ᠮᠠᠨ᠎ᠤ ᠤᠯᠤᠰ᠎ᠤᠨ ᠨᠤᠭᠤ ᠭᠠᠵᠠᠷ᠎ᠤᠨ ᠲᠠᠯᠠᠪᠠᠶ ᠠᠽᠢᠶ᠎ᠠ ᠲᠢᠪ᠎ᠲᠦ ᠲᠡᠷᠢᠭᠦᠯᠡᠵᠦ ᠳᠡᠯᠡᠬᠡᠶ᠎ᠶ᠋ᠢᠨ ᠳᠥᠷᠪᠡᠳᠦᠭᠡᠷ ᠲᠤ᠌ ᠤᠷᠤᠪᠠ
2026-02-09 09:33:39
ᠵᠣᠬᠢᠶᠠᠭ᠍ᠴᠢ᠄
ᠱᠢᠨᠬᠤᠸᠠ ᠬᠣᠷᠢᠶ᠎ᠠ ᠵᠢᠨ ᠰᠤᠷᠪᠤᠯᠵᠢᠯᠠᠭ᠍ᠴᠢ ᠬᠤᠸᠠᠩ ᠶᠤᠤ
ᠣᠩᠱᠢᠭ᠍ᠰᠠᠨ ᠣᠳᠠᠭ᠎ᠠ᠄
★★★☆☆

ᠰᠤᠷᠪᠤᠯᠵᠢᠯᠠᠭ᠍ᠴᠢ ᠤᠯᠤᠰ᠎ᠤᠨ ᠣᠶ ᠱᠢᠭᠤᠶ ᠪᠠ ᠨᠤᠲᠤᠭ ᠪᠡᠯᠴᠢᠭᠡᠷ᠎ᠦᠨ ᠲᠣᠪᠴᠢᠶ᠎ᠠ᠎ᠡᠴᠡ ᠣᠢᠯᠠᠭᠠᠭ᠍ᠰᠠᠨ᠎ᠢᠶᠠᠷ᠂ ᠣᠢᠷ᠎ᠠ᠎ᠶ᠋ᠢᠨ ᠵᠢᠯ᠎ᠳᠦ ᠮᠠᠨ᠎ᠤ ᠤᠯᠤᠰ ᠨᠤᠭᠤ ᠭᠠᠵᠠᠷ᠎ᠤᠨ ᠠᠮᠢ ᠠᠬᠤᠶ᠎ᠶ᠋ᠢ ᠬᠠᠮᠠᠭᠠᠯᠠᠨ ᠰᠡᠷᠭᠦᠭᠡᠬᠦ᠌᠎ᠶ᠋ᠢ ᠦᠷᠭᠦᠯᠵᠢᠯᠡᠨ ᠴᠢᠩᠭᠠᠳᠭᠠᠵᠤ᠂ ᠪᠥᠬᠥ᠌ ᠤᠯᠤᠰ᠎ᠤᠨ ᠨᠤᠭᠤ ᠭᠠᠵᠠᠷ᠎ᠤᠨ ᠲᠠᠯᠠᠪᠠᠶ ᠠᠽᠢᠶ᠎ᠠ ᠲᠢᠪ ᠲᠤ᠌ ᠨᠢᠭᠡᠳᠦᠭᠡᠷ᠂ ᠳᠡᠯᠡᠬᠡᠶ᠎ᠶ᠋ᠢᠨ ᠳᠥᠷᠪᠡᠳᠦᠭᠡᠷ᠎ᠲᠦ ᠣᠷᠣᠵᠤ᠂ ᠨᠤᠭᠤ ᠭᠠᠵᠠᠷ᠎ᠤᠨ ᠬᠠᠮᠠᠭᠠᠯᠠᠯᠲᠠ᠎ᠨᠢ ᠭᠤᠤᠯᠳᠠᠯᠭ᠎ᠠ᠎ᠲᠠᠶ ᠵᠠᠰᠠᠬᠤ ᠪᠠ ᠲᠥᠷᠥᠯ ᠬᠤᠪᠢᠶᠠᠨ ᠬᠠᠮᠠᠭᠠᠯᠠᠬᠤ᠎ᠶ᠋ᠢ ᠤᠶᠠᠯᠳᠤᠭᠤᠯᠤᠭ᠍ᠰᠠᠨ ᠱᠢᠨ᠎ᠡ ᠪᠠᠢᠷᠢᠱᠢᠯ᠎ᠢ ᠪᠦᠷᠢᠯᠳᠦᠭᠦᠯᠵᠡᠶ᠃

ᠨᠤᠭᠤ ᠭᠠᠵᠠᠷ ᠪᠣᠯ ᠳᠡᠯᠡᠬᠡᠶ᠎ᠶ᠋ᠢᠨ ᠪᠥᠮᠪᠥᠷᠴᠡᠭ᠎ᠦᠨ ᠭᠤᠷᠪᠠᠨ ᠶᠡᠬᠡ ᠠᠮᠢ ᠠᠬᠤᠶ᠎ᠶ᠋ᠢᠨ ᠱᠢᠰᠲ᠋ᠧᠮ᠎ᠦᠨ ᠨᠢᠭᠡ ᠪᠠᠢᠵᠤ᠂ ᠣᠷᠣᠯᠠᠭᠤᠯᠵᠤ ᠪᠣᠯᠤᠰᠢ ᠥᠬᠡᠶ ᠠᠮᠢ ᠠᠬᠤᠶ᠂ ᠨᠡᠢᠭᠡᠮ᠂ ᠠᠵᠤ ᠠᠬᠤᠶ ᠪᠠ ᠰᠣᠶᠣᠯ᠎ᠤᠨ ᠦᠨ᠎ᠡ ᠥᠷᠲᠡᠭ᠎ᠲᠡᠶ ᠶᠤᠮ᠃ ᠣᠢᠷ᠎ᠠ᠎ᠶ᠋ᠢᠨ ᠵᠢᠯ᠎ᠳ᠋ᠤ ᠮᠠᠨ᠎ᠤ ᠤᠯᠤᠰ ᠨᠤᠭᠤ ᠭᠠᠵᠠᠷ᠎ᠢ ᠬᠠᠮᠠᠭᠠᠯᠠᠬᠤ ᠬᠠᠤᠯᠢ ᠪᠡᠷ ᠵᠠᠰᠠᠬᠤ ᠪᠠᠲᠤᠯᠠᠭ᠎ᠠ᠎ᠶ᠋ᠢ ᠲᠠᠰᠤᠷᠠᠯᠲᠠ ᠥᠬᠡᠶ ᠴᠢᠩᠭᠠᠳᠭᠠᠵᠤ᠂ ᠬᠠᠤᠯᠢ ᠶᠣᠰᠣᠭᠠᠷ ᠵᠠᠰᠠᠬᠤ ᠱᠢᠰᠲ᠋ᠧᠮ᠎ᠢ ᠲᠡᠭᠦᠯᠳᠡᠷᠵᠢᠭᠦᠯᠵᠦ᠍᠂ ᠨᠤᠭᠤ ᠭᠠᠵᠠᠷ᠎ᠢ ᠬᠠᠮᠠᠭᠠᠯᠠᠬᠤ ᠬᠠᠤᠯᠢ᠎ᠶ᠋ᠢ ᠨᠡᠢᠲᠡᠯᠡᠨ ᠬᠡᠷᠡᠭ᠌ᠵᠢᠭᠦᠯᠵᠦ᠍᠂ ᠬᠤᠯᠪᠤᠬᠳᠠᠯ ᠪᠥᠬᠥᠶ ᠰᠠᠯᠠᠭ᠎ᠠ ᠮᠥᠴᠢᠷ ᠨᠤᠭᠤ ᠭᠠᠵᠠᠷ᠎ᠢ ᠰᠡᠷᠭᠦᠭᠡᠬᠦ᠌᠎ᠶ᠋ᠢ ᠠᠬᠢᠭᠤᠯᠬᠤ ᠢᠵᠢ ᠪᠥᠷᠢᠳᠦᠭ᠌ᠰᠡᠨ ᠲᠦᠷᠢᠮ᠎ᠢ ᠨᠡᠢᠲᠡᠯᠡᠵᠦ᠍᠂ ᠪᠥᠬᠥ᠌ ᠤᠯᠤᠰ᠎ᠤᠨ 21 ᠮᠤᠵᠢ (ᠣᠷᠣᠨ᠂ ᠬᠣᠲᠠ) ᠮᠤᠵᠢ᠎ᠶ᠋ᠢᠨ ᠱᠠᠲᠤᠨ᠎ᠤ ᠨᠤᠭᠤ ᠭᠠᠵᠠᠷ᠎ᠢ ᠬᠠᠮᠠᠭᠠᠯᠠᠬᠤ ᠲᠦᠷᠢᠮ᠎ᠢ ᠲᠣᠭ᠍ᠲᠠᠭᠠᠵᠤ ᠵᠠᠰᠠᠪᠤᠷᠢ ᠣᠷᠣᠭᠤᠯᠪᠠ᠃

ᠲᠠᠨᠢᠯᠴᠠᠭᠤᠯᠤᠭ᠍ᠰᠠᠨ᠎ᠢᠶᠠᠷ᠂ ᠮᠠᠨ᠎ᠤ ᠤᠯᠤᠰ ᠨᠤᠭᠤ ᠭᠠᠵᠠᠷ᠎ᠢ ᠲᠠᠰ ᠬᠤᠪᠢᠶᠠᠨ ᠬᠠᠮᠢᠶᠠᠷᠬᠤ ᠱᠢᠰᠲ᠋ᠧᠮ᠎ᠢ ᠪᠠᠢᠭᠤᠯᠤᠨ ᠲᠠᠰᠤᠷᠠᠯᠲᠠ ᠥᠬᠡᠶ ᠲᠡᠭᠦᠯᠳᠡᠷᠵᠢᠭᠦᠯᠵᠦ᠍᠂ ᠳᠡᠯᠡᠬᠡᠶ᠎ᠶ᠋ᠢᠨ ᠴᠢᠬᠤᠯᠠ ᠨᠤᠭᠤ ᠭᠠᠵᠠᠷ᠎ᠢ 82 ᠵᠢᠭᠠᠨ ᠲᠣᠭ᠍ᠲᠠᠭᠠᠵᠤ᠂ ᠤᠯᠤᠰ᠎ᠤᠨ ᠴᠢᠬᠤᠯᠠ ᠨᠤᠭᠤ ᠭᠠᠵᠠᠷ 80᠂ ᠮᠤᠵᠢ᠎ᠶ᠋ᠢᠨ ᠱᠠᠲᠤᠨ᠎ᠤ ᠴᠢᠬᠤᠯᠠ ᠨᠤᠭᠤ ᠭᠠᠵᠠᠷ 1208 ᠎ᠶ᠋ᠢ ᠨᠡᠢᠲᠡᠯᠡᠵᠤ᠂ 22 ᠳᠡᠯᠡᠬᠡᠶ᠎ᠶ᠋ᠢᠨ ᠨᠤᠭᠤ ᠭᠠᠵᠠᠷ᠎ᠤᠨ ᠬᠣᠲᠠ ᠵᠢ ᠭᠡᠷᠡᠴᠢᠯᠡᠵᠦ᠂ ᠲᠣᠭ᠎ᠠ ᠬᠡᠮᠵᠢᠶ᠎ᠡ᠎ᠪᠡᠷ ᠳᠡᠯᠡᠬᠡᠶ᠎ᠶ᠋ᠢᠨ ᠲᠡᠷᠢᠭᠦᠨ᠎ᠳᠦ ᠣᠷᠣᠪᠠ; ᠤᠯᠤᠰ᠎ᠤᠨ ᠨᠤᠭᠤ ᠭᠠᠵᠠᠷ᠎ᠤᠨ ᠴᠡᠴᠡᠷᠯᠢᠭ᠎ᠢ 903 ᠪᠠᠢᠭᠤᠯᠵᠤ᠂ ᠪᠠᠷᠤᠭ 90 % ᠵᠢᠨ ᠤᠯᠤᠰ᠎ᠤᠨ ᠨᠤᠭᠤ ᠭᠠᠵᠠᠷ᠎ᠤᠨ ᠴᠡᠴᠡᠷᠯᠢᠭ᠎ᠢ ᠣᠯᠠᠨ ᠨᠡᠢᠲᠡ᠎ᠳᠦ ᠰᠦᠶ᠋ᠳᠭᠡᠯ ᠬᠤᠷᠢᠶᠠᠬᠤ ᠥᠬᠡᠶ᠎ᠪᠡᠷ ᠨᠡᠭᠡᠭᠡᠵᠦ᠍᠂ ᠵᠢᠯ ᠪᠦᠷᠢ ᠪᠠᠷᠤᠭ 3.2 ᠳ᠋ᠦᠩᠱᠢᠭᠤᠷ ᠬᠥᠮᠦᠨ ᠤᠳᠠᠭ᠎ᠠ ᠵᠢᠭᠤᠯᠴᠢᠯᠠᠭᠴᠢ᠎ᠶᠢ ᠲᠠᠲᠠᠵᠤ ᠪᠠᠢᠨ᠎ᠠ᠃

ᠡᠭᠦᠨ᠎ᠦ ᠵᠡᠷᠭᠡ ᠪᠡᠷ᠂ ᠮᠠᠨ᠎ᠤ ᠤᠯᠤᠰ ᠨᠤᠭᠤ ᠭᠠᠵᠠᠷ᠎ᠢ ᠬᠠᠮᠠᠭᠠᠯᠠᠨ ᠰᠡᠷᠭᠦᠭᠡᠬᠦ᠌ ᠠᠵᠢᠯ᠎ᠢ ᠦᠷᠭᠦᠯᠵᠢᠯᠡᠨ ᠥᠷᠨᠢᠭᠦᠯᠵᠦ᠍᠂ ᠨᠡᠢᠲᠡ 3800 ᠭᠠᠷᠤᠶ ᠲᠥᠷᠥᠯ ᠵᠦᠶ᠋ᠯ᠎ᠢ ᠬᠡᠷᠡᠭ᠌ᠵᠢᠭᠦᠯᠵᠦ᠍᠂ ᠨᠤᠭᠤ ᠭᠠᠵᠠᠷ᠎ᠤᠨ ᠲᠠᠯᠠᠪᠠᠶ᠎ᠶ᠋ᠢ 100 ᠭᠠᠷᠤᠶ ᠲᠦᠮᠡᠨ ᠾᠧᠺᠲ᠋ᠠᠷ ᠱᠢᠨ᠎ᠡ᠎ᠪᠡᠷ ᠨᠡᠮᠡᠭ᠌ᠳᠡᠭᠦᠯᠦᠭ᠌ᠰᠡᠨ ᠪᠠ ᠰᠡᠷᠭᠦᠭᠡᠪᠡ; ᠤᠯᠠᠭᠠᠨ ᠮᠣᠳᠣᠨ ᠣᠶ᠎ᠶ᠋ᠢ ᠬᠠᠮᠠᠭᠠᠯᠠᠨ ᠰᠡᠷᠭᠦᠭᠡᠬᠦ᠌ ᠵᠡᠷᠭᠡ ᠲᠤᠰᠭᠠᠶ ᠠᠵᠢᠯᠯᠠᠭ᠎ᠠ᠎ᠶ᠋ᠢ ᠬᠡᠷᠡᠭ᠌ᠵᠢᠭᠦᠯᠵᠦ᠍᠂ ᠤᠯᠠᠭᠠᠨ ᠮᠣᠳᠣᠨ ᠣᠶ᠎ᠶ᠋ᠢ ᠨᠡᠢᠲᠡ 9200 ᠾᠧᠺᠲ᠋ᠠᠷ ᠤᠢᠵᠢᠭᠤᠯᠪᠠ᠃ ᠣᠯᠠᠨ ᠤᠯᠤᠰ᠎ᠤᠨ ᠭᠡᠷ᠎ᠡ᠎ᠪᠡᠨ ᠭᠦᠶ᠋ᠴᠡᠳᠭᠡᠬᠦ᠌᠎ᠶ᠋ᠢ ᠦᠷᠭᠦᠯᠵᠢᠯᠡᠨ ᠭᠦᠨᠵᠡᠭᠡᠢᠷᠡᠭᠦᠯᠵᠦ᠍᠂ ᠨᠤᠭᠤ ᠭᠠᠵᠠᠷ᠎ᠢ ᠬᠠᠮᠠᠭᠠᠯᠠᠬᠤ ᠳᠤᠮᠳᠠᠳᠤ ᠤᠯᠤᠰ᠎ᠤᠨ ᠲᠥᠰᠦᠯ᠎ᠢ ᠳᠤᠷᠠᠳᠴᠤ᠌᠂ ᠣᠯᠠᠨ ᠤᠯᠤᠰ᠎ᠤᠨ ᠤᠯᠠᠭᠠᠨ ᠮᠣᠳᠣᠨ ᠣᠶ᠎ᠶ᠋ᠢᠨ ᠲᠥᠪ᠎ᠢ ᠵᠢᠩᠬᠢᠨᠢ᠎ᠪᠡᠷ ᠪᠠᠢᠭᠤᠯᠬᠤ᠎ᠶ᠋ᠢᠨ ᠬᠠᠮᠲᠤ ᠴᠢᠨᠠᠷ ᠰᠠᠢᠲᠠᠶ ᠪᠥᠲᠥᠭᠡᠨ ᠪᠠᠢᠭᠤᠯᠵᠤ᠂ ᠪᠦᠷᠢᠯᠳᠦᠬᠦᠨ ᠤᠯᠤᠰ᠎ᠢ 20 ᠪᠣᠯᠭᠠᠨ ᠨᠡᠮᠡᠭ᠌ᠳᠡᠭᠦᠯᠬᠦ᠌᠎ᠪᠡᠷ ᠲᠥᠯᠥᠪᠯᠡᠵᠦ᠍ ᠪᠠᠢᠨ᠎ᠠ᠃

《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠤ᠂ ᠮᠠᠨ᠎ᠤ ᠤᠯᠤᠰ ᠨᠤᠭᠤ ᠭᠠᠵᠠᠷ᠎ᠤᠨ ᠡᠬᠢ ᠪᠠᠶᠠᠯᠢᠭ᠎ᠢ ᠱᠢᠨᠵᠢᠯᠡᠬᠦ᠌ ᠤᠬᠠᠭᠠᠨᠴᠢ᠎ᠪᠠᠷ ᠬᠠᠮᠠᠭᠠᠯᠠᠬᠤ᠂ ᠱᠢᠰᠲ᠋ᠧᠮ᠎ᠲᠡᠶ ᠵᠠᠰᠠᠬᠤ ᠪᠠ ᠵᠦᠶ ᠵᠣᠬᠢᠰᠲᠠᠶ ᠠᠱᠢᠭ᠍ᠯᠠᠬᠤ᠎ᠶ᠋ᠢ ᠤᠯᠠᠮ ᠨᠢᠭᠡ ᠠᠯᠬᠤᠮ ᠴᠢᠩᠭᠠᠳᠭᠠᠨ᠎ᠠ᠂ ᠡᠭᠦᠨ᠎ᠳᠦ ᠬᠠᠤᠯᠢ ᠴᠠᠭᠠᠵᠠ ᠬᠠᠤᠯᠢ ᠲᠣᠭ᠍ᠲᠠᠭᠠᠯ᠎ᠤᠨ ᠱᠢᠰᠲ᠋ᠧᠮ᠎ᠢ ᠬᠦᠴᠦᠯᠡᠨ ᠪᠦᠷᠢᠨᠱᠢᠭᠦᠯᠬᠦ᠌᠂ ᠨᠤᠭᠤ ᠭᠠᠵᠠᠷ᠎ᠤᠨ ᠠᠮᠢ ᠠᠬᠤᠶ᠎ᠶ᠋ᠢᠨ ᠱᠢᠰᠲ᠋ᠧᠮ ᠵᠡᠷᠭᠡ ᠦᠨᠳᠦᠰᠦᠨ ᠪᠠᠢᠴᠠᠭᠠᠯᠲᠠ᠂ ᠬᠥᠳᠡᠯᠦᠩᠭᠦᠶ ᠬᠢᠨᠠᠨ ᠱᠢᠨᠵᠢᠬᠦ᠌ ᠪᠠ ᠰᠡᠷᠡᠮᠵᠢᠯᠡᠭᠦᠯᠬᠦ᠌᠎ᠶ᠋ᠢ ᠴᠢᠩᠭᠠᠳᠭᠠᠬᠤ᠂ ᠨᠤᠭᠤ ᠭᠠᠵᠠᠷ᠎ᠢ ᠬᠠᠮᠠᠭᠠᠯᠠᠨ ᠰᠡᠷᠭᠦᠭᠡᠬᠦ᠌ ᠢᠨᠵᠧᠨᠧᠷᠢᠩ᠎ᠦᠨ ᠲᠥᠷᠥᠯ ᠵᠦᠶ᠋ᠯ᠎ᠢ ᠨᠢᠭᠡᠳᠦᠯᠲᠡᠶ ᠲᠦᠯᠦᠪᠵᠢᠭᠦᠯᠦᠨ ᠬᠡᠷᠡᠭ᠌ᠵᠢᠭᠦᠯᠬᠦ᠌᠂ ᠨᠤᠭᠤ ᠭᠠᠵᠠᠷ᠎ᠤᠨ ᠠᠮᠢ ᠠᠬᠤᠶ᠎ᠶ᠋ᠢᠨ ᠦᠶ᠋ᠯᠡᠳᠬᠦᠨ᠎ᠦ ᠥᠷᠲᠡᠭ᠎ᠢ ᠪᠡᠶᠡᠯᠡᠭᠦᠯᠬᠦ᠌ ᠲᠣᠭ᠍ᠲᠠᠴᠠ᠎ᠶ᠋ᠢ ᠲᠦᠷᠭᠡᠳᠭᠡᠨ ᠪᠠᠢᠭᠤᠯᠤᠨ ᠪᠦᠷᠢᠨᠱᠢᠭᠦᠯᠬᠦ᠌ ᠵᠡᠷᠭᠡ ᠪᠠᠭ᠍ᠲᠠᠨ᠎ᠠ᠃

(ᠱᠢᠨᠬᠤᠸᠠ ᠬᠣᠷᠢᠶ᠎ᠠ ᠵᠢᠨ ᠪᠡᠭᠡᠵᠢᠩ᠎ᠦᠨ ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号