᠢᠯᠭ᠎ᠠ ᠳ᠋ᠦ ᠰᠠᠭᠤᠷᠢᠯᠠᠨ ᠲᠡᠭ ᠡᠴᠡ ᠳᠤᠷᠤᠭᠰᠢᠬᠢ 18 ᠭ᠌ᠷᠠᠳᠦ᠋ᠰ ᠤ᠋ᠨ ᠬᠥᠯᠳᠡᠭᠡᠬᠦ᠌ ᠬᠥᠮᠥᠷᠭᠡ᠂ 0 — 10 ᠭ᠌ᠷᠠᠳ᠋ᠦ᠋ᠰ ᠤ᠋ᠨ ᠬᠤᠭᠤᠷᠤᠨᠳᠤᠬᠢ ᠱᠢᠨ᠎ᠡ ᠰᠣᠷᠭᠣᠭ ᠶ᠋ᠢᠡᠷ ᠬᠠᠲᠠᠭᠠᠯᠠᠬᠤ ᠬᠥᠮᠥᠷᠭᠡ ᠵᠡᠷᠭᠡ ᠤᠶᠤᠨᠴᠢ ᠬᠠᠳᠠᠭᠠᠯᠠᠯᠲᠠ ᠶ᠋ᠢᠨ ᠰᠢᠰᠲᠸᠮ ᠢ᠋ ᠢᠵᠢ ᠪᠦᠷᠢᠳᠦᠬᠦᠯᠵᠤ᠂ ᠠᠦ᠋ᠲ᠋ᠣᠴᠢᠯᠠᠭ᠍ᠰᠠᠨ ᠢᠯᠭᠠᠨ ᠰᠠᠯᠭᠠᠬᠤ ᠲᠦᠬᠦᠭᠡᠷᠦᠮᠵᠢ ᠵᠢᠴᠢ ᠴᠦᠷᠭᠡᠯᠡᠭᠡ ᠳ᠋ᠠᠢᠲ᠋ᠠ ᠶ᠋ᠢᠨ ᠮᠦᠷᠳᠡᠯᠲᠡ ᠶ᠋ᠢᠨ ᠬᠤᠷᠠᠮᠠᠯ ᠮᠡᠷᠭᠡᠵᠢᠯ ᠢ᠋ ᠠᠰᠢᠭᠯᠠᠨ᠂《ᠤᠶᠤᠨᠴᠢ ᠪᠡᠷ ᠬᠦᠮᠦᠷᠭᠡᠯᠡᠨ ᠬᠠᠳᠠᠭᠠᠯᠠᠬᠤ + ᠦᠢᠯᠡᠳᠪᠦᠷᠢᠯᠡᠯ ᠪᠤᠷᠤᠯᠠᠭᠤᠯᠭ᠎ᠠ ᠵᠢ ᠬᠠᠮᠵᠢᠯᠴᠠᠭᠤᠯᠬᠤ》  ᠰᠢᠨ᠎ᠡ ᠵᠢ ᠡᠭᠦᠳᠦᠭᠰᠡᠨ ᠵᠠᠭᠪᠤᠷ ᠶ᠋ᠢᠡᠷ ᠦᠪᠤᠷ ᠮᠤᠩᠭᠤᠯ ᠤ᠋ᠨ ᠴᠢᠨᠠᠷ ᠰᠠᠢᠲᠠᠢ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠳᠤᠮᠳᠠᠳᠤ ᠤᠷᠤᠨ ᠳ᠋ᠡᠬᠢ ᠪᠤᠷᠤᠯᠠᠭᠤᠯᠭ᠎ᠠ ᠶ᠋ᠢᠨ ᠵᠠᠮ ᠢ᠋ ᠰᠠᠭᠠᠳ ᠦᠬᠡᠢ ᠨᠡᠪᠲᠡᠷᠡᠭᠦᠯᠦᠭᠰᠡᠨ ᠪᠠᠢᠨ᠎ᠠ᠃

《ᠡᠨᠡ ᠨᠢᠬᠡ ᠬᠤᠭᠤᠴᠠᠭᠠᠨ ᠤ᠋ ᠡᠷᠬᠢᠯᠳᠡ ᠵᠢᠨ ᠪᠠᠢᠳᠠᠯ ᠡᠴᠡ ᠦᠵᠡᠪᠡᠯ᠂ ᠤᠷᠢᠳᠴᠢᠯᠠᠨ ᠨᠦᠭᠡᠴᠡᠯᠡᠬᠦ ᠬᠦᠮᠦᠷᠭᠡ ᠨᠢ ᠤᠯᠠᠮᠵᠢᠯᠠᠯᠲᠤ ᠪᠠᠷᠠᠭᠠᠨ ᠤ᠋ ᠭᠦᠢᠯᠭᠡᠭᠡ ᠶ᠋ᠢᠨ ᠵᠠᠭ᠍ᠪᠤᠷ ᠤ᠋ᠨ ᠦᠷ᠎ᠡ ᠠᠱᠢᠭ ᠵᠢᠡᠷ ᠳᠣᠣᠷ᠎ᠠ ᠪᠠᠢᠬᠤ ᠠᠰᠠᠭᠤᠳᠠᠯ ᠢ᠋ ᠦᠨᠳᠦᠰᠦᠨ ᠡᠴᠡ ᠨᠢ ᠱᠢᠶ᠋ᠳᠪᠦᠷᠢᠯᠡᠵᠤ᠂ ᠠᠵᠤ ᠠᠬᠤᠢᠯᠠᠯ ᠤ᠋ᠨ ᠪᠠᠷᠠᠭᠠᠨ ᠤ᠋ ᠭᠦᠢᠯᠭᠡᠭᠡ ᠵᠢᠴᠢ ᠬᠦᠮᠦᠷᠭᠡᠯᠡᠨ ᠬᠠᠳᠠᠭᠠᠯᠠᠬᠤ ᠦᠪᠡᠷ ᠤ᠋ᠨ ᠦᠷᠳᠡᠭ ᠢ᠋ 50% ᠪᠡᠷ ᠪᠠᠭᠤᠷᠠᠭᠤᠯᠵᠤ᠂ ᠲᠤᠬᠢᠷᠠᠭᠤᠯᠤᠨ ᠬᠦᠷᠭᠡᠬᠦ ᠬᠤᠭᠤᠴᠠᠭ᠎ᠠ ᠵᠢ 48 ᠴᠠᠭ ᠪᠤᠭᠤᠨᠢᠰᠬᠠᠵᠠᠢ᠃ ᠤᠳᠤ ᠪᠡᠬᠡᠵᠢᠩ ᠳ᠋ᠡᠬᠢ ᠦᠪᠦᠷ ᠮᠤᠡᠭᠭᠤᠯ ᠤ᠋ᠨ ᠤᠷᠢᠳᠴᠢᠯᠠᠨ ᠨᠦᠭᠡᠴᠡᠯᠡᠬᠦ ᠬᠦᠮᠦᠷᠭᠡ ᠳ᠋ᠤ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠪᠤᠷᠤᠯᠠᠭᠤᠯᠭ᠎ᠠ ᠶ᠋ᠢᠨ 102 ᠠᠵᠤ ᠠᠬᠤᠢᠯᠠᠯ ᠤᠷᠤᠵᠤ ᠰᠠᠭᠤᠷᠢᠰᠢᠨ᠂ ᠨᠢᠬᠡᠨᠳᠡ ᠬᠡᠪᠴᠢᠶᠡᠵᠢᠭ᠌ᠰᠡᠨ ᠠᠵᠤ ᠦᠶ᠋ᠯᠡᠰ ᠤ᠋ᠨ ᠪᠦᠯᠦᠭᠵᠢᠯ ᠢ᠋ ᠪᠦᠷᠢᠯᠳᠦᠬᠦᠯᠪᠡ》 ᠬᠡᠵᠤ ᠦᠪᠡᠷᠳᠡᠬᠡᠨ ᠵᠠᠰᠠᠬᠤ ᠤᠷᠤᠨ ᠤ᠋ ᠲᠠᠷᠢᠶᠠᠯᠠᠩ ᠮᠠᠯ ᠠᠵᠤ ᠠᠬᠤᠢ ᠪᠠ ᠬᠦᠳᠡᠬᠡ ᠲᠤᠰᠬᠤᠨ ᠮᠠᠯᠵᠢᠬᠤ ᠤᠷᠤᠨ ᠤ᠋ ᠲᠢᠩᠬᠢᠮ ᠤ᠋ᠨ ᠵᠠᠬ᠎ᠠ ᠲᠠᠯᠬᠡᠬᠦᠷ ᠬᠢᠬᠡᠳ ᠭᠠᠳᠠᠭᠠᠳᠤ ᠬᠠᠮᠳᠤᠷᠠᠯᠴᠠᠭᠠᠨ ᠤ᠋ ᠭᠠᠵᠠᠷ ᠤ᠋ᠨ ᠲᠦᠷᠪᠡᠳᠤᠬᠡᠷ ᠲᠡᠰ ᠤ᠋ᠨ ᠡᠷᠬᠢᠯᠡᠭᠴᠢ ᠬᠡᠰᠢᠬᠦᠴᠢ ᠬᠤᠤ ᠴᠸᠠ ᠲᠠᠨᠢᠯᠴᠠᠭᠤᠯᠪᠠ᠃

ᠪᠡᠭᠡᠵᠢᠡᠭ ᠳ᠋ᠡᠬᠢ ᠦᠪᠤᠷ ᠮᠤᠩᠭᠤᠯ ᠤ᠋ᠨ ᠤᠷᠢᠳᠴᠢᠯᠠᠨ ᠨᠦᠬᠡᠴᠡᠯᠡᠬᠦ ᠬᠦᠮᠦᠷᠭᠡ ᠳ᠋ᠦ ᠣᠷᠣᠭᠰᠠᠨ ᠤ᠋ ᠳᠠᠷᠠᠭ᠎ᠠ᠂ ᠲᠦᠡᠭᠯᠢᠶᠤᠤ ᠬᠤᠲᠠ ᠶ᠋ᠢᠨ ᠨᠠᠶ᠋ᠮᠠᠨ ᠬᠣᠱᠢᠭᠤᠨ ᠤ᠋ ᠳ᠋ᠢᠩ ᠹᠸᠩ ᠲᠠᠷᠢᠶᠠᠯᠠᠩ ᠮᠠᠯ ᠠᠵᠤ ᠠᠬᠤᠶ ᠶ᠋ᠢᠨ ᠺᠣᠮᠫᠠᠨᠢ ᠵᠢᠨ ᠳᠣᠭᠢᠷᠠᠭᠤᠯᠤᠨ ᠬᠦᠷᠭᠡᠬᠦ᠌ ᠬᠤᠭᠤᠴᠠᠭ᠎ᠠ ᠨᠢ 3 ᠡᠳᠦᠷ ᠪᠠᠢᠭ᠍ᠰᠠᠨ ᠡᠴᠡ ᠪᠠᠨ 《ᠲᠤᠬᠠᠢ ᠶ᠋ᠢᠨ ᠡᠳᠦᠷ ᠲᠦ᠍ ᠬᠥᠷᠬᠥ᠌》 ᠪᠤᠶᠤ 《ᠳᠠᠷᠠᠭ᠎ᠠ ᠡᠳᠦᠷ ᠨᠢ ᠬᠥᠷᠬᠥ᠌》 ᠪᠣᠯᠵᠠᠢ; ᠬᠥᠯᠥᠨ ᠪᠣᠢᠷ ᠤ᠋ᠨ ᠱᠢᠶᠤᠤ ᠹᠸᠢ ᠶᠠᠩ ᠤ᠋ᠨ ᠰᠢᠨ᠎ᠠ ᠪᠠᠷᠭᠤ ᠪᠠᠷᠠᠭᠤᠨ ᠬᠣᠱᠢᠭᠤᠨ ᠤ᠋ ᠬᠣᠨᠢᠨ ᠮᠢᠬᠠᠨ ᠤ᠋ ᠺᠣᠮᠫᠠᠨᠢ ᠶ᠋ᠢᠨ ᠰᠠᠷ᠎ᠠ ᠶ᠋ᠢᠨ ᠪᠣᠷᠣᠯᠠᠭᠤᠯᠭ᠎ᠠ ᠶ᠋ᠢᠨ ᠬᠡᠮᠵᠢᠶ᠎ᠡ 30 ᠲᠦᠮᠡᠨ ᠲᠥᠭᠥᠷᠢᠭ ᠪᠠᠢᠭ᠍ᠰᠠᠨ ᠡᠴᠡ ᠪᠠᠨ 150 ᠲᠦᠮᠡᠨ ᠲᠥᠭᠥᠷᠢᠭ ᠪᠤᠯᠵᠤ ᠨᠡᠮᠡᠭᠳᠡᠬᠦ ᠶ᠋ᠢᠨ ᠬᠠᠮᠲᠤ᠂ ᠤᠷᠢᠳᠴᠢᠯᠠᠨ ᠨᠦᠬᠡᠴᠡᠯᠡᠬᠦ ᠬᠦᠮᠦᠷᠭᠡ ᠪᠡᠷ ᠳᠡᠮᠵᠢᠨ ᠮᠧᠶ ᠲᠤᠸᠠᠨ᠂ ᠵᠢᠩ ᠳ᠋ᠦᠩ ᠵᠡᠷᠭᠡ ᠡᠯᠸᠺᠲᠷᠤᠨ ᠬᠤᠳᠠᠯᠳᠤᠭᠠᠨ ᠤ᠋ ᠲᠠᠪᠴᠠᠩ ᠲᠠᠶ ᠬᠠᠮᠳᠤᠷᠠᠨ ᠠᠵᠢᠯᠯᠠᠬᠤ ᠬᠠᠷᠢᠴᠠᠭ᠎ᠠ ᠪᠠᠢᠭᠤᠯᠵᠤ ᠵᠢᠵᠢᠭ᠌ᠯᠡᠨ ᠪᠤᠷᠤᠯᠠᠭᠤᠯᠬᠤ ᠠᠷᠭ᠎ᠠ ᠵᠠᠮ ᠢ᠋ ᠨᠡᠪᠲᠡᠷᠡᠭᠦᠯᠪᠡ ᠁ ᠦᠪᠤᠷ ᠮᠤᠩᠭᠤᠯ ᠤ᠋ᠨ ᠬᠠᠮᠲᠤ ᠪᠡᠷ ᠡᠳ᠋ᠯᠡᠬᠦ ᠤᠷᠢᠳᠴᠢᠯᠠᠨ ᠨᠦᠬᠡᠴᠡᠯᠡᠬᠦ ᠬᠦᠮᠦᠷᠭᠡ ᠨᠢ ᠪᠦᠬᠦ ᠬᠡᠯᠬᠢᠶ᠎ᠠ ᠵᠢᠨ ᠦᠢᠯᠡᠴᠢᠯᠡᠭᠡᠨ ᠤ᠋ ᠰᠢᠰᠲᠸᠮ ᠢ᠋ ᠪᠠᠢᠭᠤᠯᠤᠭᠰᠠᠨ ᠪᠦᠬᠡᠳ ᠬᠦᠮᠦᠷᠭᠡᠯᠡᠨ ᠬᠠᠳᠠᠭᠠᠯᠠᠬᠤ᠂ ᠢᠯᠭᠠᠨ ᠰᠠᠯᠭᠠᠬᠤ᠂ ᠵᠠᠬᠢᠶᠠᠯᠠᠭ᠎ᠠ ᠲᠤᠰᠬᠤ ᠵᠢᠴᠢ ᠪᠦᠲᠦᠭᠡᠭᠳᠡᠭᠦᠨ ᠤ᠋ ᠳᠡᠯᠭᠡᠨ ᠦᠵᠡᠭᠦᠯᠭᠡ᠂ ᠡᠯᠧᠺᠲ᠋ᠷᠣᠨ ᠬᠤᠳᠠᠯᠳᠤᠭᠠᠨ ᠤ᠋ ᠱᠢᠭᠤᠳ ᠨᠡᠪᠲᠡᠷᠡᠭᠦᠯᠭᠡ ᠵᠡᠷᠭᠡ ᠪᠦᠬᠦ ᠶᠠᠪᠤᠴᠠ ᠶ᠋ᠢᠨ ᠲᠤᠭᠠᠴᠢᠯᠠᠯᠲᠠ ᠵᠢ ᠪᠡᠶᠡᠯᠡᠭᠦᠯᠵᠦ᠂ ᠰᠢᠨ᠎ᠡ ᠰᠤᠷᠭᠤᠭ ᠮᠠᠯ ᠤ᠋ᠨ ᠠᠰᠢᠭ ᠰᠢᠮ᠎ᠠ ᠵᠢᠨ ᠬᠦᠢᠲᠡᠨ ᠬᠡᠯᠬᠢᠶᠡᠲᠦ ᠬᠠᠳᠠᠭᠠᠯᠠᠯᠲᠠ ᠪᠠ ᠳᠦᠷᠭᠡᠨ ᠬᠦᠷᠭᠡᠯᠲᠡ ᠶ᠋ᠢᠨ ᠬᠡᠷᠡᠭᠴᠡᠭᠡ ᠱᠠᠭᠠᠷᠳᠠᠯᠭ᠎ᠠ ᠵᠢ ᠴᠦ᠍ ᠪᠦᠷᠢᠮᠦᠰᠦᠨ ᠬᠠᠡᠭᠭᠠᠵᠤ ᠴᠢᠳᠠᠬᠤ ᠪᠤᠯᠵᠠᠢ᠃ ᠢᠩᠬᠢᠬᠡᠳ ᠨᠢᠳᠤᠨᠤᠨ ᠪᠡᠬᠡᠵᠢᠩ ᠦᠪᠤᠷ ᠮᠤᠩᠭᠤᠯ ᠤ᠋ᠨ ᠬᠡᠷᠡᠭᠯᠡᠬᠡ ᠵᠢ ᠬᠠᠪᠰᠤᠷᠤᠨ ᠲᠡᠳᠬᠦᠬᠦ ᠠᠷᠭ᠎ᠠ ᠬᠡᠯᠪᠡᠷᠢ ᠪᠡᠷ ᠲᠠᠮᠵᠢᠨ ᠪᠤᠷᠤᠯᠠᠭᠤᠯᠤᠭᠰᠠᠨ ᠦᠪᠤᠷ ᠮᠤᠩᠭᠤᠯ ᠤ᠋ᠨ ᠮᠠᠯ ᠤ᠋ᠨ ᠠᠰᠢᠭ ᠰᠢᠮ᠎ᠠ ᠲᠠᠷᠢᠶᠠᠯᠠᠩ ᠤ᠋ᠨ ᠪᠦᠳᠦᠬᠡᠭᠳᠡᠬᠦᠨ ᠤ᠋ ᠪᠤᠷᠤᠯᠠᠭᠤᠯᠭ᠎ᠠ ᠵᠢᠨ ᠬᠡᠮᠵᠢᠶ᠎ᠠ 326 ᠳ᠋ᠦᠩᠰᠢᠭᠤᠷ ᠲᠦᠬᠦᠷᠢᠭ ᠲᠦ᠍ ᠬᠦᠷᠴᠦ᠂ 2024 ᠤᠨ ᠤ᠋ ᠬᠢ ᠡᠴᠡ ᠨᠢᠬᠡ ᠯᠡ ᠲᠠᠬᠡᠷ᠎ᠠ 18 ᠳ᠋ᠦᠩᠰᠢᠭᠤᠷ ᠲᠦᠬᠦᠷᠢᠭ ᠨᠡᠮᠡᠭᠳᠡᠪᠡ᠃

ᠨᠡᠢᠰᠯᠡᠯ ᠪᠡᠭᠡᠵᠢᠩ ᠡᠴᠡ ᠾᠸᠨᠠᠨ ᠤ᠋ ᠵᠸᠩᠵᠸᠦ ᠵᠢᠴᠢ ᠬᠤᠪᠸᠢ ᠵᠢᠨ ᠰᠢᠶᠠᠨ ᠨᠢᠩ᠂ ᠲᠢᠶᠠᠨᠵᠢᠨ ᠤ᠋ ᠪᠢᠨ ᠬᠠᠢ ᠰᠢᠨ᠎ᠠ ᠲᠤᠭᠤᠷᠢᠭ ᠬᠦᠷᠲᠡᠯ᠎ᠡ᠂ ᠮᠠᠨ ᠤ᠋ ᠤᠷᠤᠨ ᠬᠠᠮᠳᠤ ᠪᠡᠷ ᠡᠳ᠋ᠯᠡᠬᠦ ᠤᠷᠢᠳᠴᠢᠯᠠᠨ ᠨᠦᠬᠡᠴᠡᠯᠡᠬᠦ ᠬᠥᠮᠥᠷᠭᠡ ᠶ᠋ᠢᠨ ᠪᠠᠢᠷᠢᠱᠢᠭᠤᠯᠤᠯᠲᠠ ᠵᠢ ᠲᠠᠰᠤᠷᠠᠯᠲᠠ ᠥᠬᠡᠶ ᠦᠷᠭᠡᠳᠭᠡᠨ᠂ ᠴᠢᠨᠠᠷ ᠰᠠᠢᠲᠠᠢ ᠮᠠᠯ ᠤ᠋ᠨ ᠠᠱᠢᠭ ᠱᠢᠮ᠎ᠡ ᠲᠠᠷᠢᠶᠠᠯᠠᠡᠭ ᠤ᠋ᠨ ᠪᠦᠲᠦᠭᠡᠭ᠌ᠳᠡᠬᠦᠨ ᠤ᠋ 《ᠮᠠᠯᠵᠢᠯ ᠤ᠋ᠨ ᠲᠠᠯᠠᠪᠠᠶ ᠲᠠᠷᠢᠶᠠᠨ ᠵᠤᠷᠬ᠎ᠠ ᠡᠴᠡ ᠬᠣᠭᠣᠯᠠᠨ ᠱᠢᠷᠡᠭᠡ ᠬᠦᠷᠲᠡᠯᠡᠬᠢ》  ᠥᠨᠳᠥᠷ ᠪᠦᠲᠦᠮᠵᠢᠲᠡᠶ ᠪᠠᠷᠠᠭᠠᠨ ᠤ᠋ ᠭᠦᠶ᠋ᠯᠭᠡᠭᠡ ᠶ᠋ᠢ ᠪᠡᠶᠡᠯᠡᠭᠦᠯᠦᠭ᠌ᠰᠡᠨ ᠵᠢᠡᠷ ᠪᠠᠷᠠᠬᠤ ᠥᠬᠡᠶ 《ᠵᠠᠰᠠᠭ ᠤ᠋ᠨ ᠣᠷᠳᠣᠨ ᠡᠴᠡ ᠬᠥᠲᠥᠯᠥᠨ ᠵᠢᠯᠣᠭᠣᠳᠭᠤ + ᠵᠠᠬ᠎ᠠ ᠳᠡᠯᠭᠡᠭᠦᠷᠴᠢᠯᠡᠨ ᠠᠵᠢᠯᠯᠠᠭᠤᠯᠬᠤ + ᠠᠵᠤ ᠠᠬᠤᠢᠯᠠᠯ ᠤᠷᠤᠯᠴᠠᠬᠤ 》 ᠦᠶ᠋ᠯᠡᠳᠪᠦᠷᠢᠯᠡᠯ ᠪᠣᠷᠣᠯᠠᠭᠤᠯᠭ᠎ᠠ ᠶ᠋ᠢᠨ ᠬᠠᠮᠵᠢᠯᠴᠠᠭᠠᠨ ᠤ᠋ ᠱᠢᠨ᠎ᠡ ᠲᠣᠭ᠍ᠲᠠᠴᠠ ᠶ᠋ᠢ ᠪᠠᠢᠭᠤᠯᠪᠠ᠃ 《ᠡᠢᠮᠦᠷᠬᠦᠦ ᠵᠠᠬ᠎ᠠ ᠳᠡᠯᠭᠡᠭᠦᠷ ᠤ᠋ᠨ ᠬᠡᠷᠡᠭᠴᠡᠭᠡ ᠪᠡᠷ ᠤᠳᠤᠷᠢᠳᠤᠮᠵᠢ ᠪᠤᠯᠭᠠᠨ᠂ ᠮᠡᠷᠭᠡᠵᠢᠯ ᠤ᠋ᠨ ᠰᠢᠨ᠎ᠡ ᠵᠢ ᠡᠭᠦᠳᠬᠦ ᠪᠡᠷ ᠲᠤᠯᠭᠠᠭᠤᠷᠢᠯᠠᠯ ᠪᠤᠯᠭᠠᠵᠤ᠂ ᠤᠷᠤᠨ ᠪᠦᠰᠡ ᠶ᠋ᠢᠨ ᠬᠠᠮᠵᠢᠯᠴᠠᠭ᠎ᠠ ᠪᠡᠷ ᠬᠤᠯᠪᠤᠭᠠᠰᠤ ᠪᠤᠯᠭᠠᠭᠰᠠᠨ ᠪᠤᠷᠤᠯᠠᠭᠤᠯᠭ᠎ᠠ ᠶ᠋ᠢᠨ ᠰᠢᠨ᠎ᠡ ᠠᠷᠭ᠎ᠠ ᠵᠠᠮ ᠨᠢ ᠮᠠᠨ ᠤ᠋ ᠤᠷᠤᠨ ᠤ᠋ ᠡᠬᠢ ᠪᠠᠶᠠᠯᠢᠭ ᠤ᠋ᠨ ᠳᠠᠪᠠᠭᠤᠯᠢᠭ ᠢ᠋ ᠵᠠᠬ᠎ᠠ ᠳᠡᠯᠭᠡᠭᠦᠷ ᠤ᠋ᠨ ᠳᠠᠪᠠᠭᠤᠯᠢᠭ ᠪᠤᠯᠭᠠᠨ ᠬᠤᠪᠢᠷᠠᠭᠤᠯᠵᠤ᠂ 〈ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠦᠢᠯᠡᠳᠪᠦᠷᠢᠯᠡᠯ ᠤ᠋ᠨ ᠰᠠᠭᠤᠷᠢᠨ〉 ᠡᠴᠡ 〈ᠪᠥᠬᠥ᠌ ᠤᠯᠤᠰ ᠤ᠋ᠨ ᠴᠢᠨᠠᠷ ᠰᠠᠢᠲᠠᠶ ᠮᠠᠯ ᠤ᠋ᠨ ᠠᠱᠢᠭ ᠱᠢᠮ᠎ᠡ ᠲᠠᠷᠢᠶᠠᠯᠠᠩ ᠤ᠋ᠨ ᠪᠦᠲᠦᠭᠡᠭ᠌ᠳᠡᠬᠦᠨ ᠤ᠋ ᠬᠠᠩᠭᠠᠯᠭ᠎ᠠ ᠶ᠋ᠢᠨ ᠥᠨᠳᠥᠷᠯᠢᠭ〉 ᠲᠡᠢᠰᠢ ᠯᠠᠪᠳᠠᠭᠤᠨ ᠤᠷᠤᠭᠰᠢᠯᠠᠬᠤ ᠵᠢ ᠪᠦᠲᠦᠮᠵᠢᠲᠡᠢ ᠠᠬᠢᠭᠤᠯᠵᠤ ᠪᠠᠢᠨ᠎ᠠ》 ᠬᠡᠵᠤ ᠬᠤᠤ ᠴᠸᠠ ᠶᠠᠷᠢᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号