1 ᠰᠠᠷ᠎ᠠ ᠶ᠋ᠢᠨ 31 ᠤ᠋ ᠡᠳᠦᠷ᠂ ᠦᠪᠡᠷᠲᠡᠭᠡᠨ ᠵᠠᠰᠠᠬᠤ ᠤᠷᠤᠨ ᠤ᠋ ᠲᠠᠷᠢᠶᠠᠯᠠᠡᠭ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ᠋ ᠲᠢᠡᠭᠬᠢᠮ ᠡᠴᠡ ᠭᠤᠤᠯᠯᠠᠨ ᠡᠷᠬᠢᠯᠡᠭᠰᠡᠨ 《ᠦᠪᠦᠷ ᠮᠤᠡᠭᠭᠤᠯ ᠤ᠋ᠨ ᠰᠤᠡᠭᠭᠤᠳᠠᠭ ᠪᠦᠳᠦᠬᠡᠭᠳᠡᠬᠦᠨ》 2026 ᠤᠨ ᠤ᠋ ᠴᠠᠭᠠᠨ ᠰᠠᠷ᠎ᠡ ᠶ᠋ᠢᠨ ᠪᠠᠷᠠᠭᠠᠨ ᠤ᠋ ᠴᠤᠭᠯᠠᠭᠠᠨ ᠬᠦᠬᠡᠬᠤᠳᠠ ᠳ᠋ᠡᠬᠢ ᠦᠪᠦᠷ ᠮᠤᠡᠭᠭᠤᠯ ᠤ᠋ᠨ ᠴᠢᠨᠠᠷ ᠰᠠᠢᠲᠠᠢ ᠮᠠᠯ ᠤ᠋ᠨ ᠠᠰᠢᠭ ᠰᠢᠮ᠎ᠠ ᠲᠠᠷᠢᠶᠠᠯᠠᠡᠭ ᠤ᠋ᠨ ᠪᠦᠲᠦᠭᠡᠭᠳᠡᠭᠦᠨ ᠤ᠋ ᠳᠡᠯᠭᠡᠨ ᠪᠤᠷᠤᠯᠠᠭᠤᠯᠭ᠎ᠠ ᠶ᠋ᠢᠨ ᠲᠦᠪ ᠲᠦ᠍ ᠡᠬᠢᠯᠡᠪᠠ᠃

ᠰᠤᠷᠭᠤᠭ ᠦᠨᠦᠷ ᠬᠠᠩᠬᠤᠯᠤᠭ᠍ᠰᠠᠨ ᠴᠢᠨᠠᠭ᠍ᠰᠠᠨ ᠵᠢᠭᠠᠰᠤ
ᠲᠤᠰ ᠤᠳᠠᠭ᠎ᠠ ᠵᠢᠨ ᠴᠤᠭᠯᠠᠭᠠᠨ ᠳ᠋ᠦ ᠪᠦᠬᠦ ᠤᠷᠤᠨ ᠤ᠋ 12 ᠠᠢᠮᠠᠭ ᠬᠤᠲᠠ ᠶ᠋ᠢᠨ 100 ᠭᠠᠷᠤᠢ ᠰᠢᠯᠢᠳᠡᠭ ᠠᠵᠤ ᠠᠬᠤᠢᠯᠠᠯ ᠤᠷᠤᠯᠴᠠᠵᠤ᠂ ᠬᠤᠷᠴᠢᠨ ᠤ᠋ ᠦᠬᠡᠷ ᠤ᠋ᠨ ᠮᠢᠬ᠎ᠠ᠂ ᠤᠷᠳᠤᠰ ᠤ᠋ᠨ ᠬᠤᠨᠢᠨ ᠮᠢᠬ᠎ᠠ᠂ ᠰᠢᠯᠢ ᠶ᠋ᠢᠨ ᠭᠤᠤᠯ ᠤ᠋ᠨ ᠴᠠᠭᠠᠨ ᠢᠳᠡᠭᠡᠨ᠂ ᠬᠢᠡᠭᠭᠠᠨ ᠠᠢᠮᠠᠭ ᠤ᠋ᠨ ᠲᠤᠳᠤᠷᠭ᠎ᠠ᠂ ᠠᠤᠬᠠᠨ ᠤ᠋ ᠨᠠᠷᠢᠮᠤ᠂ ᠪᠤᠷᠤᠲᠤᠬᠤᠢ ᠶ᠋ᠢᠨ ᠭᠤᠯᠢᠷ᠂ ᠤᠯᠠᠭᠠᠨᠴᠠᠪ ᠤ᠋ᠨ ᠤᠳᠤᠮᠠᠯ ᠳᠠᠬᠢᠶ᠎ᠠ ᠵᠡᠷᠭᠡ 1000 ᠭᠠᠷᠤᠢ ᠵᠦᠢᠯ ᠤ᠋ᠨ ᠴᠢᠨᠠᠷ ᠰᠠᠢᠲᠠᠢ ᠮᠠᠯ ᠤ᠋ᠨ ᠠᠰᠢᠭ ᠰᠢᠮ᠎ᠡ ᠲᠠᠷᠢᠶᠠᠯᠠᠡᠭ ᠤ᠋ᠨ ᠪᠦᠲᠦᠭᠡᠭᠳᠡᠭᠦᠨ ᠢ᠋ ᠲᠤᠬᠠᠢ ᠶ᠋ᠢᠨ ᠲᠠᠯᠠᠪᠠᠢ ᠪᠠ ᠰᠦᠯᠵᠢᠶᠡᠨ ᠳᠡᠭᠡᠷ᠎ᠡ ᠵᠡᠷᠭᠡ ᠪᠡᠷ ᠳᠡᠯᠭᠡᠨ ᠪᠤᠷᠤᠯᠠᠭᠤᠯᠵᠤ᠂ ᠦᠷᠭᠡᠨ ᠤᠯᠠᠨ ᠬᠤᠲᠠ ᠶ᠋ᠢᠨ ᠠᠷᠠᠳ ᠪᠠ ᠰᠦᠯᠵᠢᠶᠡᠨ ᠬᠡᠷᠡᠭᠯᠡᠭᠴᠢᠳ ᠲᠤ᠌ ᠲᠠᠯ᠎ᠠ ᠨᠤᠲᠤᠭ ᠤ᠋ᠨ ᠪᠤᠬᠢᠷᠳᠤᠯ ᠦᠭᠡᠢ ᠴᠢᠨᠠᠷ ᠰᠠᠢᠲᠠᠢ ᠮᠠᠯ ᠤ᠋ᠨ ᠠᠰᠢᠭ ᠰᠢᠮ᠎ᠠ ᠲᠠᠷᠢᠶᠠᠯᠠᠡᠭ ᠤ᠋ᠨ ᠪᠦᠲᠦᠭᠡᠭᠳᠡᠭᠦᠨ ᠢ᠋ ᠬᠤᠳᠠᠯᠳᠤᠨ ᠠᠪᠬᠤ ᠳ᠋ᠦ ᠳᠦᠭᠦᠮ ᠳᠦᠲᠡ ᠲᠠᠪᠴᠠᠡᠭ ᠬᠠᠡᠭᠭᠠᠵᠠᠢ᠃

ᠱᠢᠷᠠᠭ᠍ᠰᠠᠨ ᠮᠢᠬ᠎ᠠ ᠠᠮᠳᠠᠯᠠᠨ᠎ᠠ
ᠠᠵᠢᠯᠯᠠᠭ᠎ᠠ ᠶ᠋ᠢᠨ ᠲᠤᠬᠠᠢ ᠶ᠋ᠢᠨ ᠲᠠᠯᠠᠪᠠᠢ ᠳ᠋ᠦ ᠳ᠋ᠢᠶᠠᠮᠧᠲᠷ ᠨᠢ 2.4 ᠮᠸᠲᠷ ᠬᠦᠷᠬᠦ ᠲᠤᠮᠤ ᠲᠣᠭᠣᠭᠠᠨ ᠳ᠋ᠤ ᠠᠮᠲᠠᠲᠤ ᠬᠣᠭᠣᠯᠠ ᠬᠢᠵᠦ᠍᠂ ᠰᠢᠯᠤᠰᠤ ᠬᠤᠷᠠᠭᠤᠯᠤᠮᠠ ᠱᠢᠷᠠᠭ᠍ᠰᠠᠨ ᠪᠦᠬᠦᠯᠢ ᠬᠤᠨᠢ᠂ ᠰᠤᠷᠭᠤᠭ ᠦᠨᠦᠷ ᠬᠠᠩᠬᠤᠯᠤᠭ᠍ᠰᠠᠨ ᠲᠣᠭ᠍ᠲᠠᠬᠤ ᠱᠢᠶᠠᠨ ᠤ᠋ ᠴᠢᠨᠠᠭ᠍ᠰᠠᠨ ᠵᠢᠭᠠᠰᠤ᠂ ᠤᠯᠠᠭᠠᠨᠬᠤᠸᠠ ᠶ᠋ᠢᠨ ᠤᠯᠠᠮᠵᠢᠯᠠᠯᠲᠤ ᠲᠠᠪᠤᠨ ᠴᠤᠯᠤ ᠶ᠋ᠢᠨ ᠱᠦᠯᠦ᠂ ᠠᠩᠬᠢᠯᠤᠮ᠎ᠠ ᠰᠠᠢᠬᠠᠨ ᠰᠦ ᠲᠠᠢ ᠴᠠᠢ ᠵᠡᠷᠭᠡ ᠨᠢ ᠬᠦᠷᠦᠯᠴᠡᠨ ᠢᠷᠡᠭᠰᠡᠨ ᠬᠤᠳᠠ ᠶ᠋ᠢᠨ ᠠᠷᠠᠳ ᠪᠠ ᠵᠢᠭᠤᠯᠴᠢᠯᠠᠭ᠍ᠰᠠᠳ ᠲᠤ᠌ ᠲᠠᠯ᠎ᠠ ᠨᠤᠲᠤᠭ ᠤ᠋ᠨ ᠠᠮᠳᠠᠳᠤ ᠢᠳᠡᠭᠡᠨ ᠤᠮᠳᠠᠭᠠᠨ ᠤ᠋ ᠰᠤᠳᠤᠨ ᠰᠠᠢᠬᠠᠨ ᠦᠨᠦᠷ ᠠᠮᠲᠠ ᠵᠢ ᠮᠡᠳᠡᠷᠡᠭᠦᠯᠵᠤ ᠪᠠᠢᠯ᠎ᠠ᠃

ᠰᠦ ᠲᠠᠢ ᠴᠠᠢ ᠠᠮᠳᠠᠯᠠᠨ᠎ᠠ

ᠭᠠᠨᠵᠤᠭ᠎ᠠ ᠳᠦᠭᠦᠷᠡᠩ