ᠤᠯᠠᠭᠠᠨᠬᠠᠳᠠ ᠬᠤᠲᠠ ᠵᠡᠮᠳᠡᠭᠴᠤᠳ ᠲᠤ᠌ ᠤᠯᠠᠨ ᠲᠠᠯ᠎ᠠ ᠪᠠᠷ ᠲᠡᠮᠵᠢᠯᠬᠡ ᠦᠵᠡᠬᠦᠯᠦᠨ ᠵᠢᠷᠭᠠᠯᠲᠤ ᠲᠦᠷᠦᠭᠳᠡᠯ ᠢ᠋ ᠨᠢ ᠨᠡᠮᠡᠭᠳᠡᠭᠦᠯᠵᠦ ᠪᠤᠢ
2026-02-09 13:35:00
ᠵᠣᠬᠢᠶᠠᠭ᠍ᠴᠢ᠄
ᠸᠠᠡᠭ ᠲᠠᠨ᠎ᠠ
ᠣᠩᠱᠢᠭ᠍ᠰᠠᠨ ᠣᠳᠠᠭ᠎ᠠ᠄
★★★☆☆

ᠲᠦᠷᠦᠬᠦᠬᠡᠨ᠂ ᠰᠤᠷᠪᠤᠯᠵᠢᠯᠠᠭ᠍ᠴᠢ ᠤᠯᠠᠭᠠᠨᠬᠠᠳᠠ ᠬᠤᠲᠠ᠎ᠶ᠋ᠢᠨ ᠡᠳ᠋᠎ᠤᠨ ᠵᠠᠰᠠᠭ᠎ᠤᠨ ᠲᠣᠪᠴᠢᠶ᠎ᠠ ᠡᠴᠡ ᠣᠢᠯᠠᠭᠠᠭ᠍ᠰᠠᠨ ᠵᠢᠡᠷ᠂ 2025 ᠣᠨ᠎ᠳᠤ᠂ ᠤᠯᠠᠭᠠᠨᠬᠠᠳᠠ ᠬᠤᠲᠠ ᠵᠡᠮᠳᠡᠭ᠌ᠴᠦᠳ᠎ᠤᠨ ᠦᠢᠯᠡᠰ᠎ᠢ ᠭᠤᠤᠯᠳᠠᠯᠭ᠎ᠠ᠎ᠲᠠᠢ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠣᠯᠭᠠᠨ ᠴᠢᠡᠭᠭ᠎ᠠ ᠠᠳᠬᠤᠵᠤ᠂ ᠪᠤᠳᠠᠳᠠᠢ ᠪᠡᠯᠡ ᠣᠷᠣᠭᠤᠯᠤᠯᠲᠠ ᠪᠠ  ᠨᠠᠷᠢᠯᠢᠭ ᠤᠨᠤᠪᠴᠢᠳᠠᠢ ᠲᠥᠷᠥ᠎ᠶ᠋ᠢᠨ ᠪᠣᠳᠣᠯᠭ᠎ᠠ ᠬᠡᠷᠡᠭᠵᠢᠭᠦᠯᠬᠦ᠎ᠪᠠᠷ ᠳᠠᠮᠵᠢᠭᠤᠯᠤᠨ᠂ ᠦᠨᠳᠦᠰᠦᠨ ᠠᠮᠢᠳᠤᠷᠠᠯ᠎ᠤᠨ ᠨᠥᠬᠦᠪᠥᠷᠢ ᠤᠯᠭᠤᠬᠤ᠂ ᠠᠵᠢᠯ ᠣᠯᠵᠤ ᠦᠢᠯᠡᠰ ᠪᠤᠰᠬᠠᠬᠤ ᠵᠢ ᠬᠠᠪᠰᠤᠷᠤᠨ ᠲᠡᠳᠬᠦᠭᠦ ᠡᠴᠡ ᠬᠡᠷ ᠪᠦᠯᠢ᠎ᠶ᠋ᠢᠨ ᠣᠷᠴᠢᠨ ᠨᠦᠭᠦᠴᠡᠯ᠎ᠢ ᠰᠠᠢᠵᠢᠷᠠᠭᠤᠯᠬᠤ᠂ ᠡᠷᠡᠭᠦᠯᠵᠢᠯ᠎ᠤᠨ ᠦᠢᠯᠡᠴᠢᠯᠡᠭᠡ ᠬᠠᠩᠭᠠᠵᠤ ᠠᠪᠤᠷᠠᠨ ᠲᠤᠰᠠᠯᠠᠬᠤ ᠬᠦᠷᠲᠡᠯᠡᠬᠢ ᠪᠥᠬᠦ᠌ ᠲᠠᠯ᠎ᠠ᠎ᠶ᠋ᠢᠨ ᠳᠡᠮᠵᠢᠯᠭᠡ᠎ᠶ᠋ᠢᠨ ᠱᠢᠰᠲ᠋ᠧᠮ᠎ᠢ ᠪᠠᠢᠭᠤᠯᠵᠤ᠂ ᠵᠡᠮᠳᠡᠭ᠌ᠴᠦᠳ᠎ᠤᠨ ᠠᠮᠢᠳᠤᠷᠠᠯ᠎ᠤᠨ ᠶᠠᠰᠤ ᠴᠢᠨᠠᠷ ᠢ᠋ ᠳᠡᠭᠡᠭᠰᠢᠯᠡᠭᠦᠯᠵᠦ᠂ ᠨᠡᠢᠭᠡᠮ ᠳ᠋ᠤ  ᠠᠭᠤᠰᠤᠯᠴᠠᠨ ᠨᠡᠢᠭᠡᠮ ᠳ᠋ᠦ ᠵᠤᠬᠢᠴᠠᠬᠤ ᠴᠢᠳᠠᠪᠤᠷᠢ ᠵᠢ ᠨᠢ  ᠲᠡᠭᠡᠭᠰᠢᠯᠡᠬᠦᠯᠪᠡ᠃

ᠨᠥᠬᠦᠪᠥᠷᠢ᠎ᠶ᠋ᠢᠨ ᠪᠠᠷᠢᠮᠵᠢᠶ᠎ᠠ᠎ᠶ᠋ᠢ ᠳᠡᠭᠡᠭ᠌ᠰᠢᠯᠡᠭᠦᠯᠵᠦ᠍᠂ ᠪᠠᠲᠤᠯᠠᠭ᠎ᠠ᠎ᠶ᠋ᠢ ᠦᠷᠭᠦᠯᠵᠢᠯᠡᠨ ᠴᠢᠩᠭᠠᠳᠭᠠᠪᠠ᠃ 2025 ᠣᠨ᠎ᠳᠤ᠂ ᠤᠯᠠᠭᠠᠨᠬᠠᠳᠠ ᠬᠤᠲᠠ᠎ᠶ᠋ᠢᠨ ᠱᠠᠲᠤᠨ᠎ᠤ ᠡᠳ᠋᠎ᠤᠨ ᠵᠠᠰᠠᠭ᠎ᠡᠴᠡ ᠵᠡᠮᠳᠡᠭ᠌ᠴᠦᠳ᠎ᠤᠨ ᠬᠤᠶᠠᠷ ᠵᠦᠢᠯ᠎ᠤᠨ ᠨᠥᠬᠦᠪᠥᠷᠢ᠎ᠶ᠋ᠢᠨ ᠪᠠᠯᠠ ᠮᠥᠩᠭᠦ᠎ᠶ᠋ᠢ 1.7 ᠳ᠋ᠦᠩᠱᠢᠭᠤᠷ ᠲᠥᠭᠦᠷᠢᠭ ᠪᠠᠭᠤᠯᠭᠠᠵᠤ᠂ ᠬᠦᠴᠢᠷᠳᠡᠯᠲᠡᠶ ᠵᠡᠮᠳᠡᠭ᠌ᠴᠦᠳ ᠪᠠ ᠬᠦᠨᠳᠦ ᠵᠡᠮᠳᠡᠭᠷᠡᠭᠰᠡᠳ᠎ᠲᠤ ᠲᠣᠭ᠍ᠲᠠᠭᠤᠨ ᠠᠮᠢᠳᠤᠷᠠᠯ ᠤ᠋ᠨ ᠪᠠᠲᠤᠯᠠᠭ᠎ᠠ ᠪᠠ ᠰᠤᠪᠢᠯᠠᠯᠲᠠ᠎ᠶ᠋ᠢᠨ ᠳᠡᠮᠵᠢᠯᠭᠡ ᠬᠠᠩᠭᠠᠪᠠ᠃ 2025 ᠤᠨ᠎ᠡᠴᠡ ᠡᠬᠢᠯᠡᠨ᠂ ᠡᠨᠡ ᠬᠤᠶᠠᠷ ᠵᠦᠢᠯ᠎ᠤᠨ ᠨᠥᠬᠦᠪᠥᠷᠢ᠎ᠶ᠋ᠢᠨ  ᠪᠠᠷᠢᠮᠵᠢᠶ᠎ᠠ ᠎ᠶ᠋ᠢ ᠤᠤᠯ᠎ᠤᠨ ᠰᠠᠭᠤᠷᠢᠨ ᠳᠡᠭᠡᠷ᠎ᠡ 25 ᠲᠥᠭᠦᠷᠢᠭ ᠳᠡᠭᠡᠭ᠌ᠰᠢᠯᠡᠭᠦᠯᠵᠦ᠍᠂ ᠬᠥᠮᠦᠨ ᠪᠦᠷᠢ ᠳ᠋ᠦ ᠰᠠᠷ᠎ᠠ᠎ᠳᠤ 125 ᠲᠥᠭᠦᠷᠢᠭ ᠤᠯᠭᠤᠵᠤ᠂ ᠪᠠᠲᠤᠯᠠᠭ᠎ᠠ᠎ᠶ᠋ᠢᠨ ᠬᠢᠷᠢ ᠲᠦᠪᠱᠢᠨ᠎ᠢ ᠤᠯᠠᠮ ᠳᠡᠭᠡᠭᠰᠢᠯᠡᠭᠦᠯᠪᠡ᠃ ᠡᠭᠦᠨ᠎ᠡᠴᠡ ᠭᠠᠳᠠᠨ᠎ᠠ᠂ 《ᠮᠤᠵᠢ ᠠᠯᠤᠰᠯᠠᠨ ᠨᠡᠢᠳᠡᠮ ᠭᠦᠢᠴᠡᠳᠭᠡᠬᠦ᠌》 ᠦᠢᠯᠡᠴᠢᠯᠡᠭᠡ᠎ᠶ᠋ᠢ ᠬᠡᠷᠡᠭ᠌ᠵᠢᠭᠦᠯᠬᠦ᠌᠎ᠪᠠᠷ ᠳᠠᠮᠵᠢᠭᠤᠯᠤᠨ᠂ ᠵᠡᠮᠳᠡᠭ᠌ᠴᠦᠳ᠎ᠤᠨ ᠣᠨᠳᠣᠤ ᠭᠠᠵᠠᠷ᠎ᠲᠤ ᠭᠤᠶᠤᠴᠢᠯᠠᠨ ᠠᠪᠬᠤ ᠨᠥᠬᠦᠪᠥᠷᠢ᠎ᠶ᠋ᠢ 《ᠨᠢᠬᠡ ᠺᠠᠷᠲ ᠵᠢᠡᠷ ᠨᠡᠢᠳᠡᠮ ᠭᠦᠢᠴᠡᠳᠭᠡᠬᠦ》  ᠪᠡᠷ ᠳᠠᠮᠵᠢᠭᠤᠯᠤᠨ ᠨᠠᠷᠢᠯᠢᠭ ᠣᠨᠣᠪᠴᠢᠲᠠᠶ᠂ ᠴᠠᠭ ᠲᠤᠬᠠᠶ᠎ᠳᠤᠨᠢ  ᠬᠤᠪᠢ ᠬᠥᠮᠦᠨ᠎ᠳᠤᠨᠢ  ᠲᠠᠷᠬᠠᠭᠠᠬᠤ ᠪᠤᠯᠵᠠᠢ᠃

ᠤᠷ᠎ᠠ ᠴᠢᠳᠠᠪᠤᠷᠢ᠎ᠶ᠋ᠢᠨ ᠪᠣᠯᠪᠠᠰᠤᠷᠠᠯ᠎ᠢ ᠴᠢᠩᠭᠠᠳᠭᠠᠵᠤ᠂ ᠠᠵᠢᠯ ᠣᠯᠭᠤᠬᠤ ᠠᠷᠭ᠎ᠠ ᠵᠠᠮ ᠎ᠢ ᠥᠷᠭᠡᠳᠭᠡᠪᠡ᠃ ᠵᠡᠮᠳᠡᠭ᠌ᠴᠦᠳ᠎ᠤᠨ ᠦᠪᠡᠷ ᠤ᠋ᠨ ᠭᠦᠴᠤ ᠪᠡᠷ ᠵᠢᠡᠨ ᠲᠡᠭᠵᠢᠷᠡᠭᠦ ᠴᠢᠳᠠᠪᠦᠷᠢ᠎ᠶ᠋ᠢ ᠴᠢᠩᠭᠠᠳᠭᠠᠬᠤ᠎ᠶ᠋ᠢᠨ ᠲᠥᠯᠥᠭᠡ᠂ ᠤᠯᠠᠭᠠᠨᠬᠠᠳᠠ ᠬᠤᠲᠠ᠎ᠶ᠋ᠢᠨ ᠡᠳ᠋᠎ᠤᠨ ᠵᠠᠰᠠᠭ ᠵᠡᠮᠳᠡᠭᠴᠦᠳ ᠤ᠋ᠨ ᠠᠵᠢᠯ ᠣᠯᠵᠤ ᠦᠢᠯᠡᠰ ᠴᠣᠭ᠍ᠴᠠᠯᠠᠬᠤ ᠵᠢ ᠶᠡᠬᠡ ᠪᠡᠷ ᠳᠡᠮᠵᠢᠪᠡ᠃ ᠮᠠᠯᠵᠢᠬᠤ ᠲᠠᠷᠢᠶᠠᠯᠠᠬᠤ ᠣᠷᠣᠨ᠎ᠤ ᠬᠡᠷᠡᠭ᠌ᠯᠡᠭᠡᠨ᠎ᠦ ᠮᠡᠷᠭᠡᠵᠢᠯ᠎ᠦᠨ ᠪᠣᠯᠪᠠᠰᠤᠷᠠᠯ᠂ ᠬᠣᠲᠠ ᠪᠠᠯᠭᠠᠰᠤᠨ᠎ᠤ ᠠᠵᠢᠯ ᠮᠡᠷᠭᠡᠵᠢᠯ᠎ᠦᠨ ᠴᠢᠳᠠᠪᠤᠷᠢ᠎ᠶ᠋ᠢᠨ ᠪᠣᠯᠪᠠᠰᠤᠷᠠᠯ ᠵᠡᠷᠭᠡ ᠳ᠋ᠦ ᠤᠷᠤᠯᠴᠠᠬᠤ ᠨᠥᠬᠥᠴᠡᠯ᠎ᠳᠦ ᠨᠡᠢᠴᠡᠬᠦ᠌ ᠬᠦᠴᠢᠷᠳᠡᠯᠲᠡᠶ ᠵᠡᠮᠳᠡᠭ᠌ᠴᠦᠳ ᠲᠤ᠌ ᠬᠥᠮᠦᠨ ᠪᠦᠷᠢ᠎ᠶ᠋ᠢᠨ 1500 ᠲᠥᠭᠥᠷᠢᠭ᠎ᠦᠨ ᠪᠣᠯᠪᠠᠰᠤᠷᠠᠯ᠎ᠤᠨ ᠨᠥᠬᠥᠪᠥᠷᠢ ᠤᠯᠭᠤᠵᠤ᠂ 2025 ᠣᠨ᠎ᠳᠤ ᠨᠡᠢᠲᠡ 314 ᠲᠦᠮᠡᠨ ᠲᠥᠭᠦᠷᠢᠭ ᠤ᠋ᠨ ᠨᠦᠬᠦᠪᠦᠷᠢ ᠮᠦᠩᠭᠦ ᠲᠠᠷᠬᠠᠭᠠᠵᠤ᠂ ᠮᠡᠷᠭᠡᠵᠢᠯ ᠴᠢᠳᠠᠪᠤᠷᠢ᠎ᠶ᠋ᠢᠨ ᠪᠣᠯᠪᠠᠰᠤᠷᠠᠯ᠂ ᠦᠶ᠋ᠯᠡᠰ ᠴᠣᠭ᠍ᠴᠠᠯᠠᠬᠤ ᠨᠥᠬᠦᠪᠥᠷᠢ᠂ ᠠᠵᠢᠯ ᠣᠯᠭᠤᠯᠲᠠ᠎ᠶ᠋ᠢᠨ ᠱᠠᠩᠨᠠᠯ ᠵᠡᠷᠭᠡ ᠣᠯᠠᠨ ᠭᠤᠭ᠍ᠴᠤᠭ᠎ᠠ᠎ᠶ᠋ᠢ ᠬᠠᠮᠤᠷᠴᠠᠢ᠃

ᠵᠡᠮᠳᠡᠭᠴᠤᠳ ᠤ᠋ᠨ ᠤᠷᠤᠰᠢᠨ ᠰᠠᠭᠤᠷᠢᠰᠢᠬᠤ ᠣᠷᠴᠢᠨ ᠨᠦᠭᠦᠴᠡᠯ ᠢ᠋ ᠥᠭᠡᠷᠡᠴᠢᠯᠡᠨ ᠰᠠᠢᠵᠢᠷᠠᠭᠤᠯᠵᠤ᠂ ᠠᠮᠢᠳᠤᠷᠠᠯ᠎ᠤᠨ ᠶᠠᠰᠤ ᠴᠢᠨᠠᠷ ᠢ᠋ ᠨᠢ ᠳᠡᠭᠡᠭ᠌ᠰᠢᠯᠡᠭᠦᠯᠪᠡ᠃ ᠵᠡᠮᠳᠡᠭ᠌ᠴᠦᠳ᠎ᠤᠨ ᠠᠮᠢᠳᠤᠷᠠᠯ ᠳ᠋ᠦ ᠨᠠᠩ ᠳᠥᠭᠦᠮ ᠦᠵᠡᠭᠦᠯᠵᠦ᠂ ᠬᠤᠪᠢ ᠵᠢᠨ ᠨᠡᠷ᠎ᠡ ᠬᠦᠨᠳᠦ᠍ ᠵᠢ ᠨᠢ ᠬᠠᠮᠠᠭᠠᠯᠠᠬᠤ ᠪᠤᠯ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠶ᠋ᠢᠨ ᠴᠢᠬᠤᠯᠠ ᠭᠤᠭ᠍ᠴᠤᠭ᠎ᠠ ᠪᠣᠯᠤᠨ᠎ᠠ᠃ ᠤᠯᠠᠭᠠᠨᠬᠠᠳᠠ ᠬᠤᠲᠠ᠎ᠶ᠋ᠢᠨ ᠡᠳ᠋᠎ᠤᠨ ᠵᠠᠰᠠᠭ᠎ᠠᠴᠠ 235 ᠲᠦᠮᠡᠨ ᠲᠥᠭᠦᠷᠢᠭ᠎ᠤᠨ ᠪᠡᠯᠡ ᠣᠷᠣᠭᠤᠯᠵᠤ ᠵᠡᠮᠳᠡᠭ᠌ᠴᠦᠳ᠎ᠢ ᠨᠠᠢᠳᠠᠨ ᠠᠰᠠᠷᠠᠭᠤᠯᠬᠤ ᠦᠢᠯᠡᠴᠢᠯᠡᠭᠡᠨ᠎ᠤ ᠲᠥᠷᠥᠯ ᠵᠦᠢᠯ ᠤ᠋ᠨ ᠪᠦᠲᠦᠭᠡᠨ ᠪᠠᠢᠭᠤᠯᠤᠯᠲᠠ ᠳ᠋ᠦ ᠬᠡᠷᠡᠭ᠌ᠯᠡᠵᠦ᠍ ᠂ ᠬᠠᠷᠠᠭᠠᠯᠵᠠᠨ ᠠᠰᠠᠷᠠᠬᠤ ᠨᠥᠬᠦᠴᠡᠯ᠎ᠢ ᠰᠠᠢᠵᠢᠷᠠᠭᠤᠯᠪᠠ᠃ ᠡᠭᠦᠨ᠎ᠤ ᠬᠠᠮᠲᠤ᠌᠂ ᠭᠡᠷ ᠪᠦᠯᠢ ᠵᠢᠨ ᠵᠡᠮᠳᠡᠭᠴᠦᠳ ᠲᠤ᠌   ᠲᠤᠬᠢᠷᠠᠬᠤ  ᠦᠭᠡᠷᠡᠴᠢᠯᠡᠯᠲᠡ ᠵᠢᠨ ᠲᠤᠰᠬᠠᠢ  ᠪᠡᠯᠡ ᠮᠦᠩᠭᠦ ᠵᠢ 255 ᠲᠦᠮᠡᠨ ᠲᠥᠭᠦᠷᠢᠭ ᠳᠣᠭᠢᠷᠠᠭᠤᠯᠵᠤ᠂ ᠪᠥᠬᠦ᠌ ᠬᠤᠲᠠ᠎ᠶ᠋ᠢᠨ 12 ᠬᠤᠱᠢᠭᠤ ᠱᠢᠶᠠᠨ ᠲᠣᠭᠤᠷᠢᠭ᠎ᠤᠨ ᠲᠦᠮᠡ ᠭᠠᠷᠤᠶ ᠵᠡᠮᠳᠡᠭ᠌ᠴᠦᠳ᠎ᠲᠤ ᠠᠱᠢᠭ ᠬᠦᠷᠲᠡᠭᠡᠪᠡ᠃ ᠥᠭᠡᠷᠡᠴᠢᠯᠡᠨ ᠰᠠᠢᠵᠢᠷᠠᠭᠤᠯᠬᠤ᠎ᠪᠠᠷ ᠳᠡᠮᠵᠢᠨ᠂ ᠮᠠᠰᠢ  ᠣᠯᠠᠨ ᠵᠡᠮᠳᠡᠭ᠌ᠴᠦᠳ᠎ᠤᠨ ᠪᠡᠶ᠎ᠡ᠎ᠪᠠᠨ ᠳᠠᠭᠠᠭᠠᠵᠤ ᠠᠮᠢᠳᠤᠷᠠᠬᠤ ᠴᠢᠳᠠᠪᠤᠷᠢ᠎ᠶ᠋ᠢ ᠢᠯᠡᠳᠲᠡ ᠳᠡᠭᠡᠭ᠌ᠰᠢᠯᠡᠭᠦᠯᠵᠦ᠍᠂ ᠵᠠᠷᠢᠮ ᠬᠦᠨᠳᠦ ᠵᠡᠮᠳᠡᠭᠷᠡᠭᠰᠡᠳ ᠴᠢᠨᠠᠭ᠍ᠰᠢᠯᠠᠪᠠᠯ ᠠᠰᠠᠷᠠᠭᠤᠯᠵᠤ ᠪᠠᠢᠭᠰᠠᠨ ᠡᠴᠡ ᠪᠠᠨ ᠬᠡᠷ ᠪᠦᠯᠢ᠎ᠶ᠋ᠢᠨ ᠬᠥᠳᠡᠯᠮᠦᠷᠢ  ᠳ᠋ᠦ ᠣᠷᠣᠯᠴᠠᠭ᠍ᠴᠢ  ᠪᠤᠯᠵᠠᠢ᠃

ᠡᠷᠡᠭᠦᠯᠵᠢᠯ᠎ᠦ᠋ᠨ ᠦᠢᠯᠡᠴᠢᠯᠡᠭᠡᠨ᠎ᠦ᠌ ᠬᠡᠪᠴᠢᠶ᠎ᠡ ᠵᠢ ᠥᠷᠭᠡᠳᠭᠡᠵᠦ᠍ ᠵᠡᠮᠳᠡᠭ ᠬᠡᠦᠬᠡᠳ ᠤ᠋ᠨ ᠦᠰᠦᠨ ᠪᠤᠢᠵᠢᠯᠲᠠ ᠳ᠋ᠦ ᠪᠠᠲᠤᠯᠠᠭ᠎ᠠ ᠬᠠᠩᠭᠠᠪᠠ᠃ ᠡᠷᠡᠭᠦᠯᠵᠢᠭᠦᠯᠦᠨ ᠠᠪᠤᠷᠠᠨ ᠲᠤᠰᠠᠯᠠᠬᠤ ᠲᠠᠯ᠎ᠠ᠎ᠪᠠᠷ ᠬᠢ ᠡᠳ᠋᠎ᠤᠨ ᠵᠠᠰᠠᠭ᠎ᠤᠨ ᠳᠡᠮᠵᠢᠯᠭᠡ ᠪᠠᠨ ᠦᠷᠭᠦᠯᠵᠢᠯᠡᠨ ᠴᠢᠩᠭᠠᠳᠬᠠᠵᠤ᠂ 459 ᠲᠦᠮᠡᠨ ᠲᠥᠭᠦᠷᠢᠭ ᠲᠤᠬᠢᠷᠠᠭᠤᠯᠤᠨ 8290 ᠵᠡᠮᠳᠡᠭ᠌ᠴᠦᠳ᠎ᠲᠤ ᠦᠨᠳᠦᠰᠦᠨ ᠡᠷᠡᠭᠦᠯᠵᠢᠯ᠎ᠤᠨ ᠦᠢᠯᠡᠴᠢᠯᠡᠭᠡ ᠬᠠᠩᠭᠠᠪᠠ᠃ ᠢᠯᠠᠩᠭᠤᠶ᠎ᠠ ᠵᠡᠮᠳᠡᠭ ᠬᠡᠤᠬᠡᠳ᠎ᠤᠨ ᠢᠷᠡᠭᠡᠳᠦᠶ ᠳ᠋ᠤ ᠠᠩᠬᠠᠷᠤᠯ ᠵᠢᠡᠨ ᠬᠠᠨᠳᠤᠭᠤᠯᠵᠤ᠂ 1543 ᠲᠦᠮᠡᠨ ᠲᠥᠭᠦᠷᠢᠭ᠎ᠤᠨ ᠲᠤᠰᠭᠠᠶ ᠪᠡᠯᠡ ᠮᠥᠩᠭᠦ᠎ᠶ᠋ᠢ ᠵᠡᠮᠳᠡᠭ ᠬᠡᠤᠬᠡᠳ ᠤ᠋ᠨ ᠡᠷᠡᠭᠦᠯᠵᠢᠯ ᠠᠪᠤᠷᠠᠨ ᠲᠤᠰᠠᠯᠠᠯᠲᠠ ᠵᠢᠴᠢ ᠬᠠᠷᠠᠭ᠎ᠠ ᠮᠠᠭᠤᠲᠠᠶ ᠬᠡᠦᠬᠡᠳ ᠎ᠢ ᠡᠷᠡᠭᠦᠯᠵᠢᠭᠦᠯᠬᠦ᠌ ᠪᠣᠯᠪᠠᠰᠤᠷᠠᠯ ᠵᠡᠷᠭᠡ ᠲᠥᠷᠥᠯ ᠵᠦᠢᠯ᠎ᠳᠤ ᠬᠡᠷᠡᠭ᠌ᠯᠡᠵᠦ᠍᠂ 1767 ᠵᠡᠮᠳᠡᠭ ᠬᠡᠤᠬᠡᠳ᠎ᠢ ᠴᠠᠭ ᠲᠤᠬᠠᠶ᠎ᠳᠤᠨᠢ᠂ ᠪᠦᠲᠦᠮᠵᠢᠲᠡᠶ ᠡᠷᠡᠭᠦᠯᠵᠢᠭᠦᠯᠵᠡᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号