2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢᠳ᠎ᠤᠨ ᠠᠯᠠᠭᠠᠳᠠᠬᠤ ᠪᠥᠮᠪᠥᠭᠡ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ ᠶᠠᠪᠤᠬᠳᠠᠪᠠ
2026-02-09 13:27:37
ᠵᠣᠬᠢᠶᠠᠭ᠍ᠴᠢ᠄
ᠴᠸᠨ ᠨᠠᠷᠠᠨᠳᠤᠨᠭᠭᠠᠯᠠᠭ
ᠣᠩᠱᠢᠭ᠍ᠰᠠᠨ ᠣᠳᠠᠭ᠎ᠠ᠄
★★★☆☆

ᠤᠢᠷ᠎ᠡ᠎ᠳᠦ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠪᠡᠶ᠎ᠡ᠎ᠶ᠋ᠢᠨ ᠲᠠᠮᠢᠷ᠎ᠤᠨ ᠲᠣᠪᠴᠢᠶ᠎ᠠ ᠪᠣᠯᠤᠨ ᠥᠪᠥᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠰᠤᠷᠭᠠᠨ ᠬᠥᠮᠦᠵᠢᠯ᠎ᠦᠨ ᠲᠢᠩᠬᠢᠮ᠎ᠡᠴᠡ ᠬᠠᠮᠲᠤᠷᠠᠨ ᠡᠷᠭᠢᠯᠡᠭ᠌ᠰᠡᠨ 2026 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢᠳ᠎ᠤᠨ ᠠᠯᠠᠭᠠᠳᠠᠬᠤ ᠪᠥᠮᠪᠥᠭᠡ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ ᠬᠦᠬᠡᠬᠤᠲᠠ᠎ᠳᠦ ᠶᠠᠪᠤᠬᠳᠠᠪᠠ ᠃

ᠲᠤᠰ ᠤᠳᠠᠭ᠎ᠠ ᠎ᠶᠢᠨ ᠤᠷᠤᠯᠳᠤᠭᠠᠨ᠎ᠳᠦ ᠪᠦᠬᠦ ᠤᠷᠤᠨ᠎ᠤ 9 ᠠᠢᠮᠠᠭ ᠬᠣᠲᠠ᠎ᠠᠴᠠ ᠢᠷᠡᠭ᠌ᠰᠡᠨ 47 ᠲᠥᠯᠥᠭᠡᠯᠡᠭ᠌ᠴᠢᠳ᠎ᠦᠨ ᠠᠩᠭᠢ᠂ 882 ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢᠳ ᠤᠷᠤᠯᠴᠠᠪᠠ᠃ ᠤᠷᠤᠯᠳᠤᠭᠠᠨ᠎ᠤ ᠲᠦᠷᠦᠯ ᠵᠦᠢᠯ᠎ᠳᠦ ᠠᠩᠬ᠎ᠠ ᠵᠡᠷᠭᠡ᠂ ᠥᠨᠳᠥᠷ ᠵᠡᠷᠭᠡ᠎ᠶ᠋ᠢᠨ ᠳᠤᠮᠳᠠᠳᠤ ᠰᠤᠷᠭᠠᠭᠤᠯᠢ᠎ᠶ᠋ᠢᠨ ᠡᠷᠡᠭ᠌ᠲᠡᠶ ᠡᠮᠡᠭ᠌ᠲᠡᠶ ᠵᠢᠨ ᠳᠥᠷᠪᠡᠨ ᠳᠤᠭᠤᠢᠯᠠᠩ ᠬᠤᠪᠢᠶᠠᠵᠤ᠂ ᠠᠳᠠᠯᠢ ᠪᠤᠰᠤ ᠨᠠᠰᠤᠨ᠎ᠤ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢᠳ᠎ᠤᠨ ᠠᠯᠠᠭᠠᠳᠠᠬᠤ ᠪᠥᠮᠪᠥᠭᠡ᠎ᠶᠢᠨ ᠪᠠᠬᠠᠲᠠᠳ᠎ᠲᠦ ᠲᠤᠰᠭᠠᠶ ᠮᠡᠷᠭᠡᠵᠢᠯ᠎ᠦᠨ ᠤᠷᠤᠯᠳᠤᠭᠠᠨ᠎ᠤ ᠰᠣᠯᠢᠯᠴᠠᠭᠠᠨ᠎ᠤ ᠲᠠᠪᠴᠠᠩ ᠬᠠᠩᠭᠠᠪᠠ᠃ ᠥᠪᠥᠷ ᠮᠣᠩᠭᠣᠯ᠎ᠤᠨ ᠪᠡᠶ᠎ᠡ᠎ᠶ᠋ᠢᠨ ᠲᠠᠮᠢᠷ ᠰᠤᠷᠭᠠᠨ ᠬᠥᠮᠦᠵᠢᠯ᠎ᠦᠨ ᠠᠭᠤᠰᠤᠯᠴᠠᠯ ᠎ᠤᠨ ᠦᠷ᠎ᠡ ᠪᠦᠲᠦᠭᠡᠯ᠎ᠢ ᠱᠢᠯᠭᠠᠬᠤ ᠴᠢᠬᠤᠯᠠ ᠲᠠᠪᠴᠠᠩ ᠪᠣᠯᠤᠭ᠍ᠰᠠᠨ᠎ᠤ ᠬᠤᠪᠢ᠎ᠳᠤ᠂ ᠲᠤᠰ ᠬᠤᠭᠤᠴᠠᠭᠠᠨ᠎ᠤ ᠳᠤᠮᠳᠠᠳᠤ ᠰᠤᠷᠭᠠᠭᠤᠯᠢ᠎ᠶ᠋ᠢᠨ ᠰᠤᠷᠤᠭ᠍ᠴᠢᠳ᠎ᠤᠨ ᠠᠯᠠᠭᠠᠳᠠᠬᠤ ᠪᠥᠮᠪᠥᠭᠡ᠎ᠶ᠋ᠢᠨ ᠮᠠᠩᠯᠠᠶ ᠱᠢᠯᠭᠠᠷᠠᠭᠤᠯᠬᠤ ᠤᠷᠤᠯᠳᠤᠭᠠᠨ ᠨᠢ ᠤᠷᠤᠯᠳᠤᠭᠠᠨ᠎ᠢᠶᠠᠷ ᠬᠥᠭᠥᠷᠭᠡ ᠪᠣᠯᠭᠠᠵᠤ᠂ ᠥᠪᠥᠷ ᠮᠣᠩᠭᠣᠯ᠎ᠤᠨ ᠰᠤᠷᠭᠠᠭᠤᠯᠢ᠎ᠶ᠋ᠢᠨ ᠬᠦᠷᠢᠶᠡᠨ᠎ᠦ ᠠᠯᠠᠭᠠᠳᠠᠬᠤ ᠪᠥᠮᠪᠥᠭᠡ᠎ᠶ᠋ᠢᠨ ᠬᠥᠳᠡᠯᠭᠡᠭᠡᠨ᠎ᠦ  ᠥᠷᠨᠢᠨ ᠬᠥᠭ᠌ᠵᠢᠬᠦ᠌᠎ᠶ᠋ᠢ ᠠᠬᠢᠭᠤᠯᠤᠬᠰᠠᠨ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号