ᠦᠪᠤᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠤ᠋ᠨ ᠷᠠᠳᠢᠣ᠋ ᠲᠧᠯᠸᠢᠰ ᠤ᠋ᠨ ᠰᠤᠷᠭᠠᠭᠤᠯᠢ ᠡᠴᠡ ᠵᠣᠬᠢᠶᠠᠨ ᠪᠠᠢᠭᠤᠯᠵᠤ ᠡᠷᠭᠢᠯᠡᠭ᠌ᠰᠡᠨ ᠥᠪᠥᠷ ᠮᠣᠩᠭᠣᠯ ᠤ᠋ᠨ 2026 ᠣᠨ ᠤ᠋ ᠠᠩᠬᠠᠳᠠᠬᠴᠢ ᠮᠠᠯᠴᠢᠨ ᠲᠠᠷᠢᠶᠠᠴᠢᠨ ᠤ᠋ ᠶᠡᠬᠡ ᠪᠣᠯᠪᠠᠰᠤᠷᠠᠯ ᠲᠦᠷᠦᠭᠦᠬᠡᠨ ᠬᠥᠬᠡᠬᠣᠲᠠ ᠳ᠋ᠤ ᠡᠬᠢᠯᠡᠪᠡ᠃ ᠪᠤᠯᠪᠠᠰᠤᠷᠠᠯ ᠳ᠋ᠦ 11 ᠠᠢᠮᠠᠭ ᠬᠣᠲᠠ ᠶ᠋ᠢᠨ 48 ᠬᠣᠱᠢᠭᠤ ᠱᠢᠶᠠᠨ ᠲᠣᠭᠣᠷᠢᠭ ᠤ᠋ᠨ 86 ᠲᠠᠷᠢᠶᠠᠯᠠᠩ ᠤ᠋ᠨ ᠷᠠᠳᠢᠣ᠋ ᠲᠧᠯᠸᠢᠰ ᠤ᠋ᠨ ᠰᠤᠷᠭᠠᠭᠤᠯᠢ ᠶ᠋ᠢᠨ ᠠᠵᠢᠯᠲᠠᠨ ᠵᠢᠴᠢ ᠬᠥᠬᠡᠬᠣᠲᠠ᠂ ᠪᠤᠭᠤᠲᠤ᠂ ᠣᠷᠳᠣᠰ᠂ ᠤᠯᠠᠭᠠᠨᠴᠠᠪ᠂ ᠪᠠᠶᠠᠨᠨᠠᠭᠤᠷ ᠵᠡᠷᠭᠡ 5 ᠠᠢᠮᠠᠭ ᠬᠣᠲᠠ ᠶ᠋ᠢᠨ 82 ᠮᠠᠯᠴᠢᠨ ᠲᠠᠷᠢᠶᠠᠴᠢᠨ ᠣᠷᠣᠯᠴᠠᠪᠠ᠃
ᠲᠤᠰ ᠤᠳᠠᠭ᠎ᠠ ᠵᠢᠨ ᠪᠤᠯᠪᠠᠰᠤᠷᠠᠯ ᠳ᠋ᠤ ᠮᠠᠯᠴᠢᠨ ᠲᠠᠷᠢᠶᠠᠴᠢᠨ ᠢ᠋ ᠵᠤᠬᠢᠶᠠᠨ ᠪᠠᠢᠭᠤᠯᠤᠨ ᠤᠯᠠᠭᠠᠨᠴᠠᠪ ᠬᠣᠲᠠ ᠶ᠋ᠢᠨ ᠯᠠᠨ ᠭᠧ ᠭᠧ ᠰᠦ ᠶ᠋ᠢᠨ ᠦᠶ᠋ᠯᠡᠰ᠂ ᠪᠡᠭᠡᠵᠢᠩ ᠤ᠋ᠨ ᠬᠣᠩ ᠹᠦ᠋ ᠣᠲᠣ ᠦᠶ᠎ᠡ ᠶ᠋ᠢᠨ ᠲᠠᠷᠢᠶᠠᠯᠠᠩ ᠤ᠋ᠨ ᠠᠵᠤ ᠦᠶ᠋ᠯᠡᠰ ᠤ᠋ᠨ ᠬᠦᠷᠢᠶᠡᠯᠡᠩ᠂ ᠬᠥᠬᠡᠬᠣᠲᠠ ᠶ᠋ᠢᠨ ᠪᠸᠢ ᠭᠦᠸᠸ ᠲᠠᠷᠢᠶᠠᠯᠠᠩ ᠮᠠᠯ ᠠᠵᠤ ᠠᠬᠤᠶ ᠶ᠋ᠢᠨ ᠬᠦᠯᠡᠮᠵᠢ ᠵᠢᠴᠢ ᠯᠢᠶᠠᠨ ᠬᠤᠤ ᠲᠠᠷᠢᠮᠠᠯ ᠤ᠋ᠨ ᠲᠤᠰᠭᠠᠶ ᠬᠣᠷᠱᠢᠶᠠ ᠪᠡᠷ ᠬᠦᠷᠴᠤ ᠲᠤᠭᠤᠷᠢᠨ ᠰᠤᠷᠤᠯᠴᠠᠭᠤᠯᠪᠠ᠃ ᠲᠤᠬᠠᠢ ᠶ᠋ᠢᠨ ᠲᠠᠯᠠᠪᠠᠢ ᠶ᠋ᠢᠨ ᠲᠤᠭᠤᠷᠢᠨ ᠰᠤᠷᠤᠯᠴᠠᠬᠤ ᠪᠡᠷ ᠳᠠᠮᠵᠢᠨ ᠮᠠᠯᠴᠢᠨ ᠲᠠᠷᠢᠶᠠᠴᠢᠨ ᠳ᠋ᠦ ᠴᠠᠭᠠᠨ ᠢᠳᠡᠭᠡᠨ ᠪᠤᠯᠪᠠᠰᠤᠷᠠᠭᠤᠯᠬᠤ ᠤᠶᠤᠨᠴᠢᠯᠠᠭᠰᠠᠨ ᠪᠦᠬᠦ ᠬᠡᠯᠬᠢᠶᠡᠨ ᠤ᠋ ᠡᠵᠡᠡᠭᠨᠡᠯᠲᠡ ᠶ᠋ᠢᠨ ᠵᠠᠭᠪᠤᠷ᠂ ᠭᠠᠳᠠᠭᠠᠳᠤ ᠡᠴᠡ ᠤᠷᠤᠭᠤᠯᠵᠤ ᠠᠪᠴᠢᠷᠠᠭᠰᠠᠨ ᠲᠠᠷᠢᠮᠠᠯ ᠤ᠋ᠨ ᠵᠠᠭᠪᠤᠷ ᠪᠠ ᠤᠯᠤᠰ ᠲᠠᠭᠠᠨ ᠦᠢᠯᠡᠳᠪᠦᠷᠢᠯᠡᠭᠰᠡᠨ ᠤᠶᠤᠨᠴᠢ ᠲᠦᠬᠦᠭᠡᠷᠦᠮᠵᠢ ᠵᠢ ᠤᠶᠠᠯᠳᠤᠭᠤᠯᠤᠨ ᠬᠡᠷᠡᠭᠯᠡᠬᠦ᠂ ᠤᠰᠤ ᠪᠤᠷᠳᠤᠭᠤᠷ᠂ ᠴᠢᠬᠢᠭ ᠤ᠋ᠨ ᠬᠡᠮᠵᠢᠶ᠎ᠠ ᠪᠠ ᠳᠤᠯᠠᠭᠠᠨ ᠤ᠋ ᠬᠡᠮᠵᠢᠶ᠎ᠡ ᠵᠢ ᠭᠠᠷ ᠤᠳᠠᠰᠤ ᠪᠡᠷ ᠶ᠋ᠢᠡᠨ ᠡᠵᠡᠮᠳᠡᠬᠦ ᠵᠢᠴᠢ ᠬᠦᠷᠦᠰᠤ ᠦᠭᠡᠢ ᠪᠡᠷ ᠲᠠᠷᠢᠵᠤ ᠤᠷᠭᠤᠭᠤᠯᠬᠤ ᠮᠡᠷᠭᠡᠵᠢᠯ᠂ ᠲᠤᠭᠠᠴᠢᠯᠠᠭᠰᠠᠨ ᠬᠠᠮᠢᠶᠠᠷᠤᠯᠲᠠ ᠵᠡᠷᠭᠡ ᠲᠡᠷᠢᠭᠦᠨ ᠤ᠋ ᠲᠤᠷᠰᠢᠯᠭ᠎ᠠ ᠵᠢ ᠪᠡᠶᠡᠴᠢᠯᠡᠨ ᠤᠢᠯᠠᠭᠠᠭᠤᠯᠵᠤ᠂ ᠬᠡᠪᠴᠢᠶᠡᠵᠢᠭᠰᠡᠨ ᠡᠷᠴᠢᠮᠵᠢᠭᠦᠯᠦᠭᠰᠡᠨ ᠡᠵᠡᠡᠭᠨᠡᠯᠲᠡ ᠶ᠋ᠢᠨ ᠵᠠᠭᠪᠤᠷ ᠤ᠋ᠨ ᠠᠪᠴᠢᠷᠠᠭᠰᠠᠨ ᠪᠤᠳᠠᠳᠤ ᠦᠷ᠎ᠡ ᠠᠰᠢᠭ ᠢ᠋ ᠦᠨᠡᠨ ᠬᠦ᠌ ᠮᠡᠳᠡᠷᠡᠭᠦᠯᠦᠭᠰᠡᠨ ᠪᠠᠢᠨ᠎ᠠ᠃
《ᠲᠤᠰ ᠤᠳᠠᠭ᠎ᠠ ᠵᠢᠨ ᠪᠤᠯᠪᠠᠰᠤᠷᠠᠯ ᠤ᠋ᠨ ᠠᠭᠤᠯᠭ᠎ᠠ ᠡᠯᠪᠡᠭ ᠪᠠᠢᠵᠤ᠂ ᠪᠢ ᠲᠤᠬᠠᠢ ᠶ᠋ᠢᠨ ᠲᠠᠯᠠᠪᠠᠢ ᠳ᠋ᠦ ᠲᠤᠭᠤᠷᠢᠨ ᠰᠤᠷᠤᠯᠴᠠᠬᠤ ᠪᠡᠷ ᠳᠠᠮᠵᠢᠨ ᠠᠯᠢ ᠤᠯᠠᠨ ᠲᠠᠷᠢᠭᠦᠨ ᠤ᠋ ᠮᠡᠷᠭᠡᠵᠢᠯ ᠪᠠ ᠡᠵᠡᠩᠨᠡᠯᠲᠡ ᠶ᠋ᠢᠨ ᠵᠠᠭᠪᠤᠷ ᠢ᠋ ᠤᠢᠯᠠᠭᠠᠭᠰᠠᠨ ᠪᠦᠬᠡᠳ ᠡᠯ᠎ᠡ ᠠᠢᠮᠠᠭ ᠬᠤᠲᠠ ᠬᠤᠰᠢᠭᠤ ᠰᠢᠶᠠᠨ ᠡᠴᠡ ᠬᠦᠷᠦᠯᠴᠡᠨ ᠢᠷᠡᠭᠰᠡᠨ ᠦᠨᠳᠦᠷ ᠬᠡᠪ ᠪᠤᠯᠪᠠᠰᠤᠷᠠᠯ ᠪᠦᠬᠦᠢ ᠮᠠᠯᠴᠢᠨ ᠲᠠᠷᠢᠶᠠᠴᠢᠨ ᠲᠠᠢ ᠲᠤᠷᠰᠢᠯᠭ᠎ᠠ ᠪᠠᠨ ᠰᠤᠯᠢᠯᠴᠠᠵᠤ ᠮᠠᠰᠢ ᠤᠯᠠᠨ ᠶᠠᠭᠤᠮ᠎ᠠ ᠵᠢ ᠤᠯᠵᠤ ᠰᠤᠷᠴᠠᠢ᠃ ᠬᠠᠷᠢᠭᠰᠠᠨ ᠤ᠋ ᠪᠠᠨ ᠳᠠᠷᠠᠭ᠎ᠠ ᠰᠤᠷᠤᠭᠰᠠᠨ ᠵᠤᠢᠯ ᠵᠢᠡᠨ ᠨᠤᠳᠤᠭ ᠤ᠋ᠨ ᠤᠯᠠᠨ ᠲᠠᠢ ᠪᠠᠨ ᠬᠤᠪᠢᠶᠠᠯᠴᠠᠨ᠎ᠠ》 ᠭᠡᠵᠦ ᠤᠷᠳᠤᠰ ᠬᠤᠲᠠ ᠶ᠋ᠢᠨ ᠬᠠᠡᠭᠬᠢᠨ ᠬᠤᠰᠢᠭᠤᠨ ᠤ᠋ ᠶᠡᠬᠡᠠᠤᠰᠤ ᠪᠠᠯᠭᠠᠰᠤ ᠵᠢᠨ ᠤᠯᠠᠨᠪᠤᠯᠠᠭ ᠭᠠᠴᠠᠭᠠᠨ ᠤ᠋ ᠮᠠᠯᠴᠢᠨ ᠮᠡᠷᠭᠡᠨᠪᠢᠯᠢᠭ ᠶᠠᠷᠢᠵᠤ ᠪᠠᠢᠯ᠎ᠠ᠃
ᠤᠢᠯᠠᠭᠠᠭᠰᠠᠨ ᠵᠢᠡᠷ᠂ ᠦᠪᠤᠷ ᠮᠤᠩᠭᠤᠯ ᠤ᠋ᠨ ᠥᠪᠡᠷᠲᠡᠭᠡᠨ ᠵᠠᠰᠠᠬᠤ ᠣᠷᠣᠨ ᠤ᠋ ᠲᠠᠷᠢᠶᠠᠯᠠᠩ ᠤ᠋ᠨ ᠷᠠᠳᠢᠣ᠋ ᠲᠧᠯᠸᠢᠰ ᠤ᠋ᠨ ᠰᠤᠷᠭᠠᠭᠤᠯᠢ ᠪᠦᠬᠦ ᠣᠷᠣᠨ ᠤ᠋ ᠮᠠᠯ ᠠᠵᠤ ᠠᠬᠤᠢ ᠲᠠᠷᠢᠶᠠᠯᠠᠩ ᠤ᠋ᠨ ᠦᠶ᠋ᠯᠡᠳᠪᠦᠷᠢᠯᠡᠯ ᠤ᠋ᠨ ᠵᠠᠡᠭᠬᠢᠯᠠᠭᠠ ᠶ᠋ᠢᠨ ᠴᠡᠭ ᠢ᠋ ᠠᠳᠬᠤᠨ᠂ ᠠᠮᠤ ᠪᠤᠳᠠᠭᠠᠨ ᠤ᠋ ᠲᠠᠷᠢᠮᠠᠯ ᠳᠠᠷᠢᠬᠤ᠂ ᠮᠠᠯ ᠵᠢᠭᠦᠷᠲᠡᠨ ᠲᠡᠵᠢᠭᠡᠨ ᠦᠷᠡᠵᠢᠭᠦᠯᠬᠦ᠌᠂ ᠣᠨᠴᠠᠯᠢᠭ᠍ᠲᠤ ᠠᠵᠤ ᠦᠶ᠋ᠯᠡᠰ ᠢ᠋ ᠪᠣᠢᠵᠢᠭᠤᠯᠬᠤ᠂ ᠭᠠᠮᠱᠢᠭ ᠢ᠋ ᠰᠡᠷᠭᠡᠢᠯᠡᠵᠦ᠍ ᠭᠠᠮᠱᠢᠭ ᠢ᠋ ᠪᠠᠭᠠᠰᠭᠠᠬᠤ ᠵᠡᠷᠭᠡ ᠭᠤᠤᠯᠳᠠᠯᠭ᠎ᠠ ᠲᠠᠶ ᠠᠭᠤᠯᠭ᠎ᠠ ᠳ᠋ᠤ ᠠᠩᠬᠠᠷᠤᠯ ᠵᠢᠡᠨ ᠲᠥᠪᠯᠡᠷᠡᠭᠦᠯᠵᠦ᠍᠂ ᠬᠠᠨᠳᠤᠯᠭᠠᠲᠤ ᠴᠢᠨᠠᠷ ᠵᠢᠡᠷ ᠴᠢᠩᠭ᠎ᠠ᠂ ᠬᠡᠷᠡᠭ᠌ᠯᠡᠭᠡᠨ ᠤ᠋ ᠴᠢᠨᠠᠷ ᠵᠢᠡᠷ ᠥᠨᠳᠥᠷ ᠲᠤᠰᠬᠠᠢᠵᠢᠭᠰᠠᠨ ᠪᠤᠯᠪᠠᠰᠤᠷᠠᠯ ᠵᠢᠴᠢ ᠤᠷᠲᠤᠳᠭᠠᠭ᠍ᠰᠠᠨ ᠦᠶ᠋ᠯᠡᠴᠢᠯᠡᠭᠡ ᠶ᠋ᠢ ᠥᠷᠭᠡᠨ ᠲᠠᠯᠬᠡᠷ ᠥᠷᠨᠢᠭᠦᠯᠵᠦ᠍᠂ ᠮᠠᠯᠴᠢᠨ ᠲᠠᠷᠢᠶᠠᠴᠢᠨ ᠤ᠋ ᠦᠶ᠋ᠯᠡᠳᠪᠦᠷᠢᠯᠡᠯ ᠡᠵᠡᠩᠨᠡᠯᠲᠡ ᠶ᠋ᠢᠨ ᠳᠤᠮᠳᠠᠬᠢ ᠬᠦᠴᠢᠷ ᠲᠦᠪᠡᠭ ᠠᠰᠠᠭᠤᠳᠠᠯ ᠢ᠋ ᠴᠠᠭ ᠲᠤᠬᠠᠢ ᠳ᠋ᠤᠨᠢ ᠰᠢᠢᠳᠪᠦᠷᠢᠯᠡᠵᠦ᠂ ᠪᠤᠯᠪᠠᠰᠤᠷᠠᠯ ᠤ᠋ᠨ ᠦᠷ᠎ᠡ ᠪᠦᠳᠦᠬᠡᠯ ᠤ᠋ᠨ ᠨᠡᠮᠡᠭᠳᠡᠯ ᠢ᠋ ᠲᠤᠭᠲᠠᠪᠤᠷᠢᠵᠢᠭᠤᠯᠤᠨ᠂ ᠤᠨᠠᠯᠲᠠ ᠵᠢ ᠠᠬᠢᠭᠤᠯᠵᠤ᠂ ᠠᠵᠤ ᠦᠢᠯᠡᠰ ᠢ᠋ ᠬᠦᠴᠦᠷᠭᠡᠭᠵᠢᠭᠦᠯᠬᠦ ᠪᠤᠳᠠᠳᠤ ᠦᠷ᠎ᠡ ᠪᠦᠲᠦᠮᠵᠢ ᠪᠤᠯᠭᠠᠨ ᠬᠤᠪᠢᠷᠠᠭᠤᠯᠬᠤ ᠵᠢ ᠪᠠᠢᠩᠭᠤ ᠠᠳᠬᠤᠵᠤ ᠪᠠᠢᠨ᠎ᠠ᠃