ᠮᠠᠨ᠎ᠤ ᠤᠯᠤᠰ ᠢᠨᠲᠸᠷ ᠰᠦᠯᠵᠢᠶ᠎ᠡ᠎ᠪᠡᠷ ᠣᠨᠣᠱᠢᠯᠠᠨ ᠡᠮᠨᠡᠬᠦ᠌ ᠠᠩᠬᠠᠨ᠎ᠤ ᠲᠤᠷᠱᠢᠯᠲᠠ᠎ᠶ᠋ᠢ ᠡᠬᠢᠯᠡᠭᠦᠯᠪᠡ
2026-02-09 09:27:10
ᠵᠣᠬᠢᠶᠠᠭ᠍ᠴᠢ᠄
ᠱᠢᠨᠬᠤᠸᠠ ᠬᠣᠷᠢᠶ᠎ᠠ᠎ᠵᠢᠨ ᠰᠤᠷᠪᠤᠯᠵᠢᠯᠠᠭ᠍ᠴᠢ ᠯᠢ ᠾᠧᠩ ᠫᠸᠩ ᠶᠦᠨ ᠵᠢᠶᠠ
ᠣᠩᠱᠢᠭ᠍ᠰᠠᠨ ᠣᠳᠠᠭ᠎ᠠ᠄
★★★☆☆

ᠪᠡᠭᠡᠵᠢᠩ᠎ᠦᠨ ᠬᠡᠦᠬᠡᠳ᠎ᠦᠨ ᠡᠮᠨᠡᠯᠭᠡ᠎ᠶ᠋ᠢᠨ ᠬᠣᠷᠢᠶ᠎ᠠ ᠪᠠ ᠨᠡᠢᠰᠯᠡᠯ᠎ᠦᠨ ᠬᠡᠦᠬᠡᠳ᠎ᠦᠨ ᠠᠨᠠᠭᠠᠬᠤ ᠤᠬᠠᠭᠠᠨ᠎ᠤ ᠲᠥᠪ᠎ᠦᠨ ᠬᠡᠦᠬᠡᠳ᠎ᠦᠨ ᠥᠰᠥᠯᠲᠡ ᠪᠣᠢᠵᠢᠯᠲᠠ᠎ᠶ᠋ᠢᠨ ᠲᠤᠰᠭᠠᠶ ᠮᠡᠷᠭᠡᠵᠢᠯ᠂ ᠬᠡᠦᠬᠡᠳ᠎ᠦᠨ ᠱᠢᠮ᠎ᠡ ᠲᠡᠵᠢᠭᠡᠯ᠎ᠦᠨ ᠲᠤᠰᠭᠠᠶ ᠮᠡᠷᠭᠡᠵᠢᠯ᠂ ᠬᠡᠦᠬᠡᠳ᠎ᠦᠨ ᠠᠷᠠᠰᠤᠨ᠎ᠤ ᠡᠪᠡᠳᠴᠢᠨ᠎ᠦ ᠲᠤᠰᠭᠠᠶ ᠮᠡᠷᠭᠡᠵᠢᠯ᠎ᠨᠢ ᠲᠦᠷᠦᠬᠦᠬᠡᠨ ᠰᠦᠯᠵᠢᠶᠡᠨ ᠳᠡᠭᠡᠷ᠎ᠡ ᠠᠩᠬ᠎ᠠ ᠣᠨᠣᠱᠢᠯᠠᠬᠤ ᠦᠶ᠋ᠯᠡᠴᠢᠯᠡᠭᠡ᠎ᠶ᠋ᠢ ᠡᠬᠢᠯᠡᠭᠦᠯᠪᠡ᠃

ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠴᠣᠬᠣᠯᠠᠪᠤᠷᠢ᠎ᠶ᠋ᠢ ᠦᠨᠳᠦᠰᠦᠯᠡᠪᠡᠯ᠂ 2026 ᠣᠨ᠎ᠤ 1 ᠰᠠᠷ᠎ᠠ᠎ᠡᠴᠡ ᠡᠬᠢᠯᠡᠨ᠂ ᠪᠡᠭᠡᠵᠢᠩ ᠬᠣᠲᠠ ᠨᠢᠭᠡ ᠵᠢᠯ᠎ᠦᠨ ᠬᠤᠭᠤᠴᠠᠭ᠎ᠠ᠎ᠲᠠᠶ ᠢᠨᠲ᠋ᠸᠷ ᠰᠦᠯᠵᠢᠶ᠎ᠡ᠎ᠪᠡᠷ ᠠᠩᠬ᠎ᠠ ᠣᠨᠣᠱᠢᠯᠠᠬᠤ ᠲᠤᠷᠱᠢᠯᠲᠠ᠎ᠶ᠋ᠢᠨ ᠠᠵᠢᠯ᠎ᠢ ᠡᠩ ᠲᠡᠷᠢᠭᠦᠨ᠎ᠳᠦ ᠡᠬᠢᠯᠡᠭᠦᠯᠪᠡ᠃ ᠡᠪᠡᠳᠴᠢᠲᠡᠨ ᠳᠡᠭᠡᠷ᠎ᠡ ᠳᠤᠷᠠᠳᠤᠭ᠍ᠰᠠᠨ ᠬᠣᠶᠠᠷ ᠡᠮᠨᠡᠯᠭᠡ᠎ᠶ᠋ᠢᠨ ᠬᠣᠷᠢᠶᠠᠨ᠎ᠤ ᠭᠤᠷᠪᠠᠨ ᠲᠤᠰᠭᠠᠶ ᠮᠡᠷᠭᠡᠵᠢᠯ᠎ᠳᠦ ᠢᠨᠲ᠋ᠸᠷ ᠰᠦᠯᠵᠢᠶ᠎ᠡ᠎ᠪᠡᠷ ᠠᠩᠬ᠎ᠠ ᠣᠨᠣᠱᠢᠯᠠᠬᠤ᠎ᠶ᠋ᠢ ᠤᠷᠢᠳᠴᠢᠯᠠᠨ ᠪᠣᠯᠵᠣᠵᠤ ᠪᠣᠯᠤᠨ᠎ᠠ᠃

ᠡᠭᠦᠨ᠎ᠡᠴᠡ ᠡᠮᠦᠨ᠎ᠡ᠂ ᠢᠨᠲ᠋ᠧᠷ ᠰᠦᠯᠵᠢᠶ᠎ᠡ᠎ᠪᠡᠷ ᠣᠨᠣᠱᠢᠯᠠᠨ ᠡᠮᠨᠡᠬᠦ᠌᠎ᠨᠢ ᠦᠷᠭᠦᠯᠵᠢ ᠲᠣᠬᠢᠶᠠᠯᠳᠤᠳᠠᠭ ᠡᠪᠡᠳᠴᠢᠨ᠂ ᠤᠳᠠᠭᠠᠨ ᠴᠢᠨᠠᠷᠲᠠᠶ ᠡᠪᠡᠳᠴᠢᠨ᠎ᠢ ᠳᠠᠬᠢᠨ ᠡᠮᠨᠡᠭᠦᠯᠬᠦ᠌᠎ᠳᠦ ᠬᠢᠵᠠᠭᠠᠷᠯᠠᠭ᠍ᠳᠠᠵᠤ᠂ ᠡᠪᠡᠳᠴᠢᠲᠡᠨ ᠡᠷᠬᠡᠪᠰᠢ ᠪᠣᠳᠠᠲᠤ ᠴᠣᠭ᠍ᠴᠠ᠎ᠶ᠋ᠢᠨ ᠡᠮᠴᠢᠯᠡᠭᠡᠨ᠎ᠦ ᠪᠠᠢᠭᠤᠯᠤᠮᠵᠢ᠎ᠳᠤ ᠡᠮᠨᠡᠭᠦᠯᠵᠦ᠍ ᠪᠠᠢᠭ᠎ᠠ ᠵᠣᠬᠢᠴᠠᠩᠭᠤᠶ ᠲᠡᠮᠳᠡᠭ᠌ᠯᠡᠯ᠎ᠢ ᠭᠠᠷᠭᠠᠵᠤ ᠥᠭ᠌ᠬᠦ ᠬᠡᠷᠡᠭ᠌ᠲᠡᠶ᠃ ᠰᠦᠯᠵᠢᠶᠡᠨ ᠳᠡᠭᠡᠷ᠎ᠡ ᠳᠠᠬᠢᠨ ᠣᠨᠣᠱᠢᠯᠠᠬᠤ᠎ᠡᠴᠡ ᠰᠦᠯᠵᠢᠶᠡᠨ ᠳᠡᠭᠡᠷ᠎ᠡ ᠠᠩᠬ᠎ᠠ ᠣᠨᠣᠱᠢᠯᠠᠬᠤ ᠲᠤᠷᠱᠢᠯᠲᠠ ᠬᠢᠬᠦ᠌ ᠪᠣᠯᠲᠠᠯ᠎ᠠ᠂ ᠴᠢᠨᠠᠷ ᠰᠠᠢᠲᠠᠶ ᠡᠮᠴᠢᠯᠡᠭᠡᠨ᠎ᠦ ᠦᠶ᠋ᠯᠡᠴᠢᠯᠡᠭᠡ᠎ᠶ᠋ᠢᠨ ᠨᠠᠩ ᠶᠡᠬᠡ ᠨᠢᠭᠡ ᠠᠯᠬᠤᠮ᠎ᠢ ᠠᠯᠬᠤᠭ᠍ᠰᠠᠨ ᠪᠠᠢᠨ᠎ᠠ᠃

《ᠳᠡᠯᠭᠡᠴᠡ᠎ᠶ᠋ᠢ ᠵᠡᠷᠭᠡᠴᠡᠭᠦᠯᠵᠦ᠍》᠂ ᠴᠢᠨᠠᠷ ᠰᠠᠢᠲᠠᠶ ᠡᠮᠴᠢᠯᠡᠭᠡᠨ᠎ᠦ ᠡᠬᠢ ᠪᠠᠶᠠᠯᠢᠭ᠎ᠢ ᠨᠠᠩ ᠢᠯᠡᠭᠦᠦ ᠭᠥᠷᠳᠡᠵᠦ᠍ ᠳᠡᠢᠯᠬᠦ᠌ ᠪᠣᠯᠭᠠᠪᠠ —

ᠵᠢᠶᠠᠩᠰᠦ ᠮᠤᠵᠢ᠎ᠶ᠋ᠢᠨ ᠰᠦᠵᠧᠦ ᠬᠣᠲᠠ᠎ᠶ᠋ᠢᠨ ᠲᠠᠩ ᠠᠪᠠᠬᠠᠶ᠎ᠳᠤ ᠠᠪᠴᠤ᠌ ᠬᠡᠯᠡᠪᠡᠯ᠂ ᠢᠨᠲ᠋ᠸᠷ ᠰᠦᠯᠵᠢᠶᠡᠨ᠎ᠦ ᠠᠩᠬᠠᠨ᠎ᠤ ᠡᠮᠴᠢᠯᠡᠭᠡ ᠨᠢ ᠴᠠᠭ᠎ᠲᠠᠭᠠᠨ ᠳᠣᠭᠢᠷᠬᠠᠰᠠᠨ ᠪᠠᠢᠨ᠎ᠠ᠃

ᠲᠡᠬᠦᠨ ᠤ᠋ 8 ᠨᠠᠰᠤᠲᠠᠶ ᠬᠦᠦ᠍᠎ᠶ᠋ᠢᠨ ᠬᠢᠨᠢ ᠦᠰᠤᠯᠳᠠ ᠨᠢ ᠬᠠᠭᠠᠰ ᠵᠢᠯ ᠱᠢᠬᠠᠮ ᠤᠳᠠᠭᠠᠨ ᠪᠠᠢᠵᠤ᠂ ᠲᠤᠬᠠᠶ᠎ᠶ᠋ᠢᠨ ᠭᠠᠵᠠᠷ᠎ᠤᠨ ᠡᠮᠨᠡᠯᠭᠡ᠎ᠶ᠋ᠢᠨ ᠬᠣᠷᠢᠶ᠎ᠠ᠎ᠡᠴᠡ ᠪᠡᠭᠡᠵᠢᠩ᠎ᠦᠨ ᠬᠡᠦᠬᠡᠳ᠎ᠦᠨ ᠡᠮᠨᠡᠯᠭᠡ᠎ᠶ᠋ᠢᠨ ᠬᠣᠷᠢᠶᠠᠨ᠎ᠤ ᠳᠣᠲᠣᠭᠠᠳᠤ ᠱᠢᠭᠦᠷᠡᠯ᠎ᠦᠨ ᠰᠠᠯᠠᠭ᠎ᠠ᠎ᠳᠤ ᠬᠦᠷᠴᠦ᠍ ᠤᠯᠠᠮ ᠨᠢᠭᠡ ᠠᠯᠬᠤᠮ ᠪᠠᠢᠴᠠᠭᠠᠯᠲᠠ ᠬᠢᠬᠦ᠌᠎ᠶ᠋ᠢ ᠰᠠᠨᠠᠭᠤᠯᠵᠠᠶ᠃ ᠣᠳᠣ ᠲᠡᠷᠡ ᠭᠠᠷ ᠤᠲᠠᠰᠤ᠎ᠪᠠᠷ ᠪᠡᠭᠡᠵᠢᠩ᠎ᠦᠨ ᠲᠤᠰᠭᠠᠶ ᠮᠡᠷᠭᠡᠵᠢᠯᠲᠡᠨ᠎ᠢ ᠰᠦᠯᠵᠢᠶᠡᠨ ᠳᠡᠭᠡᠷ᠎ᠡ ᠤᠷᠢᠳᠴᠢᠯᠠᠨ ᠪᠣᠯᠵᠣᠵᠤ᠂ ᠠᠩᠬ᠎ᠠ ᠠᠯᠬᠤᠮ᠎ᠤᠨ ᠦᠨᠡᠯᠡᠨ ᠵᠢᠱ᠌ᠢᠯᠲᠡ ᠪᠠ ᠵᠥᠪᠯᠡᠯᠭᠡ ᠬᠢᠯᠭᠡᠵᠦ᠍ ᠪᠣᠯᠤᠨ᠎ᠠ᠂ 《ᠤᠷᠢᠳ᠎ᠢᠶᠠᠷ ᠲᠤᠰᠭᠠᠶ ᠮᠡᠷᠭᠡᠵᠢᠯᠲᠡᠨ᠎ᠢᠶᠡᠷ ᠪᠠᠢᠳᠠᠯ᠎ᠢ ᠦᠵᠡᠭᠦᠯᠵᠦ᠍᠂ ᠳᠣᠲᠣᠷ᠎ᠠ᠎ᠪᠠᠨ ᠲᠣᠭ᠎ᠠ᠎ᠲᠠᠶ ᠪᠤᠯᠵᠤ᠂ ᠠᠷᠪᠢᠨ ᠶᠠᠪᠤᠴᠠ ᠵᠢ ᠲᠦᠬᠦᠮᠴᠢᠯᠡᠭᠰᠡᠨ ᠪᠠᠢᠨ᠎ᠠ》 ᠬᠡᠵᠡᠢ᠃

ᠶᠠᠭᠤᠨ᠎ᠳᠤ ᠡᠨᠡ ᠬᠣᠶᠠᠷ ᠡᠮᠨᠡᠯᠬᠡ ᠵᠢᠨ ᠬᠤᠷᠢᠶ᠎ᠠ ᠬᠣᠱᠢᠭᠤᠴᠢᠯᠠᠵᠤ ᠪᠠᠢᠬᠤ ᠪᠣᠶ? ᠪᠡᠭᠡᠵᠢᠩ ᠳ᠋ᠦ ᠴᠢᠨᠠᠷ ᠰᠠᠢᠲᠠᠶ ᠡᠮᠴᠢᠯᠡᠭᠡᠨ᠎ᠦ ᠡᠬᠢ ᠪᠠᠶᠠᠯᠢᠭ ᠲᠥᠪᠯᠡᠷᠡᠵᠦ᠍᠂ ᠡᠮᠴᠢᠯᠡᠭᠡᠨ᠎ᠦ ᠪᠠᠢᠭᠤᠯᠤᠮᠵᠢ ᠶ᠋ᠢᠨ ᠶᠡᠷᠦᠩᠬᠡᠢᠯᠡᠭ᠌ᠰᠡᠨ ᠬᠠᠮᠢᠶᠠᠷᠤᠯᠲᠠ᠎ᠶ᠋ᠢᠨ ᠴᠢᠳᠠᠪᠤᠷᠢ᠂ ᠢᠨᠲ᠋ᠸᠷ ᠰᠦᠯᠵᠢᠶᠡᠨ᠎ᠦ ᠳᠠᠬᠢᠨ ᠣᠨᠣᠱᠢᠯᠠᠬᠤ ᠬᠡᠮᠵᠢᠶ᠎ᠡ ᠵᠢᠴᠢ ᠠᠵᠢᠯ᠎ᠤᠨ ᠲᠤᠷᠱᠢᠯᠭ᠎ᠠ᠂ ᠭᠠᠳᠠᠷ ᠣᠷᠣᠨ᠎ᠤ ᠡᠪᠡᠳᠴᠢᠲᠡᠨ᠎ᠦ ᠡᠪᠡᠳᠴᠢᠨ ᠦᠵᠡᠭᠦᠯᠦᠭ᠌ᠰᠡᠨ ᠪᠠᠢᠳᠠᠯ ᠬᠢᠭᠡᠳ ᠬᠡᠪᠴᠢᠶ᠎ᠡ᠂ ᠡᠮᠴᠢ᠎ᠶ᠋ᠢᠨ ᠦᠶ᠋ᠯᠡᠴᠢᠯᠡᠭᠡᠨ᠎ᠦ ᠴᠢᠳᠠᠪᠤᠷᠢ ᠵᠡᠷᠭᠡ᠎ᠶ᠋ᠢ ᠨᠢᠭᠡᠳᠦᠯᠲᠡᠶ ᠲᠥᠯᠥᠪᠵᠢᠬᠦᠯᠤᠨ ᠪᠣᠳᠣᠯᠬᠢᠯᠠᠵᠠᠢ ᠬᠡᠵᠤ ᠪᠡᠭᠡᠵᠢᠩ ᠬᠣᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠤᠨ ᠬᠢᠨ ᠢᠯᠡᠳᠬᠡᠪᠡ᠃

ᠶᠠᠭᠤᠨ᠎ᠳᠤ ᠡᠨᠡ ᠭᠤᠷᠪᠠᠨ ᠲᠤᠰᠭᠠᠶ ᠮᠡᠷᠭᠡᠵᠢᠯ ᠪᠣᠶ?ᠪᠡᠭᠡᠵᠢᠩ ᠬᠣᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ ᠲᠠᠢᠯᠪᠤᠷᠢᠯᠠᠯᠲᠠ᠎ᠶ᠋ᠢ ᠦᠨᠳᠦᠰᠦᠯᠡᠪᠡᠯ᠂ ᠡᠪᠡᠳᠴᠢᠲᠡᠨ᠎ᠦ ᠡᠪᠡᠳᠴᠢᠨ ᠦᠵᠡᠭᠦᠯᠬᠦ᠌ ᠬᠡᠷᠡᠭ᠌ᠴᠡᠭᠡ ᠱᠠᠭᠠᠷᠳᠠᠯᠭ᠎ᠠ᠎ᠲᠠᠶ ᠤᠶᠠᠯᠳᠤᠭᠤᠯᠤᠨ᠂ ᠭᠠᠳᠠᠷ ᠣᠷᠣᠨ᠎ᠤ ᠡᠪᠡᠳᠴᠢᠲᠡᠨ᠎ᠦ ᠣᠨᠣᠱᠢᠯᠠᠨ ᠡᠮᠨᠡᠬᠦ᠌ ᠬᠡᠮᠵᠢᠶ᠎ᠡ ᠶᠡᠬᠡ᠂ ᠢᠨᠲ᠋ᠧᠷ ᠰᠦᠯᠵᠢᠶ᠎ᠡ᠎ᠪᠡᠷ ᠣᠨᠣᠱᠢᠯᠠᠨ ᠡᠮᠨᠡᠬᠦ᠌ ᠲᠦᠭ᠌ᠰᠢᠭᠦᠷᠢ᠎ᠶ᠋ᠢ ᠡᠵᠡᠮᠳᠡᠵᠦ᠍ ᠪᠣᠯᠬᠤ ᠬᠣᠶᠠᠷ ᠴᠢᠬᠤᠯᠠ ᠨᠥᠬᠥᠴᠡᠯ᠎ᠢ ᠪᠣᠳᠣᠯᠬᠢᠯᠠᠵᠤ ᠶᠡᠷᠦᠩᠬᠡᠢᠯᠡᠨ ᠦᠨᠡᠯᠡᠨ ᠵᠢᠱ᠌ᠢᠪᠠ᠃ ᠡᠭᠦᠨ᠎ᠡᠴᠡ ᠭᠠᠳᠠᠨ᠎ᠠ ᠡᠲᠡᠭᠡᠷ ᠲᠤᠰᠭᠠᠶ ᠮᠡᠷᠭᠡᠵᠢᠯ᠎ᠦᠨ ᠬᠡᠦᠬᠡᠳ᠎ᠦᠨ ᠡᠪᠡᠳᠴᠢᠨ᠎ᠦ ᠪᠠᠢᠳᠠᠯ ᠨᠢ ᠬᠠᠷᠢᠴᠠᠩᠭᠤᠶ᠎ᠪᠠᠷ ᠲᠣᠭ᠍ᠲᠠᠭᠤᠨ ᠪᠠᠢᠵᠤ᠂ ᠣᠨᠣᠱᠢᠯᠠᠯᠲᠠ ᠨᠢ ᠠᠰᠠᠭᠤᠯᠲᠠ ᠪᠠ ᠬᠠᠷᠠᠭᠠᠨ ᠰᠡᠷᠡᠯ᠎ᠦᠨ ᠮᠡᠳᠡᠭᠡ ᠵᠠᠩᠭᠢ᠎ᠳᠤ ᠨᠠᠩ ᠢᠯᠡᠭᠦᠦ ᠲᠦᠱᠢᠭ᠌ᠯᠡᠳᠡᠭ᠂ ᠵᠢᠱ᠌ᠢᠶᠡᠯᠡᠪᠡᠯ ᠠᠷᠠᠰᠤᠨ᠎ᠤ ᠬᠡᠷᠡᠯ ᠵᠢᠷᠤᠭ ᠵᠡᠷᠭᠡ ᠪᠤᠯᠤᠨ᠎ᠠ ᠬᠡᠵᠤ ᠬᠡᠦᠬᠡᠳ᠎ᠦᠨ ᠰᠠᠯᠠᠭᠠᠨ᠎ᠤ ᠲᠤᠰᠭᠠᠶ ᠮᠡᠷᠭᠡᠵᠢᠯᠲᠡᠨ ᠢᠯᠡᠳᠬᠡᠪᠡ᠃

ᠰᠦᠯᠵᠢᠶᠡᠨ ᠳᠡᠭᠡᠷ᠎ᠡ ᠠᠩᠬ᠎ᠠ ᠣᠨᠣᠱᠢᠯᠠᠬᠤ᠎ᠳᠤ ᠶᠠᠰᠤ ᠴᠢᠨᠠᠷ᠎ᠤᠨ ᠠᠮᠤᠷ ᠲᠦᠪᠱᠢᠨ ᠪᠣᠯ ᠵᠠᠩᠭᠢᠯᠠᠭ᠎ᠠ ᠪᠣᠯᠤᠨ᠎ᠠ —

ᠲᠤᠷᠱᠢᠯᠲᠠ᠎ᠶ᠋ᠢᠨ ᠲᠥᠰᠦᠯ᠎ᠳᠦ ᠦᠭᠬᠦᠭᠰᠡᠨ ᠬᠠᠷᠢᠭᠤᠯᠲᠠ ᠪᠤᠯ᠄ ᠠᠮᠤᠷ ᠲᠦᠪᠱᠢᠨ ᠪᠣᠯ ᠡᠮᠴᠢ ᠡᠴᠡ ᠠᠵᠢᠯ᠎ᠤᠨ ᠶᠠᠪᠤᠴᠠ ᠬᠦᠷᠲᠡᠯᠡᠬᠢ 《ᠥᠨᠳᠥᠷ ᠪᠣᠱᠣᠭ᠎ᠠ》 ᠪᠠ 《ᠴᠢᠩᠭ᠎ᠠ ᠬᠢᠨᠠᠨ ᠬᠠᠮᠢᠶᠠᠷᠤᠯᠳᠠ》 ᠳᠡᠭᠡᠷ᠎ᠡ ᠪᠠᠢᠭᠤᠯᠤᠭ᠍ᠳᠠᠭ᠍ᠰᠠᠨ ᠶᠤᠮ᠃

ᠡᠮᠴᠢ᠎ᠶ᠋ᠢᠨ 《ᠪᠣᠱᠣᠭ᠎ᠠ ᠥᠨᠳᠥᠷ》᠃ ᠲᠤᠷᠱᠢᠯᠲᠠ᠎ᠶ᠋ᠢᠨ ᠴᠡᠭ᠎ᠦᠨ ᠱᠠᠭᠠᠷᠳᠠᠯᠭ᠎ᠠ᠎ᠶ᠋ᠢ ᠦᠨᠳᠦᠰᠦᠯᠡᠪᠡᠯ᠂ ᠠᠩᠬᠠᠨ᠎ᠤ ᠣᠨᠣᠱᠢᠯᠠᠯᠲᠠ᠎ᠶ᠋ᠢᠨ ᠡᠮᠴᠢ᠎ᠨᠢ ᠬᠠᠤᠯᠢ ᠶᠣᠰᠣᠭᠠᠷ ᠵᠣᠬᠢᠴᠠᠩᠭᠤᠶ ᠠᠵᠢᠯ ᠡᠷᠭᠢᠯᠡᠬᠦ᠌ ᠬᠢᠷᠢ ᠬᠡᠮ᠎ᠢ ᠣᠯᠵᠤ᠂ 3 ᠵᠢᠯ᠎ᠡᠴᠡ ᠳᠡᠭᠡᠭ᠌ᠰᠢ ᠪᠡᠶ᠎ᠡ᠎ᠪᠡᠨ ᠳᠠᠭᠠᠭᠠᠭ᠍ᠰᠠᠨ ᠡᠮᠴᠢᠯᠡᠭᠡᠨ᠎ᠦ ᠠᠵᠢᠯ᠎ᠤᠨ ᠲᠤᠷᠱᠢᠯᠭ᠎ᠠ᠎ᠲᠠᠶ ᠪᠥᠭᠡᠳ ᠭᠤᠤᠯ ᠡᠮᠴᠢ ᠵᠢᠴᠢ ᠲᠡᠭᠦᠨ᠎ᠡᠴᠡ ᠳᠡᠭᠡᠭ᠌ᠰᠢᠬᠢ ᠮᠡᠷᠭᠡᠵᠢᠯ᠎ᠦᠨ ᠴᠣᠯᠠ᠎ᠲᠠᠶ ᠪᠠᠢᠬᠤ ᠬᠡᠷᠡᠭ᠌ᠲᠡᠶ᠃ ᠪᠠᠰᠠ 1 ᠵᠢᠯ᠎ᠡᠴᠡ ᠳᠡᠭᠡᠭ᠌ᠰᠢ ᠢᠨᠲ᠋ᠧᠷ ᠰᠦᠯᠵᠢᠶ᠎ᠡ᠎ᠪᠡᠷ ᠳᠠᠬᠢᠨ ᠡᠮᠨᠡᠬᠦ᠌ ᠡᠮᠴᠢᠯᠡᠭᠡᠨ᠎ᠦ ᠲᠤᠷᠱᠢᠯᠭ᠎ᠠ᠎ᠲᠠᠶ ᠪᠠᠢᠵᠤ᠂ ᠡᠮᠨᠡᠯᠭᠡ᠎ᠶ᠋ᠢᠨ ᠬᠣᠷᠢᠶᠠᠨ᠎ᠤ ᠳᠣᠲᠣᠷᠠᠬᠢ ᠢᠨᠲ᠋ᠧᠷ ᠰᠦᠯᠵᠢᠶ᠎ᠡ᠎ᠪᠡᠷ ᠣᠨᠣᠱᠢᠯᠠᠨ ᠡᠮᠨᠡᠬᠦ᠌ ᠪᠣᠯᠪᠠᠰᠤᠷᠠᠯ᠎ᠢ ᠪᠡᠶᠡᠯᠡᠭᠦᠯᠬᠦ᠌᠎ᠶ᠋ᠢᠨ ᠬᠠᠮᠲᠤ ᠬᠢᠨᠠᠨ ᠱᠢᠯᠭᠠᠯᠲᠠ᠎ᠶ᠋ᠢ ᠥᠩᠭᠡᠷᠡᠭᠡᠬᠦ᠌ ᠬᠡᠷᠡᠭ᠌ᠲᠡᠶ᠃ ᠬᠣᠶᠠᠷ ᠲᠤᠷᠱᠢᠯᠲᠠ᠎ᠶ᠋ᠢᠨ ᠴᠡᠭ᠎ᠦᠨ ᠡᠮᠨᠡᠯᠭᠡ᠎ᠶ᠋ᠢᠨ ᠬᠣᠷᠢᠶ᠎ᠠ ᠠᠩᠬ᠎ᠠ ᠤᠨᠤᠰᠢᠯᠠᠬᠤ ᠶᠡᠬᠡ ᠡᠮᠴᠢ᠎ᠳᠦ 《ᠴᠠᠭᠠᠨ ᠲᠠᠩᠰᠠ》 ᠎ᠵᠢᠨ ᠬᠥᠳᠡᠯᠦᠩᠭᠦᠶ ᠬᠠᠮᠢᠶᠠᠷᠤᠯᠲᠠ᠎ᠶ᠋ᠢ ᠬᠡᠷᠡᠭ᠌ᠵᠢᠭᠦᠯᠵᠦ᠍᠂ ᠠᠵᠢᠯᠲᠠᠨ᠎ᠤ ᠴᠢᠳᠠᠪᠤᠷᠢ᠎ᠶ᠋ᠢ ᠦᠷᠭᠦᠯᠵᠢᠯᠡᠨ ᠪᠠᠷᠢᠮᠵᠢᠶ᠎ᠠ᠎ᠳᠤ ᠬᠦᠷᠭᠡᠬᠦ᠌᠎ᠶ᠋ᠢ ᠦᠨᠡᠨ ᠬᠦ᠌ ᠪᠠᠲᠤᠯᠠᠨ᠎ᠠ᠃

ᠶᠠᠪᠤᠴᠠ ᠨᠢ 《ᠦᠵᠡᠭ᠌ᠳᠡᠨ᠎ᠡ》᠃ ᠲᠤᠷᠱᠢᠯᠲᠠ᠎ᠳᠤ᠂ ᠬᠡᠦᠬᠡᠳ᠎ᠲᠦ ᠠᠩᠬᠠᠨ᠎ᠤ ᠣᠨᠣᠱᠢᠯᠠᠯᠲᠠ᠎ᠶ᠋ᠢᠨ ᠦᠶ᠋ᠯᠡᠴᠢᠯᠡᠭᠡ ᠬᠠᠩᠭᠠᠬᠤ᠎ᠳ᠋ᠤ ᠡᠪᠡᠳᠴᠢᠨ ᠦᠵᠡᠬᠦᠯᠬᠦ ᠬᠡᠦᠬᠡᠳ ᠬᠠᠷᠠᠭᠠᠯᠵᠠᠨ ᠬᠠᠮᠠᠭᠠᠯᠠᠭ᠍ᠴᠢ᠎ᠲᠠᠶ ᠪᠠᠢᠬᠤ᠎ᠶ᠋ᠢ ᠲᠣᠳᠣᠷᠬᠠᠶ ᠱᠠᠭᠠᠷᠳᠠᠪᠠ᠃ ᠪᠡᠭᠡᠵᠢᠩ ᠬᠣᠲᠠ᠎ᠶ᠋ᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠵᠥᠪᠯᠡᠯ᠎ᠦᠨ᠎ᠬᠢᠨ ᠪᠡᠭᠡᠵᠢᠩ ᠬᠣᠲᠠ᠎ᠶ᠋ᠢᠨ ᠢᠨᠲ᠋ᠧᠷ ᠰᠦᠯᠵᠢᠶ᠎ᠡ᠎ᠪᠡᠷ ᠣᠨᠣᠱᠢᠯᠠᠨ ᠡᠮᠨᠡᠬᠦ᠌᠎ᠶ᠋ᠢ ᠬᠢᠨᠠᠨ ᠬᠠᠮᠢᠶᠠᠷᠬᠤ ᠲᠠᠪᠴᠠᠩ᠎ᠤᠨ ᠦᠶ᠋ᠯᠡᠳᠦᠯ᠎ᠢ ᠭᠦᠶ᠋ᠴᠡᠳ ᠪᠠᠳᠠᠷᠠᠭᠤᠯᠵᠤ᠂ ᠮᠡᠳᠡᠭᠡ ᠵᠠᠩᠭᠢᠵᠢᠭᠤᠯᠤᠨ ᠬᠢᠨᠠᠨ ᠬᠠᠮᠢᠶᠠᠷᠬᠤ ᠪᠠ ᠮᠦᠨ ᠴᠢᠨᠠᠷ᠎ᠢ ᠢᠯᠡᠷᠡᠭᠦᠯᠬᠦ ᠮᠠᠶᠢᠭ᠎ᠤᠨ ᠬᠢᠨᠠᠨ ᠬᠠᠮᠢᠶᠠᠷᠬᠤ᠎ᠶ᠋ᠢ ᠴᠢᠩᠭᠠᠳᠭᠠᠵᠤ᠂ ᠡᠮᠴᠢᠯᠡᠭᠡᠨ᠎ᠦ ᠪᠠᠢᠭᠤᠯᠤᠮᠵᠢ᠎ᠶ᠋ᠢᠨ ᠠᠵᠢᠯ ᠡᠷᠭᠢᠯᠡᠬᠦ᠌ ᠮᠡᠳᠡᠭᠡ ᠵᠠᠩᠭᠢ᠂ ᠠᠵᠢᠯᠲᠠᠨ᠎ᠤ ᠬᠢᠷᠢ ᠬᠡᠮ᠂ ᠣᠨᠣᠱᠢᠯᠠᠨ ᠡᠮᠨᠡᠬᠦ᠌ ᠲᠣᠭ᠎ᠠ ᠪᠠᠷᠢᠮᠲᠠ ᠪᠠ ᠠᠵᠢᠯᠯᠠᠭ᠎ᠠ᠎ᠶ᠋ᠢᠨ ᠪᠥᠬᠥ᠌ ᠶᠠᠪᠤᠴᠠ᠎ᠳᠤ ᠣᠷᠣᠮ ᠦᠯᠡᠳᠡᠭᠡᠬᠦ᠌᠂ ᠮᠥᠷᠳᠡᠵᠦ᠍ ᠪᠣᠯᠬᠤ᠎ᠶ᠋ᠢ ᠦᠨᠡᠨ ᠬᠦ᠌ ᠪᠠᠲᠤᠯᠠᠬᠤ ᠪᠤᠯᠤᠨ᠎ᠠ᠃

ᠡᠭᠦᠨ᠎ᠡᠴᠡ ᠭᠠᠳᠠᠨ᠎ᠠ᠂ ᠡᠪᠡᠳᠴᠢᠲᠡᠨ᠎ᠦ ᠡᠪᠡᠳᠴᠢᠨ᠎ᠦ ᠪᠠᠢᠳᠠᠯ᠎ᠳᠤ ᠬᠤᠪᠢᠷᠠᠯᠲᠠ ᠭᠠᠷᠤᠭ᠍ᠰᠠᠨ ᠪᠤᠶᠤ ᠢᠨᠲ᠋ᠧᠷ ᠰᠦᠯᠵᠢᠶ᠎ᠡ᠎ᠪᠡᠷ ᠣᠨᠣᠱᠢᠯᠠᠨ ᠡᠮᠨᠡᠬᠦ᠌᠎ᠳᠦ ᠲᠣᠬᠢᠷᠠᠮᠵᠢ ᠥᠬᠡᠶ ᠪᠤᠰᠤᠳ ᠪᠠᠢᠳᠠᠯ ᠣᠷᠣᠱᠢᠵᠤ ᠪᠠᠢᠪᠠᠯ᠂ ᠭᠥᠯᠢᠶᠡᠨ ᠠᠪᠤᠭ᠍ᠰᠠᠨ ᠡᠮᠴᠢ᠎ᠨᠢ ᠢᠨᠲ᠋ᠧᠷ ᠰᠦᠯᠵᠢᠶ᠎ᠡ᠎ᠪᠡᠷ ᠣᠨᠣᠱᠢᠯᠠᠨ ᠡᠮᠨᠡᠬᠦ᠌ ᠠᠵᠢᠯᠯᠠᠭ᠎ᠠ᠎ᠪᠠᠨ ᠳᠠᠷᠤᠢᠬᠠᠨ ᠵᠣᠭ᠍ᠰᠣᠭᠠᠬᠤ᠎ᠶ᠋ᠢᠨ ᠬᠠᠮᠲᠤ ᠡᠪᠡᠳᠴᠢᠲᠡᠨ᠎ᠢ ᠬᠥᠲᠥᠯᠦᠨ ᠵᠢᠯᠣᠭᠣᠳᠴᠤ᠌ ᠪᠠᠢᠭᠠᠳ ᠪᠣᠳᠠᠲᠤ ᠴᠣᠭ᠍ᠴᠠ᠎ᠶ᠋ᠢᠨ ᠡᠮᠴᠢᠯᠡᠭᠡᠨ᠎ᠦ ᠪᠠᠢᠭᠤᠯᠤᠮᠵᠢ᠎ᠳᠤ ᠡᠪᠡᠳᠴᠢᠨ᠎ᠢᠶᠡᠨ ᠦᠵᠡᠭᠦᠯᠬᠦ᠌ ᠪᠤᠯᠤᠨ᠎ᠠ᠃

ᠳᠤᠮᠳᠠᠳᠤ ᠤᠯᠤᠰ᠎ᠤᠨ ᠡᠪᠡᠳᠴᠢᠲᠡᠨ᠎ᠦ ᠠᠮᠤᠷ ᠲᠦᠪᠱᠢᠨ᠎ᠦ ᠬᠥᠮᠦᠵᠢᠯ ᠪᠠ ᠰᠤᠳᠤᠯᠭᠠᠨ᠎ᠤ ᠬᠠᠮᠵᠢᠯᠴᠠᠭᠠᠨ᠎ᠤ ᠰᠦᠯᠵᠢᠶ᠎ᠡ᠎ᠶ᠋ᠢᠨ ᠪᠡᠭᠡᠵᠢᠩ᠎ᠦᠨ ᠠᠵᠢᠯᠯᠠᠬᠤ ᠳᠤᠭᠤᠢᠯᠠᠩ᠎ᠤᠨ ᠳᠠᠷᠤᠭ᠎ᠠ ᠸᠠᠩ ᠫᠢᠩ᠂ ᠠᠯᠢᠪᠠ ᠡᠪᠡᠳᠴᠢᠨ ᠡᠮᠭᠡᠭ  ᠰᠦᠯᠵᠢᠶᠡᠨ ᠳᠡᠭᠡᠷ᠎ᠡ ᠠᠩᠬ᠎ᠠ ᠣᠨᠣᠱᠢᠯᠠᠬᠤ᠎ᠳᠤ ᠳᠣᠭᠢᠷᠠᠬᠤ ᠪᠢᠰᠢ᠂ ᠪᠠᠴᠢᠮ ᠬᠦᠨᠳᠦ ᠡᠪᠡᠳᠴᠢᠨ᠂ ᠨᠠᠷᠢᠨ ᠪᠤᠳᠤᠯᠢᠶᠠᠨᠲᠠᠶ ᠡᠪᠡᠳᠴᠢᠨ᠎ᠢ ᠮᠥᠨ ᠬᠦ᠌ ᠪᠤᠳᠠᠳᠤ ᠴᠤᠭᠴᠠ ᠳ᠋ᠦ ᠤᠨᠤᠰᠢᠯᠠᠬᠤ ᠵᠢ ᠲᠡᠷᠢᠭᠦᠨ᠎ᠳᠦ ᠰᠣᠩᠭᠣᠪᠠᠯ ᠵᠣᠬᠢᠨ᠎ᠠ᠃ ᠰᠦᠯᠵᠢᠶᠡᠨ ᠳᠡᠭᠡᠷ᠎ᠡ ᠪᠠ ᠪᠤᠳᠠᠳᠤ ᠴᠤᠭᠴᠠ ᠪᠣᠯ ᠬᠠᠷᠢᠯᠴᠠᠨ ᠨᠥᠬᠥᠪᠥᠷᠢᠯᠡᠵᠦ᠍ ᠬᠠᠮᠵᠢᠯᠴᠠᠬᠤ ᠬᠠᠷᠢᠴᠠᠭ᠎ᠠ ᠮᠥᠨ᠂ ᠡᠷᠬᠡᠪᠰᠢ ᠠᠳᠠᠯᠢ ᠨᠢᠭᠡᠨ ᠢᠵᠢ ᠶᠠᠰᠤ ᠴᠢᠨᠠᠷ᠎ᠤᠨ ᠠᠮᠤᠷ ᠲᠦᠪᠱᠢᠨ᠎ᠦ ᠪᠠᠷᠢᠮᠵᠢᠶ᠎ᠠ᠎ᠶ᠋ᠢ ᠵᠢᠷᠤᠮᠯᠠᠵᠤ᠂ ᠰᠦᠯᠵᠢᠶᠡᠨ ᠳᠡᠭᠡᠷ᠎ᠡ ᠪᠠ ᠪᠤᠳᠠᠳᠤ ᠴᠤᠭᠴᠠ ᠨᠢᠭᠡ ᠴᠤᠭ᠍ᠴᠠᠵᠢᠭ᠍ᠰᠠᠨ ᠶᠠᠰᠤ ᠴᠢᠨᠠᠷ᠎ᠢ ᠡᠵᠡᠮᠳᠡᠬᠦ᠌ ᠱᠢᠰᠲ᠋ᠧᠮ᠎ᠢ ᠪᠠᠢᠭᠤᠯᠬᠤ ᠬᠡᠷᠡᠭ᠌ᠲᠡᠶ ᠬᠡᠵᠤ ᠢᠯᠡᠳᠬᠡᠪᠡ᠃

《ᠨᠢᠭᠡ ᠰᠦᠯᠵᠢᠶ᠎ᠡ》 ᠪᠡᠷ ᠨᠡᠪᠳᠡᠷᠡᠯᠴᠡᠵᠦ ᠲᠣᠭᠠᠴᠢᠯᠠᠭ᠍ᠰᠠᠨ ᠡᠮᠴᠢᠯᠡᠭᠡᠨ᠎ᠦ ᠬᠦᠭᠵᠢᠯᠳᠡ᠎ᠶ᠋ᠢ ᠲᠦᠷᠭᠡᠳᠭᠡᠪᠡ  —

ᠪᠠᠢᠭᠤᠯᠤᠮᠵᠢ ᠵᠢᠨ ᠤᠷᠤᠬᠤ ᠵᠢ ᠵᠥᠪᠱᠢᠶᠡᠷᠡᠬᠦ᠂ ᠡᠮᠴᠢ᠎ᠶ᠋ᠢᠨ ᠬᠢᠷᠢ ᠬᠡᠮ᠂ ᠣᠨᠣᠱᠢᠯᠠᠨ ᠡᠮᠨᠡᠬᠦ᠌ ᠴᠤᠪᠤᠷᠠᠯ᠎ᠡᠴᠡ ᠳ᠋ᠠᠢᠲ᠋ᠠ᠎ᠶ᠋ᠢᠨ ᠬᠢᠨᠠᠯᠲᠠ ᠬᠠᠮᠢᠶᠠᠷᠤᠯᠲᠠ ᠵᠡᠷᠭᠡ ᠬᠦᠷᠲᠡᠯ᠎ᠡ᠂ ᠢᠨᠲ᠋ᠧᠷ ᠰᠦᠯᠵᠢᠶ᠎ᠡ᠎ᠪᠡᠷ ᠣᠨᠣᠱᠢᠯᠠᠨ ᠡᠮᠨᠡᠬᠦ᠌ ᠠᠩᠬᠠᠨ᠎ᠤ ᠡᠮᠴᠢᠯᠡᠭᠡᠨ᠎ᠦ ᠲᠤᠷᠱᠢᠯᠲᠠ᠎ᠶ᠋ᠢ ᠡᠬᠢᠯᠡᠭᠦᠯᠦᠭ᠌ᠰᠡᠨ᠎ᠨᠢ ᠪᠠᠰᠠ 《ᠢᠨᠲ᠋ᠧᠷ ᠰᠦᠯᠵᠢᠶ᠎ᠡ + ᠡᠮᠴᠢᠯᠡᠭᠡ ᠡᠷᠡᠭᠦᠯ ᠮᠡᠨᠳᠦ》 ᠎ᠶ᠋ᠢᠨ ᠠᠮᠢ ᠠᠬᠤᠶ᠎ᠶ᠋ᠢ ᠲᠠᠰ ᠳᠡᠪᠱᠢᠭᠦᠯᠬᠦ᠌᠎ᠶ᠋ᠢ ᠳᠠᠢᠴᠢᠯᠠᠬᠤ ᠲᠤᠯᠬᠤ ᠴᠡᠭ ᠪᠣᠯᠵᠣ ᠮᠡᠳᠡᠨ᠎ᠡ᠃

ᠨᠠᠨᠵᠢᠩ ᠶᠡᠬᠡ ᠰᠤᠷᠭᠠᠭᠤᠯᠢ᠎ᠶ᠋ᠢᠨ ᠡᠷᠡᠭᠦᠯ ᠬᠠᠮᠠᠭᠠᠯᠠᠯ᠎ᠤᠨ ᠲᠥᠷᠥ᠎ᠶ᠋ᠢᠨ ᠪᠣᠳᠣᠯᠭ᠎ᠠ ᠬᠢᠭᠡᠳ ᠬᠠᠮᠢᠶᠠᠷᠤᠯᠲᠠ᠎ᠶ᠋ᠢᠨ ᠰᠤᠳᠤᠯᠭᠠᠨ᠎ᠤ ᠲᠥᠪ᠎ᠦᠨ ᠡᠷᠬᠢᠯᠡᠭ᠌ᠴᠢ ᠬᠥ᠋ ᠬᠠᠶ᠎ᠶ᠋ᠢᠨ ᠦᠵᠡᠬᠦ᠌᠎ᠪᠡᠷ᠂ ᠵᠣᠷ᠎ᠤᠨ ᠡᠷᠬᠡ᠎ᠶ᠋ᠢ ᠰᠦᠯᠵᠢᠶᠡᠨ ᠳᠡᠭᠡᠷ᠎ᠡ ᠪᠡᠶᠡᠯᠡᠭᠦᠯᠬᠦ᠌ ᠨᠢ ᠢᠨᠲ᠋ᠸᠷ ᠰᠦᠯᠵᠢᠶᠡᠨ᠎ᠦ ᠡᠮᠴᠢᠯᠡᠭᠡ ᠨᠢ ᠡᠮᠴᠢᠯᠡᠭᠡᠨ᠎ᠦ ᠦᠶ᠋ᠯᠡᠴᠢᠯᠡᠭᠡ᠎ᠶ᠋ᠢᠨ ᠭᠤᠤᠯ ᠭᠣᠭ᠍ᠴᠣᠭ᠎ᠠ᠎ᠶ᠋ᠢ ᠦᠨᠡᠨ ᠬᠦ᠌ ᠭᠦᠨᠳᠡᠭ᠌ᠰᠡᠨ᠎ᠢ ᠬᠠᠷᠠᠭᠤᠯᠵᠤ ᠪᠠᠢᠨ᠎ᠠ᠃ ᠭᠠᠭ᠍ᠴᠠ ᠬᠦ᠌ 《ᠣᠨᠣᠱᠢᠯᠠᠬᠤ᠂ ᠡᠮᠨᠡᠬᠦ᠌᠂ ᠡᠮ᠂ ᠲᠠᠭᠠᠳᠬᠠᠯ》 ᠢ᠋ ᠪᠥᠬᠥ᠌ ᠱᠤᠭᠤᠮ᠎ᠢᠶᠠᠷ ᠨᠡᠪᠲᠡᠷᠡᠭᠦᠯᠪᠡᠯ᠂ ᠢᠨᠲ᠋ᠸᠷ ᠰᠦᠯᠵᠢᠶ᠎ᠡ᠎ᠪᠡᠷ ᠣᠨᠣᠱᠢᠯᠠᠨ ᠡᠮᠨᠡᠬᠦ᠌ ᠨᠢ ᠰᠠᠶᠢ ᠠᠷᠠᠳ᠎ᠲᠤ ᠲᠥᠬᠥᠮ ᠦᠵᠡᠭᠦᠯᠵᠦ᠍ ᠠᠷᠠᠳ᠎ᠲᠤ ᠠᠱᠢᠭ ᠬᠦᠷᠲᠡᠭᠡᠬᠦ᠌ ᠳᠠᠯᠳᠠ ᠬᠦᠴᠦᠨ᠎ᠢ ᠦᠨᠡᠨ ᠬᠦ᠌ ᠪᠠᠳᠠᠷᠠᠭᠤᠯᠵᠤ ᠴᠢᠳᠠᠨ᠎ᠠ ᠬᠡᠵᠡᠢ᠃

ᠡᠮ ᠬᠤᠳᠠᠯᠳᠤᠬᠤ ᠣᠯᠠᠨ ᠲᠠᠪᠴᠠᠩ᠂ ᠢᠨᠲ᠋ᠧᠷ ᠰᠦᠯᠵᠢᠶᠡᠨ᠎ᠦ ᠡᠮᠴᠢᠯᠡᠭᠡᠨ᠎ᠦ ᠬᠦᠷᠢᠶᠡᠨ᠎ᠳᠡᠬᠢ ᠠᠵᠢᠯ ᠲᠥᠷᠥᠯ᠎ᠦᠨ ᠬᠥᠮᠦᠰ ᠤ᠋ᠨ ᠰᠠᠨᠠᠭᠤᠯᠬᠤ᠎ᠪᠡᠷ᠂ ᠡᠯᠧᠺᠲ᠋ᠷᠣᠨ ᠵᠣᠷ᠎ᠤᠨ ᠡᠷᠭᠢᠯᠲᠡ᠎ᠶ᠋ᠢᠨ ᠲᠠᠪᠴᠠᠩ᠎ᠤᠨ ᠪᠠᠢᠭᠤᠯᠤᠯᠲᠠ᠎ᠶ᠋ᠢ ᠲᠦᠷᠭᠡᠳᠭᠡᠨ ᠠᠬᠢᠭᠤᠯᠵᠤ᠂ ᠡᠮᠨᠡᠯᠭᠡ᠎ᠶ᠋ᠢᠨ ᠬᠣᠷᠢᠶ᠎ᠠ᠎ᠶ᠋ᠢᠨ ᠪᠢᠴᠢᠵᠦ᠍ ᠥᠭ᠌ᠭᠦᠭ᠌ᠰᠡᠨ ᠡᠯᠧᠺᠲ᠋ᠷᠣᠨ ᠵᠣᠷ᠎ᠢ ᠡᠪᠡᠳᠴᠢᠲᠡᠨ᠎ᠦ ᠣᠢᠷ᠎ᠠ ᠬᠠᠪᠢ᠎ᠶ᠋ᠢᠨ ᠲᠣᠭ᠍ᠲᠠᠭ᠍ᠰᠠᠨ ᠡᠮ᠎ᠦᠨ ᠳᠡᠯᠭᠡᠭᠦᠷ᠎ᠲᠦ ᠠᠮᠤᠷ ᠲᠦᠪᠱᠢᠨ᠎ᠢᠶᠡᠷ ᠱᠢᠯᠵᠢᠭᠦᠯᠬᠦ᠌᠎ᠶ᠋ᠢ ᠪᠡᠶᠡᠯᠡᠭᠦᠯᠵᠦ᠍᠂ ᠡᠪᠡᠳᠴᠢᠲᠡᠨ ᠥᠪᠡᠰᠦᠪᠡᠨ ᠳᠡᠯᠭᠡᠭᠦᠷ᠎ᠲᠦ ᠬᠦᠷᠴᠦ᠍ ᠡᠮ ᠠᠪᠬᠤ ᠪᠤᠶᠤ ᠲᠣᠬᠢᠷᠠᠭᠤᠯᠤᠨ ᠬᠦᠷᠭᠡᠬᠦ᠌᠎ᠶ᠋ᠢ ᠰᠣᠩᠭᠣᠵᠤ ᠪᠣᠯᠤᠨ᠎ᠠ᠃ ᠡᠭᠦᠨ᠎ᠦ ᠵᠡᠷᠭᠡ᠎ᠪᠡᠷ᠂ ᠡᠮᠴᠢᠯᠡᠭᠡᠨ᠎ᠤ ᠳᠠᠭᠠᠳᠭᠠᠯ᠎ᠤᠨ ᠰᠠᠯᠠᠭ᠎ᠠ ᠮᠥᠴᠢᠷ ᠨᠥᠬᠥᠴᠡᠯ᠎ᠳᠦ ᠨᠡᠢᠴᠡᠬᠦ᠌ ᠢᠨᠲ᠋ᠸᠷ ᠰᠦᠯᠵᠢᠶᠡᠨ᠎ᠦ ᠠᠩᠬ᠎ᠠ ᠣᠨᠣᠱᠢᠯᠠᠬᠤ ᠦᠶ᠋ᠯᠡᠴᠢᠯᠡᠭᠡ᠎ᠶ᠋ᠢ ᠡᠮᠴᠢᠯᠡᠭᠡᠨ᠎ᠤ ᠳᠠᠭᠠᠳᠭᠠᠯ᠎ᠤᠨ ᠳᠥᠯᠥᠬᠦ᠌ ᠬᠡᠪᠴᠢᠶᠡᠨ᠎ᠳᠦ ᠣᠷᠣᠭᠤᠯᠬᠤ᠎ᠶ᠋ᠢ ᠰᠦᠪᠡᠭ᠌ᠴᠢᠯᠡᠬᠦ᠌᠎ᠶ᠋ᠢᠨ ᠬᠠᠮᠲᠤ ᠰᠦᠯᠵᠢᠶᠡᠨ ᠳᠡᠭᠡᠷ᠎ᠡ ᠲᠡᠰᠦᠯᠦᠨ ᠪᠤᠳᠤᠬᠤ ᠵᠣᠬᠢᠴᠠᠩᠭᠤᠶ ᠶᠠᠪᠤᠴᠠ᠎ᠶ᠋ᠢ ᠲᠣᠭ᠍ᠲᠠᠭᠠᠬᠤ ᠬᠡᠷᠡᠭ᠌ᠲᠡᠶ ᠬᠡᠵᠡᠢ᠃

ᠡᠮ ᠡᠮᠨᠡᠯᠭᠡ᠎ᠶ᠋ᠢᠨ ᠠᠵᠢᠯ ᠲᠥᠷᠥᠯ᠎ᠦᠨ AI ᠱᠢᠨ᠎ᠡ᠎ᠶ᠋ᠢ ᠡᠭᠦᠳᠬᠦ᠌ ᠬᠣᠯᠪᠣᠭ᠎ᠠ᠎ᠶ᠋ᠢᠨ ᠨᠠᠷᠢᠨ ᠪᠢᠴᠢᠭ᠎ᠦᠨ ᠳᠠᠷᠤᠭ᠎ᠠ ᠵᠠᠩ ᠷᠦᠢ᠎ᠶ᠋ᠢᠨ ᠦᠵᠡᠬᠦ᠌᠎ᠪᠡᠷ᠂ ᠠᠩᠬᠠᠨ᠎ᠤ ᠣᠨᠣᠱᠢᠯᠠᠯᠲᠠ᠎ᠶ᠋ᠢᠨ ᠲᠤᠷᠱᠢᠯᠲᠠ ᠴᠤ᠌ ᠡᠮᠴᠢᠯᠡᠭᠡᠨ᠎ᠦ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ 《ᠲᠦᠷᠭᠡᠳᠭᠡᠭᠦᠷ》 ᠪᠣᠯᠬᠤ ᠪᠣᠯᠤᠨ᠎ᠠ᠃ ᠲᠡᠷᠡ᠎ᠨᠢ ᠥᠨᠳᠥᠷ ᠲᠣᠳᠣᠴᠠᠳᠤ ᠸᠢᠳᠢᠣ᠋᠎ᠪᠠᠷ ᠣᠨᠣᠱᠢᠯᠠᠨ ᠡᠮᠨᠡᠬᠦ᠌᠂ ᠣᠶᠤᠨᠴᠢ᠎ᠪᠠᠷ ᠬᠤᠪᠢᠶᠠᠨ ᠣᠨᠣᠱᠢᠯᠠᠬᠤ᠂ ᠡᠯᠧᠺᠲ᠋ᠷᠣᠨ ᠡᠪᠡᠳᠴᠢᠨ᠎ᠦ ᠲᠡᠦᠬᠡ᠎ᠶ᠋ᠢ ᠬᠠᠮᠲᠤ᠎ᠪᠠᠷ ᠡᠳ᠋ᠯᠡᠬᠦ᠌᠂ ᠡᠮᠴᠢᠯᠡᠭᠡᠨ᠎ᠦ AI ᠎ᠶ᠋ᠢᠨ ᠬᠠᠪᠰᠤᠷᠤᠮᠵᠢ ᠣᠨᠣᠱᠢᠯᠠᠯ᠂ ᠠᠯᠤᠰ ᠡᠵᠡᠮᠱᠢᠯᠲᠦ ᠬᠢᠨᠠᠨ ᠬᠡᠮᠵᠢᠬᠦ᠌ ᠲᠥᠬᠥᠭᠡᠷᠦᠮᠵᠢ ᠵᠡᠷᠭᠡ ᠮᠡᠷᠭᠡᠵᠢᠯ ᠪᠠ ᠦᠶ᠋ᠯᠡᠳᠬᠦᠨ᠎ᠳᠦ ᠨᠠᠩ ᠥᠨᠳᠥᠷ ᠬᠡᠷᠡᠭ᠌ᠴᠡᠭᠡ ᠱᠠᠭᠠᠷᠳᠠᠯᠭ᠎ᠠ ᠳᠤᠷᠠᠳᠭᠤ ᠪᠣᠯᠤᠨ᠎ᠠ ᠬᠡᠵᠡᠢ᠃

ᠬᠣᠯᠪᠣᠭ᠍ᠳᠠᠯ ᠪᠥᠬᠥᠶ ᠢᠵᠢ ᠪᠥᠷᠢᠳᠦᠭᠦᠯᠬᠦ᠌ ᠲᠥᠷᠥ᠎ᠶ᠋ᠢᠨ ᠪᠣᠳᠣᠯᠭ᠎ᠠ᠎ᠶ᠋ᠢᠨ ᠬᠠᠮᠵᠢᠯᠴᠠᠭ᠎ᠠ᠎ᠶᠢ ᠳᠠᠭᠠᠯᠳᠤᠨ᠂ ᠵᠢᠱ᠌ᠢᠶᠡᠯᠡᠪᠡᠯ ᠨᠢᠭᠡ ᠪᠦᠯᠦᠭ ᠤᠳᠠᠭᠠᠨ ᠴᠢᠨᠠᠷᠲᠠᠶ ᠡᠪᠡᠳᠴᠢᠨ᠎ᠦ ᠬᠠᠮᠢᠶᠠᠷᠤᠯᠲᠠ᠂ ᠰᠡᠳᠭᠢᠴᠡ᠎ᠶ᠋ᠢᠨ ᠡᠷᠡᠭᠦᠯ ᠮᠡᠨᠳᠦ᠍᠎ᠶ᠋ᠢᠨ ᠵᠥᠪᠯᠡᠯᠭᠡ ᠥᠭ᠌ᠬᠦ ᠵᠡᠷᠭᠡ ᠢᠨᠲ᠋ᠸᠷ ᠰᠦᠯᠵᠢᠶᠡᠨ᠎ᠦ ᠣᠨᠣᠱᠢᠯᠠᠨ ᠡᠮᠨᠡᠬᠦ᠌ ᠦᠶ᠋ᠯᠡᠴᠢᠯᠡᠭᠡ᠎ᠶ᠋ᠢ ᠠᠯᠬᠤᠮ ᠠᠯᠬᠤᠮ᠎ᠢᠶᠠᠷ ᠨᠠᠩ ᠣᠯᠠᠨ ᠲᠤᠰᠭᠠᠶ ᠮᠡᠷᠭᠡᠵᠢᠯ ᠳᠠᠢᠰᠢ ᠥᠷᠭᠡᠳᠭᠡᠬᠦ᠌ ᠪᠣᠯᠤᠮᠵᠢᠲᠠᠶ ᠪᠣᠯᠵᠤ᠂  ᠨᠠᠩ ᠣᠯᠠᠨ ᠭᠠᠵᠠᠷ ᠣᠷᠣᠨ᠎ᠢ ᠳᠠᠢᠴᠢᠯᠠᠨ ᠡᠪᠡᠳᠴᠢᠨ ᠦᠵᠡᠭᠦᠯᠬᠦ᠌᠎ᠳᠦ ᠨᠠᠩ ᠲᠥᠬᠥᠮ ᠲᠤᠷᠱᠢᠯᠲᠠ᠎ᠳᠤ ᠣᠷᠣᠯᠴᠠᠭᠤᠯᠵᠤ᠂ 《ᠲᠣᠭ᠎ᠠ ᠪᠠᠷᠢᠮᠲᠠ᠎ᠶ᠋ᠢ ᠢᠯᠡᠭᠦᠬᠡᠨ ᠭᠦᠶᠦᠯᠭᠡᠵᠦ᠍᠂ ᠡᠪᠡᠳᠴᠢᠲᠡᠨ᠎ᠢ ᠳᠤᠲᠠᠭᠤ ᠭᠦᠶᠦᠯᠭᠡᠬᠦ᠌》 ᠬᠦᠰᠡᠯ ᠡᠷᠡᠮᠡᠯᠵᠡᠯ᠎ᠢ ᠲᠦᠷᠭᠡᠳᠭᠡᠨ ᠪᠣᠳᠠᠲᠠᠢᠵᠢᠭᠤᠯᠬᠤ ᠪᠤᠯᠤᠨ᠎ᠠ᠃   

 (ᠱᠢᠨᠬᠤᠸᠠ ᠬᠤᠷᠢᠶ᠎ᠠ ᠵᠢᠨ ᠪᠡᠭᠡᠵᠢᠩ᠎ᠦᠨ  ᠴᠠᠬᠢᠯᠭᠠᠨ ᠮᠡᠳᠡᠭᠡ)

ᠣᠷᠴᠢᠭᠤᠯᠤᠭ᠍ᠴᠢ᠄
ᠨᠠᠢᠷᠠᠭᠤᠯᠤᠭ᠍ᠴᠢ᠄ ᠵᠣᠣ ᠱᠦ᠍ ᠭᠤᠸᠠᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号