ᠬᠤᠪᠢ ᠬᠥᠮᠥᠨ᠎ᠦ ᠠᠰᠢᠬ ᠣᠷᠣᠯᠭ᠎ᠠ᠎ᠶᠢᠨ ᠭᠠᠢᠯᠢ᠎ᠶᠢᠨ ᠵᠢᠯ᠎ᠦᠨ ᠬᠤᠷᠢᠶᠠᠩᠭᠤᠢᠯᠠᠨ ᠪᠣᠳᠣᠯᠲᠠ ᠤᠳᠠᠯ ᠦᠭᠡᠢ ᠡᠬᠢᠯᠡᠨ᠎ᠠ
2026-02-09 16:58:13
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

2 ᠰᠠᠷ᠎ᠠ᠎ᠶᠢᠨ 6᠎ᠤ ᠡᠳᠦᠷ᠂ ᠤᠯᠤᠰ᠎ᠤᠨ ᠭᠠᠢᠯᠢ᠎ᠶᠢᠨ ᠶᠠᠪᠤᠳᠠᠯ᠎ᠤᠨ ᠶᠡᠷᠦᠩᠬᠡᠢ ᠲᠣᠪᠴᠢᠶ᠎ᠠ 《2025 ᠣᠨ᠎ᠤ ᠬᠤᠪᠢ ᠬᠥᠮᠥᠨ᠎ᠦ ᠠᠰᠢᠭ᠋ ᠣᠷᠣᠯᠭ᠎ᠠ᠎ᠶᠢᠨ ᠭᠠᠢᠯᠢ᠎ᠶᠢᠨ ᠶᠡᠷᠦᠩᠬᠡᠢᠯᠡᠭᠰᠡᠨ ᠠᠰᠢᠭ᠋ ᠣᠷᠣᠯᠭ᠎ᠠ᠎ᠶᠢ ᠬᠤᠷᠢᠶᠠᠩᠭᠤᠢᠯᠠᠨ ᠪᠤᠳᠤᠵᠤ ᠢᠯᠭᠠᠷᠠᠭᠤᠯᠤᠨ ᠲᠤᠰᠢᠶᠠᠯᠭᠠᠬᠤ ᠵᠢ ᠤᠷᠢᠳᠴᠢᠯᠠᠨ ᠪᠣᠯᠵᠣᠵᠤ ᠭᠦᠢᠴᠡᠳᠬᠡᠬᠦ ᠴᠠᠭ᠎ᠤᠨ ᠲᠤᠬᠠᠢ ᠮᠡᠳᠡᠭᠳᠡᠯ》᠎ᠢ ᠨᠡᠢᠲᠡᠯᠡᠪᠡ᠃

ᠲᠤᠰ ᠮᠡᠳᠡᠭᠳᠡᠯ᠎ᠳᠦ᠂ 2025 ᠣᠨ᠎ᠤ ᠬᠤᠪᠢ ᠬᠥᠮᠥᠨ᠎ᠦ ᠠᠰᠢᠭ᠋ ᠣᠷᠣᠯᠭ᠎ᠠ᠎ᠶᠢᠨ ᠭᠠᠢᠯᠢ᠎ᠶᠢᠨ ᠶᠡᠷᠦᠩᠬᠡᠢᠯᠡᠭᠰᠡᠨ ᠠᠰᠢᠭ᠋ ᠣᠷᠣᠯᠭ᠎ᠠ᠎ᠶᠢ ᠬᠤᠷᠢᠶᠠᠩᠭᠤᠢᠯᠠᠨ ᠪᠤᠳᠤᠵᠤ ᠢᠯᠭᠠᠷᠠᠭᠤᠯᠤᠨ ᠲᠤᠰᠢᠶᠠᠯᠭᠠᠬᠤ ᠵᠢ ᠭᠦᠢᠴᠡᠳᠬᠡᠬᠦ ᠴᠠᠭ ᠨᠢ 2026 ᠣᠨ᠎ᠤ 3 ᠰᠠᠷ᠎ᠠ᠎ᠶᠢᠨ 1᠎ᠦ ᠡᠳᠦᠷ᠎ᠡᠴᠡ 6 ᠰᠠᠷ᠎ᠠ᠎ᠶᠢᠨ 30᠎ᠤ ᠡᠳᠦᠷ ᠪᠣᠯᠲᠠᠯ᠎ᠠ᠂ ᠭᠠᠢᠯᠢ᠎ᠶᠢᠨ ᠶᠠᠪᠤᠳᠠᠯ᠎ᠤᠨ ᠰᠠᠯᠠᠭ᠎ᠠ ᠮᠥᠴᠢᠷ᠎ᠡᠴᠡ ᠭᠠᠢᠯᠢ ᠲᠤᠰᠢᠶᠠᠭ᠍ᠴᠢ᠎ᠳᠤ ᠪᠣᠯᠵᠣᠨ ᠭᠦᠢᠴᠡᠳᠬᠡᠬᠦ ᠦᠢᠯᠡᠴᠢᠯᠡᠭᠡ ᠬᠠᠩᠭᠠᠨ᠎ᠠ᠃ ᠭᠠᠢᠯᠢ ᠲᠤᠰᠢᠶᠠᠭ᠍ᠴᠢ 3 ᠰᠠᠷ᠎ᠠ᠎ᠶᠢᠨ 1᠎ᠦ ᠡᠳᠦᠷ᠎ᠡᠴᠡ 3 ᠰᠠᠷ᠎ᠠ᠎ᠶᠢᠨ 20᠎ᠤ ᠡᠳᠦᠷ ᠪᠣᠯᠲᠠᠯᠠᠬᠢ ᠬᠤᠭᠤᠴᠠᠭᠠᠨ᠎ᠳᠤ ᠭᠦᠢᠴᠡᠳᠬᠡᠬᠦ ᠴᠢᠬᠤᠯᠠᠲᠠᠢ ᠪᠠᠢᠪᠠᠯ᠂ 2 ᠰᠠᠷ᠎ᠠ᠎ᠶᠢᠨ 25᠎ᠤ ᠡᠳᠦᠷ᠎ᠡᠴᠡ ᠡᠬᠢᠯᠡᠨ ᠬᠤᠪᠢ ᠬᠥᠮᠥᠨ᠎ᠦ ᠠᠰᠢᠭ᠋ ᠣᠷᠣᠯᠭ᠎ᠠ᠎ᠶᠢᠨ ᠭᠠᠢᠯᠢ᠎ᠶᠢᠨ App ᠵᠢᠨᠷ ᠤᠷᠢᠳᠴᠢᠯᠠᠨ ᠪᠣᠯᠵᠣᠵᠤ ᠪᠣᠯᠣᠨ᠎ᠠ; 3 ᠰᠠᠷ᠎ᠠ᠎ᠶᠢᠨ 21᠎ᠦ ᠡᠳᠦᠷ᠎ᠡᠴᠡ 6 ᠰᠠᠷ᠎ᠠ᠎ᠶᠢᠨ 30᠎ᠤ ᠡᠳᠦᠷ ᠪᠣᠯᠲᠠᠯᠠᠬᠢ ᠬᠤᠭᠤᠴᠠᠭᠠᠨ᠎ᠳᠤ᠂ ᠭᠠᠢᠯᠢ ᠲᠤᠰᠢᠶᠠᠭ᠍ᠴᠢ ᠤᠷᠢᠳᠴᠢᠯᠠᠨ ᠪᠣᠯᠵᠣᠬᠤ ᠴᠢᠬᠤᠯᠠ ᠦᠭᠡᠢ᠂ ᠬᠡᠵᠢᠶ᠎ᠡ ᠴᠦ᠍ ᠭᠦᠢᠴᠡᠳᠬᠡᠵᠦ ᠪᠣᠯᠣᠨ᠎ᠠ᠃

ᠢᠷᠡᠯᠲᠡ᠄ ᠤᠯᠤᠰ᠎ᠤᠨ ᠭᠠᠢᠯᠢ᠎ᠶᠢᠨ ᠶᠠᠪᠤᠳᠠᠯ᠎ᠤᠨ ᠶᠡᠷᠦᠩᠬᠡᠢ ᠲᠣᠪᠴᠢᠶ᠎ᠠ

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号