ᠪᠤᠤ ᠭᠠᠩ ᠪᠠᠢᠷᠢᠯᠠᠭᠤᠯᠤᠯᠲᠠ ᠬᠢᠵᠡᠢ
2 ᠰᠠᠷ᠎ᠠ᠎ᠶ᠋ᠢᠨ 28 ᠤ᠋ ᠡᠳᠦᠷ᠂ ᠪᠦᠬᠦ᠌ ᠣᠷᠣᠨ᠎ᠤ ᠠᠶᠤᠯᠭᠦᠢ ᠦᠢᠯᠡᠳᠪᠦᠷᠢᠯᠡᠯ ᠪᠠ ᠤᠢ ᠱᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠨ ᠤᠨᠲᠠᠷᠠᠭᠠᠬᠤ ᠠᠵᠢᠯ᠎ᠤᠨ ᠸᠢᠳᠢᠣ᠋ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠡᠷᠢᠭᠦᠯᠡᠭ᠌ᠴᠢ ᠪᠦᠦ ᠭᠠᠩ ᠪᠠᠢᠷᠢᠯᠠᠭᠤᠯᠤᠯᠲᠠ ᠬᠢᠪᠡ᠃
ᠬᠤᠷᠠᠯ᠎ᠡᠴᠡ᠂ ᠶᠡᠷᠦᠩᠬᠡᠢ ᠱᠦᠵᠢ ᠰᠢ ᠵᠢᠨ ᠫᠢᠩ᠎ᠦᠨ ᠠᠶᠤᠯᠭᠦᠢ ᠦᠢᠯᠡᠳᠪᠦᠷᠢᠯᠡᠯ ᠪᠣᠯᠤᠨ ᠤᠢ ᠱᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠨ ᠤᠨᠲᠠᠷᠠᠭᠠᠬᠤ ᠠᠵᠢᠯ᠎ᠤᠨ ᠲᠤᠬᠠᠢ ᠴᠢᠬᠤᠯᠠ ᠵᠢᠭᠠᠪᠤᠷᠢ ᠴᠣᠬᠣᠯᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠪᠦᠬᠦ᠌ ᠤᠯᠤᠰ᠎ᠤᠨ ᠠᠶᠤᠯᠭᠦᠢ ᠦᠢᠯᠡᠳᠪᠦᠷᠢᠯᠡᠯ ᠪᠣᠯᠤᠨ ᠤᠢ ᠱᠢᠭᠤᠢ ᠨᠤᠲᠤᠭ ᠪᠡᠯᠴᠢᠭᠡᠷ᠎ᠦᠨ ᠲᠦᠢᠮᠡᠷ᠎ᠢ ᠰᠡᠷᠭᠡᠢᠯᠡᠨ ᠤᠨᠲᠠᠷᠠᠭᠠᠬᠤ ᠠᠵᠢᠯ ᠤᠨ ᠸᠢᠳᠢᠣ᠋ ᠬᠤᠷᠠᠯ᠎ᠤᠨ ᠪᠠᠢᠷᠢᠯᠠᠭᠤᠯᠤᠯᠲᠠ᠎ᠶ᠋ᠢ ᠨᠠᠷᠢᠨ ᠬᠢᠨᠠᠮᠠᠭᠠᠢ ᠨᠠᠢᠳᠠᠪᠤᠷᠢᠵᠢᠭᠤᠯᠵᠤ᠂ ᠤᠢ᠍ᠢᠷ᠎ᠠ᠎ᠶ᠋ᠢᠨ ᠬᠤᠭᠤᠴᠠᠭᠠᠨ᠎ᠤ ᠡᠨᠳᠡᠯ᠎ᠡᠴᠡ ᠭᠦᠨᠵᠡᠭᠡᠢ ᠰᠤᠷᠭᠠᠮᠵᠢ ᠠᠪᠴᠤ᠌᠂ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶ᠋ᠢ ᠪᠠᠷᠢᠮᠲᠠᠯᠠᠵᠤ᠂ 《ᠴᠠᠭ ᠢᠮᠠᠭ᠍ᠲᠠ ᠰᠠᠨᠠᠭ᠎ᠠ ᠠᠮᠤᠷ ᠦᠭᠡᠢ ᠪᠠᠢᠬᠤ》 ᠬᠠᠷᠢᠭᠤᠴᠠᠯᠭᠠᠲᠤ ᠰᠡᠳᠭᠢᠯᠭᠡ ᠪᠣᠯᠤᠨ ᠲᠤᠯᠭᠠᠮ ᠪᠤᠳᠤᠯ᠎ᠢᠶᠠᠷ ᠠᠶᠤᠯᠭᠦᠢ ᠦᠢᠯᠡᠳᠪᠦᠷᠢᠯᠡᠯ᠎ᠦᠨ ᠡᠯ᠎ᠡ ᠵᠦᠢᠯ᠎ᠦᠨ ᠠᠵᠢᠯ᠎ᠢ ᠰᠠᠢᠲᠤᠷ ᠠᠳᠭᠤᠵᠤ᠂ ᠬᠦᠨᠳᠦ ᠣᠨᠴᠠ ᠶᠡᠬᠡ ᠡᠨᠳᠡᠯ ᠪᠣᠯᠤᠨ ᠤᠢ ᠱᠢᠭᠤᠢ ᠨᠤᠲᠤᠭ ᠪᠡᠯᠴᠢᠭᠡᠷ᠎ᠦᠨ ᠲᠦᠢᠮᠡᠷ ᠡᠭᠦᠰᠭᠦ᠎ᠶ᠋ᠢ ᠡᠷᠡᠰ ᠰᠡᠷᠭᠡᠢᠯᠡᠨ ᠬᠣᠷᠢᠭ᠍ᠯᠠᠵᠤ᠂ ᠠᠷᠠᠳ ᠤᠯᠠᠨ᠎ᠤ ᠠᠮᠢ ᠨᠠᠰᠤ ᠡᠳ᠋ ᠬᠦᠷᠦᠩᠭᠡ᠎ᠶ᠋ᠢᠨ ᠠᠮᠤᠷ ᠲᠦᠪᠱᠢᠨ᠎ᠢ ᠪᠠᠲᠤᠯᠠᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠬᠤᠷᠠᠯ᠎ᠡᠴᠡ᠂ ᠭᠣᠣᠯᠳᠠᠯᠭ᠎ᠠ᠎ᠲᠠᠶ ᠬᠦᠷᠢᠶᠡᠨ᠎ᠦ ᠬᠡᠮ ᠰᠣᠭᠣᠭ᠎ᠢ ᠴᠡᠭ᠌ᠴᠡᠯᠡᠨ ᠰᠠᠢᠵᠢᠷᠠᠭᠤᠯᠵᠤ ᠴᠡᠭ᠌ᠴᠡᠯᠡᠨ ᠵᠠᠰᠠᠬᠤ᠎ᠶ᠋ᠢ ᠴᠢᠩᠭ᠎ᠠ ᠠᠳᠭᠤᠵᠤ᠂ ᠲᠥᠪ᠎ᠦᠨ ᠠᠶᠤᠯᠭᠦᠢ ᠦᠢᠯᠡᠳᠪᠦᠷᠢᠯᠡᠯ᠎ᠦᠨ ᠱᠢᠯᠭᠠᠨ ᠪᠠᠢᠴᠠᠭᠠᠯᠲᠠ ᠲᠣᠭᠣᠷᠢᠨ ᠪᠠᠢᠴᠠᠭᠠᠯᠲᠠ᠂ ᠲᠦᠷᠦ᠍᠎ᠶ᠋ᠢᠨ ᠶᠠᠪᠤᠳᠠᠯ᠎ᠤᠨ ᠬᠣᠷᠢᠶ᠎ᠠ ᠵᠢᠨ ᠠᠶᠤᠯᠭᠦᠢ ᠦᠢᠯᠡᠳᠪᠦᠷᠢᠯᠡᠯ᠎ᠦᠨ ᠵᠥᠪᠯᠡᠯ᠎ᠦᠨ ᠥᠨᠳᠥᠷ ᠪᠠᠷᠢᠯᠭ᠎ᠠ᠎ᠶ᠋ᠢᠨ ᠬᠦᠨᠳᠦ ᠶᠡᠬᠡ ᠭᠠᠯ᠎ᠤᠨ ᠭᠠᠮᠱᠢᠭ᠎ᠤᠨ ᠬᠡᠮ ᠰᠣᠭᠣᠭ᠎ᠤᠨ ᠳᠠᠯᠳᠠᠭᠤᠷ ᠪᠠᠢᠴᠠᠭᠠᠯᠳᠠ᠂ ᠪᠦᠬᠦ᠌ ᠣᠷᠣᠨ᠎ᠤ ᠠᠶᠤᠯᠭᠦᠢ ᠦᠢᠯᠡᠳᠪᠦᠷᠢᠯᠡᠯ᠎ᠦᠨ ᠶᠡᠬᠡ ᠪᠠᠢᠴᠠᠭᠠᠯᠲᠠ ᠶᠡᠬᠡ ᠬᠢᠨᠠᠨ ᠪᠠᠢᠴᠠᠭᠠᠯᠲᠠ᠎ᠳᠤ ᠢᠯᠡᠷᠡᠭᠦᠯᠦᠭ᠌ᠰᠡᠨ ᠠᠰᠠᠭᠤᠳᠠᠯ᠎ᠢ ᠡᠴᠦᠰ᠎ᠲᠦᠨᠢ ᠲᠤᠯᠲᠠᠯ᠎ᠠ ᠠᠩᠬᠠᠷᠴᠤ᠌᠂ ᠡᠴᠦᠰ᠎ᠲᠦᠨᠢ ᠲᠤᠯᠲᠠᠯ᠎ᠠ ᠴᠡᠭᠴᠡᠯᠡᠨ ᠰᠠᠢᠵᠢᠷᠠᠭᠤᠯᠬᠤ ᠬᠡᠷᠡᠭ᠌ᠲᠡᠢ᠃ ᠵᠠᠮ ᠬᠠᠷᠢᠯᠴᠠᠭ᠎ᠠ᠂ ᠪᠠᠷᠢᠯᠭ᠎ᠠ᠎ᠶ᠋ᠢᠨ ᠠᠵᠢᠯ᠂ ᠠᠭᠤᠷᠬᠠᠶ᠂ ᠠᠶᠤᠯᠲᠠᠶ ᠬᠢᠮᠢ᠎ᠶ᠋ᠢᠨ ᠪᠤᠳᠠᠰ᠂ ᠬᠣᠲᠠ ᠪᠠᠯᠭᠠᠰᠤ᠎ᠶ᠋ᠢᠨ ᠱᠢᠲᠠᠮᠠᠬᠠᠶ ᠬᠡᠢ᠂ ᠲᠡᠮᠦᠷᠯᠢᠭ ᠬᠠᠢᠯᠤᠭᠤᠯᠬᠤ ᠠᠵᠤ ᠦᠢᠯᠡᠳᠪᠦᠷᠢ ᠠᠷᠠᠯᠵᠢᠶ᠎ᠠ᠂ ᠰᠣᠶᠣᠯ ᠵᠢᠭᠤᠯᠴᠢᠯᠠᠯ᠂ ᠭᠠᠯ ᠰᠡᠷᠭᠡᠢᠯᠡᠵᠤ ᠭᠠᠯ ᠤᠨᠲᠠᠷᠠᠭᠠᠬᠤ᠂ ᠫᠤᠤᠵᠢᠩ᠂ ᠠᠷᠠᠳ᠎ᠤᠨ ᠬᠡᠷᠡᠭ᠌ᠯᠡᠭᠡᠨ᠎ᠦ ᠳᠡᠯᠪᠡᠴᠢᠯᠳᠠ ᠵᠢᠨ ᠪᠠᠭᠠᠵᠢ ᠮᠠᠲᠧᠷᠢᠶᠠᠯ᠂ ᠣᠨᠴᠠ ᠲᠥᠷᠥᠯ᠎ᠦᠨ ᠲᠥᠬᠥᠭᠡᠷᠦᠮᠵᠢ ᠵᠡᠷᠭᠡ ᠭᠣᠣᠯᠳᠠᠯᠭ᠎ᠠ᠎ᠲᠠᠶ ᠠᠵᠢᠯ ᠲᠥᠷᠥᠯ᠎ᠦᠨ ᠬᠦᠷᠢᠶᠡᠨ᠎ᠦ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠎ᠶ᠋ᠢ ᠴᠢᠩᠭᠠᠳᠬᠠᠵᠤ᠂ ᠠᠵᠤ ᠠᠬᠤᠢᠯᠠᠯ᠎ᠤᠨ ᠭᠠᠳᠠᠭ᠍ᠰᠢ ᠳᠠᠭᠠᠭᠠᠴᠢᠯᠠᠭᠤᠯᠬᠤ ᠬᠠᠮᠢᠶᠠᠷᠤᠯᠲᠠ᠎ᠶ᠋ᠢ ᠦᠨᠡᠨ ᠬᠦ᠌ ᠵᠢᠷᠤᠮᠵᠢᠭᠤᠯᠤᠨ᠂ ᠲᠣᠭ᠍ᠲᠠᠭᠠᠯ᠎ᠡᠴᠡ ᠵᠥᠷᠢᠴᠡᠨ ᠠᠵᠢᠯᠯᠠᠬᠤ ᠪᠠ ᠬᠥᠳᠡᠯᠮᠦᠷᠢ᠎ᠶ᠋ᠢᠨ ᠰᠠᠬᠢᠯᠭ᠎ᠠ ᠪᠠᠲᠤ᠎ᠡᠴᠡ ᠵᠥᠷᠢᠴᠡᠬᠦ ᠦᠢᠯᠡ ᠠᠵᠢᠯᠯᠠᠭ᠎ᠠ᠎ᠶ᠋ᠢ ᠡᠷᠡᠰ ᠬᠤᠷᠢᠭᠯᠠᠵᠤ᠂ ᠫᠤᠤᠵᠢᠩ᠎ᠤᠨ 《ᠲᠠᠪᠤ᠎ᠶ᠋ᠢ ᠴᠢᠩᠭ᠎ᠠ ᠴᠠᠭᠠᠵᠠᠯᠠᠬᠤ᠂ ᠭᠤᠷᠪᠠᠨ ᠡᠷᠬᠡᠪᠰᠢ》 ᠶ᠋ᠢ ᠴᠢᠩᠭ᠎ᠠ ᠬᠡᠷᠡᠭ᠌ᠵᠢᠭᠦᠯᠦᠨ᠂ ᠬᠥᠮᠦᠨ ᠬᠠᠷ᠎ᠠ ᠣᠯᠠᠨ ᠴᠤᠭ᠍ᠯᠠᠷᠠᠬᠤ ᠡᠯ᠎ᠡ ᠲᠥᠷᠥᠯ᠎ᠦᠨ ᠠᠵᠢᠯᠯᠠᠭ᠎ᠠ᠎ᠶ᠋ᠢ ᠰᠠᠢᠲᠤᠷ ᠵᠣᠬᠢᠶᠠᠨ ᠪᠠᠢᠭᠤᠯᠵᠤ᠂ ᠦᠢᠯᠡᠳᠪᠦᠷᠢᠯᠡᠬᠦ᠌ ᠵᠢ ᠨᠢ ᠵᠣᠭ᠍ᠰᠣᠭᠠᠭ᠍ᠰᠠᠨ ᠠᠭᠤᠷᠬᠠᠶ᠎ᠶ᠋ᠢᠨ ᠬᠠᠤᠯᠢ᠎ᠡᠴᠡ ᠵᠥᠷᠢᠴᠡᠨ ᠦᠢᠯᠡᠳᠪᠦᠷᠢᠯᠡᠬᠦ᠌ ᠦᠵᠡᠭ᠌ᠳᠡᠯ᠎ᠳᠦ ᠴᠢᠩᠭ᠎ᠠ ᠴᠣᠬᠢᠯᠲᠠ ᠥᠭ᠌ᠬᠦ ᠬᠡᠷᠡᠭ᠌ᠲᠡᠶ ᠭᠡᠵᠤ ᠴᠢᠬᠤᠯᠠᠴᠢᠯᠠᠵᠠᠢ᠃
ᠬᠤᠷᠠᠯ᠎ᠡᠴᠡ᠂ ᠣᠶ ᠱᠢᠭᠤᠶ ᠨᠤᠲᠤᠭ ᠪᠡᠯᠴᠢᠭᠡᠷ᠎ᠦᠨ ᠲᠦᠶ᠋ᠮᠡᠷ᠎ᠢ ᠰᠡᠷᠭᠡᠢᠯᠡᠨ ᠤᠨᠲᠠᠷᠠᠭᠠᠬᠤ ᠪᠠ ᠪᠠᠢᠭᠠᠯᠢ᠎ᠶ᠋ᠢᠨ ᠭᠠᠮᠱᠢᠭ᠎ᠢ ᠰᠡᠷᠭᠡᠢᠯᠡᠬᠦ᠌ ᠠᠵᠢᠯ᠎ᠢ ᠪᠥᠬᠥ᠌ ᠬᠦᠴᠦᠨ᠎ᠢᠶᠡᠷ᠎ᠢᠶᠡᠨ ᠰᠠᠢᠲᠤᠷ ᠠᠳᠭᠤᠵᠤ᠂ ᠬᠥᠮᠦᠨ ᠤ᠋ ᠬᠦᠴᠦ ᠪᠡᠷ ᠰᠡᠷᠭᠡᠢᠯᠡᠬᠦ᠌᠂ ᠪᠣᠳᠠᠰ᠎ᠢᠶᠠᠷ ᠰᠡᠷᠭᠡᠢᠯᠡᠬᠦ᠌᠂ ᠮᠡᠷᠭᠡᠵᠢᠯ᠎ᠢᠶᠡᠷ ᠰᠡᠷᠭᠡᠢᠯᠡᠬᠦ᠌ ᠪᠠ ᠣᠶᠤᠨᠴᠢ᠎ᠪᠠᠷ ᠰᠡᠷᠭᠡᠢᠯᠡᠬᠦ᠌᠎ᠶ᠋ᠢ ᠬᠠᠮᠵᠢᠯᠴᠠᠭᠤᠯᠤᠨ ᠬᠦᠴᠦᠯᠡᠬᠦ᠌᠎ᠶ᠋ᠢ ᠪᠠᠷᠢᠮᠲᠠᠯᠠᠵᠤ᠂ ᠲᠠᠬᠢᠯᠭ᠎ᠠ᠂ ᠲᠠᠷᠢᠶᠠᠯᠠᠩ᠎ᠤᠨ ᠶᠠᠪᠤᠳᠠᠯ᠂ ᠪᠠᠷᠢᠯᠭ᠎ᠠ᠎ᠶ᠋ᠢᠨ ᠠᠵᠢᠯ ᠵᠡᠷᠭᠡ ᠬᠡᠭᠡᠷ᠎ᠡ ᠭᠠᠳᠠᠨ᠎ᠠ ᠭᠠᠯ ᠬᠡᠷᠡᠭ᠌ᠯᠡᠬᠦ᠌᠎ᠶ᠋ᠢ ᠴᠢᠩᠭ᠎ᠠ ᠬᠠᠮᠢᠶᠠᠷᠤᠨ ᠡᠵᠡᠮᠳᠡᠵᠦ᠍᠂ ᠭᠠᠯ ᠲᠦᠶ᠋ᠮᠡᠷ᠎ᠦᠨ ᠪᠠᠢᠳᠠᠯ ᠠᠶᠤᠯ ᠲᠦᠭ᠌ᠰᠢᠭᠦᠷᠢ ᠵᠢᠨ ᠪᠠᠢᠳᠠᠯ ᠢ᠋ ᠡᠷᠲᠡ ᠢᠯᠡᠷᠡᠭᠦᠯᠵᠦ᠍ ᠤᠷᠢᠳᠴᠢᠯᠠᠨ ᠰᠡᠷᠡᠮᠵᠢᠯᠡᠭᠦᠯᠵᠦ᠍᠂ ᠱᠢᠨᠵᠢᠯᠡᠬᠦ᠌ ᠤᠬᠠᠭᠠᠨᠴᠢ ᠥᠨᠳᠥᠷ ᠪᠦᠲᠦᠮᠵᠢᠲᠡᠶ ᠪᠡᠷ ᠠᠪᠤᠷᠠᠨ ᠲᠤᠰᠠᠯᠠᠵᠤ ᠱᠢᠶ᠋ᠳᠪᠦᠷᠢᠯᠡᠬᠦ᠌ ᠴᠢᠳᠠᠪᠤᠷᠢ᠎ᠪᠠᠨ ᠳᠡᠭᠡᠭ᠌ᠰᠢᠯᠡᠭᠦᠯᠵᠦ᠍᠂ ᠣᠶ ᠱᠢᠭᠤᠶ ᠨᠤᠲᠤᠭ ᠪᠡᠯᠴᠢᠭᠡᠷ᠎ᠦᠨ ᠲᠦᠶ᠋ᠮᠡᠷ᠎ᠢ ᠰᠡᠷᠭᠡᠢᠯᠡᠨ ᠤᠨᠲᠠᠷᠠᠭᠠᠬᠤ ᠪᠠᠢᠳᠠᠯ ᠲᠣᠭ᠍ᠲᠠᠭᠤᠨ᠎ᠢᠶᠠᠷ ᠰᠠᠢᠵᠢᠷᠠᠬᠤ᠎ᠶ᠋ᠢ ᠦᠷᠭᠦᠯᠵᠢᠯᠡᠨ ᠠᠬᠢᠭᠤᠯᠬᠤ ᠬᠡᠷᠡᠭ᠌ᠲᠡᠶ᠃ ᠬᠠᠲᠤᠨ ᠭᠤᠤᠯ᠎ᠤᠨ ᠰᠥᠩ ᠬᠠᠯᠢᠶ᠎ᠠ ᠪᠠ ᠶᠡᠬᠡ ᠰᠠᠯᠬᠢ᠂ ᠬᠦᠶ᠋ᠲᠡᠨ ᠤᠷᠤᠰᠭᠠᠯ ᠵᠡᠷᠭᠡ ᠬᠠᠴᠢᠨ ᠠᠭᠤᠷ ᠠᠮᠢᠰᠭᠤᠯ᠎ᠡᠴᠡ ᠪᠣᠯᠤᠭ᠍ᠰᠠᠨ ᠪᠠᠢᠭᠠᠯᠢ᠎ᠶ᠋ᠢᠨ ᠭᠠᠮᠱᠢᠭ᠎ᠢ ᠰᠡᠷᠭᠡᠢᠯᠡᠨ ᠠᠷᠭᠠᠴᠡᠭᠠᠬᠤ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠢᠲᠤᠷ ᠠᠳᠭᠤᠬᠤ ᠬᠡᠷᠡᠭ᠌ᠲᠡᠶ ᠭᠡᠵᠤ ᠱᠠᠭᠠᠷᠳᠠᠪᠠ᠃
ᠬᠤᠷᠠᠯ᠎ᠡᠴᠡ᠂ ᠡᠯ᠎ᠡ ᠱᠠᠲᠤᠨ᠎ᠤ ᠠᠶᠤᠯᠭᠦᠢ ᠦᠢᠯᠡᠳᠪᠦᠷᠢᠯᠡᠯ᠎ᠦᠨ ᠵᠥᠪᠯᠡᠯ ᠬᠤᠷᠠᠯ ᠢ᠋ ᠴᠦᠬᠡᠨ ᠬᠢᠵᠦ᠍᠂ ᠲᠤᠬᠠᠢ᠎ᠶ᠋ᠢᠨ ᠲᠠᠯᠠᠪᠠᠢ᠎ᠳᠤ ᠢᠯᠡᠭᠦᠬᠡᠨ ᠬᠦᠷᠴᠦ᠍᠂ ᠭᠡᠮ ᠰᠣᠭᠣᠭ᠎ᠢ ᠪᠠᠢᠴᠠᠭᠠᠵᠤ᠂ ᠶᠣᠰᠣᠨ ᠲᠡᠳᠦᠢ ᠥᠩᠭᠡᠷᠡᠭᠦᠯᠬᠦ᠌ ᠦᠭᠡᠢ ᠪᠠᠢᠵᠤ᠂ ᠬᠠᠷᠢᠭᠤᠴᠠᠯᠭ᠎ᠠ᠎ᠪᠠᠨ ᠲᠣᠳᠣᠷᠬᠠᠢᠯᠠᠵᠤ ᠂ ᠪᠠᠯᠠᠷᠬᠠᠢ ᠪᠤᠰᠤ ᠪᠠᠢᠯᠭᠠᠵᠤ᠂ ᠠᠰᠠᠭᠤᠳᠠᠯ᠎ᠢ ᠰᠠᠢᠵᠢᠷᠠᠭᠤᠯᠵᠤ᠂ ᠤᠳᠠᠭᠠᠱᠢᠷᠠᠭᠤᠯᠬᠤ ᠦᠭᠡᠢ ᠬᠦᠯᠢᠶᠡᠬᠦ᠌ ᠦᠭᠡᠢ ᠪᠠᠢᠵᠤ᠂ ᠪᠣᠯᠪᠠᠰᠤᠷᠠᠯ᠎ᠢ ᠠᠳᠭᠤᠵᠤ᠂ ᠰᠡᠳᠭᠢᠯ ᠲᠠᠯᠪᠢᠨ ᠬᠢᠵᠤ᠂《ᠨᠠᠢᠳᠠᠪᠤᠷᠢᠵᠢᠭᠤᠯᠬᠤ》 ᠡᠷᠴᠢ ᠵᠣᠷᠢᠭ᠎ᠢᠶᠠᠷ ᠠᠮᠤᠷ ᠲᠦᠪᠱᠢᠨ᠎ᠦ ᠬᠠᠮᠢᠶᠠᠷᠤᠯᠲᠠ᠎ᠶ᠋ᠢ ᠪᠣᠳᠠᠲᠠᠢ ᠠᠳᠭᠤᠵᠤ᠂ ᠨᠡᠩ ᠠᠮᠤᠷ ᠲᠦᠪᠱᠢᠨ ᠲᠣᠭ᠍ᠲᠠᠭᠤᠨ ᠣᠷᠴᠢᠨ᠎ᠢ ᠪᠤᠢ ᠪᠣᠯᠭᠠᠬᠤ ᠬᠡᠷᠡᠭ᠌ᠲᠡᠢ ᠭᠡᠵᠤ ᠴᠢᠬᠤᠯᠠᠴᠢᠯᠠᠵᠠᠢ᠃
ᠬᠤᠸᠠᠩ ᡁᠢ ᠴᠢᠶᠠᠩ ᠬᠤᠷᠠᠯ᠎ᠢ ᠡᠷᠬᠢᠯᠡᠵᠦ᠍᠂ ᠳᠠᠢᠴᠢᠨ ᠣᠷᠣᠯᠴᠠᠪᠠ᠃