ᠥᠪᠥᠷ ᠮᠣᠩᠭᠣᠯ ᠵᠠᠮ ᠬᠠᠷᠢᠯᠴᠠᠭ᠎ᠠ ᠲᠡᠭᠡᠭᠡᠪᠦᠷᠢ᠎ᠶᠢᠨ ᠬᠦᠷᠢᠶᠡᠨ ᠳ᠋ᠡᠬᠢ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠪᠠ
2026-02-09 16:41:22
ᠵᠣᠬᠢᠶᠠᠭ᠍ᠴᠢ᠄
ᠵᠧᠩ ᠬᠣᠶ ᠶᠢᠩ
ᠣᠩᠱᠢᠭ᠍ᠰᠠᠨ ᠣᠳᠠᠭ᠎ᠠ᠄
★★★☆☆

2 ᠰᠠᠷ᠎ᠠ᠎ᠶᠢᠨ 7᠎ᠤ ᠡᠳᠦᠷ᠂ ᠰᠤᠷᠪᠤᠯᠵᠢᠯᠠᠭ᠍ᠴᠢ ᠠᠯᠠᠱᠠ ᠠᠢᠮᠠᠭ᠎ᠤᠨ ᠡᠵᠡᠨ᠎ᠡ ᠬᠣᠰᠢᠭᠤᠨ᠎ᠤ ᠬᠢᠯᠢ ᠳᠣᠲᠣᠷᠠᠬᠢ 331 ᠱᠤᠭᠤᠮ᠎ᠤᠨ K7307᠎ᠡᠴᠠ K7127 ᠺᠢᠯᠣᠮᠧᠲᠷ᠎ᠦᠨ ᠬᠡᠰᠡᠭ (ᠭᠠᠯᠲᠤ ᠲᠡᠷᠭᠡᠨ ᠥᠷᠲᠡᠭᠡᠨ᠎ᠦ ᠵᠠᠮ᠎ᠤᠨ ᠠᠭᠤᠯᠵᠠᠷ ᠡᠴᠡ ᠨᠤᠭᠤᠭᠠᠨᠳᠡᠯᠭᠡᠷ ᠬᠦᠷᠬᠦ)᠎ᠲᠤ ᠵᠠᠮ ᠨᠡᠪᠲᠡᠷᠡᠯᠭᠡ᠎ᠶᠢᠨ ᠡᠮᠬᠢ ᠵᠢᠷᠤᠮ ᠰᠠᠢᠨ ᠪᠠᠢᠵᠤ᠂ ᠲᠤᠰ ᠵᠠᠮ᠎ᠤᠨ ᠬᠡᠰᠡᠭ᠎ᠲᠦ ᠣᠳᠣᠬᠠᠨ᠎ᠳᠤ ᠨᠢᠭᠡᠨᠲᠡ ᠪᠠᠷᠠᠭᠤᠨ᠎ᠡᠴᠠ ᠵᠡᠭᠦᠨᠰᠢ ᠳᠠᠩ ᠴᠢᠭᠯᠡᠯ᠎ᠢᠶᠡᠷ ᠨᠡᠪᠲᠡᠷᠡᠬᠦ ᠬᠠᠮᠢᠶᠠᠷᠤᠯᠲᠠ᠎ᠶᠢ ᠬᠡᠷᠡᠭᠵᠢᠭᠦᠯᠦᠭᠰᠡᠨ ᠪᠥᠭᠡᠳ ᠬᠦᠨᠳᠦ ᠬᠡᠯᠪᠡᠷᠢ᠎ᠶᠢᠨ ᠪᠠᠷᠠᠭᠠᠨ᠎ᠤ ᠲᠡᠭᠡᠭᠡᠪᠦᠷᠢ᠎ᠶᠢᠨ ᠲᠡᠷᠭᠡ ᠬᠥᠰᠬᠡ᠎ᠳᠦ ᠴᠠᠭ᠎ᠲᠤ 70 ᠺᠢᠯᠣᠮᠧᠲᠷ᠎ᠦᠨ ᠬᠤᠷᠳᠤᠴᠠ ᠬᠢᠵᠠᠭᠠᠷᠯᠠᠬᠤ᠎ᠶᠢ ᠬᠡᠷᠡᠭᠵᠢᠭᠦᠯᠪᠡ᠃ ᠡᠨᠡ ᠨᠢ ᠵᠢᠯᠤᠭᠤᠴᠢᠳ᠎ᠤᠨ ᠰᠠᠢᠨ ᠦᠨᠡᠯᠡᠯᠲᠡ ᠵᠢ ᠤᠯᠵᠤ ᠪᠠᠢᠯ᠎ᠠ᠃

ᠠᠯᠠᠱᠠ ᠠᠢᠮᠠᠭ᠎ᠤᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠶᠡᠷᠦᠩᠬᠡᠢᠯᠡᠭᠰᠡᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ᠎ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ᠎ᠤ ᠲᠠᠨᠢᠯᠴᠠᠭᠤᠯᠤᠭᠰᠠᠨ᠎ᠢᠶᠠᠷ᠂ ᠣᠢᠷ᠎ᠠ᠎ᠶᠢᠨ ᠵᠢᠯ᠎ᠳᠦ ᠤᠯᠤᠰ᠎ᠤᠨ ᠵᠠᠮ᠎ᠤᠨ 331 ᠱᠤᠭᠤᠮ᠎ᠤᠨ ᠠᠯᠠᠱᠠ ᠠᠢᠮᠠᠭ᠎ᠤᠨ ᠬᠡᠰᠡᠭ᠎ᠲᠡᠬᠢ ᠵᠠᠮ ᠬᠠᠷᠢᠯᠴᠠᠭᠠᠨ᠎ᠤ ᠤᠷᠤᠰᠴᠠ ᠲᠠᠰᠤᠷᠠᠯᠲᠠ ᠦᠭᠡᠢ ᠨᠡᠮᠡᠭᠳᠡᠵᠦ᠂ ᠡᠳᠦᠷ ᠳᠤᠮᠳᠠᠴᠢ᠎ᠶᠢᠨ ᠵᠠᠮ ᠬᠠᠷᠢᠯᠴᠠᠭᠠᠨ᠎ᠤ ᠬᠡᠮᠵᠢᠶ᠎ᠡ 2023 ᠣᠨ᠎ᠤ 1.1 ᠲᠦᠮᠡ ᠪᠠᠢᠭᠰᠠᠨ᠎ᠡᠴᠠ᠎ᠪᠠᠨ 2025 ᠣᠨ᠎ᠤ ᠰᠡᠭᠦᠯᠴᠢ ᠪᠣᠯᠬᠤ᠎ᠳᠤ 2 ᠲᠦᠮᠡ ᠪᠣᠯᠣᠨ ᠨᠡᠮᠡᠭᠳᠡᠵᠦ᠂ ᠨᠡᠮᠡᠭᠳᠡᠯ᠎ᠦᠨ ᠬᠡᠮᠵᠢᠶ᠎ᠡ ᠨᠢ 76.1% ᠳ᠋ᠦ᠍ ᠬᠦᠷᠴᠦ᠂ ᠡᠳᠦᠷ᠎ᠦᠨ ᠤᠷᠬᠢᠯ ᠤᠷᠤᠰᠬᠠᠯ᠎ᠤᠨ ᠬᠡᠮᠵᠢᠶ᠎ᠡ ᠨᠢ 2.8 ᠲᠦᠮᠡ᠎ᠳᠦ ᠬᠦᠷᠴᠦ᠂ ᠤᠤᠯ᠎ᠤᠨ ᠲᠥᠯᠥᠪᠯᠡᠭᠰᠡᠨ ᠨᠡᠪᠲᠡᠷᠡᠬᠦ ᠴᠢᠳᠠᠪᠤᠷᠢ᠎ᠠᠴᠠ ᠬᠤᠯᠠ ᠳᠠᠪᠠᠵᠠᠢ᠃ ᠬᠡᠰᠡᠭ ᠳᠤᠤᠷ᠎ᠠ ᠪᠠᠷᠢᠮᠵᠢᠶ᠎ᠠ ᠪᠡᠷ ᠲᠥᠯᠥᠪᠯᠡᠭᠰᠡᠨ᠂ ᠬᠢᠯᠢ ᠵᠢ ᠰᠠᠬᠢᠵᠤ ᠬᠢᠯᠢ᠎ᠵᠢ ᠪᠡᠬᠢᠵᠢᠭᠦᠯᠬᠦ᠎ᠳᠤ ᠦᠢᠯᠡᠴᠢᠯᠡᠬᠦ ᠪᠡᠷ ᠳᠡᠪᠢᠰᠦᠭᠰᠡᠨ ᠵᠠᠮ ᠨᠢ ᠨᠢᠭᠡᠨᠲᠡ ᠪᠠᠷᠠᠭᠠᠨ᠎ᠤ ᠲᠡᠭᠡᠭᠡᠪᠦᠷᠢ ᠵᠢᠨ ᠵᠠᠮ ᠪᠣᠯᠵᠠᠢ᠃

ᠠᠮᠤᠷ ᠲᠦᠪᠰᠢᠨ᠂ ᠰᠠᠭᠠᠳ ᠦᠭᠡᠢ ᠨᠡᠪᠲᠡᠷᠡᠬᠦ ᠵᠠᠰᠠᠮᠠᠯ ᠵᠠᠮ᠎ᠤᠨ ᠵᠠᠮ ᠬᠠᠷᠢᠯᠴᠠᠭᠠᠨ᠎ᠤ ᠣᠷᠴᠢᠨ ᠲᠣᠭᠣᠷᠢᠨ᠎ᠢ ᠪᠣᠶ ᠪᠣᠯᠭᠠᠬᠤ᠎ᠶᠢᠨ ᠲᠤᠰᠠᠳᠠ᠂ ᠲᠤᠬᠠᠢ᠎ᠶᠢᠨ ᠭᠠᠵᠠᠷ᠎ᠤᠨ ᠵᠠᠮ ᠲᠡᠭᠡᠭᠡᠪᠦᠷᠢ ᠪᠣᠯᠣᠨ ᠳᠣᠲᠣᠭᠠᠳᠤ᠎ᠶᠢ ᠬᠠᠮᠠᠭᠠᠯᠠᠬᠤ ᠵᠠᠮ ᠬᠠᠷᠢᠯᠴᠠᠭᠠᠨ᠎ᠤ ᠬᠠᠮᠢᠶᠠᠷᠤᠯᠲᠠ᠎ᠶᠢᠨ ᠰᠠᠯᠠᠭ᠎ᠠ ᠮᠥᠴᠢᠷ ᠣᠢᠷ᠎ᠠ᠎ᠶᠢᠨ ᠬᠤᠭᠤᠴᠠᠭᠠᠨ᠎ᠳᠤ ᠡᠨᠳᠡᠯ ᠣᠯᠠᠨ ᠭᠠᠷᠳᠠᠭ ᠬᠡᠰᠡᠭ᠎ᠲᠦ 《ᠭᠠᠭᠴᠠ ᠴᠢᠭᠯᠡᠯ᠎ᠢᠶᠡᠷ ᠨᠡᠪᠲᠡᠷᠡᠬᠦ + ᠬᠡᠰᠡᠭᠴᠢᠯᠡᠨ ᠬᠤᠷᠳᠤᠴᠠ ᠬᠢᠵᠠᠭᠠᠷᠯᠠᠬᠤ》 ᠵᠠᠮ ᠬᠠᠷᠢᠯᠴᠠᠭᠠᠨ᠎ᠤ ᠵᠠᠬᠢᠷᠤᠨ ᠬᠠᠮᠢᠶᠠᠷᠬᠤ ᠠᠷᠭ᠎ᠠ ᠬᠡᠮᠵᠢᠶ᠎ᠡ᠎ᠶᠢ ᠬᠡᠷᠡᠭᠵᠢᠭᠦᠯᠦᠭᠰᠡᠨ᠎ᠦ ᠬᠠᠮᠲᠤ ᠬᠠᠮᠲᠤᠷᠠᠨ ᠬᠠᠤᠯᠢ ᠬᠡᠷᠡᠭᠵᠢᠭᠦᠯᠬᠦ ᠬᠦᠴᠦᠨ᠎ᠢᠶᠡᠨ ᠴᠢᠩᠭᠠᠳᠬᠠᠵᠤ᠂ ᠰᠠᠭᠠᠳ ᠦᠭᠡᠢ ᠨᠡᠪᠲᠡᠷᠡᠬᠦ᠎ᠶᠢ ᠪᠠᠲᠤᠯᠠᠬᠤ ᠡᠷᠴᠢᠮ᠎ᠢᠶᠡᠨ ᠨᠡᠮᠡᠭᠳᠡᠭᠦᠯᠪᠡ᠃

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠲᠢᠩᠬᠢᠮ᠎ᠦᠨ ᠵᠠᠰᠠᠮᠠᠯ ᠵᠠᠮ᠎ᠤᠨ ᠭᠠᠵᠠᠷ᠎ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠢᠯᠡᠬᠦ᠎ᠳᠡᠭᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠮ ᠬᠠᠷᠢᠯᠴᠠᠭ᠎ᠠ ᠲᠡᠭᠡᠭᠡᠪᠦᠷᠢ᠎ᠶᠢᠨ ᠰᠠᠯᠠᠭ᠎ᠠ ᠮᠥᠴᠢᠷ ᠨᠢᠭᠡᠨᠲᠡ ᠪᠥᠬᠥ ᠣᠷᠣᠨ᠎ᠤ ᠵᠠᠰᠠᠮᠠᠯ ᠵᠠᠮ᠎ᠤᠨ ᠵᠠᠮ ᠬᠠᠷᠢᠯᠴᠠᠭᠠᠨ᠎ᠤ ᠡᠨᠳᠡᠯ ᠠᠮᠠᠷᠬᠠᠨ ᠭᠠᠷᠳᠠᠭ ᠵᠠᠮ᠎ᠤᠨ ᠬᠡᠰᠡᠭ᠎ᠦᠨ ᠠᠮᠤᠷ ᠲᠦᠪᠰᠢᠨ᠎ᠦ ᠬᠡᠮ ᠰᠣᠭᠣᠭ᠎ᠢ ᠲᠤᠰᠬᠠᠢ ᠵᠢᠭ᠍ᠰᠠᠭᠠᠨ ᠪᠠᠢᠴᠠᠭᠠᠵᠤ ᠴᠡᠭᠴᠡᠯᠡᠨ ᠵᠠᠰᠠᠬᠤ ᠠᠵᠢᠯ᠎ᠢ ᠪᠥᠬᠥ ᠲᠠᠯ᠎ᠠ᠎ᠪᠠᠷ ᠡᠬᠢᠯᠡᠭᠦᠯᠪᠡ᠃ ᠵᠠᠮ ᠬᠠᠷᠢᠯᠴᠠᠭᠠᠨ᠎ᠤ ᠡᠨᠳᠡᠯ ᠠᠮᠠᠷᠬᠠᠨ ᠭᠠᠷᠳᠠᠭ ᠵᠠᠮ᠎ᠤᠨ ᠬᠡᠰᠡᠭ᠎ᠲᠦ ᠴᠢᠭᠯᠡᠭᠦᠯᠦᠨ᠂ ᠵᠠᠮ ᠬᠠᠷᠢᠯᠴᠠᠭ᠎ᠠ ᠲᠡᠭᠡᠭᠡᠪᠦᠷᠢ᠎ᠶᠢᠨ ᠰᠠᠯᠠᠭ᠎ᠠ ᠮᠥᠴᠢᠷ ᠨᠢ 《ᠵᠠᠰᠠᠮᠠᠯ ᠵᠠᠮ᠎ᠤᠨ ᠪᠠᠷᠢᠯᠭ᠎ᠠ᠎ᠶᠢᠨ ᠮᠡᠷᠭᠡᠵᠢᠯ᠎ᠦᠨ ᠪᠠᠷᠢᠮᠵᠢᠶ᠎ᠠ》  《ᠴᠠᠭᠠᠨ ᠰᠠᠷ᠎ᠠ᠎ᠶᠢᠨ ᠵᠥᠭᠡᠭᠡᠪᠦᠷᠢ᠎ᠶᠢᠨ ᠴᠠᠭᠠᠨ ᠰᠠᠷ᠎ᠠ᠎ᠶᠢᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠠᠶᠤᠯ ᠦᠭᠡᠢ ᠦᠢᠯᠡᠳᠪᠦᠷᠢᠯᠡᠯ᠎ᠦᠨ ᠬᠦᠨᠳᠦ ᠶᠡᠬᠡ ᠠᠶᠤᠯ ᠲᠦᠭᠰᠢᠭᠦᠷᠢ᠎ᠶᠢᠨ ᠬᠡᠮ ᠰᠣᠭᠣᠭ》 ᠵᠡᠷᠭᠡ ᠠᠵᠢᠯ ᠲᠥᠷᠥᠯ᠎ᠦᠨ ᠵᠢᠷᠤᠮᠵᠢᠯ᠎ᠤᠨ ᠱᠠᠭᠠᠷᠳᠠᠯᠭ᠎ᠠ ᠶᠣᠰᠣᠭᠠᠷ᠂ ᠪᠥᠬᠥ ᠣᠷᠣᠨ᠎ᠤ ᠤᠯᠤᠰ ᠮᠤᠵᠢ᠎ᠶᠢᠨ ᠳᠡᠰ᠎ᠤᠨ ᠵᠠᠮ᠂ ᠬᠥᠳᠡᠭᠡ ᠲᠣᠰᠬᠣᠨ᠎ᠤ ᠵᠠᠰᠠᠮᠠᠯ ᠵᠠᠮ ᠪᠠ ᠲᠦᠷᠭᠡᠨ᠎ᠤ ᠵᠠᠰᠠᠮᠠᠯ ᠵᠠᠮ᠎ᠤᠨ ᠵᠠᠮ ᠬᠠᠷᠢᠯᠴᠠᠭᠠᠨ᠎ᠤ ᠡᠨᠳᠡᠯ ᠠᠮᠠᠷᠬᠠᠨ ᠭᠠᠷᠳᠠᠭ ᠵᠠᠮ᠎ᠤᠨ ᠬᠡᠰᠡᠭ᠎ᠦᠨ ᠡᠯ᠎ᠡ ᠲᠥᠷᠥᠯ᠎ᠦᠨ ᠠᠶᠤᠯ ᠲᠦᠭᠰᠢᠭᠦᠷᠢ᠎ᠶᠢᠨ ᠬᠡᠮ ᠰᠣᠭᠣᠭ᠎ᠢ ᠪᠥᠬᠥ ᠲᠠᠯ᠎ᠠ᠎ᠪᠠᠷ ᠣᠢᠯᠠᠭᠠᠪᠠ᠃ ᠴᠠᠭᠠᠨ ᠰᠠᠷ᠎ᠠ᠎ᠠᠴᠠ ᠡᠮᠦᠨ᠎ᠡ ᠵᠠᠮ ᠨᠡᠪᠲᠡᠷᠡᠯᠭᠡ᠎ᠶᠢᠨ ᠠᠮᠤᠷ ᠲᠦᠪᠰᠢᠨ ᠰᠠᠭᠠᠳ ᠦᠭᠡᠢ ᠪᠠᠢᠬᠤ᠎ᠶᠢ ᠨᠥᠯᠥᠭᠡᠯᠡᠬᠦ ᠨᠢᠭᠡ ᠪᠦᠯᠦᠭ ᠲᠣᠪᠣᠢᠮ᠎ᠠ ᠬᠡᠮ ᠰᠣᠭᠣᠭ᠎ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠦᠶᠡᠷ᠎ᠦᠨ ᠬᠤᠭᠤᠴᠠᠭ᠎ᠠ᠎ᠠᠴᠠ ᠡᠮᠦᠨ᠎ᠡ ᠵᠠᠰᠠᠮᠠᠯ ᠵᠠᠮ᠎ᠤᠨ ᠦᠶᠡᠷ᠎ᠢ ᠰᠡᠷᠭᠡᠢᠯᠡᠵᠦ ᠲᠡᠭᠡᠭᠡᠪᠦᠷᠢᠯᠡᠨ ᠡᠵᠡᠩᠨᠡᠬᠦ ᠠᠮᠤᠷ ᠲᠦᠪᠰᠢᠨ᠎ᠢ ᠨᠥᠯᠥᠭᠡᠯᠡᠬᠦ ᠨᠢᠭᠡ ᠪᠦᠯᠦᠭ ᠬᠦᠨᠳᠦ ᠶᠡᠬᠡ ᠬᠡᠮ ᠰᠣᠭᠣᠭ᠎ᠢ ᠪᠦᠲᠦᠮᠵᠢᠲᠡᠶ ᠰᠢᠢᠳᠪᠦᠷᠢᠯᠡᠬᠦ᠎ᠶᠢᠨ ᠬᠠᠮᠲᠤ᠂ ᠵᠢᠯ᠎ᠦᠨ ᠰᠡᠭᠦᠯᠴᠢ᠎ᠡᠴᠡ ᠡᠮᠦᠨ᠎ᠡ ᠪᠠᠷᠢᠯᠭ᠎ᠠ᠎ᠶᠢᠨ ᠠᠷᠭ᠎ᠠ ᠬᠡᠮᠵᠢᠶ᠎ᠡ᠎ᠪᠡᠷ ᠳᠠᠮᠵᠢᠭᠤᠯᠤᠨ ᠵᠠᠰᠠᠮᠠᠯ ᠵᠠᠮ᠎ᠤᠨ ᠡᠵᠡᠩᠨᠡᠯᠲᠡ᠎ᠶᠢᠨ ᠠᠮᠤᠷ ᠲᠦᠪᠰᠢᠨ᠎ᠢ ᠨᠥᠯᠥᠭᠡᠯᠡᠬᠦ ᠨᠢᠭᠡ ᠪᠦᠯᠦᠭ ᠪᠤᠳᠤᠯᠢᠶᠠᠨᠲᠠᠢ ᠬᠡᠮ ᠰᠣᠭᠣᠭ᠎ᠢ ᠲᠤᠢᠯᠪᠤᠷᠢᠲᠠᠢ ᠠᠷᠢᠯᠭᠠᠬᠤ᠎ᠪᠠᠷ ᠲᠥᠯᠥᠪᠯᠡᠵᠦ ᠪᠣᠶ ᠭᠡᠵᠡᠢ᠃

ᠡᠨᠡ ᠵᠢᠯ᠎ᠦᠨ ᠴᠠᠭᠠᠨ ᠰᠠᠷ᠎ᠠ᠎ᠶᠢᠨ ᠬᠤᠭᠤᠴᠠᠭᠠᠨ᠎ᠳᠦ᠂ ᠥᠪᠥᠷ ᠮᠣᠩᠭᠣᠯ᠎ᠤᠨ ᠣᠷᠣᠨ ᠪᠦᠰᠡ ᠠᠯᠤᠰᠯᠠᠭᠰᠠᠨ ᠬᠥᠮᠥᠨ᠎ᠦ ᠰᠢᠯᠵᠢᠯᠲᠡ᠎ᠶᠢᠨ ᠬᠡᠮᠵᠢᠶ᠎ᠡ ᠵᠢᠱ᠌ᠢᠯᠲᠡ᠎ᠪᠡᠷ 1.4 ᠳ᠋ᠦᠩᠰᠢᠭᠤᠷ ᠬᠥᠮᠥᠨ ᠤᠳᠠᠭ᠎ᠠ᠎ᠳᠤ ᠬᠦᠷᠴᠦ᠂ 2025 ᠣᠨ᠎ᠤ ᠠᠳᠠᠯᠢ ᠬᠤᠭᠤᠴᠠᠭᠠᠨ᠎ᠤ ᠬᠢ᠎ᠡᠴᠡ 4.5% ᠪᠠᠷ ᠨᠡᠮᠡᠭᠳᠡᠬᠦ ᠪᠣᠯᠣᠨ᠎ᠠ᠃ ᠡᠭᠦᠨ᠎ᠳᠦ᠂ ᠡᠵᠡᠩᠨᠡᠯᠲᠡ᠎ᠶᠢᠨ ᠴᠢᠨᠠᠷᠲᠠᠢ ᠠᠶᠠᠨᠴᠢᠳ᠎ᠤᠨ ᠵᠦᠭᠡᠭᠡᠪᠦᠷᠢ᠎ᠶᠢᠨ ᠬᠡᠮᠵᠢᠶ᠎ᠡ (ᠲᠡᠮᠦᠷ ᠵᠠᠮ᠂ ᠵᠠᠰᠠᠮᠠᠯ ᠵᠠᠮ᠂ ᠠᠷᠠᠳ᠎ᠤᠨ ᠠᠭᠠᠷ᠎ᠤᠨ ᠲᠡᠭᠡᠭᠡᠪᠦᠷᠢ) ᠨᠢ ᠵᠢᠱ᠌ᠢᠯᠲᠡ᠎ᠪᠡᠷ ᠨᠢᠳᠤᠨᠤᠨ᠎ᠤ ᠬᠢ᠎ᠲᠠᠢ ᠦᠨᠳᠦᠰᠦᠨ᠎ᠳᠡᠭᠡᠨ ᠲᠡᠩᠴᠡᠵᠦ᠂ ᠬᠥᠮᠥᠨ ᠠᠮᠠ᠎ᠶᠢᠨ ᠨᠡᠮᠡᠭᠳᠡᠯ᠎ᠦᠨ ᠬᠡᠮᠵᠢᠶ᠎ᠡ ᠨᠢ ᠭᠣᠣᠯᠳᠠᠭᠤ ᠥᠪᠡᠰᠦᠪᠡᠨ ᠲᠡᠷᠭᠡ ᠵᠢᠯᠤᠭᠣᠳᠴᠤ ᠶᠠᠪᠤᠵᠤ ᠰᠠᠭᠤᠬᠤ ᠬᠦᠷᠢᠶᠡᠨ᠎ᠳᠦ ᠲᠥᠪᠯᠡᠷᠡᠵᠦ᠂ ᠵᠠᠮ ᠬᠠᠷᠢᠯᠴᠠᠭ᠎ᠠ ᠲᠡᠭᠡᠭᠡᠪᠦᠷᠢ᠎ᠳᠦ ᠨᠡᠯᠢᠶᠡᠳ ᠶᠡᠬᠡ ᠳᠠᠷᠤᠯᠲᠠ ᠲᠤᠯᠭᠠᠷᠠᠵᠤ ᠪᠠᠢᠨ᠎ᠠ᠃ ᠣᠳᠣᠬᠠᠨ᠎ᠳᠤ᠂ ᠪᠥᠬᠥ ᠣᠷᠣᠨ᠎ᠤ ᠬᠢᠨ ᠶᠠᠭ 《ᠠᠮᠤᠷ ᠲᠦᠪᠰᠢᠨ ᠴᠠᠭᠠᠨ ᠰᠠᠷ᠎ᠠ᠎ᠶᠢᠨ ᠵᠥᠭᠡᠭᠡᠪᠦᠷᠢ᠂ ᠳᠥᠭᠥᠮ ᠳᠥᠲᠡ ᠴᠠᠭᠠᠨ ᠰᠠᠷ᠎ᠠ᠎ᠶᠢᠨ ᠵᠥᠭᠡᠭᠡᠪᠦᠷᠢ᠂ ᠬᠠᠯᠠᠭᠤᠨ ᠳᠤᠯᠠᠭᠠᠨ ᠴᠠᠭᠠᠨ ᠰᠠᠷ᠎ᠠ᠎ᠶᠢᠨ ᠵᠥᠭᠡᠭᠡᠪᠦᠷᠢ》 ᠵᠢᠨ ᠶᠡᠷᠦᠩᠬᠡᠢ ᠬᠠᠷᠠᠯᠲᠠ ᠶᠣᠰᠣᠭᠠᠷ᠂ ᠶᠡᠷᠦᠩᠬᠡᠢᠯᠡᠭᠰᠡᠨ ᠵᠠᠮ ᠬᠠᠷᠢᠯᠴᠠᠭ᠎ᠠ ᠲᠡᠭᠡᠭᠡᠪᠦᠷᠢ᠎ᠶᠢᠨ ᠴᠠᠭᠠᠨ ᠰᠠᠷ᠎ᠠ᠎ᠶᠢᠨ ᠵᠥᠭᠡᠭᠡᠪᠦᠷᠢ᠎ᠶᠢᠨ ᠠᠶᠤᠯᠭᠦᠢ ᠦᠢᠯᠡᠳᠪᠦᠷᠢᠯᠡᠯ ᠪᠠ ᠦᠢᠯᠡᠴᠢᠯᠡᠭᠡᠨ᠎ᠦ ᠪᠠᠲᠤᠯᠠᠭ᠎ᠠ᠎ᠶᠢᠨ ᠡᠯ᠎ᠡ ᠵᠦᠢᠯ᠎ᠦᠨ ᠠᠵᠢᠯ᠎ᠢ ᠪᠥᠬᠥ ᠬᠦᠴᠦᠨ᠎ᠢᠶᠡᠷ᠎ᠢᠶᠡᠨ ᠰᠠᠢᠲᠤᠷ ᠬᠢᠵᠦ ᠪᠠᠢᠨ᠎ᠠ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号