ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠠᠷᠠᠳ ᠤ᠋ᠨ ᠡᠮᠨᠡᠯᠭᠡ ᠵᠢᠨ ᠬᠣᠷᠢᠶ᠎ᠠ ᠳᠤᠮᠳᠠᠳᠤ ᠵᠢᠨ ᠰᠤᠪᠢᠯᠠᠯᠲᠠ ᠵᠢᠨ ᠰᠤᠳᠤᠯᠭᠠᠨ ᠤ᠋ ᠨᠡᠢᠭᠡᠮᠯᠢᠭ ᠤ᠋ᠨ ᠨᠠᠰᠤᠲᠠᠢᠴᠤᠳ ᠤ᠋ᠨ ᠲᠤᠰᠬᠠᠢ ᠰᠠᠯᠠᠭ᠎ᠠ ᠵᠢᠨ ᠰᠤᠪᠢᠯᠠᠭᠴᠢ ᠵᠢᠨ ᠡᠮᠴᠢᠯᠡᠭᠡᠨ ᠤ᠋ ᠦᠢᠯᠡᠳᠦᠯᠭᠡ ᠵᠢᠨ ᠰᠠᠭᠤᠷᠢᠨ ᠵᠢᠠᠷ ᠵᠥᠪᠰᠢᠶᠡᠷᠡᠭᠳᠡᠪᠡ
2026-02-09 13:26:06
ᠵᠣᠬᠢᠶᠠᠭ᠍ᠴᠢ᠄
​ ᠭᠤᠸ᠎ᠠ
ᠣᠩᠱᠢᠭ᠍ᠰᠠᠨ ᠣᠳᠠᠭ᠎ᠠ᠄
★★★☆☆

ᠲᠦᠷᠦᠭᠦᠭᠡᠨ᠂ ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠠᠷᠠᠳ ᠤ᠋ᠨ ᠡᠮᠨᠡᠯᠭᠡ ᠵᠢᠨ ᠬᠣᠷᠢᠶ᠎ᠠ ᠎ᠵᠢᠨ ᠬᠢᠨ ᠳᠤᠮᠳᠠᠳᠤ ᠵᠢᠨ ᠰᠤᠪᠢᠯᠠᠯᠲᠠ ᠵᠢᠨ ᠰᠤᠳᠤᠯᠭᠠᠨ ᠤ᠋ ᠨᠡᠢᠭᠡᠮᠯᠢᠭ ᠤ᠋ᠨ ᠨᠠᠰᠤᠲᠠᠢᠴᠤᠳ ᠤ᠋ᠨ ᠲᠤᠰᠬᠠᠢ ᠰᠠᠯᠠᠭ᠎ᠠ ᠵᠢᠨ ᠰᠤᠪᠢᠯᠠᠭᠴᠢ ᠵᠢᠨ ᠡᠮᠴᠢᠯᠡᠭᠡᠨ ᠤ᠋ ᠦᠢᠯᠡᠳᠦᠯᠭᠡ ᠵᠢᠨ ᠰᠠᠭᠤᠷᠢᠨ ᠵᠢᠠᠷ ᠵᠥᠪᠰᠢᠶᠡᠷᠡᠭᠳᠡᠪᠡ᠃ ᠡᠨᠡ ᠬᠦ᠌ ᠤᠯᠤᠰ ᠤ᠋ᠨ ᠳᠡᠰ ᠤ᠋ᠨ ᠭᠡᠷᠡᠴᠢᠯᠡᠯᠳᠡ ᠪᠣᠯ ᠳᠤᠮᠳᠠᠳᠤ ᠵᠢᠨ ᠰᠤᠪᠢᠯᠠᠯᠲᠠ ᠵᠢᠨ ᠰᠤᠳᠤᠯᠭᠠᠨ ᠤ᠋ ᠨᠡᠢᠭᠡᠮᠯᠢᠭ ᠤ᠋ᠨ ᠳᠤᠰ ᠡᠮᠨᠡᠯᠭᠡ ᠵᠢᠨ ᠬᠤᠷᠢᠶ᠎ᠠ ᠵᠢᠨ ᠨᠠᠰᠤᠲᠠᠢᠴᠤᠳ ᠢ᠋ ᠠᠰᠠᠷᠠᠨ ᠰᠤᠪᠢᠯᠠᠬᠤ ᠲᠤᠰᠬᠠᠢ ᠰᠠᠯᠠᠭ᠎ᠠ ᠵᠢᠨ ᠪᠣᠳᠠᠲᠤ ᠬᠦᠴᠦᠨ ᠪᠣᠯᠤᠨ ᠵᠢᠭᠠᠨ ᠰᠤᠷᠭᠠᠯᠲᠠ ᠵᠢᠨ ᠲᠦᠪᠰᠢᠨ ᠤ᠋ ᠡᠷᠬᠡ ᠰᠦᠷᠲᠦ ᠵᠥᠪᠰᠢᠶᠡᠷᠡᠯ ᠪᠤᠯᠬᠤ ᠪᠦᠭᠡᠳ ᠳᠤᠰ ᠡᠮᠨᠡᠯᠭᠡ ᠵᠢᠨ ᠬᠣᠷᠢᠶ᠎ᠠ ᠵᠢᠨ ᠨᠠᠰᠤᠲᠠᠢᠴᠤᠳ ᠢ᠋ ᠠᠰᠠᠷᠠᠨ ᠰᠤᠪᠢᠯᠠᠬᠤ ᠴᠢᠳᠠᠪᠤᠷᠢᠲᠠᠨ ᠢ᠋ ᠬᠥᠮᠦᠵᠢᠭᠦᠯᠬᠦ ᠠᠵᠢᠯ ᠪᠠᠷᠢᠮᠵᠢᠶᠠᠵᠢᠭᠤᠯᠤᠨ ᠬᠥᠭᠵᠢᠭᠦᠯᠬᠦ ᠰᠢᠨ᠎ᠡ ᠱᠠᠲᠤᠨ ᠳ᠋ᠤ᠌ ᠣᠷᠣᠭᠰᠠᠨ ᠢ᠋ ᠬᠠᠷᠠᠭᠤᠯᠵᠤ  ᠣᠷᠣᠨ ᠪᠦᠰᠡ ᠵᠢᠨ ᠨᠠᠰᠤᠲᠠᠢᠴᠤᠳ ᠢ᠋ ᠠᠰᠠᠷᠠᠨ ᠰᠤᠪᠢᠯᠠᠬᠤ ᠦᠢᠯᠡᠰ ᠤ᠋ᠨ ᠴᠢᠨᠠᠷ ᠰᠠᠢᠲᠠᠢ ᠬᠥᠭᠵᠢᠯᠲᠡ ᠳ᠋ᠦ᠍ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠬᠦ ᠪᠤᠯᠤᠨ᠎ᠠ᠃

ᠭᠤᠷᠪᠠᠳᠤᠭᠠᠷ ᠬᠥᠬᠡ ᠳᠡᠰ ᠤ᠋ᠨ ᠮᠣᠵᠢ ᠵᠢᠨ ᠳᠡᠰ ᠤ᠋ᠨ ᠡᠮ ᠡᠮᠨᠡᠯᠭᠡ ᠵᠢᠨ ᠪᠠᠢᠭᠤᠯᠤᠮᠵᠢ ᠪᠣᠯᠤᠭᠰᠠᠨ ᠤ᠋ ᠬᠤᠪᠢ ᠳ᠋ᠤ᠌᠂ ᠳᠤᠰ ᠡᠮᠨᠡᠯᠭᠡ ᠵᠢᠨ ᠬᠣᠷᠢᠶ᠎ᠠ᠎ᠵᠢᠨ ᠬᠢᠨ ᠬᠥᠮᠦᠨ ᠠᠮᠠ ᠵᠢᠨ ᠨᠠᠰᠤᠵᠢᠯ ᠤ᠋ᠨ ᠬᠡᠷᠡᠭᠴᠡᠭᠡ ᠳ᠋ᠤ ᠬᠠᠨᠳᠤᠭᠤᠯᠵᠤ᠂ ᠨᠠᠰᠤᠲᠠᠢᠴᠤᠳ ᠢ᠋ ᠰᠤᠪᠢᠯᠠᠬᠤ ᠲᠤᠰᠬᠠᠢ ᠰᠠᠯᠠᠭ᠎ᠠ ᠵᠢ ᠭᠣᠣᠯᠳᠠᠯᠭ᠎ᠠ ᠲᠠᠢ ᠬᠥᠭᠵᠢᠭᠦᠯᠵᠠᠢ᠃ ᠣᠯᠠᠨ ᠵᠢᠯ ᠤ᠋ᠨ ᠲᠤᠷᠰᠢ ᠂ ᠳᠤᠰ ᠡᠮᠨᠡᠯᠭᠡ ᠵᠢᠨ ᠬᠣᠷᠢᠶ᠎ᠠ ᠨᠢ ᠦᠢᠯᠡᠴᠢᠯᠡᠭᠡᠨ ᠤ᠋ ᠰᠢᠰᠲ᠋ᠧᠮ ᠢ᠋ ᠪᠠᠢᠭᠤᠯᠤᠨ ᠲᠡᠭᠦᠯᠳᠡᠷᠵᠢᠭᠦᠯᠵᠤ᠂ ᠨᠠᠰᠤᠲᠠᠢᠴᠤᠳ ᠤ᠋ᠨ ᠲᠤᠰᠬᠠᠢ ᠰᠠᠯᠠᠭ᠎ᠠ ᠵᠢᠨ ᠰᠤᠪᠢᠯᠠᠭᠴᠢ ᠪᠠᠷ ᠲᠦᠷᠦᠭᠦᠯᠡᠭᠦᠯᠦᠭᠰᠡᠨ 《ᠵᠢᠭᠠᠨ ᠰᠤᠷᠭᠠᠯᠲᠠ ︱ ᠡᠮᠴᠢᠯᠡᠭᠡ ︱ ᠰᠢᠨᠵᠢᠯᠡᠬᠦ ᠤᠬᠠᠭᠠᠨ ᠤ᠋ ᠰᠤᠳᠤᠯᠭᠠᠨ》 ᠤ᠋ ᠤᠯᠤᠰ ᠤ᠋ᠨ ᠳᠡᠰ᠂ ᠮᠣᠵᠢ ᠤᠷᠤᠨ ᠤ᠋ ᠳᠡᠰ ᠤ᠋ᠨ ᠨᠢᠭᠡ ᠴᠤᠭᠴᠠᠵᠢᠭᠰᠠᠨ ᠪᠦᠯᠬᠦᠮ ᠨᠢᠭᠡᠴᠢ ᠵᠢ ᠪᠠᠢᠭᠤᠯᠪᠠ; ᠲᠤᠰᠬᠠᠢ ᠰᠤᠪᠢᠯᠠᠬᠤ ᠡᠭᠦᠳᠡᠨ ᠡᠮᠨᠡᠯᠭᠡ ᠭᠠᠷᠭᠠᠵᠤ᠂ ᠨᠠᠰᠤᠲᠠᠢᠴᠤᠳ ᠤ᠋ᠨ ᠲᠤᠰᠬᠠᠢ ᠰᠠᠯᠠᠭ᠎ᠠ ᠵᠢᠨ ᠣᠷᠣ ᠵᠢ ᠵᠠᠭᠤ ᠭᠠᠷᠤᠢ ᠳᠤᠬᠢᠷᠠᠭᠤᠯᠵᠤ᠂ ᠵᠢᠯ ᠳᠤᠮᠳᠠᠴᠢ ᠵᠢᠨ ᠦᠢᠯᠡᠴᠢᠯᠡᠭᠦ ᠡᠪᠡᠳᠴᠢᠲᠡᠨ ᠤ᠋ ᠳᠤᠭ᠎ᠠ ᠲᠦᠮᠡ ᠭᠠᠷᠤᠢ ᠬᠥᠮᠦᠨ ᠤᠳᠠᠭ᠎ᠠ ᠳ᠋ᠤ ᠬᠦᠷᠴᠦ ᠪᠣᠢ; ᠪᠠᠷᠢᠮᠵᠢᠶᠠᠵᠢᠭᠰᠠᠨ ᠵᠢᠭᠠᠨ ᠰᠤᠷᠭᠠᠯᠳᠠ ᠵᠢᠨ ᠵᠢᠱ᠌ᠢᠶ᠎ᠡ ᠦᠵᠡᠭᠦᠯᠬᠦ ᠲᠠᠯᠠᠪᠤᠷ ᠪᠠ ᠲᠤᠰᠬᠠᠢ ᠬᠡᠷᠡᠭᠯᠡᠭᠡᠨ ᠤ᠋ ᠳᠤᠨᠤᠭ ᠲᠥᠬᠥᠭᠡᠷᠦᠮᠵᠢ ᠵᠢ ᠲᠣᠬᠢᠷᠠᠭᠤᠯᠤᠨ᠂ ᠮᠣᠵᠢ ᠬᠣᠲᠠ ᠵᠢᠨ ᠳᠡᠰ ᠤ᠋ᠨ ᠨᠠᠰᠤᠲᠠᠢᠴᠤᠳ ᠢ᠋ ᠰᠤᠪᠢᠯᠠᠬᠤ ᠭᠣᠣᠯᠯᠠᠭᠴᠢ ᠬᠦᠴᠦᠨ ᠢ᠋ ᠬᠡᠳᠦᠨ ᠵᠠᠭᠤ ᠬᠥᠮᠦᠵᠢᠭᠦᠯᠦᠭᠰᠡᠨ ᠪᠠᠢᠨ᠎ᠠ ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号