ᠱᠢᠤᠳᠠᠨ᠎ᠤ ᠲᠦᠷᠭᠡᠨ ᠬᠦᠷᠬᠡᠯᠳᠡ᠎ᠶᠢᠨ ᠠᠵᠢᠯ ᠲᠥᠷᠥᠯ᠎ᠦᠨ ᠣᠲᠣ ᠦᠶ᠎ᠡ᠎ᠶ᠋ᠢᠨ ᠮᠠᠯ ᠠᠵᠤ ᠠᠬᠤᠶ ᠲᠠᠷᠢᠶᠠᠯᠠᠩ ᠪᠠ ᠦᠶ᠋ᠯᠡᠳᠬᠦ᠌ ᠦᠶ᠋ᠯᠡᠰ᠎ᠲᠦ ᠦᠢᠯᠡᠴᠢᠯᠡᠭᠰᠡᠨ ᠲᠤᠬᠠᠢᠯᠠᠭ᠍ᠰᠠᠨ ᠠᠵᠢᠯ᠎ᠤᠨ ᠬᠡᠮᠵᠢᠶ᠎ᠡ 5 ᠳ᠋ᠦᠩᠱᠢᠭᠤᠷ ᠬᠤᠪᠢ ᠵᠢ ᠳᠠᠪᠠᠵᠠᠢ
2026-02-09 15:55:15
ᠵᠣᠬᠢᠶᠠᠭ᠍ᠴᠢ᠄
ᠳᠡᠯᠭᠡᠷᠬᠦᠦ
ᠣᠩᠱᠢᠭ᠍ᠰᠠᠨ ᠣᠳᠠᠭ᠎ᠠ᠄
★★★☆☆

2025 ᠣᠨ᠎ᠳᠤ᠂ ᠦᠪᠦᠷ ᠮᠤᠡᠭᠭᠤᠯ᠎ᠤᠨ ᠱᠢᠤᠳᠠᠨ᠎ᠤ ᠲᠦᠷᠭᠡᠨ ᠬᠦᠷᠭᠡᠯᠳᠡ᠎ᠶ᠋ᠢᠨ ᠦᠶ᠋ᠯᠡᠰ᠎ᠣᠲᠣ ᠦᠶ᠎ᠡ᠎ᠶ᠋ᠢᠨ ᠮᠠᠯ ᠠᠵᠤ ᠠᠬᠤᠶ ᠲᠠᠷᠢᠶᠠᠯᠠᠩ᠂ ᠲᠡᠷᠢᠭᠦᠨ᠎ᠦ ᠦᠶ᠋ᠯᠡᠳᠬᠦ᠌ ᠦᠶ᠋ᠯᠡᠰ᠂ ᠣᠲᠣ ᠦᠶ᠎ᠡ᠎ᠶ᠋ᠢᠨ ᠠᠷᠠᠯᠵᠢᠶ᠎ᠠ ᠬᠤᠳᠠᠯᠳᠤᠭ᠎ᠠ ᠵᠡᠷᠭᠡ ᠲᠡᠶ ᠠᠭᠤᠰᠤᠯᠴᠠᠨ ᠬᠥᠭ᠌ᠵᠢᠵᠦ᠂ ᠠᠩᠬ᠎ᠠ ᠤᠳᠠᠭ᠎ᠠ 5 ᠳ᠋ᠦᠩᠱᠢᠭᠤᠷ ᠬᠤᠪᠢ ᠵᠢ ᠳᠠᠪᠠᠵᠤ᠂ ᠦᠶ᠋ᠯᠡᠳᠬᠦᠨ᠎ᠦ ᠥᠷᠲᠡᠭ᠎ᠨᠢ 300 ᠳ᠋ᠦᠩᠱᠢᠭᠤᠷ ᠲᠥᠭᠥᠷᠢᠭ᠎ᠢ ᠳᠠᠪᠠᠵᠠᠢ᠃

2025 ᠣᠨ᠎ᠳᠤ᠂ ᠪᠥᠬᠥ᠌ ᠣᠷᠣᠨ᠎ᠤ ᠱᠢᠤᠳᠠᠨ᠎ᠤ ᠲᠦᠷᠭᠡᠨ ᠬᠦᠷᠭᠡᠯᠳᠡ ᠶ᠋ᠢᠨ ᠠᠵᠢᠯ ᠲᠥᠷᠥᠯ ᠬᠥᠳᠡᠭᠡ ᠲᠣᠰᠭᠣᠨ᠎ᠢ ᠪᠥᠬᠥ᠌ ᠲᠠᠯ᠎ᠠ᠎ᠪᠠᠷ ᠬᠥᠭ᠌ᠵᠢᠭᠦᠯᠦᠨ ᠮᠠᠨᠳᠤᠭᠤᠯᠬᠤ᠎ᠶ᠋ᠢ ᠠᠬᠢᠭᠤᠯᠵᠤ᠂ ᠨᠢᠭᠡ ᠪᠦᠯᠦᠭ 《ᠡᠯᠧᠺᠲ᠋ᠷᠣᠨ ᠬᠤᠳᠠᠯᠳᠤᠭ᠎ᠠ + ᠬᠥᠮᠥᠷᠭᠡᠯᠡᠨ ᠲᠣᠬᠢᠷᠠᠭᠤᠯᠬᠤ᠎ᠶ᠋ᠢ ᠨᠢᠭᠡ ᠴᠣᠭ᠍ᠴᠠᠵᠢᠭᠤᠯᠬᠤ》᠂ 《ᠪᠥᠬᠥ᠌ ᠶᠠᠪᠤᠴᠠ᠎ᠳᠤ ᠬᠦᠶ᠋ᠲᠡᠨ᠎ᠭᠡᠯᠬᠢᠶᠡᠳᠤ ᠬᠦᠷᠭᠡᠯᠳᠡ ᠬᠢᠬᠦ》 ᠵᠡᠷᠭᠡ ᠣᠲᠣ ᠦᠶ᠎ᠡ᠎ᠶ᠋ᠢᠨ ᠮᠠᠯ ᠠᠵᠤ ᠠᠬᠤᠶ ᠲᠠᠷᠢᠶᠠᠯᠠᠩ᠎ᠳᠤ ᠦᠢᠯᠡᠴᠢᠯᠡᠭᠰᠡᠨ  ᠵᠢᠡᠷ ᠰᠢᠤᠳᠠᠨ᠎ᠤ ᠠᠵᠢᠯ ᠲᠥᠷᠥᠯ ᠬᠢᠭᠡᠳ ᠬᠣᠯᠪᠣᠭ᠍ᠳᠠᠬᠤ ᠠᠵᠤ ᠦᠶ᠋ᠯᠡᠰ᠎ᠦᠨ ᠬᠥᠭ᠌ᠵᠢᠯᠲᠡ᠎ᠶ᠋ᠢᠨ ᠵᠣᠬᠢᠴᠠᠬᠤ ᠴᠢᠨᠠᠷ᠎ᠨᠢ ᠲᠠᠰᠤᠷᠠᠯᠲᠠ ᠥᠬᠡᠶ ᠳᠡᠭᠡᠭ᠌ᠰᠢᠯᠡᠵᠠᠢ᠃ 2025 ᠣᠨ᠎ᠳᠤ᠂ ᠱᠢᠦᠳᠠᠨ᠎ᠤ ᠲᠦᠷᠭᠡᠨ ᠬᠦᠷᠭᠡᠯᠲᠡ᠎ᠶ᠋ᠢᠨ ᠠᠵᠤ ᠠᠬᠤᠢᠯᠠᠯ ᠦᠬᠡᠷ ᠬᠤᠨᠢᠨ ᠮᠢᠬ᠎ᠠ ᠵᠢᠴᠢ ᠪᠦᠲᠦᠭᠡᠭ᠌ᠳᠡᠬᠦᠨ᠂ ᠴᠠᠭᠠᠨ ᠢᠳᠡᠭᠡᠨ᠂ ᠡᠯᠳᠡᠪ ᠠᠮᠤ᠂ ᠢᠳᠡᠱᠢᠨ ᠨᠣᠭᠣᠭ᠎ᠠ ᠵᠢᠮᠢᠰ ᠵᠡᠷᠭᠡ ᠤᠨᠴᠠᠯᠢᠬ᠍ᠳᠤ ᠲᠠᠷᠢᠶᠠᠯᠠᠩ᠎ᠤᠨ ᠪᠦᠲᠦᠭᠡᠭ᠌ᠳᠡᠬᠦᠨ᠎ᠳᠦ ᠦᠢᠯᠡᠴᠢᠯᠡᠵᠦ᠍᠂ ᠦᠬᠡᠷ ᠬᠤᠨᠢᠨ ᠮᠢᠬ᠎ᠠ ᠵᠢᠴᠢ ᠪᠦᠲᠦᠭᠡᠭ᠌ᠳᠡᠬᠦᠨ᠎ᠢ 9407.69 ᠲᠦᠮᠡᠨ ᠬᠤᠪᠢ᠂ ᠴᠠᠭᠠᠨ ᠢᠳᠡᠭᠡᠨ᠎ᠢ 7894.7 ᠲᠦᠮᠡᠨ ᠬᠤᠪᠢ᠂ ᠡᠯᠳᠡᠪ ᠠᠮᠤ᠎ᠶ᠋ᠢ 4890.24 ᠲᠦᠮᠡᠨ ᠬᠤᠪᠢ ᠬᠦᠷᠭᠡᠵᠦ᠍᠂ ᠦᠬᠡᠷ ᠬᠤᠨᠢᠨ ᠮᠢᠬ᠎ᠠ᠂ ᠴᠠᠭᠠᠨ ᠢᠳᠡᠭᠡᠨ ᠵᠡᠷᠭᠡ᠎ᠶ᠋ᠢᠨ ᠪᠣᠷᠣᠯᠠᠭᠤᠯᠭ᠎ᠠ᠎ᠶ᠋ᠢᠨ ᠬᠡᠮᠵᠢᠢ᠎ᠡ 100 ᠳ᠋ᠦᠩᠱᠢᠭᠤᠷ ᠲᠥᠭᠥᠷᠢᠭ᠎ᠢ ᠳᠠᠪᠠᠵᠠᠢ᠃

ᠦᠶ᠋ᠯᠡᠳᠪᠦᠷᠢᠯᠡᠯ ᠬᠡᠷᠡᠭ᠌ᠯᠡᠭᠡ᠎ᠶ᠋ᠢᠨ ᠥᠨᠳᠥᠷ ᠪᠦᠲᠦᠮᠵᠢᠲᠡᠶ ᠬᠣᠯᠪᠣᠯᠳᠤᠨ ᠨᠡᠪᠲᠡᠷᠡᠯᠴᠡᠬᠦ᠌᠎ᠶ᠋ᠢ ᠪᠡᠶᠡᠯᠡᠭᠦᠯᠬᠦ᠌ ᠪᠣᠳᠠᠲᠤ ᠬᠡᠷᠡᠭ᠌ᠴᠡᠭᠡ᠎ᠳᠦ ᠬᠠᠨᠳᠤᠭᠤᠯᠤᠨ᠂ ᠱᠢᠤᠳᠠᠨ᠎ᠤ ᠲᠦᠷᠭᠡᠨ ᠬᠦᠷᠭᠡᠯᠳᠡ᠎ᠶᠢᠨ ᠠᠵᠤ ᠠᠬᠤᠢᠯᠠᠯ᠎ᠤᠨ ᠪᠦᠲᠦᠴᠡ᠎ᠶ᠋ᠢᠨ ᠴᠢᠨᠠᠷᠲᠠᠶ ᠥᠪᠡᠷ᠎ᠦᠨ ᠥᠷᠲᠡᠭ᠎ᠢᠶᠡᠨ ᠪᠠᠭᠤᠷᠠᠭᠤᠯᠤᠨ ᠦᠷ᠎ᠡ ᠠᠱᠢᠭ᠎ᠢ ᠨᠡᠮᠡᠭ᠌ᠳᠡᠭᠦᠯᠬᠦ᠌᠎ᠶ᠋ᠢ ᠠᠬᠢᠭᠤᠯᠵᠤ᠂ ᠦᠶ᠋ᠯᠡᠳᠬᠦ᠌ ᠦᠶ᠋ᠯᠡᠰ᠎ᠦᠨ ᠴᠢᠨᠠᠷ ᠰᠠᠢᠲᠠᠶ ᠬᠥᠭ᠌ᠵᠢᠯᠲᠡ᠎ᠯᠦᠭᠡ ᠬᠠᠷᠢᠯᠴᠠᠨ ᠳᠣᠭᠢᠷᠠᠯᠴᠠᠭ᠍ᠰᠠᠨ ᠭᠤᠪᠢᠭᠤᠯᠤᠨ ᠬᠦᠷᠭᠡᠬᠦ᠌ ᠦᠶ᠋ᠯᠡᠴᠢᠯᠡᠭᠡᠨ᠎ᠦ ᠱᠢᠰᠲ᠋ᠧᠮ᠎ᠢ ᠢᠳᠡᠪᠬᠢᠲᠡᠶ ᠪᠠᠢᠭᠤᠯᠵᠤ᠂ 《ᠬᠥᠮᠥᠷᠭᠡᠯᠡᠬᠦ ᠪᠡ ᠲᠣᠬᠢᠷᠠᠭᠤᠯᠬᠤ᠎ᠶ᠋ᠢ ᠨᠢᠭᠡ ᠴᠣᠭ᠍ᠴᠠᠵᠢᠭᠤᠯᠬᠤ》᠂ 《ᠦᠶ᠋ᠯᠡᠳᠪᠦᠷᠢ᠎ᠳᠦ ᠣᠷᠣᠭᠤᠯᠬᠤ ᠪᠠᠷᠠᠭᠠᠨ᠎ᠤ ᠭᠦᠶ᠋ᠯᠭᠡᠭᠡ》 ᠵᠡᠷᠭᠡ ᠵᠠᠭ᠍ᠪᠤᠷ᠎ᠢᠶᠠᠷ ᠳᠠᠮᠵᠢᠭᠤᠯᠤᠨ᠂ ᠦᠶ᠋ᠯᠡᠳᠬᠦ᠌ ᠦᠶ᠋ᠯᠡᠰ᠎ᠦᠨ ᠠᠵᠤ ᠠᠬᠤᠢᠯᠠᠯ᠎ᠤᠨ ᠬᠡᠷᠡᠭ᠌ᠯᠡᠭ᠌ᠴᠢᠳ᠎ᠦᠨ ᠪᠠᠶᠠᠴᠢ ᠣᠢᠯᠠᠭᠠᠯᠲᠠ ᠪᠠ ᠡᠵᠡᠩᠨᠡᠯᠲᠡ᠎ᠶ᠋ᠢᠨ ᠦᠷ᠎ᠡ ᠪᠦᠲᠦᠮᠵᠢ᠎ᠶ᠋ᠢ ᠳᠡᠭᠡᠭ᠌ᠰᠢᠯᠡᠭᠦᠯᠬᠦ᠌᠎ᠳᠦ ᠦᠶ᠋ᠯᠡᠴᠢᠯᠡᠭᠡᠨ᠎ᠦ ᠲᠤᠯᠭᠠᠭᠤᠷᠢᠯᠠᠯ ᠬᠠᠩᠭᠠᠵᠠᠢ᠃ 2025 ᠣᠨ᠎ᠳᠤ ᠱᠢᠤᠳᠠᠨ᠎ᠤ ᠲᠦᠷᠭᠡᠨ ᠬᠦᠷᠭᠡᠯᠳᠡ᠎ᠶᠢᠨ ᠠᠵᠤ ᠠᠬᠤᠢᠯᠠᠯ ᠮᠤᠤᠷ᠎ᠤᠨ ᠡᠯᠡᠰᠦ᠂ ᠠᠮᠲᠠ ᠣᠷᠣᠭᠤᠯᠬᠤ ᠡᠳ᠋᠂ ᠢᠮᠠᠭᠠᠨ ᠨᠣᠤᠯᠤᠭᠤᠷ᠎ᠤᠨ ᠨᠡᠬᠡᠮᠡᠯ᠂ ᠠᠮᠢᠳᠤ ᠪᠣᠳᠠᠰ᠎ᠤᠨ ᠡᠮ ᠡᠮᠨᠡᠯᠭᠡ᠂ ᠲᠡᠮᠦᠷᠯᠢᠭ ᠪᠤᠰᠤ ᠠᠭᠤᠷᠬᠠᠶ᠎ᠶ᠋ᠢᠨ ᠭᠠᠷᠤᠯᠲᠠ᠎ᠶ᠋ᠢᠨ ᠡᠳ᠋ᠱᠢᠭᠦᠯᠦᠭ᠌ᠰᠡᠨ ᠦᠶ᠋ᠯᠡᠳᠬᠦᠨ ᠵᠡᠷᠭᠡ ᠦᠶ᠋ᠯᠡᠳᠬᠦ᠌ ᠦᠶ᠋ᠯᠡᠰ᠎ᠦᠨ ᠦᠶ᠋ᠯᠡᠳᠬᠦᠨ᠎ᠳᠦ ᠦᠢᠯᠡᠴᠢᠯᠡᠨ᠂ ᠮᠤᠤᠷ᠎ᠤᠨ ᠡᠯᠡᠰᠦ 4366.9 ᠲᠦᠮᠡᠨ ᠬᠤᠪᠢ᠂ ᠠᠮᠲᠠ ᠣᠷᠣᠭᠤᠯᠬᠤ ᠡᠳ᠋ 2316.1 ᠲᠦᠮᠡᠨ ᠬᠤᠪᠢ᠂ ᠢᠮᠠᠭᠠᠨ ᠨᠣᠤᠯᠤᠭᠤᠷ᠎ᠤᠨ ᠨᠡᠬᠡᠮᠡᠯ ᠵᠢᠴᠢ ᠡᠮ ᠡᠮᠨᠡᠯᠭᠡ ᠵᠡᠷᠭᠡ ᠨᠢ 2212.85 ᠲᠦᠮᠡᠨ ᠬᠤᠪᠢ᠎ᠳᠤ ᠬᠦᠷᠴᠦ᠂ ᠠᠵᠢᠯ ᠲᠥᠷᠥᠯ᠎ᠦᠨ ᠦᠶ᠋ᠯᠡᠳᠬᠦ᠌ ᠦᠶ᠋ᠯᠡᠰ᠎ᠦᠨ ᠬᠤᠳᠠᠯᠳᠤᠨ ᠠᠪᠬᠤ᠂ ᠦᠶ᠋ᠯᠡᠳᠪᠦᠷᠢᠯᠡᠬᠦ᠌᠂ ᠪᠣᠷᠣᠯᠠᠭᠤᠯᠬᠤ ᠪᠠ ᠪᠣᠷᠣᠯᠠᠭᠤᠯᠤᠭ᠍ᠰᠠᠨ᠎ᠤ ᠳᠠᠷᠠᠭᠠᠬᠢ ᠦᠢᠯᠡᠴᠢᠯᠡᠭᠡ ᠵᠡᠷᠭᠡ ᠭᠣᠭ᠍ᠴᠣᠭ᠎ᠠ᠎ᠶ᠋ᠢ ᠬᠠᠮᠤᠷᠤᠭ᠍ᠰᠠᠨ ᠬᠠᠩᠭᠠᠯᠭ᠎ᠠ᠎ᠶ᠋ᠢᠨ ᠬᠡᠯᠬᠢᠶ᠎ᠡ᠎ᠶ᠋ᠢᠨ ᠦᠶ᠋ᠯᠡᠴᠢᠯᠡᠭᠡᠨ᠎ᠦ ᠴᠢᠳᠠᠪᠤᠷᠢ ᠦᠷᠭᠦᠯᠵᠢᠯᠡᠨ ᠳᠡᠭᠡᠭ᠌ᠰᠢᠯᠡᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号