《ᠲᠡᠦᠬᠡᠨ
ᠳᠡᠭᠡᠷᠡᠬᠢ ᠬᠠᠮᠤᠭ᠎ᠤᠨ ᠣᠷᠳᠣ᠌ ᠴᠠᠭᠠᠨ ᠰᠠᠷ᠎ᠠ》 ᠵᠢᠨ ᠠᠮᠠᠷᠠᠯᠲᠠ
ᠤᠳᠠᠯ ᠦᠭᠡᠢ ᠬᠦᠷᠴᠦ ᠢᠷᠡᠬᠦ ᠭᠡᠵᠦ ᠪᠠᠢᠨ᠎ᠠ᠂ ᠣᠯᠠᠨ᠎ᠢᠶᠠᠷ᠎ᠢᠶᠠᠨ ᠵᠢᠭᠤᠯᠴᠢᠯᠠᠬᠤ ᠲᠥᠯᠥᠪᠯᠡᠭᠡ ᠪᠠᠨ ᠲᠤᠭᠲᠠᠭᠠᠭᠰᠠᠨ
ᠤᠤ? ᠬᠠᠷᠢᠨ ᠡᠨᠡ ᠭᠠᠷᠠᠭ᠎ᠤᠨ ᠠᠵᠢᠯᠯᠠᠬᠤ ᠴᠠᠭ᠎ᠲᠤ
ᠬᠤᠪᠢᠷᠠᠯᠲᠠ᠎ᠲᠠᠢ ᠪᠤᠯᠤᠭᠰᠠᠨ᠎ᠢ ᠠᠩᠬᠠᠷᠤᠯ ᠳ᠋ᠠᠭᠠᠨ ᠠᠪᠤᠭᠠᠷᠠᠢ︕
ᠲᠦᠷᠦᠭᠦᠦ ᠪᠠᠷ
ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠡᠴᠡ ᠨᠡᠢᠲᠡᠯᠡᠭᠰᠡᠨ 2026 ᠣᠨ᠎ᠤ ᠬᠡᠰᠡᠭ
ᠪᠠᠶᠠᠷ ᠳᠤᠷᠠᠰᠬᠠᠯ᠎ᠤᠨ ᠠᠮᠠᠷᠠᠯᠲᠠ᠎ᠶᠢᠨ ᠡᠳᠦᠷ᠎ᠦᠨ ᠲᠣᠬᠢᠷᠠᠭᠤᠯᠤᠯᠲᠠ᠎ᠶᠢᠨ ᠲᠤᠬᠠᠢ ᠮᠡᠳᠡᠭᠳᠡᠯ᠎ᠳᠤ
ᠴᠠᠭᠠᠨ ᠰᠠᠷ᠎ᠠ᠎ᠶᠢᠨ ᠠᠮᠠᠷᠠᠯᠲᠠ᠎ᠶᠢᠨ ᠲᠤᠬᠠᠢ ᠳᠣᠣᠷᠠᠬᠢ ᠮᠡᠲᠦ ᠲᠤᠭᠲᠠᠭᠠᠭᠰᠠᠨ ᠪᠠᠢᠪᠠ᠄ 2 ᠰᠠᠷ᠎ᠠ᠎ᠶᠢᠨ
15᠎ᠤ ᠡᠳᠦᠷ (ᠪᠢᠯᠢᠭ᠎ᠦᠨ ᠤᠯᠠᠷᠢᠯ᠎ᠤᠨ ᠯᠠ ᠰᠠᠷ᠎ᠠ᠎ᠶᠢᠨ ᠬᠣᠷᠢᠨ ᠨᠠᠢ᠍ᠮᠠᠨ᠂ ᠭᠠᠷᠠᠭ᠎ᠤᠨ ᠡᠳᠦᠷ)᠎ᠠᠴᠠ
23᠎ᠤ ᠡᠳᠦᠷ (ᠪᠢᠯᠢᠭ᠎ᠦᠨ ᠤᠯᠠᠷᠢᠯ᠎ᠤᠨ ᠴᠠᠭᠠᠨ ᠰᠠᠷ᠎ᠠ᠎ᠶᠢᠨ ᠰᠢᠨ᠎ᠡ᠎ᠶᠢᠨ ᠲᠤᠯᠤᠭᠠᠨ᠂ ᠭᠠᠷᠠᠭ᠎ᠤᠨ
ᠨᠢᠭᠡᠨ) ᠪᠣᠯᠲᠠᠯ᠎ᠠ᠂ ᠨᠡᠶ᠋ᠢᠲᠡ 9 ᠡᠳᠦᠷ᠎ᠦᠨ ᠠᠮᠠᠷᠠᠯᠲᠠ ᠲᠠᠯᠪᠢᠵᠤ᠂ 2 ᠰᠠᠷ᠎ᠠ᠎ᠶᠢᠨ 14᠎ᠦ ᠡᠳᠦᠷ (ᠭᠠᠷᠠᠭ᠎ᠤᠨ ᠵᠢᠷᠭᠤᠭᠠᠨ) ᠪᠤᠯᠤᠨ 2 ᠰᠠᠷ᠎ᠠ᠎ᠶᠢᠨ 28᠎ᠤ ᠡᠳᠦᠷ (ᠭᠠᠷᠠᠭ᠎ᠤᠨ ᠵᠢᠷᠭᠤᠭᠠᠨ) ᠠᠵᠢᠯᠯᠠᠨ᠎ᠠ᠃
ᠡᠭᠦᠨ᠎ᠡᠴᠡ ᠭᠠᠳᠠᠨ᠎ᠠ᠂
ᠡᠨᠡ ᠵᠢᠯ᠎ᠦᠨ ᠴᠠᠭᠠᠨ ᠰᠠᠷ᠎ᠠ᠎ᠶᠢᠨ ᠠᠮᠠᠷᠠᠯᠲᠠ᠎ᠶᠢᠨ ᠬᠤᠭᠤᠴᠠᠭᠠᠨ᠎ᠳᠤ 2 ᠰᠠᠷ᠎ᠠ᠎ᠶᠢᠨ 15᠎ᠤ ᠡᠳᠦᠷ᠎ᠦᠨ 0
ᠴᠠᠭ᠎ᠠᠴᠠ 2 ᠰᠠᠷ᠎ᠠ᠎ᠶᠢᠨ 23᠎ᠤ ᠡᠳᠦᠷ᠎ᠦᠨ 24 ᠴᠠᠭ ᠪᠣᠯᠲᠠᠯ᠎ᠠ᠂ ᠪᠥᠬᠥ ᠤᠯᠤᠰ᠎ᠤᠨ ᠲᠦᠷᠭᠡᠨ᠎ᠦ ᠵᠠᠰᠠᠮᠠᠯ
ᠵᠠᠮ 7 ᠰᠠᠭᠤᠳᠠᠯ ᠵᠢᠴᠢ ᠲᠡᠭᠦᠨ᠎ᠡᠴᠡ ᠪᠠᠭ᠎ᠠ ᠰᠠᠭᠤᠳᠠᠯ ᠲᠠᠢ ᠵᠢᠵᠢᠭ ᠬᠡᠯᠪᠡᠷᠢ᠎ᠶᠢᠨ ᠠᠶᠠᠨᠴᠢᠳ᠎ᠤᠨ
ᠮᠠᠰᠢᠨ᠎ᠤ ᠵᠠᠮ᠎ᠤᠨ ᠰᠦᠢᠳᠬᠡᠯ᠎ᠢ ᠬᠡᠯᠲᠦᠷᠢᠭᠦᠯᠦᠨ᠎ᠡ᠃

ᠢᠷᠡᠯᠲᠡ᠄ ᠳᠤᠮᠳᠠᠳᠤ ᠤᠯᠤᠰ᠎ᠤᠨ
ᠵᠠᠰᠠᠭ᠎ᠤᠨ ᠣᠷᠳᠣᠨ᠎ᠤ ᠰᠦᠯᠵᠢᠶ᠎ᠡ ᠲᠥᠪ ᠲᠧᠯᠸᠢᠰ᠎ᠦᠨ ᠰᠣᠨᠢᠨ ᠮᠡᠳᠡᠭᠡ