《ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ》 ᠤ᠋ ᠠᠵᠢᠯ ᠤ᠋ᠨ ᠴᠢᠬᠤᠯᠠ ᠪᠠᠢᠷᠢᠯᠠᠭᠤᠯᠤᠯᠳᠠ ⑤
ᠬᠦᠳᠡᠭᠡ ᠠᠵᠤ ᠠᠬᠤᠢ ᠬᠦᠳᠡᠭᠡ ᠲᠤᠰᠬᠤᠨ ᠤ᠋ ᠤᠳᠤᠬᠢᠴᠢᠯᠠᠯᠳᠠ ᠶ᠋ᠢ ᠲᠦᠷᠭᠡᠳᠭᠡᠨ᠂ ᠬᠦᠳᠡᠭᠡ ᠲᠤᠰᠬᠤᠨ ᠤ᠋ ᠪᠦᠬᠦ ᠲᠠᠯ᠎ᠠ ᠶ᠋ᠢᠨ ᠬᠦᠭᠵᠢᠯ ᠮᠠᠨᠳᠤᠯ ᠢ᠋ ᠯᠠᠪᠳᠠᠭᠤᠨ ᠪᠠᠳᠤᠳᠠᠢ ᠠᠬᠢᠭᠤᠯᠬᠤ ᠳ᠋ᠤ ᠦᠭᠡᠷᠡᠴᠢᠯᠡᠯᠳᠡ ᠶ᠋ᠢᠨ ᠡᠨᠡ ᠬᠦ᠌ ᠵᠠᠩᠬᠢᠯᠠᠭ᠎ᠠ ᠶ᠋ᠢᠨ ᠠᠷᠭ᠎ᠠ ᠬᠡᠮᠵᠢᠶ᠎ᠠ ᠶ᠋ᠢ ᠭᠦᠢᠴᠡᠳ ᠬᠡᠷᠡᠭᠯᠡᠵᠦ ᠰᠠᠢᠳᠦᠷ ᠬᠡᠷᠡᠭᠯᠡᠬᠦ ᠬᠡᠷᠡᠭᠳᠠᠢ᠃ ᠲᠦᠪ ᠤ᠋ᠨ ᠬᠦᠳᠡᠭᠡ ᠲᠤᠰᠬᠤᠨ ᠤ᠋ ᠠᠵᠢᠯ ᠤ᠋ᠨ ᠬᠤᠷᠠᠯ ᠡᠴᠡ᠂ ᠬᠦᠳᠡᠭᠡ ᠲᠤᠰᠬᠤᠨ ᠤ᠋ ᠦᠭᠡᠷᠡᠴᠢᠯᠡᠯᠳᠡ ᠶ᠋ᠢ ᠤᠯᠠᠮ ᠨᠢᠭᠡ ᠠᠯᠬᠤᠮ ᠭᠦᠨᠵᠡᠭᠡᠢᠷᠡᠭᠦᠯᠬᠦ ᠲᠤᠬᠠᠢ ᠰᠢᠷᠢᠰ ᠪᠠᠢᠷᠢᠯᠠᠭᠤᠯᠤᠯᠳᠠ ᠬᠢᠵᠠᠢ᠃
ᠰᠢᠨ᠎ᠠ ᠪᠠᠢᠳᠠᠯ ᠲᠤᠤᠷ᠎ᠠ ᠬᠦᠳᠡᠭᠡ ᠲᠤᠰᠬᠤᠨ ᠤ᠋ ᠦᠭᠡᠷᠡᠴᠢᠯᠡᠯᠳᠡ ᠶ᠋ᠢ ᠭᠦᠨᠵᠡᠭᠡᠢᠷᠡᠭᠦᠯᠬᠦ ᠶ᠋ᠢᠨ ᠭᠤᠤᠯ ᠱᠤᠭᠤᠮ ᠨᠢ ᠮᠦᠨ ᠬᠦ᠌ ᠲᠠᠷᠢᠶᠠᠴᠢᠨ ᠪᠠ ᠭᠠᠵᠠᠷ ᠰᠢᠷᠤᠢ ᠶ᠋ᠢᠨ ᠬᠠᠷᠢᠴᠠᠭ᠎ᠠ ᠶ᠋ᠢ ᠰᠠᠢᠳᠦᠷ ᠰᠢᠢᠳᠪᠤᠷᠢᠯᠡᠬᠦ ᠳ᠋ᠤ ᠪᠤᠢ᠃ ᠤᠳᠤᠬᠠᠨ ᠳ᠋ᠤ ᠬᠦᠳᠡᠭᠡ ᠲᠤᠰᠬᠤᠨ ᠤ᠋ ᠬᠤᠶᠠᠳᠤᠭᠠᠷ ᠡᠭᠡᠯᠵᠢ ᠶ᠋ᠢᠨ ᠭᠠᠵᠠᠷ ᠰᠢᠷᠤᠢ ᠶ᠋ᠢᠨ ᠳᠠᠭᠠᠭᠠᠴᠢᠯᠠᠯᠳᠠ ᠵᠠᠯᠭᠠᠭ᠎ᠠ ᠪᠡᠷ ᠬᠤᠭᠤᠴᠠᠭ᠎ᠠ ᠨᠢ ᠲᠤᠯᠬᠤ ᠪᠤᠯᠤᠨ᠎ᠠ᠃ 2024 ᠤᠨ ᠤ᠋ 12 ᠰᠠᠷ᠎ᠠ ᠳ᠋ᠤ ᠬᠤᠷᠠᠯᠳᠤᠭᠰᠠᠨ ᠲᠦᠪ ᠤ᠋ᠨ ᠬᠦᠳᠡᠭᠡ ᠲᠤᠰᠬᠤᠨ ᠤ᠋ ᠠᠵᠢᠯ ᠤ᠋ᠨ ᠬᠤᠷᠠᠯ ᠳ᠋ᠤ ᠬᠤᠶᠠᠳᠤᠭᠠᠷ ᠡᠭᠡᠯᠵᠢ ᠶ᠋ᠢᠨ ᠭᠠᠵᠠᠷ ᠰᠢᠷᠤᠢ ᠶ᠋ᠢᠨ ᠳᠠᠭᠠᠭᠠᠴᠢᠯᠠᠯᠳᠠ ᠶ᠋ᠢᠨ ᠬᠤᠭᠤᠴᠠᠭ᠎ᠠ ᠨᠢ ᠲᠤᠯᠤᠭᠰᠠᠨ ᠤ᠋ ᠳᠠᠷᠠᠭ᠎ᠠ ᠳᠠᠬᠢᠨ ᠭᠤᠴᠢᠨ ᠵᠢᠯ ᠤᠷᠳᠤᠳᠬᠠᠬᠤ ᠲᠤᠷᠰᠢᠯᠳᠠ ᠶ᠋ᠢᠨ ᠴᠡᠭ ᠤ᠋ᠨ ᠠᠵᠢᠯ ᠢ᠋ ᠡᠮᠬᠢ ᠵᠢᠷᠦᠮ ᠲᠠᠢ ᠠᠬᠢᠭᠤᠯᠤᠨ᠎ᠠ ᠭᠡᠵᠦ ᠲᠤᠳᠤᠷᠬᠠᠢ ᠳᠤᠷᠠᠳᠴᠠᠢ᠃ ᠤᠳᠤᠬᠠᠨ ᠳ᠋ᠤ ᠲᠤᠷᠰᠢᠯᠳᠠ ᠶ᠋ᠢᠨ ᠴᠡᠭ ᠤ᠋ᠨ ᠠᠵᠢᠯ ᠪᠦᠬᠦ ᠤᠯᠤᠰ ᠤ᠋ᠨ 7 ᠮᠤᠵᠢ᠂ 221 ᠰᠢᠶᠠᠨ᠂ 349 ᠰᠢᠶᠠᠩ ᠪᠠᠯᠭᠠᠰᠤ ᠶ᠋ᠢ ᠪᠦᠬᠦᠯᠢ ᠴᠤᠭᠴᠠ ᠪᠡᠷ ᠨᠢ ᠬᠠᠮᠤᠷᠴᠤ᠂ ᠳᠠᠭᠠᠭᠠᠴᠢᠯᠠᠯᠳᠠ ᠵᠢᠨ ᠬᠤᠭᠤᠴᠠᠭ᠎ᠠ ᠨᠢ ᠲᠤᠯᠤᠭᠰᠠᠨ ᠶᠡᠬᠡᠩᠬᠢ ᠲᠠᠷᠢᠶᠠᠯᠠᠬᠤ ᠡᠷᠦᠬᠡ ᠤᠤᠯ ᠤ᠋ᠨ ᠳᠠᠭᠠᠭᠠᠴᠢᠯᠠᠵᠤ ᠪᠠᠢᠭᠰᠠᠨ ᠭᠠᠵᠠᠷ ᠰᠢᠷᠤᠢ ᠪᠡᠨ ᠯᠠᠪᠳᠠᠭᠤᠨ ᠪᠦᠭᠡᠳ ᠤᠷᠤᠭᠰᠢᠳᠠᠢ ᠪᠡᠷ ᠦᠷᠭᠦᠯᠵᠢᠯᠡᠨ ᠳᠠᠭᠠᠭᠠᠴᠢᠯᠠᠬᠤ ᠪᠤᠯᠤᠭᠰᠠᠨ ᠪᠠᠢᠨ᠎ᠠ᠃
ᠲᠦᠷᠦ ᠶ᠋ᠢᠨ ᠶᠠᠪᠤᠳᠠᠯ ᠤ᠋ᠨ ᠬᠤᠷᠢᠶ᠎ᠠ ᠵᠢᠨ ᠬᠦᠭᠵᠢᠯᠳᠡ ᠶ᠋ᠢᠨ ᠰᠤᠳᠤᠯᠤᠯ ᠤ᠋ᠨ ᠲᠦᠪ ᠤ᠋ᠨ ᠰᠤᠳᠤᠯᠤᠭᠴᠢ ᠶᠧ ᠰᠢᠩ ᠴᠢᠩ᠄ 2025 ᠤᠨ ᠤ᠋ 12 ᠰᠠᠷ᠎ᠠ ᠳ᠋ᠤ ᠬᠤᠷᠠᠯᠳᠤᠭᠰᠠᠨ ᠲᠦᠪ ᠤ᠋ᠨ ᠬᠦᠳᠡᠭᠡ ᠲᠤᠰᠬᠤᠨ ᠤ᠋ ᠠᠵᠢᠯ ᠤ᠋ᠨ ᠬᠤᠷᠠᠯ ᠳ᠋ᠤ᠂ ᠬᠤᠶᠠᠳᠤᠭᠠᠷ ᠡᠭᠡᠯᠵᠢ ᠶ᠋ᠢᠨ ᠭᠠᠵᠠᠷ ᠰᠢᠷᠤᠢ ᠶ᠋ᠢᠨ ᠳᠠᠭᠠᠭᠠᠴᠢᠯᠠᠯᠳᠠ ᠶ᠋ᠢᠨ ᠬᠤᠭᠤᠴᠠᠭ᠎ᠠ ᠨᠢ ᠲᠤᠯᠤᠭᠰᠠᠨ ᠤ᠋ ᠳᠠᠷᠠᠭ᠎ᠠ ᠳᠠᠬᠢᠨ ᠭᠤᠴᠢᠨ ᠵᠢᠯ ᠤᠷᠳᠤᠳᠬᠠᠬᠤ ᠲᠤᠷᠰᠢᠯᠳᠠ ᠶ᠋ᠢᠨ ᠴᠡᠭ ᠤ᠋ᠨ ᠠᠵᠢᠯ ᠢ᠋ ᠪᠦᠬᠦ ᠲᠠᠯ᠎ᠠ ᠪᠡᠷ ᠦᠷᠨᠢᠭᠦᠯᠦᠨ᠎ᠠ ᠭᠡᠵᠦ ᠳᠤᠷᠠᠳᠴᠠᠢ᠃ ᠡᠨᠡ ᠨᠢ ᠲᠠᠷᠢᠶᠠᠴᠢᠳ ᠤ᠋ᠨ ᠰᠡᠳᠬᠢᠯ ᠰᠠᠨᠠᠭ᠎ᠠ ᠶ᠋ᠢ ᠠᠮᠦᠷ ᠲᠠᠢᠪᠤᠩ ᠪᠤᠯᠭᠠᠵᠤ᠂ ᠭᠠᠵᠠᠷ ᠰᠢᠷᠤᠢ ᠳᠠᠭᠠᠭᠠᠴᠢᠯᠠᠬᠤ ᠡᠳᠡᠭᠡᠳ ᠬᠢᠭᠡᠳ ᠡᠵᠡᠩᠨᠡᠬᠦ ᠡᠳᠡᠭᠡᠳ ᠤ᠋ᠨ ᠵᠢᠱ᠌ᠢᠯᠳᠠ ᠵᠤᠷᠢᠯᠳᠠ ᠶ᠋ᠢ ᠳᠤᠭᠳᠠᠪᠤᠷᠢᠵᠢᠭᠤᠯᠬᠤ ᠳ᠋ᠤ ᠠᠰᠢᠭᠳᠠᠢ ᠶᠤᠮ᠃
ᠡᠨᠡ ᠤᠳᠠᠭ᠎ᠠ ᠶ᠋ᠢᠨ ᠲᠦᠪ ᠤ᠋ᠨ ᠬᠦᠳᠡᠭᠡ ᠲᠤᠰᠬᠤᠨ ᠤ᠋ ᠠᠵᠢᠯ ᠤ᠋ᠨ ᠬᠤᠷᠠᠯ ᠳ᠋ᠤ᠂ 《 ᠬᠥᠳᠡᠭᠡ ᠲᠣᠰᠭᠣᠨ ᠤ᠋ ᠡᠯ᠎ᠡ ᠲᠥᠷᠥᠯ ᠦ᠋ᠨ ᠡᠬᠢ ᠪᠠᠶᠠᠯᠢᠭ ᠢ᠋ ᠠᠮᠢᠯᠠᠭᠤᠯᠤᠨ ᠠᠰᠢᠭᠯᠠᠬᠤ ᠵᠢ ᠡᠮᠬᠢ ᠵᠢᠷᠤᠮ ᠲᠠᠶ ᠰᠠᠢᠲᠤᠷ ᠬᠢᠵᠦ᠍᠂ ᠬᠥᠳᠡᠭᠡ ᠲᠣᠰᠬᠤᠨ ᠢ᠋ ᠬᠥᠭ᠌ᠵᠢᠭᠦᠯᠦᠨ ᠮᠠᠨᠳᠤᠭᠤᠯᠬᠤ ᠪᠠᠯᠠ ᠣᠷᠣᠭᠤᠯᠤᠯᠲᠠ ᠪᠠᠯᠠ ᠬᠤᠷᠠᠮᠳᠤᠭᠤᠯᠭ᠎ᠠ ᠶ᠋ᠢᠨ ᠲᠣᠭ᠍ᠲᠠᠴᠠ ᠵᠢᠨ ᠱᠢᠨ᠎ᠡ ᠶ᠋ᠢ ᠡᠭᠦᠳᠴᠦ᠍᠂ ᠬᠥᠳᠡᠭᠡ ᠲᠣᠰᠭᠣᠨ ᠤ᠋ ᠬᠥᠭ᠌ᠵᠢᠯᠲᠡ ᠶ᠋ᠢᠨ ᠬᠥᠳᠡᠯᠭᠡᠬᠦ᠌ ᠬᠦᠴᠦᠨ ᠪᠠ ᠠᠮᠢᠵᠢᠷᠠᠯᠤᠨ ᠬᠦᠴᠦᠨ ᠢ᠋ ᠲᠠᠰᠤᠷᠠᠯᠲᠠ ᠥᠬᠡᠶ ᠨᠡᠮᠡᠭ᠌ᠳᠡᠭᠦᠯᠤᠨᠠ》 ᠮᠡᠳᠤ ᠵᠢᠨ ᠰᠢᠷᠢᠰ ᠠᠷᠭ᠎ᠠ ᠬᠡᠮᠵᠢᠶ᠎ᠠ ᠶ᠋ᠢ ᠳᠤᠷᠠᠳᠴᠠᠢ᠃ ᠡᠨᠡ ᠨᠢ ᠤᠯᠤᠰ ᠡᠴᠡ ᠪᠡᠯᠡ ᠤᠷᠤᠭᠤᠯᠬᠤ ᠪᠡᠯᠡ ᠬᠤᠷᠠᠮᠳᠤᠭᠤᠯᠬᠤ ᠠᠷᠭ᠎ᠠ ᠵᠠᠮ ᠢ᠋ ᠦᠷᠭᠡᠳᠭᠡᠬᠦ᠂ ᠪᠡᠯᠡ ᠤᠷᠤᠭᠤᠯᠤᠯᠳᠠ ᠶ᠋ᠢᠨ ᠪᠠᠳᠤᠯᠠᠭ᠎ᠠ ᠶ᠋ᠢᠨ ᠳᠤᠭᠳᠠᠴᠠ ᠶ᠋ᠢ ᠴᠢᠩᠭᠠᠳᠬᠠᠬᠤ ᠵᠡᠷᠭᠡ ᠠᠷᠭ᠎ᠠ ᠬᠡᠮᠵᠢᠶ᠎ᠠ ᠪᠡᠷ ᠳᠠᠮᠵᠢᠨ ᠮᠦᠩᠭᠦᠨ ᠭᠦᠢᠯᠭᠡᠭᠡᠨ ᠤ᠋ ᠪᠡᠯᠡ ᠮᠦᠩᠬᠦ ᠶ᠋ᠢ ᠪᠦᠲᠦᠮᠵᠢᠳᠠᠢ ᠬᠦᠳᠡᠯᠭᠡᠵᠦ᠂ ᠨᠡᠢᠭᠡᠮ ᠤ᠋ᠨ ᠪᠡᠯᠡ ᠮᠦᠩᠬᠦ ᠶ᠋ᠢ ᠲᠠᠢᠴᠢᠯᠠᠨ ᠬᠦᠳᠡᠭᠡ ᠲᠤᠰᠬᠤᠨ ᠢ᠋ ᠬᠦᠭᠵᠢᠭᠦᠯᠦᠨ ᠮᠠᠨᠳᠤᠭᠤᠯᠬᠤ ᠳ᠋ᠤ ᠬᠦᠴᠦᠨ ᠵᠢᠳᠭᠦᠯ ᠶ᠋ᠢᠡᠨ ᠦᠵᠡᠭᠦᠯᠬᠦ ᠬᠡᠰᠡᠨ ᠵᠤᠷᠢᠯᠳᠠ ᠳ᠋ᠠᠭᠠᠨ ᠲᠡᠮᠡᠤᠯᠵᠤ ᠪᠠᠢᠬᠤ ᠶ᠋ᠢ ᠬᠠᠷᠠᠭᠤᠯᠤᠨ᠎ᠠ᠃
ᠬᠦᠳᠡᠭᠡ ᠠᠵᠤ ᠠᠬᠤᠢ ᠬᠦᠳᠡᠭᠡ ᠲᠤᠰᠬᠤᠨ ᠤ᠋ ᠤᠳᠤᠬᠢᠴᠢᠯᠠᠯᠳᠠ ᠶ᠋ᠢ ᠠᠬᠢᠭᠤᠯᠬᠤ ᠳ᠋ᠤ ᠵᠠᠩᠬᠢᠯᠠᠭ᠎ᠠ ᠨᠢ ᠬᠦᠮᠦᠨ ᠳ᠋ᠤ ᠪᠤᠢ᠂ ᠵᠠᠩᠬᠢᠯᠠᠭ᠎ᠠ ᠨᠢ ᠬᠢᠬᠦ ᠳ᠋ᠤ ᠪᠤᠢ᠃
ᠶᠡᠷᠦᠩᠬᠡᠢ ᠱᠦᠵᠢ ᠰᠢ ᠵᠢᠨ ᠫᠢᠩ ᠶ᠋ᠢᠡᠷ ᠭᠤᠤᠯ ᠪᠤᠯᠭᠠᠭᠰᠠᠨ ᠨᠠᠮ ᠤ᠋ᠨ ᠲᠦᠪ ᠬᠤᠷᠢᠶ᠎ᠠ ᠶ᠋ᠢᠨ ᠪᠠᠳᠤ ᠴᠢᠩᠭ᠎ᠠ ᠤᠳᠤᠷᠢᠳᠤᠯᠭ᠎ᠠ ᠳᠤᠤᠷ᠎ᠠ᠂ ᠪᠦᠬᠦ ᠨᠠᠮ ᠪᠦᠬᠦ ᠨᠡᠢᠭᠡᠮ ᠤ᠋ᠨ ᠬᠦᠴᠦᠨ ᠢ᠋ ᠳᠠᠢᠴᠢᠯᠠᠨ᠂ ᠬᠦᠳᠡᠭᠡ ᠠᠵᠤ ᠠᠬᠤᠢ ᠶ᠋ᠢᠨ ᠬᠦᠴᠦᠷᠬᠡᠭ ᠤᠯᠤᠰ ᠢ᠋ ᠪᠦᠲᠦᠭᠡᠨ ᠪᠠᠢᠭᠤᠯᠬᠤ ᠬᠠᠷᠠᠯᠳᠠ ᠳᠡᠢᠰᠢ ᠯᠠᠪᠳᠠᠭᠤᠨ ᠶ᠋ᠢᠡᠷ ᠤᠷᠤᠭᠰᠢᠯᠠᠪᠠᠯ᠂ ᠮᠠᠨ ᠤ᠋ ᠤᠯᠤᠰ ᠤ᠋ᠨ ᠬᠦᠳᠡᠭᠡ ᠠᠵᠤ ᠠᠬᠤᠢ ᠶ᠋ᠢᠨ ᠰᠠᠭᠤᠷᠢ ᠨᠡᠩ ᠪᠠᠳᠤᠵᠢᠨ᠂ ᠬᠦᠳᠡᠭᠡ ᠨᠤᠳᠤᠭ ᠨᠡᠩ ᠬᠦᠭᠵᠢᠨ ᠴᠡᠴᠡᠭᠯᠡᠵᠦ᠂ ᠲᠠᠷᠢᠶᠠᠴᠢᠳ ᠤ᠋ᠨ ᠠᠮᠢᠳᠤᠷᠠᠯ ᠨᠡᠩ ᠬᠦᠷ ᠬᠦᠭᠵᠢᠶᠡᠨ ᠲᠠᠢ ᠪᠤᠯᠵᠤ᠂ ᠬᠦᠳᠡᠭᠡ ᠲᠤᠰᠬᠤᠨ ᠢ᠋ ᠪᠦᠬᠦ ᠲᠠᠯ᠎ᠠ ᠪᠡᠷ ᠬᠦᠭᠵᠢᠭᠦᠯᠦᠨ ᠮᠠᠨᠳᠤᠭᠤᠯᠬᠤ ᠰᠢᠨ᠎ᠠ ᠳᠦᠷᠰᠦ ᠪᠠᠢᠳᠠᠯ ᠢ᠋ ᠲᠠᠰᠤᠷᠠᠯᠳᠠ ᠦᠭᠡᠢ ᠡᠭᠦᠳᠬᠦ ᠨᠢ ᠯᠠᠪᠳᠠᠢ᠃
(ᠰᠢᠨᠬᠤᠸᠠ ᠰᠦᠯᠵᠢᠶ᠎ᠠ ᠡᠴᠡ ᠨᠠᠢᠷᠠᠭᠤᠯᠤᠨ ᠤᠷᠴᠢᠭᠤᠯᠵᠤ ᠠᠪᠤᠪᠠ)