ᠤᠢᠷ᠎ᠠ᠎ᠳᠤ᠂ ᠬᠥᠬᠡᠬᠣᠲᠠ᠎ᠶᠢᠨ ᠰᠢᠨ᠎ᠡ ᠬᠣᠲᠠ ᠲᠣᠭᠣᠷᠢᠭ᠋᠎ᠤᠨ ᠠᠷᠠᠳ᠎ᠤᠨ ᠰᠢᠭᠦᠬᠦ ᠬᠣᠷᠢᠶ᠎ᠠ ᠨᠢᠭᠡᠨ ᠢᠲᠡᠭᠡᠮᠵᠢ᠎ᠶᠢᠨ ᠺᠠᠷᠲ᠎ᠤᠨ ᠵᠠᠭᠤᠷᠠᠯᠳᠤᠭᠠᠨ᠎ᠤ ᠬᠡᠷᠡᠭ᠎ᠲᠦ 《ᠪᠢᠴᠢᠭᠡᠴᠢ ᠦᠭᠡᠢ ᠲᠢᠩᠬᠢᠮ᠎ᠦᠨ ᠰᠢᠭᠦᠯᠲᠡ》 ᠢ᠋ᠢᠨ ᠵᠠᠭᠪᠤᠷ᠎ᠢ ᠬᠡᠷᠡᠭᠯᠡᠨ ᠰᠢᠭᠦᠯᠲᠡ ᠬᠢᠵᠦ᠂ ᠬᠦᠬᠡᠬᠣᠲᠠ᠎ᠶᠢᠨ ᠠᠩᠬᠠᠳᠠᠭ᠍ᠴᠢ 《ᠪᠢᠴᠢᠭᠡᠴᠢ ᠦᠭᠡᠢ ᠲᠢᠩᠬᠢᠮ᠎ᠦᠨ ᠰᠢᠭᠦᠯᠲᠡ》 ᠢ᠋ᠢᠨ ᠵᠠᠭᠪᠤᠷ᠎ᠢ ᠬᠡᠷᠡᠭᠵᠢᠭᠦᠯᠦᠭᠰᠡᠨ ᠦᠨᠳᠦᠰᠦᠨ ᠱᠠᠲᠤᠨ᠎ᠤ ᠰᠢᠭᠦᠬᠦ ᠬᠣᠷᠢᠶ᠎ᠠ ᠪᠣᠯᠪᠠ᠃
《ᠪᠢᠴᠢᠭᠡᠴᠢ ᠦᠭᠡᠢ ᠲᠢᠩᠬᠢᠮ᠎ᠦᠨ ᠰᠢᠭᠦᠯᠲᠡ》 ᠢ᠋ᠢᠨᠵᠠᠭᠪᠤᠷ ᠨᠢ 《ᠲᠣᠳᠣ᠌ ᠳᠠᠭᠤ ᠳᠦᠷᠰᠦ ᠰᠢᠩᠭᠡᠭᠡᠯᠲᠡ + ᠠᠪᠢᠶᠠᠨ᠎ᠤ ᠠᠦ᠋ᠲ᠋ᠣ᠋ ᠰᠢᠯᠵᠢᠭᠦᠯᠦᠨ ᠪᠢᠴᠢᠯᠭᠡ + ᠲᠡᠮᠳᠡᠭᠯᠡᠯ ᠠᠶᠠᠨ᠎ᠳᠠᠭᠠᠨ ᠪᠤᠶ ᠪᠣᠯᠬᠤ》 ᠳ᠋ᠤ ᠲᠦᠰᠢᠭᠯᠡᠨ ᠵᠡᠷᠭᠡ᠎ᠪᠡᠷ ᠲᠡᠮᠳᠡᠭᠯᠡᠵᠦ᠂ ᠬᠣᠶᠠᠷ ᠲᠠᠯ᠎ᠠ᠎ᠶᠢᠨ ᠲᠤᠬᠠᠢ᠎ᠶᠢᠨ ᠬᠥᠮᠥᠨ 《ᠲᠢᠩᠬᠢᠮ᠎ᠦᠨ ᠰᠢᠭᠦᠯᠲᠡ᠎ᠶᠢᠨ ᠲᠡᠮᠳᠡᠭᠯᠡᠯ᠎ᠦᠨ ᠠᠷᠭ᠎ᠠ ᠮᠠᠶᠢᠭ᠋᠎ᠢ ᠨᠤᠲᠠᠯᠠᠬᠤ ᠪᠢᠴᠢᠭ》 ᠲᠸ᠋ ᠭᠠᠷᠤᠨ ᠦᠰᠦᠭ ᠵᠢᠷᠤᠭᠰᠠᠨ᠎ᠤ ᠲᠠᠷᠠᠭ᠎ᠠ᠂ ᠵᠣᠬᠢᠶᠠᠮᠠᠯ ᠤᠶᠤᠨ ᠴᠢᠳᠠᠪᠤᠷᠢ᠎ᠶᠢᠨ ᠮᠡᠷᠭᠡᠵᠢᠯ᠎ᠢ ᠲᠢᠩᠬᠢᠮ᠎ᠦᠨ ᠰᠢᠭᠦᠯᠲᠡ᠎ᠶᠢᠨ ᠠᠵᠢᠯᠯᠠᠭ᠎ᠠ᠎ᠳᠤ ᠭᠦᠨᠵᠡᠭᠡᠢ ᠠᠭᠤᠰᠬᠠᠨ ᠣᠷᠣᠭᠤᠯᠵᠤ᠂ ᠲᠠᠭᠤ ᠳᠦᠷᠰᠦ ᠰᠢᠩᠭᠡᠭᠡᠯᠲᠡ ᠪᠠ ᠲᠢᠩᠬᠢᠮ᠎ᠦᠨ ᠰᠢᠭᠦᠯᠲᠡ᠎ᠶᠢᠨ ᠠᠪᠢᠶ᠎ᠠ᠎ᠶᠢ ᠠᠦ᠋ᠲ᠋ᠣ᠋ ᠰᠢᠯᠵᠢᠭᠦᠯᠦᠨ ᠪᠢᠴᠢᠬᠦ ᠠᠷᠭ᠎ᠠ ᠮᠠᠶᠢᠭ᠋᠎ᠢᠶᠠᠷ ᠪᠢᠴᠢᠭᠡᠴᠢ᠎ᠶᠢᠨ ᠬᠥᠮᠥᠨ᠎ᠦ ᠬᠦᠴᠦ᠎ᠪᠡᠷ ᠲᠡᠮᠳᠡᠭᠯᠡᠬᠦ᠎ᠶᠢ ᠣᠷᠣᠯᠠᠭᠤᠯᠵᠤ᠂ ᠠᠷᠠᠳ ᠤᠯᠠᠨ᠎ᠳᠤ ᠨᠡᠩ ᠣᠶᠤᠨᠴᠢ᠂ ᠳᠥᠭᠥᠮ ᠳᠥᠲᠡ᠂ ᠴᠢᠨᠠᠷ ᠰᠠᠢᠲᠠᠢ ᠬᠠᠤᠯᠢ ᠴᠠᠭᠠᠵᠠ ᠢ᠋ᠢᠨ ᠦᠢᠯᠡᠴᠢᠯᠡᠭᠡ ᠬᠠᠩᠭᠠᠪᠠ᠃
ᠲᠢᠩᠬᠢᠮ᠎ᠦᠨ ᠰᠢᠭᠦᠯᠲᠡ᠎ᠶᠢᠨ ᠶᠠᠪᠤᠴᠠ᠎ᠳᠤ᠂ ᠠᠪᠢᠶ᠎ᠠ᠎ᠶᠢ ᠢᠯᠭᠠᠨ ᠲᠠᠨᠢᠬᠤ ᠣᠶᠤᠨᠲᠤ ᠰᠢᠰᠲᠧᠮ ᠨᠢ ᠰᠢᠭᠦᠬᠦ ᠲᠤᠰᠢᠶᠠᠯᠲᠠᠨ᠂ ᠲᠤᠬᠠᠢ᠎ᠶᠢᠨ ᠬᠥᠮᠥᠨ᠎ᠦ ᠶᠠᠷᠢᠶ᠎ᠠ᠎ᠶᠢ ᠴᠠᠭ ᠲᠤᠬᠠᠢ ᠳ᠋ᠤᠨᠢ ᠴᠤᠭᠯᠠᠭᠤᠯᠵᠤ ᠴᠢᠳᠠᠬᠤ ᠪᠥᠭᠡᠳ ᠣᠨᠣᠪᠴᠢᠲᠠᠶ ᠥᠰᠥᠭ ᠪᠢᠴᠢᠭ ᠪᠣᠯᠭᠠᠨ ᠬᠤᠪᠢᠷᠠᠭᠤᠯᠤᠭᠰᠠᠨ᠎ᠤ ᠳᠠᠷᠠᠭ᠎ᠠ ᠳᠡᠯᠭᠡᠴᠡ ᠳᠡᠭᠡᠷ᠎ᠡ ᠢᠯᠡᠷᠡᠭᠦᠯᠵᠦ᠂ ᠰᠢᠭᠦᠬᠦ ᠲᠤᠰᠢᠶᠠᠯᠲᠠᠨ ᠪᠠ ᠲᠤᠬᠠᠢ᠎ᠶᠢᠨ ᠬᠥᠮᠥᠨ᠎ᠦ ᠴᠠᠭ ᠲᠤᠬᠠᠢ ᠳ᠋ᠤᠨᠢ ᠬᠠᠷᠭᠤᠭᠤᠯᠬᠤ᠎ᠳᠤ ᠲᠥᠬᠥᠮ ᠦᠵᠡᠭᠦᠯᠳᠡᠭ᠃ ᠡᠭᠦᠨ᠎ᠦ ᠬᠠᠮᠲᠤ᠂ ᠲᠣᠳᠣ᠌ ᠲᠠᠭᠤ ᠳᠦᠷᠰᠦ ᠰᠢᠩᠭᠡᠭᠡᠯᠲᠡ᠎ᠶᠢᠨ ᠲᠥᠬᠦᠭᠡᠷᠦᠮᠵᠢ᠎ᠳᠦ ᠲᠢᠩᠬᠢᠮ᠎ᠦᠨ ᠰᠢᠭᠦᠯᠲᠡ᠎ᠶᠢᠨ ᠨᠠᠷᠢᠨ ᠵᠦᠢᠯᠡᠰ ᠨᠢᠭᠡᠪᠦᠷᠢ᠎ᠶᠢ ᠪᠥᠬᠥ ᠲᠠᠯ᠎ᠠ ᠪᠠᠷ ᠲᠡᠮᠳᠡᠭᠯᠡᠵᠦ᠂ ᠲᠢᠩᠬᠢᠮ᠎ᠦᠨ ᠰᠢᠭᠦᠯᠲᠡ᠎ᠶᠢᠨ ᠶᠠᠪᠤᠴᠠ᠎ᠶᠢᠨ ᠦᠨᠡᠨ ᠪᠣᠳᠠᠲᠠᠢ᠂ ᠪᠦᠷᠢᠨ ᠪᠦᠲᠦᠨ᠎ᠢᠶᠡᠷ ᠬᠠᠳᠠᠭᠠᠯᠠᠭᠳᠠᠬᠤ᠎ᠶᠢ ᠦᠨᠡᠨ ᠬᠦ᠌ ᠪᠠᠲᠤᠯᠠᠵᠤ᠂ ᠦᠷᠭᠦᠯᠵᠢᠯᠡᠨ ᠪᠠᠢᠴᠠᠭᠠᠨ ᠦᠵᠡᠬᠦ ᠪᠠ ᠬᠠᠮᠢᠶᠠᠷᠬᠤ᠎ᠳᠤ ᠲᠥᠬᠥᠮ ᠦᠵᠡᠭᠦᠯᠦᠨ᠎ᠡ᠃
《ᠴᠠᠭᠠᠰᠤᠨ ᠳᠡᠭᠡᠷ᠎ᠡ ᠬᠠᠢᠨ ᠰᠦᠪᠡᠭᠴᠢᠯᠡᠬᠦ》᠎ᠡᠴᠡ 《ᠬᠤᠷᠤᠭᠤᠨ ᠦᠵᠦᠭᠦᠷ᠎ᠦᠨ ᠦᠢᠯᠡᠳᠦᠯᠭᠡ》 ᠬᠦᠷᠲᠡᠯ᠎ᠡ᠂ 《ᠪᠢᠴᠢᠭᠡᠴᠢ ᠦᠭᠡᠢ ᠲᠢᠩᠬᠢᠮ᠎ᠦᠨ ᠰᠢᠭᠦᠯᠲᠡ》 ᠢ᠋ᠢᠨ ᠵᠠᠭᠪᠤᠷ ᠨᠢ ᠬᠠᠤᠯᠢ ᠴᠠᠭᠠᠵᠠ ᠢ᠋ᠢᠨ ᠦᠷ᠎ᠡ ᠪᠦᠲᠦᠮᠵᠢ ᠪᠠ ᠬᠠᠤᠯᠢ ᠴᠠᠭᠠᠵᠠ ᠪᠡᠷ ᠠᠷᠠᠳ᠎ᠲᠤ ᠲᠦᠬᠦᠮ ᠦᠵᠡᠭᠦᠯᠬᠦ ᠬᠣᠣᠰ ᠳᠡᠭᠡᠭᠰᠢᠯᠡᠯᠲᠡ᠎ᠶᠢ ᠪᠡᠶᠡᠯᠡᠭᠦᠯᠪᠡ᠃