ᠪᠥᠬᠥ ᠤᠯᠤᠰ᠎ᠤᠨ ᠬᠣᠶᠠᠷ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠢᠭ᠎ᠠ ᠲᠠᠰᠢᠷᠠᠮ᠎ᠳᠦ᠂ ᠪᠥᠬᠥ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠭᠡᠰᠢᠭᠦᠨ᠂ ᠮᠠᠨᠵᠤᠤᠷ ᠬᠣᠲᠠ᠎ᠶᠢᠨ ᠤᠯᠤᠰ ᠲᠥᠷᠥ᠎ᠶᠢᠨ ᠵᠥᠪᠯᠡᠯᠭᠡᠨ᠎ᠦ ᠳᠡᠳ᠋ ᠲᠡᠷᠢᠭᠦᠯᠡᠭᠴᠢ ᠳᠦ ᠮᠢᠩ ᠶᠠᠨ ᠤᠳᠠᠯ ᠦᠭᠡᠢ ᠪᠡᠭᠡᠵᠢᠩ᠎ᠳᠦ ᠬᠦᠷᠴᠦ ᠬᠤᠷᠠᠯ᠎ᠳᠤ ᠣᠷᠣᠯᠴᠠᠬᠤ᠎ᠪᠠᠷ ᠪᠡᠯᠡᠳᠭᠡᠵᠤ ᠪᠠᠢᠨ᠎ᠠ᠃ ᠡᠨᠡ ᠵᠢᠯ᠂ ᠲᠡᠷᠡ ᠰᠢᠷ᠎ᠠ ᠪᠤᠷᠴᠠᠭ᠎ᠤᠨ ᠠᠵᠤ ᠦᠢᠯᠡᠰ᠎ᠦᠨ ᠬᠥᠭᠵᠢᠯᠲᠡ᠂ ᠡᠷᠡᠭᠦᠯ ᠬᠠᠮᠠᠭᠠᠯᠠᠯ᠎ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠡᠭᠦᠷᠭᠡ ᠴᠢᠳᠠᠪᠬᠢ᠎ᠶᠢ ᠴᠢᠩᠭᠠᠳᠬᠠᠬᠤ᠂ ᠨᠠᠰᠤᠲᠠᠢᠴᠤᠳ᠎ᠤᠨ ᠮᠠᠰᠢᠨ ᠤᠨᠤᠭ᠎ᠠ ᠵᠢᠨ ᠠᠮᠤᠷ ᠲᠦᠪᠰᠢᠨ᠎ᠦ ᠬᠢᠨᠠᠯᠲᠠ ᠬᠠᠮᠢᠶᠠᠷᠤᠯᠲᠠ᠎ᠶᠢ ᠴᠢᠩᠭᠠᠳᠬᠠᠬᠤ ᠵᠡᠷᠭᠡ ᠠᠭᠤᠯᠭ᠎ᠠ᠎ᠶᠢᠨ ᠲᠣᠭᠣᠷᠢᠨ᠎ᠳᠤ ᠥᠪᠡᠷ᠎ᠦᠨ ᠰᠠᠨᠠᠭᠤᠯᠭ᠎ᠠ᠎ᠪᠠᠨ ᠳᠤᠷᠠᠳᠬᠤ᠎ᠪᠠᠷ ᠲᠥᠯᠥᠪᠯᠡᠵᠦ ᠪᠣᠶ᠃
2025 ᠣᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠥᠩᠭᠡᠷᠡᠯᠲᠡ᠎ᠪᠡᠨ ᠡᠷᠭᠢᠴᠡᠭᠦᠯᠬᠦ᠎ᠳᠦ᠂ ᠳᠦ ᠮᠢᠩ ᠶᠠᠨ ᠤᠯᠤᠯᠲᠠ ᠠᠮᠵᠢᠯᠲᠠ ᠭᠠᠨᠵᠤᠭ᠎ᠠ ᠳᠦᠭᠦᠷᠡᠩ ᠭᠡᠬᠦ ᠳᠥᠷᠪᠡᠨ ᠦᠭᠡ᠎ᠪᠡᠷ ᠳ᠋ᠦᠩᠨᠡᠪᠡ᠃ ᠨᠢᠭᠡ ᠵᠢᠯ᠎ᠦᠨ ᠲᠤᠷᠰᠢ᠂ ᠲᠡᠷᠡ ᠮᠠᠨᠵᠤᠤᠷ ᠬᠤᠳᠠ᠎ᠶᠢᠨ ᠨᠣᠮ᠎ᠤᠨ ᠰᠠᠩ᠎ᠤᠨ ᠭᠡᠰᠢᠭᠦᠳ᠎ᠦᠨ ᠠᠵᠢᠯᠯᠠᠬᠤ ᠲᠠᠰᠤᠭ᠎ᠲᠤ ᠲᠦᠰᠢᠭᠯᠡᠨ᠂ 《ᠨᠣᠮ᠎ᠤᠨ ᠬᠡᠰᠢᠭᠲᠦ ᠤᠯᠤᠰ ᠲᠦᠷᠦ᠎ᠶᠢᠨ ᠵᠥᠪᠯᠡᠯᠭᠡᠨ》 ᠨᠣᠮ ᠤᠩᠰᠢᠬᠤ ᠠᠵᠢᠯᠯᠠᠭ᠎ᠠ᠎ᠶᠢ ᠭᠦᠨᠵᠡᠭᠡᠢ ᠪᠥᠭᠡᠳ ᠪᠣᠳᠠᠲᠠᠢ᠎ᠪᠠᠷ ᠠᠬᠢᠭᠤᠯᠵᠤ᠂ ᠨᠣᠮ ᠤᠩᠰᠢᠵᠤ ᠰᠤᠷᠤᠯᠴᠠᠬᠤ᠎ᠪᠠᠷ ᠳᠠᠮᠵᠢᠨ ᠲᠦᠷᠦ᠎ᠶᠢᠨ ᠪᠣᠳᠣᠯᠭ᠎ᠠ᠎ᠶᠢ ᠨᠡᠪᠲᠡᠷᠬᠡᠢ ᠣᠢᠯᠠᠭᠠᠵᠤ᠂ ᠰᠡᠳᠬᠢᠴᠡ᠎ᠪᠡᠨ ᠲᠣᠳᠣᠷᠬᠠᠢ ᠡᠮᠬᠢᠯᠡᠵᠦ᠂ ᠪᠠᠢᠴᠠᠭᠠᠨ ᠰᠤᠳᠤᠯᠤᠯᠲᠠ᠎ᠶᠢ ᠨᠡᠩ ᠬᠠᠨᠳᠤᠯᠭᠠᠲᠤ ᠴᠢᠨᠠᠷᠲᠠᠢ ᠪᠣᠯᠭᠠᠵᠤ᠂ ᠰᠠᠨᠠᠯ ᠳᠤᠷᠠᠳᠤᠯᠭ᠎ᠠ᠎ᠶᠢ ᠨᠡᠩ ᠦᠨ᠎ᠡ ᠴᠠᠨ᠎ᠠ᠎ᠲᠠᠢ ᠪᠣᠯᠭᠠᠵᠤ᠂ ᠨᠣᠮ᠎ᠤᠨ ᠬᠡᠰᠢᠭ᠎ᠢ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠤᠶᠤᠨ ᠤᠬᠠᠭᠠᠨ ᠪᠠ ᠵᠠᠰᠠᠯᠲᠠ᠎ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠵᠠᠢ᠃ ᠲᠡᠷᠡ ᠪᠠᠰᠠ ᠮᠠᠨᠵᠤᠤᠷ ᠬᠤᠳᠠ᠎ᠶᠢᠨ ᠤᠯᠤᠰ ᠲᠦᠷᠦ᠎ᠶᠢᠨ ᠵᠥᠪᠯᠡᠯᠭᠡᠨ᠎ᠦ 《ᠰᠡᠳᠬᠢᠯ ᠨᠢᠭᠡᠳᠦᠨ ᠬᠢᠯᠢ᠎ᠶᠢᠨ ᠬᠠᠮᠠᠭᠠᠯᠠᠯᠲᠠ᠎ᠶᠢ ᠴᠤᠭᠴᠠᠯᠠᠵᠤ ᠬᠦᠴᠦ᠎ᠪᠡᠨ ᠬᠠᠮᠲᠤᠳᠬᠠᠨ ᠤᠯᠤᠰ᠎ᠤᠨ ᠡᠭᠦᠳᠡ᠎ᠶᠢ ᠰᠠᠬᠢᠬᠤ》 ᠠᠵᠢᠯᠯᠠᠭ᠎ᠠ᠎ᠳᠤ ᠣᠷᠣᠯᠴᠠᠵᠤ᠂ ᠬᠢᠯᠢ ᠰᠠᠬᠢᠭᠴᠢ᠎ᠲᠠᠢ ᠬᠠᠮᠲᠤ ᠪᠡᠷ ᠲᠤᠭ ᠮᠠᠨᠳᠤᠭᠤᠯᠵᠤ᠂ ᠬᠠᠮᠲᠦ ᠪᠡᠷ ᠬᠢᠯᠢ᠎ᠶᠢᠨ ᠬᠠᠮᠠᠭᠠᠯᠠᠯᠲᠠ᠎ᠶᠢ ᠲᠣᠭᠣᠷᠢᠨ ᠪᠠᠢᠴᠠᠭᠠᠪᠠ᠃ ᠲᠡᠭ᠎ᠡᠴᠡ ᠳᠣᠷᠣᠭ᠍ᠰᠢ ᠳᠥᠴᠢ ᠭᠠᠷᠤᠢ ᠭᠷᠡᠳᠦ᠋ᠰ᠎ᠦᠨ ᠬᠠᠬᠢᠷ ᠬᠦᠢᠲᠡᠨ᠎ᠳᠦ᠂ ᠬᠢᠯᠢ ᠰᠠᠬᠢᠭ᠍ᠴᠢ᠎ᠶᠢᠨ ᠬᠥᠯᠳᠡᠵᠤ ᠬᠠᠭᠠᠷᠠᠭᠰᠠᠨ ᠭᠠᠷ᠂ ᠡᠯᠡᠭᠳᠡᠵᠤ ᠪᠠᠷᠠᠬᠳᠠᠬᠰᠠᠨ ᠱᠠᠬᠠᠢ ᠨᠢ ᠲᠡᠭᠦᠨ᠎ᠳᠦ 《ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ》 ᠭᠡᠬᠦ ᠦᠭᠡ ᠵᠢᠨ ᠲᠤᠬᠠᠢ ᠨᠡᠩ ᠭᠦᠨᠵᠡᠭᠡᠢ ᠣᠢᠯᠠᠭᠠᠯᠲᠠ᠎ᠲᠠᠢ ᠪᠣᠯᠭᠠᠵᠠᠢ᠃
ᠡᠭᠦᠨ᠎ᠡᠴᠡ ᠭᠠᠳᠠᠨ᠎ᠠ᠂ ᠲᠡᠷᠡ ᠪᠠᠰᠠ ᠪᠦᠬᠦ ᠤᠯᠤᠰ᠎ᠤᠨ ᠤᠯᠤᠰ ᠲᠥᠷᠥ᠎ᠶᠢᠨ ᠵᠥᠪᠯᠡᠯᠭᠡᠨ᠎ᠦ ᠦᠨᠳᠦᠰᠦᠲᠡᠨ ᠱᠠᠰᠢᠨ ᠰᠤᠷᠲᠠᠬᠤᠨ᠎ᠤ ᠵᠥᠪᠯᠡᠯ᠂ ᠤᠯᠤᠰ᠎ᠤᠨ ᠦᠨᠳᠦᠰᠦᠲᠡᠨ᠎ᠦ ᠬᠡᠷᠡᠭ ᠡᠷᠬᠢᠯᠡᠬᠦ ᠵᠥᠪᠯᠡᠯ᠂ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠬᠠᠮᠲᠤ ᠪᠡᠷ ᠠᠬᠢᠭᠤᠯᠤᠭᠰᠠᠨ᠂ ᠤᠯᠤᠰ᠎ᠤᠨ ᠨᠣᠮ᠎ᠤᠨ ᠰᠠᠩ᠎ᠤᠨ ᠬᠡᠷᠡᠭᠵᠢᠭᠦᠯᠦᠭᠰᠡᠨ 《ᠬᠥᠮᠥᠨ ᠠᠮᠠ᠎ᠪᠠᠷ ᠴᠥᠭᠡᠪᠲᠦᠷ ᠦᠨᠳᠦᠰᠦᠲᠡᠨ᠎ᠦ ᠠᠮᠠᠨ ᠶᠠᠷᠢᠶᠠᠨ᠎ᠤ ᠤᠯᠠᠮᠵᠢᠯᠠᠯᠲᠤ ᠰᠣᠩᠭᠣᠳᠠᠭ ᠨᠣᠮ᠎ᠢ ᠬᠠᠳᠠᠭᠠᠯᠠᠬᠤ ᠲᠥᠯᠥᠪᠯᠡᠭᠡ》 ᠳ᠋ᠦ ᠤᠷᠤᠯᠴᠠᠵᠤ᠂ ᠪᠠᠢᠴᠠᠭᠠᠨ ᠰᠤᠳᠤᠯᠬᠤ ᠪᠦᠯᠬᠦᠮ᠎ᠢ ᠳᠠᠭᠠᠵᠤ ᠬᠥᠯᠥᠨ ᠪᠤᠢ᠍ᠢᠷ᠎ᠤᠨ ᠤᠯᠠᠨ ᠭᠠᠵᠠᠷ᠎ᠲᠤ ᠭᠦᠨᠵᠡᠭᠡᠢᠷᠡᠨ ᠰᠣᠶᠣᠯ᠎ᠤᠨ ᠢᠮ ᠲᠠᠮᠠᠭ᠎ᠠ᠎ᠶᠢ ᠲᠡᠮᠳᠡᠭᠯᠡᠵᠦ᠂ ᠨᠡᠢ᠍ᠢᠲᠡ ᠬᠣᠶᠠᠷ ᠵᠠᠭᠤ ᠭᠠᠷᠤᠢ ᠬᠥᠮᠥᠨ᠎ᠢ ᠰᠤᠷᠪᠤᠯᠵᠢᠯᠠᠵᠤ᠂ ᠠᠷᠠᠳ᠎ᠤᠨ ᠠᠮᠠᠨ ᠵᠣᠬᠢᠶᠠᠯ᠂ ᠠᠷᠠᠳ᠎ᠤᠨ ᠳᠠᠭᠤᠤ᠂ ᠠᠷᠠᠳ᠎ᠤᠨ ᠵᠠᠩ ᠦᠢᠯᠡ᠎ᠶᠢᠨ ᠵᠢᠷᠤᠭ ᠳᠦᠷᠰᠦ ᠵᠡᠷᠭᠡ ᠮᠠᠲᠧᠷᠢᠶᠠᠯ᠎ᠢ ᠲᠦᠮᠡ ᠭᠠᠷᠤᠢ ᠬᠤᠪᠢ ᠴᠤᠭᠯᠠᠭᠤᠯᠤᠭᠰᠠᠨ ᠪᠠᠢᠨ᠎ᠠ᠃
ᠥᠩᠭᠡᠷᠡᠭᠰᠡᠨ ᠨᠢᠭᠡ ᠵᠢᠯ᠎ᠳᠦ᠂ ᠳᠦ ᠮᠢᠩ ᠶᠠᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠬᠢᠭᠡᠳ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠦᠷ᠎ᠡ ᠪᠦᠲᠦᠭᠡᠯ ᠨᠢ ᠬᠣᠣᠰ ᠴᠢᠭᠯᠡᠯ᠎ᠢᠶᠡᠷ ᠡᠨ᠋ᠸᠷᠭᠢ ᠣᠯᠭᠣᠭᠰᠠᠨ ᠪᠠᠢᠨ᠎ᠠ᠃ ᠲᠦᠷᠦᠭᠦᠬᠡᠨ ᠲᠡᠷᠡ ᠪᠦᠬᠦ ᠤᠯᠤᠰ᠎ᠤᠨ ᠤᠯᠤᠰ ᠲᠦᠷᠦ᠎ᠶᠢᠨ ᠵᠥᠪᠯᠡᠯᠭᠡᠨ᠎ᠦ ᠰᠠᠨᠠᠯ ᠲᠤᠷᠠᠳᠤᠯᠭ᠎ᠠ᠎ᠶᠢᠨ ᠵᠦᠪᠯᠡᠯ᠎ᠤᠨ ᠬᠦᠢᠴᠡᠳᠭᠡᠵᠤ ᠲᠠᠭᠤᠰᠬᠠᠨ ᠬᠠᠷᠢᠭᠤ ᠦᠭᠭᠦᠭᠰᠡᠨ ᠦᠨᠡᠮᠯᠡᠯ ᠢ ᠲᠤᠰᠪᠠ — ᠨᠢᠳᠤᠨᠤᠨ᠎ᠤ ᠳᠡᠪᠰᠢᠭᠦᠯᠦᠭᠰᠡᠨ 7 ᠰᠠᠨᠠᠯ ᠲᠤᠷᠠᠳᠤᠯᠭ᠎ᠠ ᠵᠢ ᠨᠢ ᠪᠦᠬᠦᠨ᠎ᠢ ᠬᠦᠢᠴᠡᠳᠭᠡᠨ ᠳᠠᠭᠤᠰᠬᠠᠵᠤ᠂ ᠡᠭᠦᠨ᠎ᠦ ᠳᠣᠲᠣᠷᠠᠬᠢ 1 ᠰᠠᠨᠠᠯ ᠲᠤᠷᠠᠳᠤᠯᠭ᠎ᠠ᠎ᠶᠢ ᠨᠢ ᠭᠣᠣᠯᠳᠠᠯᠭ᠎ᠠ᠎ᠲᠠᠢ ᠰᠠᠨᠠᠯ ᠲᠤᠷᠠᠳᠤᠯᠭ᠎ᠠ᠎ᠳᠦ ᠣᠷᠣᠭᠤᠯᠵᠠᠢ᠃ ᠲᠡᠭᠦᠨ᠎ᠦ ᠬᠠᠮᠤᠭ᠎ᠡᠴᠡ ᠰᠠᠨᠠᠭ᠎ᠠ ᠪᠤᠯᠵᠤ ᠪᠠᠢᠬᠰᠠᠨ ᠡᠸᠡᠩᠬᠢ ᠦᠨᠳᠦᠰᠦᠲᠡᠨ᠎ᠦ ᠴᠠ ᠪᠤᠭᠤ᠎ᠶᠢᠨ ᠠᠵᠤ ᠦᠢᠯᠡᠰ ᠨᠢ ᠤᠯᠠᠨ ᠲᠠᠯ᠎ᠠ᠎ᠵᠢᠨ ᠠᠬᠢᠭᠤᠯᠤᠯ ᠵᠢᠡᠷ ᠲᠠᠮᠵᠢᠨ᠂ ᠳᠤᠮᠳᠠᠳᠤ ᠤᠷᠤᠰ᠎ᠤᠨ ᠴᠠ ᠪᠤᠭᠤ᠎ᠶᠢᠨ ᠡᠭᠦᠯᠳᠡᠷ ᠣᠷᠣᠭᠤᠯᠤᠨ ᠠᠪᠴᠢᠷᠠᠬᠤ ᠬᠣᠯᠪᠣᠭᠳᠠᠯ ᠪᠦᠬᠦᠢ ᠬᠡᠯᠡᠯᠴᠡᠭᠡᠷ᠎ᠦᠨ ᠪᠢᠴᠢᠭ ᠠᠮᠵᠢᠯᠲᠠ᠎ᠲᠠᠢ ᠲᠤᠬᠳᠠᠵᠤ᠂ ᠴᠠ ᠪᠤᠭᠤ᠎ᠶᠢᠨ ᠠᠵᠤ ᠦᠢᠯᠡᠰ ᠰᠢᠨ᠎ᠡ ᠠᠵᠠ ᠲᠤᠬᠢᠶᠠᠯ᠎ᠢ ᠤᠭᠲᠤᠨ ᠠᠪᠴᠠᠢ᠃
《ᠰᠠᠨᠠᠯ ᠲᠤᠷᠠᠳᠤᠯᠭ᠎ᠠ ᠪᠤᠯᠭᠠᠨ ᠳ᠋ᠤᠨᠢ ᠤᠯᠠᠨ ᠲᠦᠮᠡᠨ᠎ᠦ ᠬᠦᠰᠡᠯ ᠡᠷᠡᠮᠡᠯᠵᠡᠯᠠᠭᠤᠯᠤᠬᠳᠠᠵᠤ ᠪᠠᠢᠳᠠᠭ᠂ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠳ ᠨᠢᠭᠡ ᠬᠤᠪᠢ ᠰᠠᠨᠠᠯ ᠲᠤᠷᠠᠳᠤᠯᠭ᠎ᠠ ᠲᠤᠭᠤᠷᠪᠢᠬᠤ᠎ᠳᠦ ᠴᠤᠭᠯᠠᠭᠤᠯᠬᠤ ᠮᠠᠲᠧᠷᠢᠶᠠᠯ ᠨᠢ ᠠᠷᠪᠠᠨ ᠬᠡᠳᠦᠨ ᠲᠦᠮᠡᠨ ᠦᠰᠦᠭ ᠬᠦᠷᠴᠤ ᠮᠡᠳᠡᠨ᠎ᠠ᠂ ᠡᠴᠤᠰ ᠲᠤ ᠮᠢᠩᠭ᠎ᠠ ᠭᠠᠷᠤᠢ ᠦᠰᠦᠭ᠎ᠤᠨ ᠰᠠᠨᠠᠭᠤᠯᠭ᠎ᠠ᠎ᠶᠢ ᠰᠢᠷᠭᠠᠨ ᠭᠠᠷᠭᠠᠳᠠᠭ᠃ ᠳᠡᠪᠰᠢᠭᠦᠯᠬᠦᠡᠴᠡᠪᠠᠨ ᠡᠮᠦᠨᠡᠬᠡᠨ ᠮᠦᠨ ᠬᠦ ᠦᠭᠡ ᠥᠭᠦᠯᠡᠪᠦᠷᠢ ᠪᠡᠨ ᠲᠤᠩᠭᠠᠨ ᠪᠣᠳᠣᠯᠬᠢᠯᠠᠵᠤ᠂ ᠲᠠᠬᠢᠨ ᠳᠠᠪᠲᠠᠨ ᠰᠢᠷᠭᠠᠭᠠᠳᠠᠭ》 ᠭᠡᠵᠦ ᠳᠦ ᠮᠢᠩ ᠶᠠᠨ ᠬᠡᠯᠡᠪᠡ ᠃ ᠤᠳᠤ᠂ ᠳᠠᠬᠢᠨᠲᠠ ᠪᠡᠭᠡᠵᠢᠩ᠎ᠳᠦ ᠬᠦᠷᠴᠦ ᠬᠤᠷᠠᠯ᠎ᠳᠤ ᠣᠷᠣᠯᠴᠠᠬᠤ᠎ᠪᠠᠷ ᠪᠠᠢᠭ᠎ᠠ ᠲᠡᠷᠡ ᠪᠡᠷ ᠴᠠᠭ᠎ᠢ ᠠᠮᠵᠢᠨ ᠡᠯ᠎ᠡ ᠵᠦᠢᠯ᠎ᠦᠨ ᠪᠡᠯᠡᠳᠬᠡᠯ ᠠᠵᠢᠯ ᠵᠢᠡᠨ ᠬᠢᠵᠦ ᠪᠤᠢ᠂ 《ᠪᠢ ᠳᠡᠭᠡᠳᠦ ᠬᠡᠮᠵᠢᠶᠡᠨ᠎ᠦ ᠬᠠᠷᠢᠭᠤᠴᠠᠯᠭᠠᠲᠤ ᠰᠡᠳᠬᠢᠯᠭᠡ ᠪᠤᠯᠤᠨ ᠡᠭᠦᠷᠭᠡᠲᠦ ᠰᠡᠳᠬᠢᠯᠭᠡ᠎ᠪᠠᠨ ᠦᠷᠭᠦᠯᠵᠢᠯᠡᠨ ᠪᠠᠷᠢᠮᠲᠠᠯᠠᠵᠤ᠂ ᠰᠠᠢᠨ ᠰᠠᠨᠠᠭᠤᠯᠭ᠎ᠠ ᠳᠤᠷᠠᠳᠤᠨ ᠪᠣᠳᠠᠲᠠᠢ ᠠᠷᠭ᠎ᠠ ᠪᠣᠳᠣᠯᠭ᠎ᠠ ᠳᠡᠪᠰᠢᠭᠦᠯᠵᠦ᠂ ᠤᠯᠤᠰ ᠲᠦᠷᠦ᠎ᠶᠢᠨ ᠵᠥᠪᠯᠡᠯᠭᠡᠨ᠎ᠦ ᠭᠡᠰᠢᠭᠦᠨ᠎ᠦ ᠲᠤᠰᠢᠶᠠᠯ ᠬᠠᠷᠢᠭᠤᠴᠠᠯᠭ᠎ᠠ᠎ᠪᠠᠨ ᠪᠣᠳᠠᠲᠠᠢ᠎ᠳᠤ ᠨᠠᠢᠳᠠᠪᠤᠷᠢᠵᠢᠭᠤᠯᠤᠨ᠎ᠠ》 ᠬᠡᠵᠤ ᠲᠡᠷᠡ ᠬᠡᠯᠡᠪᠡ᠃
[ᠰᠤᠷᠪᠤᠯᠵᠢᠯᠠᠭ᠍ᠴᠢ᠎ᠶᠢᠨ ᠡᠪᠦᠷ ᠲᠡᠮᠳᠡᠭᠯᠡᠯ]
ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ ᠵᠠᠮ ᠳᠡᠭᠡᠷ᠎ᠡ᠂ ᠳᠦ ᠮᠢᠩ ᠶᠠᠨ ᠭᠤᠷᠪᠠᠨ ᠳᠦᠷᠢ ᠲᠡᠢ᠄ ᠤᠯᠤᠰ᠎ᠤᠨ ᠡᠭᠦᠳᠡᠨ᠎ᠦ ᠦᠯᠢᠭᠡᠷ᠎ᠦᠨ 《ᠤᠬᠠᠭᠤᠯᠤᠭ᠍ᠴᠢ》 ᠵᠢᠨ ᠳᠦᠷᠢ ᠨᠢ ᠬᠢᠯᠢ ᠰᠠᠬᠢᠭ᠍ᠴᠢ᠎ᠶᠢᠨ ᠦᠨᠡᠨᠴᠢ ᠰᠡᠳᠬᠢᠯ᠎ᠢ ᠨᠡᠩ ᠤᠯᠠᠨ ᠬᠥᠮᠥᠨ᠎ᠳᠦ ᠮᠡᠳᠡᠭᠦᠯᠤᠨ᠎ᠡ; ᠠᠷᠠᠳ ᠤᠯᠠᠨ᠎ᠤ 《ᠦᠢᠯᠡᠴᠢᠯᠡᠭᠴᠢ》 ᠵᠢᠨ ᠳᠦᠷᠢ ᠨᠢ ᠦᠨᠳᠦᠰᠦᠨ ᠱᠠᠲᠤᠨ᠎ᠤ ᠰᠡᠳᠬᠢᠯ᠎ᠦᠨ ᠳᠠᠭᠤᠨ᠎ᠢ ᠪᠦᠬᠦ ᠤᠯᠤᠰ᠎ᠤᠨ ᠬᠣᠶᠠᠷ ᠬᠤᠷᠠᠯ᠎ᠳᠤ ᠲᠠᠮᠵᠢᠭᠤᠯᠤᠨ᠎ᠠ;ᠭᠠᠵᠠᠷ ᠣᠷᠣᠨ᠎ᠤ ᠬᠥᠭᠵᠢᠯᠲᠡ᠎ᠶᠢᠨ 《ᠬᠢᠨᠠᠯᠲᠠ ᠲᠠᠯᠪᠢᠭ᠍ᠴᠢ》 ᠵᠢᠨ ᠳᠦᠷᠢ ᠨᠢ ᠠᠷᠠᠳ᠎ᠲᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢᠨ ᠨᠠᠢᠳᠠᠪᠤᠷᠢᠵᠢᠭᠤᠯᠤᠬᠳᠠᠨ ᠦᠷ᠎ᠡ ᠪᠦᠲᠦᠮᠵᠢ ᠣᠯᠬᠤ᠎ᠶᠢ ᠴᠢᠩᠭ᠎ᠠ ᠠᠨᠭᠬᠠᠷᠤᠨᠠ᠃
ᠬᠥᠯᠥᠨ ᠪᠣᠶ᠋ᠢᠷ᠎ᠤᠨ ᠲᠠᠯ᠎ᠠ ᠨᠤᠲᠤᠭ᠎ᠲᠤ᠂ ᠮᠠᠨᠵᠤᠤᠷ᠎ᠤᠨ ᠤᠯᠤᠰ᠎ᠤᠨ ᠡᠭᠦᠳᠡᠨ ᠳᠦ᠂ ᠳᠦ ᠮᠢᠩ ᠶᠠᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠭᠰᠡᠨ ᠦᠯᠢᠭᠡᠷ ᠮᠦᠨ ᠬᠦ᠌ ᠦᠷᠭᠦᠯᠵᠢᠯᠡᠭᠰᠡᠭᠡᠷ᠂ ᠲᠡᠷᠡ᠄ 《ᠰᠡᠳᠬᠢᠯ ᠵᠢᠷᠦᠬᠡᠨ᠎ᠳᠡᠭᠡᠨ ᠤᠯᠠᠨ ᠲᠦᠮᠡᠨ᠎ᠢ ᠪᠤᠳᠤᠳᠠᠭ ᠯᠠ ᠶᠤᠮ ᠪᠣᠯ ᠠᠯᠬᠤᠭᠠᠬᠡᠵᠢᠶᠡ ᠴᠦ᠍ ᠵᠣᠭᠰᠣᠰᠢ ᠦᠭᠡᠢ ᠶᠤᠮ 》 ᠭᠡᠯᠡ᠃