ᠦᠪᠦᠷ ᠮᠤᠩᠭᠤᠯ᠎ᠤᠨ ᠠᠵᠢᠯᠴᠢᠨ᠎ᠤ ᠶᠡᠷᠦᠩᠬᠡᠢ ᠡᠪᠯᠡᠯ ᠬᠥᠳᠡᠯᠮᠦᠷᠢ᠎ᠶᠢᠨ ᠬᠠᠤᠯᠢ ᠴᠠᠭᠠᠵᠠ᠎ᠶᠢᠨ ᠬᠢᠨᠠᠯᠲᠠ ᠲᠠᠯᠪᠢᠬᠤ ᠰᠠᠨᠠᠭᠤᠯᠤᠮᠵᠢ ᠭᠠᠷᠭᠠᠵᠦ ᠴᠠᠯᠢᠩ ᠥᠷᠢᠲᠦᠬᠦ᠎ᠶᠢ ᠰᠡᠷᠭᠡᠢᠯᠡᠨ ᠬᠤᠷᠢᠬᠯᠠᠵᠦ ᠪᠤᠢ
2026-02-09 10:36:08
ᠵᠣᠬᠢᠶᠠᠭ᠍ᠴᠢ᠄
ᠬᠠᠨ ᠯᠢᠩ ᠯᠢᠩ
ᠣᠩᠱᠢᠭ᠍ᠰᠠᠨ ᠣᠳᠠᠭ᠎ᠠ᠄
★★★☆☆

ᠴᠠᠯᠢᠩ ᠥᠷᠢᠲᠦᠬᠦ᠎ᠶᠢ ᠰᠡᠷᠭᠡᠢᠯᠡᠨ ᠵᠠᠰᠠᠵᠤ᠂ ᠥᠷᠭᠡᠨ ᠤᠯᠠᠨ ᠠᠵᠢᠯᠲᠠᠨ ᠠᠵᠢᠯᠴᠢᠨ᠎ᠤ ᠬᠠᠤᠯᠢ ᠶᠣᠰᠣᠨ᠎ᠤ ᠡᠷᠬᠡ ᠠᠰᠢᠭ᠋᠎ᠢ ᠬᠠᠮᠠᠭᠠᠯᠠᠬᠤ᠎ᠶᠢᠨ ᠲᠥᠯᠥᠭᠡ ᠲᠦᠷᠦᠭᠦᠭᠡᠨ ᠦᠪᠦᠷ ᠮᠤᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯᠴᠢᠨ᠎ᠤ ᠶᠡᠷᠦᠩᠭᠡᠢ ᠡᠪᠯᠡᠯ᠎ᠦᠨ ᠬᠥᠳᠡᠯᠮᠦᠷᠢ᠎ᠶᠢᠨ ᠬᠠᠤᠯᠢ ᠴᠠᠭᠠᠵᠠ᠎ᠶᠢᠨ ᠬᠢᠨᠠᠯᠲᠠ ᠲᠠᠯᠪᠢᠬᠤ ᠵᠥᠪᠯᠡᠯ᠎ᠡᠴᠡ ᠬᠥᠳᠡᠯᠮᠦᠷᠢ᠎ᠶᠢᠨ ᠬᠠᠤᠯᠢ ᠴᠠᠭᠠᠵᠠ᠎ᠶᠢᠨ ᠬᠢᠨᠠᠯᠲᠠ ᠲᠠᠯᠪᠢᠬᠤ ᠰᠠᠨᠠᠭᠤᠯᠤᠮᠵᠢ᠎ᠶᠢᠨ ᠵᠠᠬᠢᠲᠠᠯ ᠲᠠᠷᠬᠠᠭᠠᠵᠤ᠂ ᠡᠯ᠎ᠡ ᠬᠥᠮᠥᠨ ᠬᠡᠷᠡᠭᠯᠡᠬᠦ ᠨᠢᠭᠡᠴᠢ ᠵᠢᠨ ᠬᠢᠨ ᠬᠣᠯᠪᠣᠭᠳᠠᠯ ᠪᠦᠬᠦᠢ ᠬᠥᠳᠡᠯᠮᠦᠷᠢ᠎ᠶᠢᠨ ᠬᠠᠤᠯᠢ ᠴᠠᠭᠠᠵᠠ ᠬᠠᠤᠯᠢ ᠲᠣᠭᠲᠠᠭᠠᠯ᠎ᠢ ᠴᠢᠩᠭ᠎ᠠ ᠨᠠᠢᠳᠠᠪᠤᠷᠢᠵᠢᠭᠤᠯᠵᠤ᠂ ᠴᠠᠯᠢᠩ ᠥᠷᠢᠲᠦᠬᠦ ᠠᠵᠢᠯᠯᠠᠭ᠎ᠠ᠎ᠶᠢ ᠰᠡᠷᠭᠡᠢᠯᠡᠵᠦ᠂ ᠠᠶᠤᠯᠭᠦᠢ ᠦᠢᠯᠡᠳᠪᠦᠷᠢᠯᠡᠯ᠎ᠦᠨ ᠡᠨᠳᠡᠯ ᠭᠠᠷᠬᠤ᠎ᠶᠢ ᠬᠣᠷᠢᠭ᠍ᠯᠠᠬᠤ ᠬᠡᠷᠡᠭᠲᠡᠢ ᠭᠡᠵᠦ ᠰᠠᠨᠠᠭᠤᠯᠪᠠ᠃

ᠰᠠᠨᠠᠭᠤᠯᠤᠮᠵᠢ᠎ᠳᠤ᠂ ᠬᠥᠮᠥᠨ ᠬᠡᠷᠡᠭᠯᠡᠬᠦ ᠨᠢᠭᠡᠴᠢ ᠵᠢᠨ ᠬᠢᠨ ᠬᠥᠳᠡᠯᠮᠦᠷᠢ᠎ᠶᠢᠨ ᠭᠡᠷ᠎ᠡ ᠵᠢᠨ ᠲᠤᠭᠳᠠᠭᠠᠯ᠎ᠢ ᠴᠢᠩᠭ᠎ᠠ ᠵᠢᠷᠤᠮᠯᠠᠨ᠂ ᠴᠠᠯᠢᠩ᠎ᠢ ᠲᠣᠭ᠎ᠠ ᠶᠣᠰᠣᠭᠠᠷ ᠭᠦᠢᠴᠡᠳ ᠥᠭᠴᠦ᠂ ᠰᠠᠭᠤᠯᠭᠠᠨ ᠠᠪᠬᠤ᠂ ᠤᠴᠢᠷ ᠰᠢᠯᠲᠠᠭᠠᠨ ᠦᠭᠡᠢ᠎ᠪᠡᠷ ᠬᠤᠢᠰᠢᠯᠠᠭᠤᠯᠤᠨ ᠥᠷᠢᠲᠦᠬᠦ᠎ᠶᠢ ᠴᠢᠩᠭ᠎ᠠ ᠴᠠᠭᠠᠵᠠᠯᠠᠵᠤ᠂ ᠪᠣᠳᠠᠲᠤ ᠶᠠᠭᠤᠮ᠎ᠠ ᠪᠤᠶᠤ ᠦᠨᠡᠲᠦ ᠲᠡᠮᠳᠡᠭᠲᠦ᠎ᠪᠡᠷ ᠴᠠᠯᠢᠩ᠎ᠢ ᠣᠷᠣᠯᠠᠭᠤᠯᠵᠤ ᠪᠣᠯᠬᠤ ᠦᠭᠡᠢ; ᠴᠠᠯᠢᠩ᠎ᠢ ᠬᠥᠮᠥᠨ ᠬᠡᠷᠡᠭᠯᠡᠬᠦ ᠨᠢᠭᠡᠴᠢ ᠪᠣᠯᠣᠨ ᠬᠥᠳᠡᠯᠮᠦᠷᠢᠴᠢᠨ᠎ᠦ ᠬᠡᠯᠡᠯᠴᠡᠨ ᠲᠣᠭᠲᠠᠭᠰᠠᠨ ᠡᠳᠦᠷ ᠬᠤᠭᠤᠴᠠᠭᠠᠨ᠎ᠳᠤ ᠥᠭᠬᠦ ᠬᠡᠷᠡᠭᠲᠡᠢ᠂ ᠬᠡᠷᠪᠡ ᠬᠡᠯᠡᠯᠴᠡᠨ ᠲᠣᠭᠲᠠᠭᠰᠠᠨ ᠡᠳᠦᠷ ᠬᠤᠭᠤᠴᠠᠭ᠎ᠠ ᠨᠢ ᠶᠠᠭ ᠬᠠᠤᠯᠢ᠎ᠪᠠᠷ ᠲᠣᠭᠲᠠᠭᠠᠭᠰᠠᠨ ᠪᠠᠶᠠᠷ ᠳᠤᠷᠠᠰᠬᠠᠯ᠎ᠤᠨ ᠡᠳᠦᠷ ᠪᠤᠶᠤ ᠠᠮᠠᠷᠠᠯᠲᠠ᠎ᠶᠢᠨ ᠡᠳᠦᠷ ᠲᠤᠬᠢᠶᠠᠯᠳᠤᠪᠠᠯ᠂ ᠬᠠᠮᠤᠭ᠎ᠤᠨ ᠣᠢᠷ᠎ᠠ ᠠᠵᠢᠯᠯᠠᠬᠤ ᠡᠳᠦᠷ ᠬᠦᠷᠲᠡᠯ᠎ᠡ ᠤᠷᠢᠳᠴᠢᠯᠠᠨ ᠲᠣᠭ᠎ᠠ ᠶᠣᠰᠣᠭᠠᠷ ᠥᠭᠬᠦ ᠬᠡᠷᠡᠭᠲᠡᠢ᠂ ᠬᠣᠢᠰᠢᠯᠠᠭᠤᠯᠤᠨ ᠥᠭᠴᠦ ᠪᠣᠯᠬᠤ ᠦᠭᠡᠢ; ᠪᠠᠷᠢᠯᠭ᠎ᠠ᠎ᠶᠢᠨ ᠪᠦᠲᠦᠭᠡᠨ ᠪᠠᠢᠭᠤᠯᠤᠯᠲᠠ᠎ᠶᠢᠨ ᠬᠦᠷᠢᠶᠡᠨ᠎ᠳᠦ ᠬᠥᠯᠥᠰᠦᠨ ᠠᠵᠢᠯᠴᠢᠨ᠎ᠤ ᠴᠠᠯᠢᠩ᠎ᠤᠨ ᠲᠤᠰᠬᠠᠢ ᠳᠠᠩᠰᠠᠨ ᠡᠷᠦᠬᠡ᠂ ᠦᠨᠡᠨ ᠨᠡᠷ᠎ᠡ᠎ᠶᠢᠨ ᠳᠦᠷᠢᠮ᠎ᠦᠨ ᠬᠠᠮᠢᠶᠠᠷᠤᠯᠲᠠ ᠵᠢ ᠴᠢᠩᠭ᠎ᠠ ᠬᠡᠷᠡᠭᠵᠢᠭᠦᠯᠵᠦ᠂ ᠴᠠᠯᠢᠩ᠎ᠤᠨ ᠲᠤᠰᠬᠠᠢ ᠵᠣᠭᠣᠰ᠎ᠢ ᠲᠤᠰᠬᠠᠢ ᠵᠦᠢᠯ᠎ᠳᠦ ᠬᠡᠷᠡᠭᠯᠡᠬᠦ᠎ᠶᠢ ᠦᠨᠡᠨ ᠬᠦ᠌ ᠪᠠᠲᠤᠯᠠᠬᠤ ᠬᠡᠷᠡᠭᠲᠡᠢ᠃ ᠨᠠᠭᠠᠲᠤ ᠵᠠᠬ᠎ᠠ᠎ᠶᠢᠨ ᠴᠠᠯᠢᠩ᠎ᠤᠨ ᠪᠠᠲᠤᠯᠠᠭ᠎ᠠ᠎ᠶᠢᠨ ᠳᠦᠷᠢᠮ᠎ᠢ ᠴᠢᠩᠭ᠎ᠠ ᠬᠡᠷᠡᠭᠵᠢᠭᠦᠯᠵᠦ᠂ ᠬᠡᠪ᠎ᠦᠨ ᠬᠥᠳᠡᠯᠮᠦᠷᠢ ᠬᠠᠩᠭᠠᠭᠰᠠᠨ ᠬᠥᠳᠡᠯᠮᠦᠷᠢᠴᠢᠨ᠎ᠳᠦ ᠤᠯᠭᠤᠬᠤ ᠴᠠᠯᠢᠩ᠎ᠢ ᠲᠤᠬᠠᠢ᠎ᠶᠢᠨ ᠭᠠᠵᠠᠷ᠎ᠤᠨ ᠨᠠᠭᠠᠲᠤ ᠵᠠᠬ᠎ᠠ᠎ᠶᠢᠨ ᠴᠠᠯᠢᠩ᠎ᠤᠨ ᠪᠠᠷᠢᠮᠵᠢᠶ᠎ᠠ ᠡᠴᠡ ᠳᠣᠣᠷ᠎ᠠ ᠪᠠᠢᠯᠭᠠᠵᠤ ᠪᠣᠯᠬᠤ ᠦᠭᠡᠢ; ᠬᠥᠳᠡᠯᠮᠦᠷᠢ᠎ᠶᠢᠨ ᠬᠠᠷᠢᠴᠠᠭ᠎ᠠ᠎ᠶᠢᠨ ᠪᠠᠢᠳᠠᠯ᠎ᠳᠤ ᠪᠦᠷᠢᠮᠦᠰᠦᠨ ᠨᠡᠢᠴᠡᠬᠦ ᠦᠭᠡᠢ ᠪᠣᠯᠪᠠᠴᠤ ᠲᠠᠪᠴᠠᠩ᠎ᠤᠨ ᠠᠵᠤ ᠠᠬᠤᠢᠯᠠᠯ᠎ᠤᠨ ᠬᠥᠳᠡᠯᠮᠦᠷᠢ᠎ᠶᠢᠨ ᠬᠠᠮᠢᠶᠠᠷᠤᠯᠲᠠ᠎ᠶᠢ ᠬᠦᠯᠢᠶᠡᠭᠰᠡᠨ ᠰᠢᠨ᠎ᠡ ᠠᠵᠢᠯ ᠣᠯᠭᠣᠯᠲᠠ᠎ᠶᠢᠨ ᠬᠡᠯᠪᠡᠷᠢ ᠢ᠋ᠢᠨ ᠬᠥᠳᠡᠯᠮᠦᠷᠢᠴᠢᠨ᠎ᠦ ᠴᠠᠯᠢᠩ᠎ᠤᠨ ᠪᠠᠷᠢᠮᠵᠢᠶ᠎ᠠ᠎ᠶᠢ ᠪᠣᠳᠠᠲᠠᠢ ᠠᠵᠢᠯᠯᠠᠵᠤ ᠪᠠᠢᠭ᠎ᠠ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭᠠᠭᠰᠠᠨ ᠨᠠᠭᠠᠲᠤ ᠵᠠᠬ᠎ᠠ᠎ᠶᠢᠨ ᠴᠠᠯᠢᠩ᠎ᠤᠨ ᠪᠠᠷᠢᠮᠵᠢᠶ᠎ᠠ ᠡᠴᠡ ᠳᠣᠣᠷ᠎ᠠ ᠪᠠᠢᠯᠭᠠᠵᠤ ᠪᠣᠯᠬᠤ ᠦᠭᠡᠢ; ᠪᠡᠷᠢᠴᠠᠭᠠᠨ᠎ᠤ ᠮᠥᠩᠭᠥ ᠬᠤᠷᠢᠶᠠᠬᠤ ᠮᠡᠳᠦ ᠵᠢᠨ ᠶᠠᠮᠠᠷᠪᠠ ᠬᠡᠯᠪᠡᠷᠢ᠎ᠪᠡᠷ ᠬᠥᠳᠡᠯᠮᠦᠷᠢᠴᠢᠨ᠎ᠦ ᠴᠠᠯᠢᠩ᠎ᠢ ᠪᠠᠭᠤᠷᠠᠭᠤᠯᠬᠤ ᠪᠤᠶᠤ ᠬᠡᠯᠪᠡᠷᠢ᠎ᠶᠢ ᠨᠢ ᠥᠭᠡᠷᠡᠲᠦᠭᠦᠯᠦᠨ ᠪᠠᠭᠤᠷᠠᠭᠤᠯᠵᠤ ᠪᠣᠯᠬᠤ ᠦᠭᠡᠢ᠃ ᠴᠠᠯᠢᠩ ᠥᠭᠴᠤ ᠪᠠᠢᠭ᠎ᠠ ᠪᠠᠢᠳᠠᠯ᠎ᠢ ᠥᠪᠡᠰᠦᠪᠡᠨ ᠪᠠᠢᠴᠠᠭᠠᠬᠤ᠎ᠶᠢ ᠪᠥᠬᠥ ᠲᠠᠯ᠎ᠠ᠎ᠪᠠᠷ ᠥᠷᠨᠢᠭᠦᠯᠵᠦ᠂ ᠴᠠᠯᠢᠩ ᠥᠷᠢᠲᠦᠬᠦ ᠲᠦᠭᠰᠢᠭᠦᠷᠢ᠎ᠵᠢ ᠰᠠᠨᠠᠭᠠᠴᠢᠯᠠᠭ᠎ᠠ ᠠ᠋ᠴᠠ᠎ᠪᠠᠨ ᠵᠢᠭ᠍ᠰᠠᠭᠠᠨ ᠪᠠᠢᠴᠠᠭᠠᠬᠤ᠎ᠶᠢᠨ ᠬᠠᠮᠲᠤ ᠴᠡᠭᠴᠡᠯᠡᠨ ᠰᠠᠢᠵᠢᠷᠠᠭᠤᠯᠵᠦ᠂ ᠬᠥᠳᠡᠯᠮᠦᠷᠢ᠎ᠶᠢᠨ ᠬᠠᠤᠯᠢ ᠴᠠᠭᠠᠵᠠ ᠬᠠᠤᠯᠢ ᠲᠣᠭᠲᠠᠭᠠᠯ᠎ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ᠎ᠶᠢ ᠴᠢᠩᠭᠠᠳᠬᠠᠬᠤ ᠬᠡᠷᠡᠭᠲᠡᠢ; ᠴᠠᠯᠢᠩ᠎ᠤᠨ ᠮᠠᠷᠭᠤᠯᠳᠤᠭᠠᠨ ᠭᠠᠷᠤᠭᠰᠠᠨ ᠦᠶ᠎ᠡ᠎ᠳᠦ᠂ ᠤᠷᠢᠳ᠎ᠢᠶᠠᠷ ᠵᠥᠪᠳᠡᠯᠴᠡᠬᠦ᠎ᠪᠡᠷ ᠳᠡᠮᠵᠢᠨ ᠵᠥᠷᠢᠴᠡᠯ᠎ᠢ ᠰᠢᠢᠳᠪᠦᠷᠢᠯᠡᠬᠦ ᠬᠡᠷᠡᠭᠲᠡᠢ ᠬᠡᠵᠦ ᠱᠠᠭᠠᠷᠲᠠᠪᠠ᠃

ᠰᠠᠨᠠᠭᠤᠯᠤᠮᠵᠢ᠎ᠳᠤ᠂ ᠡᠯ᠎ᠡ ᠬᠥᠮᠥᠨ ᠬᠡᠷᠡᠭᠯᠡᠬᠦ ᠨᠢᠭᠡᠴᠢ ᠠᠶᠤᠯᠬᠦᠢ ᠦᠢᠯᠡᠳᠪᠦᠷᠢᠯᠡᠯ᠎ᠦᠨ ᠭᠣᠣᠯ ᠴᠣᠭᠴᠠ᠎ᠶᠢᠨ ᠬᠠᠷᠢᠭᠤᠴᠠᠯᠭ᠎ᠠ᠎ᠪᠠᠨ ᠭᠦᠢᠴᠡᠳ ᠭᠦᠢᠴᠡᠳᠬᠡᠵᠦ᠂ ᠤᠯᠠᠨ ᠲᠦᠮᠡᠨᠴᠢ ᠴᠢᠨᠠᠷᠲᠠᠢ ᠬᠥᠳᠡᠯᠮᠦᠷᠢ᠎ᠶᠢᠨ ᠬᠠᠮᠠᠭᠠᠯᠠᠯᠲᠠ᠎ᠶᠢᠨ ᠬᠢᠨᠠᠯᠲᠠ ᠲᠠᠯᠪᠢᠵᠤ ᠪᠠᠢᠴᠠᠭᠠᠬᠤ ᠠᠵᠢᠯᠯᠠᠭ᠎ᠠ᠎ᠶᠢ ᠥᠷᠭᠡᠨ ᠳᠡᠯᠭᠡᠷᠡᠩᠭᠦᠢ᠎ᠪᠡᠷ ᠥᠷᠨᠢᠭᠦᠯᠵᠦ᠂ ᠡᠨᠳᠡᠯ᠎ᠦᠨ ᠲᠠᠯᠳᠠ ᠭᠡᠮ᠎ᠢ ᠴᠤᠬᠤᠶ᠋ᠢᠯᠳᠠ ᠵᠢᠨ ᠬᠤᠭᠤᠴᠠᠭᠠᠨ᠎ᠳ᠋ᠤᠨᠢ ᠴᠢᠷᠮᠠᠢᠨ ᠠᠷᠢᠯᠭᠠᠵᠤ᠂ ᠬᠦᠨᠳᠦ ᠶᠡᠬᠡ ᠣᠨᠴᠠ ᠶᠡᠬᠡ ᠡᠨᠳᠡᠯ ᠭᠠᠷᠬᠤ᠎ᠶᠢ ᠡᠷᠡᠰ ᠰᠡᠷᠭᠡᠢᠯᠡᠨ ᠬᠣᠷᠢᠭ᠍ᠯᠠᠬᠤ ᠬᠡᠷᠡᠭᠲᠡᠢ ᠬᠡᠵᠦ ᠵᠢᠭᠠᠵᠦ ᠭᠠᠷᠭᠠᠪᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号