ᠦᠪᠦᠷ ᠮᠤᠩᠭᠤᠯ ᠤ᠋ᠨ ᠦᠪᠡᠷᠳᠡᠭᠡᠨ ᠵᠠᠰᠠᠬᠤ ᠤᠷᠤᠨ ᠤ᠋ ᠤᠯᠤᠰ ᠤ᠋ᠨ ᠦᠮᠴᠢᠯᠡᠯᠳᠦ ᠡᠳ᠋ ᠬᠦᠷᠦᠩᠭᠡ ᠶ᠋ᠢᠨ ᠬᠢᠨᠠᠯᠳᠠ ᠬᠠᠮᠢᠶᠠᠷᠤᠯᠳᠠ ᠶ᠋ᠢᠨ ᠵᠦᠪᠯᠡᠯ ᠡᠴᠡ ᠤᠢᠯᠠᠭᠠᠭᠰᠠᠨ ᠶ᠋ᠢᠡᠷ᠂ ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ ᠤᠢᠷ᠎ᠠ ᠳ᠋ᠤ ᠪᠦᠬᠦ ᠤᠯᠤᠰ ᠤ᠋ᠨ ᠦᠮᠴᠢᠯᠡᠯ ᠤ᠋ᠨ ᠡᠷᠬᠡ ᠶ᠋ᠢᠨ ᠠᠵᠢᠯ ᠲᠦᠷᠦᠯ ᠤ᠋ᠨ ᠬᠢᠨ ᠤ᠋ 《ᠪᠦᠬᠦ ᠲᠦᠷᠦᠯ ᠵᠦᠢᠯ ᠤ᠋ᠨ ᠵᠤᠯᠭᠠᠯᠴᠠᠭᠠᠨ ᠤ᠋ ᠭᠠᠷᠮᠠᠭᠠᠢ ᠬᠤᠪᠢ ᠨᠡᠮᠡᠷᠢ ᠶ᠋ᠢᠨ ᠱᠠᠩᠨᠠᠯ》 ᠢ᠋ ᠬᠦᠷᠳᠡᠪᠡ᠃ ᠡᠨᠡ ᠪᠤᠯ ᠲᠤᠰ ᠲᠦᠪ ᠤ᠋ᠨ ᠳ᠋ᠠᠢᠲ᠋ᠠ ᠶ᠋ᠢᠨ ᠵᠤᠯᠭᠠᠯᠴᠠᠭᠠᠨ ᠤ᠋ ᠳᠦᠷᠢᠮᠵᠢᠯ ᠢ᠋ ᠢᠳᠡᠪᠬᠢᠳᠠᠢ ᠨᠠᠢᠳᠠᠪᠤᠷᠢᠵᠢᠭᠤᠯᠵᠤ᠂ ᠪᠦᠬᠦ ᠤᠯᠤᠰ ᠤ᠋ᠨ ᠨᠢᠭᠡᠳᠦᠯᠳᠠᠢ ᠶᠡᠬᠡ ᠵᠠᠬ᠎ᠠ ᠳᠡᠯᠭᠡᠭᠦᠷ ᠤ᠋ᠨ ᠪᠠᠢᠭᠤᠯᠤᠯᠳᠠ ᠳ᠋ᠤ ᠦᠢᠯᠡᠴᠢᠯᠡᠨ᠂ ᠤᠷᠤᠨ ᠪᠦᠰᠡ ᠶ᠋ᠢᠨ ᠴᠢᠬᠤᠯᠠ ᠬᠦᠴᠦᠨ ᠵᠦᠢᠯ ᠤ᠋ᠨ ᠡᠬᠢ ᠪᠠᠶᠠᠯᠢᠭ ᠤ᠋ᠨ ᠠᠮᠢᠵᠢᠷᠠᠯ ᠤ᠋ᠨ ᠬᠦᠴᠦᠨ ᠢ᠋ ᠬᠦᠭᠵᠢᠭᠡᠭᠰᠡᠨ ᠬᠤᠪᠢ ᠨᠡᠮᠡᠷᠢᠶᠢ ᠨᠢ ᠦᠨᠡᠯᠡᠭᠰᠡᠨ ᠴᠢᠬᠤᠯᠠ ᠶᠠᠪᠤᠳᠠᠯ ᠪᠤᠯᠤᠨ᠎ᠠ᠃
ᠤᠢᠯᠠᠭᠠᠭᠰᠠᠨ ᠶ᠋ᠢᠡᠷ᠂ ᠦᠪᠦᠷ ᠮᠤᠩᠭᠤᠯ ᠤ᠋ᠨ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠲᠦᠪ ᠪᠤᠯ ᠮᠠᠨ ᠤ᠋ ᠤᠷᠤᠨ ᠤ᠋ ᠴᠤᠷ ᠤ᠋ᠨ ᠭᠠᠭᠴᠠ ᠬᠠᠤᠯᠢ ᠶᠤᠰᠤᠭᠠᠷ ᠪᠠᠢᠭᠤᠯᠤᠭᠳᠠᠭᠰᠠᠨ ᠶᠡᠷᠦᠩᠬᠡᠢᠯᠡᠭᠰᠡᠨ ᠴᠢᠨᠠᠷᠳᠠᠢ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠪᠠᠢᠭᠤᠯᠤᠮᠵᠢ ᠪᠤᠯᠬᠤ ᠪᠦᠬᠡᠳ ᠦᠪᠡᠷᠳᠡᠭᠡᠨ ᠵᠠᠰᠠᠬᠤ ᠤᠷᠤᠨ ᠤ᠋ ᠤᠯᠠᠨ ᠨᠡᠢᠳᠡ ᠶ᠋ᠢᠨ ᠡᠬᠢ ᠪᠠᠶᠠᠯᠢᠭ ᠤ᠋ᠨ ᠠᠷᠠᠯᠵᠢᠶᠠᠨ ᠤ᠋ ᠲᠦᠪ ᠤ᠋ᠨ ᠬᠤᠪᠢᠶᠠᠷᠢ ᠳᠠᠪᠴᠠᠩ ᠪᠤᠯᠤᠨ᠎ᠠ᠃ ᠲᠤᠰ ᠲᠦᠪ ᠨᠢ ᠪᠦᠬᠦ ᠲᠦᠷᠦᠯ ᠵᠦᠢᠯ ᠤ᠋ᠨ ᠳ᠋ᠠᠢᠲ᠋ᠠ ᠶ᠋ᠢᠨ ᠵᠤᠯᠭᠠᠯᠴᠠᠭᠠᠨ ᠤ᠋ ᠠᠵᠢᠯ ᠢ᠋ ᠪᠦᠬᠦ ᠤᠯᠤᠰ ᠤ᠋ᠨ ᠨᠢᠭᠡᠳᠦᠯᠳᠠᠢ ᠶᠡᠬᠡ ᠵᠠᠬ᠎ᠠ ᠳᠡᠯᠭᠡᠭᠦᠷ ᠲᠤ᠌ ᠠᠭᠤᠰᠤᠯᠴᠠᠬᠤ ᠴᠢᠬᠤᠯᠠ ᠭᠠᠷᠳᠠᠴᠠ ᠪᠤᠯᠭᠠᠨ ᠠᠳᠬᠤᠵᠤ᠂ ᠳᠤᠮᠳᠠᠳᠤ ᠤᠯᠤᠰ ᠤ᠋ᠨ ᠠᠵᠤ ᠠᠬᠤᠢᠯᠠᠯ ᠤ᠋ᠨ ᠤᠯᠤᠰ ᠤ᠋ᠨ ᠦᠮᠴᠢᠯᠡᠯᠳᠦ ᠦᠮᠴᠢᠯᠡᠯ ᠤ᠋ᠨ ᠡᠷᠬᠡ ᠶ᠋ᠢᠨ ᠠᠷᠠᠯᠵᠢᠶᠠᠨ ᠤ᠋ ᠪᠠᠢᠭᠤᠯᠤᠮᠵᠢ ᠶ᠋ᠢᠨ ᠨᠡᠢᠭᠡᠮᠯᠢᠭ ᠤ᠋ᠨ ᠳᠤᠭᠳᠠᠭᠠᠭᠰᠠᠨ ᠳ᠋ᠠᠢᠲ᠋ᠠ ᠶ᠋ᠢᠨ ᠵᠤᠯᠭᠠᠯᠴᠠᠭᠠᠨ ᠤ᠋ ᠳᠦᠷᠢᠮᠵᠢᠯ ᠤ᠋ᠨ ᠱᠠᠭᠠᠷᠳᠠᠯᠭ᠎ᠠ ᠶᠤᠰᠤᠭᠠᠷ᠂ ᠳᠡᠪᠰᠢᠭᠦᠯᠤᠨ ᠲᠠᠨᠢᠯᠴᠠᠭᠤᠯᠤᠭᠰᠠᠨ ᠲᠤᠭ᠎ᠠ ᠪᠠᠷᠢᠮᠳᠠ ᠶ᠋ᠢᠨ ᠦᠨᠡᠨ ᠪᠤᠳᠠᠳᠤ ᠴᠢᠨᠠᠷ᠂ ᠪᠦᠷᠢᠨ ᠪᠦᠲᠦᠨ ᠴᠢᠨᠠᠷ᠂ ᠴᠠᠭᠴᠢ ᠴᠢᠨᠠᠷ ᠢ᠋ ᠦᠨᠡᠨ ᠬᠦ᠌ ᠪᠠᠳᠤᠯᠠᠵᠤ᠂ ᠪᠠᠷᠢᠮᠵᠢᠶᠠᠵᠢᠭᠰᠠᠨ ᠳᠦᠷᠢᠮᠵᠢᠭᠰᠡᠨ ᠳ᠋ᠠᠢᠲ᠋ᠠ ᠶ᠋ᠢᠨ ᠨᠡᠪᠳᠡᠷᠡᠯᠴᠡᠭᠡ ᠪᠡᠷ ᠤᠷᠤᠨ ᠪᠦᠰᠡ ᠶ᠋ᠢᠨ ᠠᠷᠠᠯᠵᠢᠶᠠᠨ ᠤ᠋ ᠬᠠᠷᠰᠢ ᠰᠠᠭᠠᠳ ᠢ᠋ ᠠᠷᠢᠯᠭᠠᠵᠠᠢ᠃ ᠤᠢᠷ᠎ᠠ ᠶ᠋ᠢᠨ ᠭᠤᠷᠪᠠᠨ ᠵᠢᠯ ᠳ᠋ᠤ᠂ ᠲᠤᠰ ᠲᠦᠪ ᠨᠢ ᠪᠦᠬᠦ ᠤᠯᠤᠰ ᠤ᠋ᠨ ᠦᠮᠴᠢᠯᠡᠯ ᠤ᠋ᠨ ᠡᠷᠬᠡ ᠶ᠋ᠢᠨ ᠠᠵᠢᠯ ᠲᠦᠷᠦᠯ ᠤ᠋ᠨ ᠮᠡᠳᠡᠭᠡ ᠵᠡᠩᠬᠢᠴᠢᠯᠠᠭᠰᠠᠨ ᠶᠡᠷᠦᠩᠬᠡᠢᠯᠡᠭᠰᠡᠨ ᠦᠢᠯᠡᠴᠢᠯᠡᠭᠡᠨ ᠤ᠋ ᠳᠠᠪᠴᠠᠩ ᠳ᠋ᠤ ᠡᠯ᠎ᠠ ᠵᠦᠢᠯ ᠤ᠋ᠨ ᠲᠦᠷᠦᠯ ᠵᠦᠢᠯ ᠢ᠋ 5.1 ᠲᠦᠮᠡᠨ ᠬᠤᠪᠢ ᠳᠡᠪᠰᠢᠭᠦᠯᠵᠦ᠂ 102 ᠳ᠋ᠦᠩᠰᠢᠭᠤᠷ ᠲᠦᠭᠦᠷᠢᠭ ᠤ᠋ᠨ ᠤᠷᠤᠨ ᠪᠦᠰᠡ ᠠᠯᠤᠰᠯᠠᠭᠰᠠᠨ ᠠᠷᠠᠯᠵᠢᠶ᠎ᠠ ᠶ᠋ᠢ ᠪᠦᠲᠦᠭᠡᠵᠦ᠂ ᠡᠯ᠎ᠠ ᠲᠦᠷᠦᠯ ᠤ᠋ᠨ ᠴᠢᠬᠤᠯᠠ ᠬᠦᠴᠦᠨ ᠵᠦᠢᠯ ᠤ᠋ᠨ ᠡᠬᠢ ᠪᠠᠶᠠᠯᠢᠭ ᠤ᠋ᠨ ᠤᠷᠤᠨ ᠪᠦᠰᠡ ᠠᠯᠤᠰᠯᠠᠨ ᠭᠦᠢᠯᠭᠡᠭᠡ ᠳ᠋ᠤ ᠤᠷᠤᠯᠴᠠᠬᠤ ᠳ᠋ᠤ ᠦᠨᠳᠦᠷ ᠪᠦᠲᠦᠮᠵᠢᠳᠠᠢ ᠳ᠋ᠠᠢᠲ᠋ᠠ ᠶ᠋ᠢᠨ ᠬᠦᠬᠦᠷᠭᠡ ᠲᠠᠯᠪᠢᠵᠤ ᠦᠭᠭᠦᠭᠰᠡᠨ ᠪᠠᠢᠨ᠎ᠠ᠃
2008-2025 © ᠳᠤᠮᠳᠠᠳᠤ ᠤᠯᠤᠰᠤᠨ ᠮᠤᠩᠭᠤᠯ ᠬᠡᠯᠡᠨᠤ ᠰᠤᠨᠢᠨ ᠮᠡᠳᠡᠭᠡᠨᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号