— ᠥᠪᠥᠷ ᠮᠣᠩᠭᠣᠯᠤᠨ ᠴᠢᠨᠠᠷ ᠰᠠᠢᠲᠠᠶ ᠬᠥᠭ᠌ᠵᠢᠯᠲᠡ ᠢ᠋ᠢ ᠠᠬᠢᠭᠤᠯᠬᠤ ᠡᠨᠧᠷᠭᠢ ᠢ᠋ᠢᠨ ᠠᠵᠤ ᠦᠶ᠋ᠯᠡᠰᠤᠨ ᠬᠠᠭᠤᠳᠠᠰᠤ
《ᠠᠷᠪᠡᠨ ᠲᠠᠪᠤᠳᠤᠭᠠᠷ ᠲᠠᠪᠤᠨ ᠵᠢᠯ》 ᠤ᠋ᠨ ᠡᠬᠢᠯᠡᠯᠲᠡ ᠢ᠋ᠢᠨ ᠤᠨᠳᠦ᠂ ᠥᠪᠥᠷ ᠮᠣᠩᠭᠣᠯ 《ᠱᠢᠨᠡᠪᠡᠷ ᠨᠡᠮᠡᠭ᠌ᠳᠡᠬᠦ᠌ ᠱᠢᠨ᠎ᠡ ᠡᠨᠧᠷᠭᠢ ᠢ᠋ᠢᠨ ᠮᠠᠱᠢᠨ ᠴᠣᠭ᠍ᠴᠠᠯᠠᠪᠤᠷᠢᠢ᠋ᠢᠨ ᠬᠡᠪᠴᠢᠶ᠎ᠡ ᠢ᠋ᠢ 3000 ᠲᠦᠮᠡᠨ ᠺᠢᠯᠦᠸᠠᠲᠢ ᠲᠠᠪᠠᠭᠤᠯᠵᠤ᠂ ᠱᠢᠨ᠎ᠡ ᠡᠨᠧᠷᠭᠢ ᠢ᠋ᠢᠨ ᠴᠠᠬᠢᠯᠭᠠᠨ ᠭᠠᠷᠭᠠᠬᠤ ᠬᠡᠮᠵᠢᠶ᠎ᠡ ᠢ᠋ᠢ 3000 ᠳ᠋ᠦᠩᠱᠢᠭᠤᠷ ᠭᠷᠠᠳᠦ᠋ᠰᠢ ᠳᠠᠪᠠᠭᠤᠯᠬᠤ ᠢ᠋ᠢ ᠪᠠᠲᠤᠯᠠᠬᠤ》 ᠠᠸ᠋ᠭᠠ ᠬᠠᠷᠠᠯᠲᠠ ᠢ᠋ᠢ ᠲᠣᠭ᠍ᠲᠠᠭᠠᠪᠠ᠃
ᠡᠨᠡ ᠬᠦ᠌ ᠬᠠᠷᠠᠯᠲᠠ ᠨᠢ ᠥᠪᠥᠷ ᠮᠣᠩᠭᠣᠯ ᠤ᠋ᠨ ᠤᠯᠤᠰ ᠤ᠋ᠨ ᠡᠨᠧᠷᠭᠢ ᠢ᠋ᠢᠨ ᠠᠮᠤᠷ ᠲᠦᠪᠱᠢᠨᠦ ᠶᠡᠬᠡ ᠲᠠᠯᠠᠳᠤ ᠰᠠᠭᠤᠷᠢᠯᠠᠵᠤ᠂ ᠬᠢᠵᠠᠭᠠᠯᠠᠰᠢ ᠥᠬᠡᠶ ᠰᠠᠯᠬᠢᠨ ᠤ᠋ ᠡᠨ᠋ᠸᠷᠬᠢ᠂ ᠨᠠᠷᠠᠨ ᠤ᠋ ᠡᠨ᠋ᠸᠷᠬᠢ ᠢ᠋ᠢᠨ ᠡᠬᠢ ᠪᠠᠶᠠᠯᠢᠭ ᠤ᠋ᠨ ᠳᠠᠪᠠᠭᠤᠯᠢᠭᠢ ᠭᠦᠶ᠋ᠴᠡᠳ ᠪᠠᠳᠠᠷᠠᠭᠤᠯᠤᠭ᠍ᠰᠠᠨ ᠣᠨᠣᠪᠴᠢᠲᠠᠶ ᠪᠠᠢᠷᠢᠯᠠᠭᠤᠯᠤᠯᠲᠠ ᠪᠣᠯᠬᠤ ᠪᠡᠷ ᠪᠠᠷᠠᠬᠤ ᠥᠬᠡᠶ᠂ ᠪᠠᠰᠠ ᠴᠤ᠌ ᠪᠥᠬᠥ᠌ ᠣᠷᠣᠨ ᠤ᠋ ᠳᠡᠭᠡᠷ᠎ᠠ ᠳᠤᠤᠷ᠎ᠠ ᠱᠠᠲᠤ ᠪᠡᠷᠢᠶᠠᠨ 《ᠨᠢᠭᠡ ᠬᠥᠯᠭᠡ ᠱᠢᠲᠠᠷᠠ》 ᠪᠡᠷ ᠨᠢᠭᠡᠳᠦᠯᠲᠡᠶ ᠲᠥᠯᠥᠪᠵᠢᠭᠦᠯᠵᠦ᠍᠂ ᠬᠠᠮᠵᠢᠯᠴᠠᠨ ᠠᠬᠢᠭᠤᠯᠤᠭᠰᠠᠨ ᠬᠠᠮᠲᠤ ᠢ᠋ᠢᠨ ᠣᠶᠤᠨ ᠤᠬᠠᠭᠠᠨ ᠪᠤᠯᠬᠤ ᠶᠤᠮ; ᠨᠡᠩ ᠴᠤ᠌ ᠪᠣᠬᠢᠷᠲᠤᠯ ᠦᠭᠡᠢ ᠴᠠᠬᠢᠯᠭᠠᠨ ᠤ᠋ ᠳᠠᠪᠠᠭᠤᠯᠢᠭᠢ ᠴᠢᠨᠠᠷ ᠰᠠᠢᠲᠠᠢ ᠬᠥᠭ᠌ᠵᠢᠯᠲᠡ ᠢ᠋ᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠭᠠᠵᠠᠷ ᠣᠷᠣᠨ ᠤ᠋ ᠪᠠᠢᠳᠠᠯᠳᠠᠭᠠᠨ ᠲᠤᠬᠢᠷᠠᠭᠤᠯᠤᠨ ᠬᠥᠭ᠌ᠵᠢᠯᠲᠡ ᠢ᠋ᠢᠨ ᠬᠥᠳᠡᠯᠭᠡᠬᠦ᠌ ᠬᠦᠴᠦᠨ ᠢ᠋ ᠬᠥᠭ᠌ᠵᠢᠭᠡᠬᠦ᠌ ᠬᠠᠮᠤᠭ ᠤ᠋ᠨ ᠪᠦᠳᠦᠮᠵᠢᠳᠡᠢ ᠲᠦᠰᠦᠯ ᠪᠤᠯᠤᠨ᠎ᠡ᠃
ᠥᠪᠥᠷ ᠮᠣᠩᠭᠣᠯᠢ ᠪᠠᠷᠠᠯᠠᠬᠤᠶ᠎ᠠ᠂ ᠡᠯ᠎ᠡ ᠭᠠᠵᠠᠷ ᠤ᠋ᠨᠬᠢᠨ ᠱᠢᠨ᠎ᠡ ᠡᠨᠧᠷᠭᠢ ᠢ᠋ᠢ ᠬᠦᠭᠵᠢᠬᠦᠯᠬᠦ ᠢ᠋ᠢ ᠪᠦᠲᠦᠴᠡ ᠢ᠋ᠢ ᠲᠣᠬᠢᠷᠠᠭᠤᠯᠬᠤ᠂ ᠬᠥᠳᠡᠯᠭᠡᠬᠦ᠌ ᠬᠦᠴᠦᠨ ᠢ ᠬᠤᠪᠢᠷᠠᠭᠤᠯᠬᠤ ᠭᠤᠤᠯ ᠱᠢᠪᠲᠤᠯᠤᠯᠲᠠ ᠢ᠋ᠢᠨ ᠴᠢᠭ᠌ᠯᠡᠯ ᠪᠣᠯᠭᠠᠵᠤ᠂ ᠱᠢᠨ᠎ᠡ ᠡᠨᠧᠷᠭᠢ ᠢ᠋ᠢᠨ ᠠᠵᠤ ᠦᠶ᠋ᠯᠡᠰ ᠶᠠᠭ ᠦᠷᠨᠢᠬᠦᠨ ᠬᠥᠭ᠌ᠵᠢᠵᠦ᠍ ᠪᠣᠶ᠃ 2025 ᠣᠨᠳᠤ᠂ ᠥᠪᠥᠷ ᠮᠣᠩᠭᠣᠯ ᠤ᠋ᠨ ᠰᠠᠯᠬᠢᠨ ᠬᠦᠴᠦᠨ ᠢ᠋ᠢᠡᠷ ᠴᠠᠬᠢᠯᠭᠠᠨ ᠭᠠᠷᠭᠠᠬᠤ ᠮᠠᠱᠢᠨ ᠴᠣᠭ᠍ᠴᠠᠯᠠᠪᠤᠷᠢ ᠢ᠋ᠢᠨ ᠬᠡᠪᠴᠢᠶ᠎ᠡ ᠪᠦᠬᠦ ᠤᠯᠤᠰ ᠲᠦ᠍ ᠬᠠᠮᠤᠭ ᠲᠦᠷᠦᠬᠦᠨ ᠳ᠋ᠤ᠌ 1 ᠳ᠋ᠦᠩᠱᠢᠭᠤᠷ ᠺᠢᠯᠦᠸᠠᠲᠢ ᠲᠠᠪᠠᠵᠤ᠂ ᠪᠥᠬᠥ᠌ ᠵᠢᠯᠳᠦ ᠱᠢᠨ᠎ᠡ ᠡᠨᠧᠷᠭᠢ ᠢ᠋ᠢᠨ ᠮᠠᠱᠢᠨ ᠴᠣᠭ᠍ᠴᠠᠯᠠᠪᠤᠷᠢ 3500 ᠲᠦᠮᠡᠨ ᠺᠢᠯᠦᠸᠠᠲ ᠱᠢᠨᠡᠪᠡᠷ ᠨᠡᠮᠡᠭ᠌ᠳᠡᠵᠦ᠍᠂ ᠮᠠᠱᠢᠨ ᠴᠣᠭ᠍ᠴᠠᠯᠠᠪᠤᠷᠢ ᠢ᠋ᠢᠨ ᠬᠡᠪᠴᠢᠶ᠎ᠡ 1.7 ᠳ᠋ᠦᠩᠱᠢᠭᠤᠷ ᠺᠢᠯᠦᠸᠠᠲ ᠢ᠋ ᠲᠠᠪᠠᠵᠤ᠂ ᠴᠠᠬᠢᠯᠭᠠᠨ ᠭᠠᠷᠭᠠᠭ᠍ᠰᠠᠨ ᠬᠡᠮᠵᠢᠶ᠎ᠡ 2700 ᠳ᠋ᠦᠩᠱᠢᠭᠤᠷ ᠭᠷᠠᠳᠦ᠋ᠰ ᠲᠦ᠍ ᠬᠦᠷᠴᠦ᠍᠂ ᠵᠠᠯᠭᠠᠭ᠎ᠠ ᠪᠡᠷ ᠠᠷᠪᠠ ᠭᠠᠷᠤᠶ ᠵᠢᠯ ᠪᠥᠬᠥ᠌ ᠤᠯᠤᠰ ᠲᠦ᠍ ᠲᠦᠷᠦᠬᠦᠯᠡᠪᠡ᠃ ᠥᠪᠥᠷ ᠮᠣᠩᠭᠣᠯ 3 ᠭᠷᠠᠳᠦ᠋ᠰ ᠤ᠋ᠨ ᠴᠠᠬᠢᠯᠭᠠᠨ ᠭᠠᠷᠭᠠᠬᠤ ᠪᠦᠷᠢ 1 ᠭᠷᠠᠳᠦ᠋ᠰ ᠤ᠋ᠨ ᠴᠠᠬᠢᠯᠭᠠᠨ ᠨᠢ ᠱᠢᠨ᠎ᠡ ᠡᠨᠧᠷᠭᠢᠡᠴᠡ ᠢᠷᠡᠯᠲᠡᠲᠡᠶ᠃
ᠲᠠᠰᠤᠷᠠᠯᠲᠠ ᠥᠬᠡᠶ ᠪᠤᠵᠠᠭᠠᠢᠷᠠᠵᠤ ᠪᠠᠢᠭ᠎ᠠ ᠪᠤᠬᠢᠷᠳᠤᠯ ᠦᠬᠡᠢ ᠴᠠᠬᠢᠯᠭᠠᠨ ᠤ᠋ ᠲᠠᠪᠠᠭᠤᠯᠢᠭ ᠲᠠᠭᠠᠨ ᠲᠦᠱᠢᠭ᠌ᠯᠡᠨ᠂ ᠥᠪᠥᠷ ᠮᠣᠩᠭᠣᠯ ᠶᠠᠭ ᠱᠢᠨ᠎ᠡ ᠡᠨᠧᠷᠭᠢ ᠬᠢᠭᠡᠳ ᠪᠤᠳᠤᠯᠳᠡ ᠢ᠋ᠢᠨ ᠴᠢᠳᠠᠪᠤᠷᠢ᠂ ᠲᠠᠯᠠᠰᠲᠤ ᠴᠠᠬᠢᠭᠤᠷ᠂ ᠬᠠᠢᠯᠤᠰᠢ ᠢ᠋ᠢᠨ ᠱᠢᠨ᠎ᠡ ᠮᠠᠲ᠋ᠧᠷᠢᠶᠠᠯ ᠵᠡᠷᠭᠡ ᠠᠵᠤ ᠦᠶ᠋ᠯᠡᠰ ᠢ᠋ ᠭᠦᠨᠵᠡᠭᠡᠶ ᠠᠭᠤᠰᠤᠯᠴᠠᠭᠤᠯᠬᠤ᠂ ᠬᠠᠷᠢᠯᠴᠠᠨ ᠠᠬᠢᠭᠤᠯᠵᠤ ᠬᠠᠮᠲᠤ ᠪᠡᠷ ᠳᠠᠪᠱᠢᠬᠤ ᠢ᠋ᠢ ᠢᠳᠡᠪᠬᠢᠲᠡᠶ ᠰᠦᠪᠡᠭ᠌ᠴᠢᠯᠡᠵᠦ᠍᠂ ᠠᠵᠤ ᠦᠶ᠋ᠯᠡᠰ ᠤ᠋ᠨ 《ᠪᠤᠬᠢᠷᠳᠤᠯ ᠦᠬᠡᠢ ᠠᠭᠤᠯᠤᠭ᠍ᠳᠠᠴᠠ》 ᠢ᠋ᠢ ᠢᠯᠡᠷᠬᠡᠢ ᠨᠡᠮᠡᠭᠳᠡᠬᠦᠯᠵᠤ ᠪᠠᠢᠨ᠎ᠡ᠃
ᠲᠦᠩᠯᠢᠶᠣᠤᠬᠤᠳᠠ ᠪᠣᠬᠢᠷᠲᠤᠯ ᠥᠬᠡᠶ ᠴᠠᠬᠢᠯᠭᠠᠨ ᠬᠥᠩᠭᠡᠨᠴᠠᠭᠠᠨ᠂ ᠰᠠᠯᠬᠢᠨ ᠬᠦᠴᠦᠨᠢ᠋ᠢᠡᠷ ᠴᠠᠬᠢᠯᠭᠠᠨᠭᠠᠷᠭᠠᠬᠤ ᠲᠣᠨᠣᠭ ᠲᠥᠬᠥᠭᠡᠷᠦᠮᠵᠢ ᠦᠶ᠋ᠯᠡᠳᠬᠦ᠌᠂ ᠬᠥᠩᠭᠡᠨᠴᠠᠭᠠᠨ᠂ ᠨᠢᠺᠧᠯ᠂ ᠴᠠᠬᠢᠭᠤᠷ ᠤ᠋ᠨ ᠱᠢᠨ᠎ᠡ ᠮᠠᠲ᠋ᠧᠷᠢᠶᠠᠯ ᠵᠡᠷᠭᠡ ᠨᠢᠭᠡ ᠪᠦᠯᠦᠭ ᠴᠢᠨᠠᠷ ᠰᠠᠢᠲᠠᠶ ᠠᠵᠤ ᠦᠶ᠋ᠯᠡᠰ ᠤ᠋ᠨ ᠪᠦᠯᠦᠭᠵᠢᠯ ᠢ᠋ ᠪᠤᠢ ᠪᠤᠯᠭᠠᠵᠤ᠂ 《ᠪᠣᠬᠢᠷᠲᠤᠯ ᠥᠬᠡᠶ ᠴᠠᠬᠢᠯᠭᠠᠨᠢ᠋ᠢᠡᠷ ᠲᠥᠷᠥᠯ ᠵᠦᠶ᠋ᠯ ᠤᠷᠢᠬᠤ — ᠲᠥᠷᠥᠯ ᠵᠦᠶ᠋ᠯᠢᠶᠡᠷ ᠠᠵᠤ ᠦᠶ᠋ᠯᠡᠰᠢ ᠲᠠᠢᠴᠢᠯᠠᠬᠤ — ᠠᠵᠤ ᠦᠶ᠋ᠯᠡᠰᠢᠶᠡᠷ ᠪᠣᠬᠢᠷᠲᠤᠯ ᠥᠬᠡᠶ ᠴᠠᠬᠢᠯᠭᠠᠨᠢ ᠠᠬᠢᠭᠤᠯᠬᠤ》 ᠰᠠᠢᠨ ᠤᠷᠴᠢᠯᠢ ᠪᠤᠢ ᠪᠤᠯᠭᠠᠪᠠ᠃
ᠬᠥᠬᠡᠬᠣᠲᠠ ᠢ᠋ᠢᠨ ᠪᠤᠳᠤᠯᠳᠡ ᠢ᠋ᠢᠨ ᠠᠵᠤ ᠦᠶ᠋ᠯᠡᠰ ᠤ᠋ᠨ ᠭᠤᠤᠯ ᠲᠣᠭᠣᠷᠢᠭ ᠪᠣᠯᠬᠤ ᠬᠣᠷᠢᠨᠭᠡᠷ ᠱᠢᠨ᠎ᠡ ᠲᠣᠭᠣᠷᠢᠭ ᠲᠦ᠍᠂ ᠬᠡᠳᠦᠨ ᠠᠷᠪᠠᠨ ᠲᠣᠮᠣ ᠬᠡᠯᠪᠡᠷᠢ ᠢ᠋ᠢᠨ ᠳ᠋ᠠᠢᠲ᠋ᠠ ᠢ᠋ᠢᠨ ᠲᠥᠪ ᠤ᠋ᠨ ᠪᠣᠬᠢᠷᠲᠤᠯ ᠥᠬᠡᠶ ᠴᠠᠬᠢᠯᠭᠠᠨ ᠬᠡᠷᠡᠭ᠌ᠯᠡᠭ᠌ᠰᠡᠨ ᠬᠠᠷᠢᠴᠠᠯᠨᠢ 86%ᠳ᠋ᠤ ᠬᠦᠷᠴᠦ᠍᠂ ᠪᠣᠬᠢᠷᠲᠤᠯ ᠥᠬᠡᠶ ᠪᠤᠳᠤᠯᠳᠡ ᠢ᠋ᠢᠨ ᠴᠢᠳᠠᠪᠤᠷᠢ ᠢ᠋ᠢᠨ ᠵᠢᠭᠠᠯᠳᠡ ᠲᠣᠭᠠᠨᠢ ᠪᠥᠬᠥ᠌ ᠤᠯᠤᠰ ᠲᠦ᠍ ᠲᠦᠷᠦᠬᠦᠯᠡᠪᠡ᠃
ᠤᠯᠠᠭᠠᠨᠴᠠᠪ ᠲᠡᠮᠦᠷ ᠤ᠋ᠨ ᠬᠠᠢᠯᠤᠰᠢ ᠢ᠋ᠢᠨ ᠦᠶ᠋ᠯᠡᠳᠪᠦᠷᠢᠯᠡᠯ ᠤ᠋ᠨ ᠴᠢᠳᠠᠪᠤᠷᠢᠢ᠋ᠢ ᠪᠤᠬᠢᠷᠳᠤᠯ ᠦᠬᠡᠢ ᠡᠨᠧᠷᠭᠢᠪᠡᠷ ᠤᠷᠤᠯᠠᠭᠤᠯᠬᠤ ᠢ᠋ᠢ ᠲᠦᠷᠭᠡᠳᠭᠡᠨ ᠠᠬᠢᠭᠤᠯᠬᠤ ᠢ᠋ᠢ ᠳᠠᠭᠠᠯᠳᠤᠨ᠂ ᠲᠡᠮᠦᠷ ᠤ᠋ᠨ ᠬᠠᠢᠯᠤᠰᠢ ᠢ᠋ᠢᠨ ᠠᠵᠤ ᠦᠶ᠋ᠯᠡᠰ 《ᠪᠤᠬᠢᠷᠳᠤᠯ ᠦᠬᠡᠢ ᠬᠥᠭ᠌ᠵᠢᠬᠦ᠌》 ᠢ᠋ᠢ ᠪᠡᠶᠡᠯᠡᠭᠦᠯᠵᠦ᠍᠂ ᠪᠥᠬᠥ᠌ ᠤᠯᠤᠰ ᠤ᠋ᠨ ᠪᠣᠬᠢᠷᠲᠤᠯ ᠥᠬᠡᠶ ᠲᠡᠮᠦᠷ ᠤ᠋ᠨ ᠬᠠᠢᠯᠤᠰᠢ ᠢ᠋ᠢᠨ ᠠᠵᠤ ᠦᠶ᠋ᠯᠡᠰ ᠤ᠋ᠨ ᠬᠡᠪ ᠳᠠᠭᠤᠷᠢᠶᠠᠯ ᠪᠤᠯᠵᠡ᠃
ᠪᠤᠭᠤᠲᠤ ᠢ᠋ᠢᠨ 《ᠳᠡᠯᠡᠬᠡᠢ ᠢ᠋ᠢᠨ ᠪᠣᠬᠢᠷᠲᠤᠯ ᠦᠭᠡᠢ ᠴᠠᠬᠢᠭᠤᠷ ᠤ᠋ᠨ ᠲᠦᠪ》ᠤᠨ ᠡᠨᠧᠷᠭᠢ ᠢ᠋ᠢᠨ ᠲᠡᠰ ᠦᠷᠭᠦᠯᠵᠢᠯᠡᠨ ᠳᠡᠭᠡᠭ᠌ᠰᠢᠯᠡᠵᠦ᠍᠂ ᠲᠦᠮᠡᠨ ᠳ᠋ᠦᠩᠱᠢᠭᠤᠷ ᠳᠡᠰ ᠤ᠋ᠨ ᠭᠡᠷᠡᠯᠴᠢ ᠴᠡᠨᠡᠭ ᠤ᠋ᠨ ᠠᠵᠤ ᠦᠢᠯᠡᠰ ᠤ᠋ᠨ ᠪᠦᠯᠦᠭ᠌ᠵᠢᠯᠢ ᠴᠣᠭ᠍ᠴᠠᠯᠠᠬᠤᠳᠤ ᠠᠩᠬᠠᠷᠤᠯᠢᠶᠠᠨ ᠲᠥᠪᠯᠡᠷᠡᠭᠦᠯᠵᠦ᠍᠂ ᠲᠡᠯᠡᠬᠡᠢ ᠢ᠋ᠢᠨ ᠬᠠᠮᠤᠭ ᠤ᠋ᠨ ᠶᠡᠬᠡ ᠲᠠᠯᠠᠰᠲᠤ ᠴᠠᠬᠢᠭᠤᠷ ᠤ᠋ᠨ ᠮᠠᠲᠧᠷᠢᠶᠠᠯ ᠤ᠋ᠨ ᠦᠢᠯᠡᠳᠪᠦᠷᠢᠯᠡᠯ ᠤ᠋ᠨ ᠰᠠᠭᠤᠷᠢᠨᠢ ᠪᠦᠲᠦᠭᠡᠨ ᠪᠠᠢᠭᠤᠯᠬᠤ ᠠᠯᠬᠤᠭ᠎ᠠ ᠢᠳᠡᠷᠡᠬᠦᠨ ᠠᠬᠢᠵᠤ ᠪᠠᠢᠨ᠎ᠡ ᠁
ᠥᠷᠨᠢᠩᠭᠦᠶ ᠬᠥᠭ᠌ᠵᠢᠵᠦ᠍ ᠪᠠᠢᠭ᠎ᠠ ᠱᠢᠨ᠎ᠡ ᠡᠨᠧᠷᠭᠢ ᠢ᠋ᠢᠨ ᠠᠵᠤ ᠦᠶ᠋ᠯᠡᠰ ᠨᠢ ᠡᠯ᠎ᠡ ᠭᠠᠵᠠᠷ ᠤ᠋ᠨ ᠠᠵᠤ ᠠᠬᠤᠶ ᠢ᠋ᠢᠨ ᠬᠡᠯᠪᠡᠷᠢᠪᠡᠨ ᠬᠤᠪᠢᠷᠠᠭᠤᠯᠤᠨ ᠲᠠᠰ ᠳᠡᠪᠱᠢᠬᠦ᠌ ᠢ᠋ᠢᠨ ᠬᠦᠴᠦᠲᠡᠶ ᠬᠥᠳᠡᠯᠭᠡᠭᠦᠷ ᠪᠤᠯᠪᠠ᠃ ᠡᠨᠡᠬᠦ᠌ ᠪᠣᠬᠢᠷᠲᠤᠯ ᠦᠭᠡᠢ ᠴᠠᠬᠢᠯᠭᠠᠨ ᠤ᠋ ᠲᠠᠪᠠᠭᠤᠯᠢᠭ ᠨᠢ ᠥᠪᠥᠷ ᠮᠣᠩᠭᠣᠯ ᠤ᠋ᠨ ᠴᠢᠨᠠᠷ ᠰᠠᠢᠲᠠᠢ ᠬᠥᠭ᠌ᠵᠢᠯᠲᠡ ᠢ᠋ᠢ ᠠᠬᠢᠭᠤᠯᠬᠤ ᠬᠦᠴᠦᠨ ᠪᠤᠯᠤᠭᠰᠠᠨ ᠢ᠋ᠢᠡᠷ ᠪᠠᠷᠠᠬᠤ ᠦᠭᠡᠢ᠂ ᠨᠡᠩ ᠴᠤ᠌ ᠪᠦᠬᠦ᠌ ᠤᠯᠤᠰ ᠤ᠋ᠨ ᠬᠥᠭ᠌ᠵᠢᠯᠲᠡ ᠢ᠋ᠢᠨ ᠶᠡᠬᠡ ᠲᠠᠯᠠᠳᠤ ᠦᠢᠯᠡᠴᠢᠯᠡᠬᠦ᠌ ᠪᠠᠲᠤ ᠪᠡᠬᠢ ᠲᠤᠯᠭᠠᠭᠤᠷᠢᠯᠠᠯ ᠪᠣᠯᠤᠭ᠍ᠰᠠᠨ ᠪᠠᠢᠨ᠎ᠠ᠃
ᠤᠯᠤᠰ ᠤ᠋ᠨ ᠴᠢᠬᠤᠯᠠ ᠡᠨᠧᠷᠭᠢ ᠢ᠋ᠢᠨ ᠰᠠᠭᠤᠷᠢᠨ ᠪᠣᠯᠤᠭ᠍ᠰᠠᠨ ᠤ᠋ ᠬᠤᠪᠢᠳᠤ᠂ ᠥᠪᠥᠷ ᠮᠣᠩᠭᠣᠯ ᠤ᠋ᠨ ᠡᠨᠧᠷᠭᠢ ᠢ᠋ᠢᠨ ᠦᠶ᠋ᠯᠡᠳᠪᠦᠷᠢᠯᠡᠯ ᠤ᠋ᠨ ᠶᠡᠷᠦᠩᠬᠡᠶ ᠬᠡᠮᠵᠢᠶ᠎ᠡ ᠪᠠᠷᠤᠭ ᠪᠥᠬᠥ᠌ ᠤᠯᠤᠰ ᠤ᠋ᠨ 1 / 6 ᠢ᠋ᠢ ᠡᠵᠡᠯᠡᠵᠦ᠍᠂ ᠭᠠᠳᠠᠭ᠍ᠰᠢ ᠳᠠᠮᠵᠢᠭᠤᠯᠬᠤ ᠡᠨᠧᠷᠭᠢᠨᠢ ᠪᠥᠬᠥ᠌ ᠤᠯᠤᠰ ᠤ᠋ᠨ ᠣᠷᠣᠨ ᠠᠯᠤᠰᠯᠠᠭ᠍ᠰᠠᠨ ᠡᠨᠧᠷᠭᠢ ᠢ᠋ᠢᠨ ᠳᠠᠮᠵᠢᠭᠤᠯᠬᠤ ᠶᠡᠷᠦᠩᠬᠡᠶ ᠬᠡᠮᠵᠢᠶ᠎ᠡ ᠢ᠋ᠢᠨ 1 / 3 ᠢ᠋ᠢ ᠡᠵᠡᠯᠡᠵᠦ᠍᠂ ᠪᠥᠬᠥ᠌ ᠤᠯᠤᠰ ᠤ᠋ᠨ ᠡᠨᠧᠷᠭᠢ ᠢ᠋ᠢᠨ ᠬᠠᠩᠭᠠᠯᠭ᠎ᠠ ᠪᠠ ᠠᠵᠤ ᠠᠬᠤᠶ ᠢ᠋ᠢᠨ ᠬᠥᠭ᠌ᠵᠢᠯᠲᠡ ᠢ᠋ᠢᠨ ᠪᠠᠢᠷᠢᠱᠢᠯᠳᠤ ᠴᠢᠬᠤᠯᠠ ᠪᠠᠢᠯᠳᠤᠬᠤ ᠪᠣᠳᠣᠯᠭ᠎ᠠ ᠢ᠋ᠢᠨ ᠪᠠᠢᠷᠢ ᠰᠠᠭᠤᠷᠢᠲᠠᠶ ᠶᠤᠮ᠃ 2025 ᠣᠨᠳᠤ᠂ ᠥᠪᠥᠷ ᠮᠣᠩᠭᠣᠯ ᠤ᠋ᠨ ᠭᠠᠳᠠᠭ᠍ᠰᠢ ᠬᠦᠷᠭᠡᠭ᠌ᠰᠡᠨ ᠪᠤᠬᠢᠷᠳᠤᠯ ᠦᠬᠡᠢ ᠴᠠᠬᠢᠯᠭᠠᠨ 900 ᠳ᠋ᠦᠩᠱᠢᠭᠤᠷ ᠭᠷᠠᠳᠦ᠋ᠰ ᠲᠦ᠍ ᠬᠦᠷᠴᠦ᠍᠂ ᠲᠡᠬᠡᠷ᠎ᠡ ᠵᠢᠯ ᠤ᠋ᠨ ᠠᠳᠠᠯᠢ ᠬᠤᠭᠤᠴᠠᠭᠠᠨ ᠤ᠋ᠬᠢᠡᠴᠡ 40% ᠭᠠᠷᠤᠢ ᠪᠡᠷ ᠨᠡᠮᠡᠭ᠌ᠳᠡᠪᠡ᠃
ᠲᠦᠷᠦᠭᠦᠬᠡᠨ᠂ ᠣᠷᠳᠣᠰ ᠤ᠋ᠨ ᠬᠠᠷᠢᠶ᠎ᠠ ᠳ᠋ᠤ᠌ ᠪᠠᠢᠷᠢᠯᠠᠭᠤᠯᠤᠭ᠍ᠰᠠᠨ ᠬᠣᠶᠠᠷ ᠲᠤᠮᠤ 《ᠡᠯᠡᠰᠦᠨ ᠴᠦᠯ ᠭᠤᠪᠢ ᠴᠦᠯᠯᠡᠷᠬᠡᠭ ᠭᠠᠵᠠᠷ》ᠤ᠋ᠨ ᠰᠠᠯᠬᠢᠨ ᠬᠦᠴᠦᠨ ᠤ᠋ ᠴᠠᠬᠢᠯᠭᠠᠨᠤ ᠰᠠᠭᠤᠷᠢᠨ ᠪᠠ ᠬᠡᠷᠡᠯᠴᠢ ᠴᠡᠨᠡᠭ ᠤ᠋ᠨ ᠰᠠᠭᠤᠷᠢᠨ ᠪᠤᠯᠬᠤ ᠬᠥᠪᠴᠢ ᠢ᠋ᠢᠨ ᠡᠯᠡᠰᠦ ᠡᠴᠡ ᠱᠠᠩᠬᠠᠶ ᠲᠡᠢᠰᠢ ᠴᠠᠬᠢᠯᠭᠠᠨ ᠬᠦᠷᠬᠡᠬᠦ᠂ ᠬᠥᠪᠴᠢ ᠢ᠋ᠢᠨ ᠡᠯᠡᠰᠦ ᠡᠴᠡ ᠵᠢᠶᠠᠩᠰᠦ ᠲᠡᠢᠰᠢ ᠴᠠᠬᠢᠯᠭᠠᠨ ᠬᠦᠷᠬᠡᠬᠦ 《ᠡᠯᠡᠰᠦᠨ ᠴᠦᠯ ᠭᠤᠪᠢ ᠴᠦᠯᠯᠡᠷᠬᠡᠭ ᠭᠠᠵᠠᠷ》 ᠤ᠋ᠨ ᠰᠠᠭᠤᠷᠢᠨ ᠤ᠋ ᠴᠠᠬᠢᠯᠭᠠᠨ ᠬᠠᠨᠭᠭᠠᠬᠤ ᠲᠥᠰᠦᠯ ᠨᠢ ᠤᠯᠤᠰ ᠤ᠋ᠨ ᠡᠨᠧᠷᠭᠢ ᠢ᠋ᠢᠨ ᠲᠣᠪᠴᠢᠶ᠎ᠠ ᠢ᠋ᠢᠨ ᠴᠣᠬᠣᠯᠠᠪᠤᠷᠢ ᠢ᠋ᠢ ᠤᠯᠪᠠ᠃ ᠲᠥᠷᠥᠯ ᠵᠦᠶ᠋ᠯ ᠪᠠᠢᠭᠤᠯᠤᠭ᠍ᠳᠠᠭ᠍ᠰᠠᠨ ᠤ᠋ ᠳᠠᠷᠠᠭ᠎ᠠ᠂ ᠵᠢᠯ ᠪᠦᠷᠢ ᠮᠠᠨ ᠤ᠋ ᠤᠯᠤᠰ ᠤ᠋ᠨ ᠵᠡᠬᠦᠨ ᠣᠷᠣᠨᠳᠤ 720 ᠳ᠋ᠦᠩᠱᠢᠭᠤᠷ ᠺᠢᠯᠦᠸᠠᠲ ᠴᠠᠭ ᠤ᠋ᠨ ᠴᠠᠬᠢᠯᠭᠠᠨ ᠬᠦᠷᠬᠡᠵᠤ᠂ ᠡᠭᠦᠨᠳᠦ ᠱᠢᠨ᠎ᠡ ᠡᠨᠧᠷᠭᠢ ᠢ᠋ᠢᠨ ᠴᠠᠬᠢᠯᠭᠠᠨ ᠤ᠋ ᠬᠡᠮᠵᠢᠶ᠎ᠡ ᠢ᠋ᠢᠨ ᠡᠵᠡᠯᠡᠬᠦ᠌ ᠬᠠᠷᠢᠴᠠᠯ 60% ᠢ᠋ᠢ ᠳᠠᠪᠠᠵᠤ᠂ ᠵᠡᠬᠦᠨ ᠣᠷᠣᠨ ᠤ᠋ ᠡᠨᠧᠷᠭᠢ ᠢ᠋ᠢᠨ ᠪᠦᠲᠦᠴᠡ ᠢ᠋ᠢᠨ ᠪᠣᠬᠢᠷᠲᠤᠯ ᠥᠬᠡᠶ ᠬᠡᠯᠪᠡᠷᠢᠪᠡᠨ ᠬᠤᠪᠢᠷᠠᠭᠤᠯᠬᠤ ᠢ᠋ᠢ ᠬᠦᠴᠦᠲᠡᠶ ᠠᠬᠢᠭᠤᠯᠬᠤ ᠪᠤᠯᠤᠨ᠎ᠡ᠃
ᠣᠲᠣ ᠪᠣᠯᠲᠠᠯ᠎ᠠ᠂ ᠥᠪᠥᠷ ᠮᠣᠩᠭᠣᠯ ᠨᠢᠭᠡᠨᠲᠡ 6 《ᠡᠯᠡᠰᠦᠨ ᠴᠦᠯ ᠭᠤᠪᠢ ᠴᠦᠯᠯᠡᠷᠬᠡᠭ ᠭᠠᠵᠠᠷ》 ᠤ᠋ᠨ ᠲᠣᠮᠣ ᠬᠡᠯᠪᠡᠷᠢ ᠶ᠋ᠢᠨ ᠰᠠᠯᠬᠢᠨ ᠬᠦᠴᠦᠨ ᠤ᠋ ᠴᠠᠬᠢᠯᠭᠠᠨ ᠬᠡᠷᠡᠯᠴᠢ ᠴᠡᠨᠡᠭ ᠤ᠋ᠨ ᠰᠠᠭᠤᠷᠢᠨ ᠢ᠋ ᠪᠦᠲᠦᠭᠡᠨ ᠪᠠᠢᠭᠤᠯᠬᠤ ᠪᠠᠷ ᠵᠦᠪᠰᠢᠶᠡᠷᠡᠭᠳᠡᠵᠦ᠂ ᠱᠢᠨ᠎ᠡ ᠡᠨᠧᠷᠭᠢ ᠶ᠋ᠢᠨ ᠶᠡᠷᠦᠩᠬᠡᠶ ᠮᠠᠱᠢᠨ ᠴᠣᠭ᠍ᠴᠠᠯᠠᠪᠤᠷᠢ ᠵᠢ 7200 ᠲᠦᠮᠡᠨ ᠬᠢᠯᠦᠸᠠᠲ ᠲᠦ᠍ ᠬᠦᠷᠭᠡᠬᠦ ᠪᠡᠷ ᠲᠥᠯᠥᠪᠵᠢᠭᠦᠯᠵᠦ ᠪᠠᠢᠨ᠎ᠠ᠃ ᠪᠦᠬᠦᠨ ᠢ᠋ ᠠᠱᠢᠭ᠍ᠯᠠᠯᠲᠠ ᠳ᠋ᠤ ᠣᠷᠣᠭᠤᠯᠤᠭ᠍ᠰᠠᠨ ᠤ᠋ ᠳᠠᠷᠠᠭ᠎ᠠ᠂ ᠵᠢᠯ ᠪᠦᠷᠢ ᠤᠮᠠᠷᠠᠲᠤ ᠣᠷᠣᠨ᠂ ᠵᠡᠬᠦᠨ ᠣᠷᠣᠨ᠂ ᠳᠤᠮᠳᠠᠳᠤ ᠣᠷᠣᠨ ᠳ᠋ᠤ 2160 ᠳ᠋ᠦᠩᠱᠢᠭᠤᠷ ᠭᠷᠠᠳᠦ᠋ᠰ ᠤ᠋ᠨ ᠴᠠᠬᠢᠯᠭᠠᠨ ᠬᠦᠷᠭᠡᠵᠦ᠍᠂ ᠪᠤᠬᠢᠷᠲᠤᠯ ᠦᠭᠡᠢ ᠴᠠᠬᠢᠯᠭᠠᠨ ᠤ᠋ ᠡᠵᠡᠯᠡᠬᠦ᠌ ᠬᠠᠷᠢᠴᠠᠯ ᠨᠢ ᠪᠠᠷᠤᠭ 60% ᠳ᠋ᠤ ᠬᠦᠷᠴᠦ᠍᠂ ᠪᠠᠷᠢᠮᠵᠢᠲᠤ ᠨᠡᠭᠦᠷᠡᠰᠦᠨ ᠤ᠋ ᠬᠣᠷᠣᠭ᠍ᠳᠠᠯ ᠢ᠋ ᠪᠠᠷᠤᠭ 3840 ᠲᠦᠮᠡᠨ ᠲᠣᠨ᠂ ᠨᠡᠭᠦᠷᠡᠰᠦᠲᠥ᠋ᠷᠥᠭ᠌ᠴᠢ ᠶ᠋ᠢᠨ ᠳᠠᠪᠬᠤᠷ ᠢᠰᠦᠯ ᠤ᠋ᠨ ᠭᠠᠳᠠᠬᠰᠢᠭᠤᠯᠤᠯᠲᠠ ᠵᠢ ᠪᠠᠷᠤᠭ ᠳ᠋ᠦᠩᠱᠢᠭᠤᠷ ᠲᠣᠨ ᠪᠠᠭᠠᠰᠭᠠᠬᠤ ᠪᠥᠭᠡᠳ ᠪᠠᠰᠠ ᠬᠡᠳᠦᠨ ᠵᠠᠭᠤᠨ ᠲᠦᠮᠡᠨ ᠮᠥ᠍ ᠡᠯᠡᠰᠦᠷᠬᠡᠭ᠌ᠵᠢᠭ᠌ᠰᠡᠨ ᠭᠠᠵᠠᠷ ᠱᠢᠷᠣᠶ ᠵᠢ ᠪᠦᠲᠦᠮᠵᠢᠲᠡᠶ ᠵᠠᠰᠠᠵᠤ᠂ ᠡᠨᠧᠷᠭᠢ ᠶ᠋ᠢᠨ ᠠᠰᠢᠬᠯᠠᠯᠲᠠ ᠶ᠋ᠢᠨ ᠬᠡᠯᠪᠡᠷᠢ ᠵᠢ ᠬᠤᠪᠢᠷᠠᠭᠤᠯᠬᠤ ᠪᠠ ᠠᠮᠢ ᠠᠬᠤᠶ ᠵᠢ ᠵᠠᠰᠠᠨ ᠰᠡᠷᠭᠦᠭᠡᠬᠦ᠌ ᠬᠤᠤᠰ ᠠᠮᠵᠢᠯᠲᠠ ᠵᠢ ᠪᠡᠶᠡᠯᠡᠭᠦᠯᠬᠦ᠌ ᠪᠣᠯᠤᠨ᠎ᠠ᠃
《ᠪᠣᠬᠢᠷᠲᠤᠯ ᠥᠬᠡᠶ》 ᠪᠡᠷ ᠵᠠᠭᠤᠴᠢ ᠪᠣᠯᠭᠠᠵᠤ᠂ 《ᠡᠨᠧᠷᠭᠢ》 ᠪᠡᠷ ᠬᠥᠭᠥᠷᠭᠡ ᠪᠣᠯᠭᠠᠵᠤ᠂ ᠥᠪᠥᠷ ᠮᠣᠩᠭᠣᠯ ᠡᠯᠪᠡᠭ ᠪᠠᠶᠠᠯᠢᠭ ᠪᠣᠬᠢᠷᠲᠤᠯ ᠥᠬᠡᠶ ᠴᠠᠬᠢᠯᠭᠠᠨ ᠤ᠋ ᠡᠬᠢ ᠪᠠᠶᠠᠯᠢᠭ ᠲᠦ᠍ ᠲᠦᠱᠢᠭ᠌ᠯᠡᠨ᠂ ᠠᠵᠤ ᠦᠶ᠋ᠯᠡᠰ ᠤ᠋ᠨ ᠱᠢᠯᠵᠢᠯᠲᠡ ᠵᠢ ᠥᠨᠳᠥᠷ ᠲᠦᠪᠱᠢᠨ ᠲᠠᠢ ᠪᠠᠷ ᠭᠥᠯᠢᠶᠡᠨ ᠠᠪᠬᠤ ᠲᠡᠷᠢᠭᠦᠨ ᠰᠤᠨᠭᠭᠤᠯᠲᠠ ᠶ᠋ᠢᠨ ᠭᠠᠵᠠᠷ ᠢ᠋ ᠪᠥᠬᠥ᠌ ᠬᠦᠴᠦᠨ ᠢ᠋ᠶ᠋ᠡᠷ ᠢ᠋ᠶ᠋ᠡᠨ ᠴᠣᠭ᠍ᠴᠠᠯᠠᠵᠤ ᠪᠠᠢᠨ᠎ᠠ᠃
ᠪᠡᠭᠡᠵᠢᠩ ᠤ᠋ᠨ ᠱᠤᠸᠠᠩ ᠵᠢᠶᠧ ᠴᠠᠬᠢᠯᠭᠠᠨ ᠤ᠋ ᠺᠤᠮᠫᠠᠨᠢ ᠲᠦᠷᠦᠯ ᠵᠦᠢᠯ ᠤ᠋ᠨ ᠭᠡᠷ᠎ᠡ ᠲᠣᠭ᠍ᠲᠠᠭ᠍ᠰᠠᠨ ᠡᠴᠡ ᠠᠱᠢᠭ᠍ᠯᠠᠯᠲᠠ ᠳ᠋ᠤ ᠣᠷᠣᠭᠤᠯᠬᠤ ᠪᠣᠯᠲᠠᠯ᠎ᠠ ᠵᠥᠪᠬᠡᠨ 13 ᠰᠠᠷ᠎ᠠ ᠬᠡᠷᠡᠭ᠌ᠯᠡᠵᠦ᠍᠂ ᠥᠪᠥᠷ ᠮᠣᠩᠭᠣᠯ ᠤ᠋ᠨ ᠴᠠᠬᠢᠯᠭᠠᠨ ᠲᠣᠬᠢᠷᠠᠭᠤᠯᠬᠤ ᠬᠦᠷᠢᠶ᠎ᠡ ᠪᠠ ᠱᠢᠨ᠎ᠡ ᠡᠨᠧᠷᠭᠢ ᠶ᠋ᠢᠨ ᠠᠵᠤ ᠦᠶ᠋ᠯᠡᠰ ᠤ᠋ᠨ ᠬᠡᠯᠬᠢᠶ᠎ᠡ ᠶ᠋ᠢᠨ ᠬᠣᠭᠣᠰᠣᠨ ᠢ᠋ ᠨᠥᠬᠥᠪᠥᠷᠢᠯᠡᠪᠡ; ᠵᠢᠶᠠᠩᠰᠦ ᠶ᠋ᠢᠨ ᠵᠢᠶᠠ ᠱᠢᠤᠸᠠᠨ ᠤᠶᠤᠨᠴᠢ ᠠᠵᠤ ᠦᠢᠯᠡᠳᠪᠦᠷᠢ ᠶ᠋ᠢᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠺᠤᠮᠫᠠᠨᠢ ᠪᠤᠯᠤᠨ ᠤᠮᠠᠷᠠᠲᠤ ᠶ᠋ᠢᠨ ᠬᠣᠪᠣᠷ ᠱᠢᠷᠣᠶ ᠶ᠋ᠢᠨ ᠳᠡᠭᠡᠳᠦ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤ᠋ᠨ ᠺᠤᠮᠫᠠᠨᠢ ᠲᠠᠢ ᠬᠠᠮᠲᠤ ᠪᠡᠷ ᠬᠣᠪᠣᠷ ᠱᠢᠷᠣᠶ ᠶ᠋ᠢᠨ ᠲᠣᠭ᠍ᠲᠠᠮᠠᠯ ᠰᠣᠷᠢᠨᠵᠢᠨ ᠴᠠᠬᠢᠯᠭᠠᠨ ᠮᠠᠱᠢᠨ ᠤ᠋ ᠦᠶ᠋ᠯᠡᠳᠪᠦᠷᠢᠯᠡᠯ ᠤ᠋ᠨ ᠰᠠᠭᠤᠷᠢᠨ ᠢ᠋ ᠪᠠᠢᠭᠤᠯᠵᠤ᠂ 《ᠤᠮᠠᠷᠠᠲᠤ ᠶ᠋ᠢᠨ ᠲᠣᠭ᠍ᠲᠠᠮᠠᠯ ᠰᠣᠷᠢᠨᠵᠢᠨ ᠬᠥᠳᠡᠯᠭᠡᠭᠦᠷ ᠤ᠋ᠨ ᠠᠵᠤ ᠦᠶ᠋ᠯᠡᠰ ᠤ᠋ᠨ ᠥᠨᠳᠥᠷᠯᠢᠭ》 ᠢ᠋ ᠴᠣᠭ᠍ᠴᠠᠯᠠᠬᠤ ᠪᠡᠷ ᠬᠦᠴᠦᠯᠡᠨ ᠴᠢᠷᠮᠡᠢᠵᠤ ᠪᠠᠢᠨ᠎ᠠ; ᠥᠪᠥᠷ ᠮᠣᠩᠭᠣᠯ ᠤ᠋ᠨ ᠵᠡᠭᠦᠨ ᠬᠡᠰᠡᠭ ( ᠲᠦᠩᠯᠢᠶᠣᠤ) ᠤ᠋ᠨ ᠳᠡᠭᠡᠳᠦ ᠲᠡᠰ ᠤ᠋ᠨ ᠬᠦᠨᠳᠦ ᠲᠣᠨᠣᠭ᠍ᠯᠠᠯ ᠦᠢᠯᠡᠳᠬᠦ᠌ ᠠᠵᠤ ᠦᠢᠯᠡᠰ ᠤ᠋ᠨ ᠰᠠᠭᠤᠷᠢᠨ ᠳ᠋ᠤ᠂ ᠯᠦᠩ ᠮᠠ ᠪᠦᠯᠦᠭ᠌ᠯᠡᠯ ᠺᠤᠮᠫᠠᠨᠢ ᠱᠠᠨᠳᠦ᠋ᠩ ᠡᠴᠡ ᠥᠪᠥᠷ ᠮᠣᠩᠭᠣᠯ ᠳ᠋ᠤ ᠨᠤᠳᠤᠬᠰᠢᠬᠰᠠᠨ ᠡᠴᠡ ᠨᠠᠭᠠᠰᠢ᠂ ᠲᠤᠰ ᠪᠡᠶ᠎ᠡ ᠶ᠋ᠢᠨ ᠢ᠋ᠶ᠋ᠡᠨ ᠲᠣᠭ᠍ᠲᠠᠭᠤᠨ ᠬᠥᠭ᠌ᠵᠢᠯᠲᠡ ᠵᠢ ᠪᠡᠶᠡᠯᠡᠭᠦᠯᠦᠭ᠌ᠰᠡᠨ ᠢ᠋ᠶ᠋ᠡᠷ ᠪᠠᠷᠠᠬᠤ ᠦᠭᠡᠢ᠂ ᠨᠡᠩ ᠴᠤ᠌ 《ᠬᠡᠯᠬᠢᠶᠡᠨ ᠤ᠋ ᠭᠤᠤᠯᠯᠠᠬᠴᠢ》 ᠶ᠋ᠢᠨ ᠲᠦᠪᠯᠡᠷᠡᠭᠦᠯᠬᠦ ᠦᠢᠯᠡᠳᠦᠯ ᠢ᠋ ᠪᠠᠳᠠᠷᠠᠭᠤᠯᠵᠤ᠂ ᠯᠦᠸᠸᠶᠠᠩ ᠤ᠋ᠨ ᠱᠤᠸᠠᠩ ᠷᠦᠢ᠂ ᠵᠢᠨ ᠹᠸᠩ ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ ᠵᠡᠷᠭᠡ ᠠᠵᠤ ᠦᠢᠯᠡᠰ ᠤ᠋ᠨ ᠬᠡᠯᠬᠢᠶ᠎ᠡ ᠳ᠋ᠡᠬᠢ 10 ᠠᠵᠤ ᠠᠬᠤᠢᠯᠠᠯ ᠢ᠋ ᠲᠠᠲᠠᠨ ᠲᠦᠪᠯᠡᠷᠡᠭᠦᠯᠵᠦ᠂ ᠠᠵᠤ ᠦᠢᠯᠡᠰ ᠤ᠋ᠨ ᠪᠦᠯᠦᠭ᠌ᠵᠢᠨ ᠬᠥᠭ᠌ᠵᠢᠬᠦ᠌ ᠵᠢ ᠠᠬᠢᠭᠤᠯᠪᠠ᠃
《ᠬᠤᠤᠰ ᠨᠡᠭᠦᠷᠡᠰᠦᠲᠥ᠋ᠷᠥᠭ᠌ᠴᠢ》 ᠶ᠋ᠢᠨ ᠠᠬᠤᠶ ᠪᠠᠢᠳᠠᠯ ᠳᠤᠤᠷ᠎ᠠ᠂ ᠥᠪᠥᠷ ᠮᠣᠩᠭᠣᠯ ᠤ᠋ᠨ ᠪᠤᠬᠢᠷᠲᠤᠯ ᠦᠭᠡᠢ ᠴᠠᠬᠢᠯᠭᠠᠨ ᠨᠢᠭᠡᠨᠲᠡ ᠮᠠᠰᠢ ᠥᠷᠢᠰᠦᠯᠳᠦᠬᠦ᠌ ᠬᠦᠴᠦᠨ ᠲᠠᠢ ᠠᠷᠠᠯᠵᠢᠶᠠᠴᠢᠨ ᠤᠷᠢᠬᠤ 《ᠨᠡᠷ᠎ᠡ ᠶ᠋ᠢᠨ ᠬᠠᠭᠤᠳᠠᠰᠤ》 ᠪᠣᠯᠵᠠᠶ᠃ 2025 ᠣᠨ ᠳ᠋ᠤ᠂ ᠥᠪᠥᠷ ᠮᠣᠩᠭᠣᠯ ᠪᠤᠬᠢᠷᠲᠤᠯ ᠦᠭᠡᠢ ᠴᠠᠬᠢᠯᠭᠠᠨ ᠤ᠋ ᠳᠠᠪᠠᠭᠤᠯᠢᠭ ᠢ᠋ᠶ᠋ᠡᠷ ᠲᠡᠷᠢᠭᠦᠨ ᠤ᠋ ᠪᠣᠬᠢᠷᠲᠤᠯ ᠥᠬᠡᠶ ᠡᠨᠧᠷᠭᠢ ᠶ᠋ᠢᠨ ᠠᠵᠤ ᠦᠶ᠋ᠯᠡᠰ ᠤ᠋ᠨ ᠱᠢᠯᠵᠢᠯᠲᠡ ᠵᠢ ᠬᠦᠯᠢᠶᠡᠨ ᠠᠪᠴᠤ᠌᠂ ᠱᠢᠨ᠎ᠡ ᠪᠡᠷ 258 ᠬᠠᠮᠢᠶ᠎ᠠ ᠪᠥᠬᠥᠶ ᠲᠥᠷᠥᠯ ᠵᠦᠶ᠋ᠯ ᠳ᠋ᠤ ᠭᠡᠷ᠎ᠡ ᠲᠣᠭ᠍ᠲᠠᠵᠤ᠂ ᠳᠡᠭᠡᠷ᠎ᠡ ᠵᠢᠯ ᠤ᠋ᠨ ᠠᠳᠠᠯᠢ ᠬᠤᠭᠤᠴᠠᠭᠠᠨ ᠤ᠋ ᠬᠢ ᠡᠴᠡ 25.4% ᠪᠡᠷ ᠨᠡᠮᠡᠭ᠌ᠳᠡᠪᠡ᠃
ᠱᠢᠨ᠎ᠡ ᠡᠨᠧᠷᠭᠢ ᠵᠢ ᠶᠡᠬᠡ ᠪᠡᠷ ᠬᠥᠭ᠌ᠵᠢᠭᠦᠯᠬᠦ᠌ ᠶ᠋ᠢᠨ ᠬᠠᠮᠳᠤ᠂ ᠥᠪᠥᠷ ᠮᠣᠩᠭᠣᠯ ᠤᠶᠤᠨᠴᠢᠯᠠᠬᠤ᠂ ᠪᠣᠬᠢᠷᠲᠤᠯ ᠦᠭᠡᠢ᠌ᠵᠢᠬᠦᠯᠬᠦ᠌ ᠥᠭᠡᠷᠡᠴᠢᠯᠡᠯᠲᠡ ᠪᠡᠷ ᠭᠠᠷᠳᠠᠴᠠ ᠪᠣᠯᠭᠠᠵᠤ᠂ ᠤᠯᠠᠮᠵᠢᠯᠠᠯᠲᠤ ᠡᠨᠧᠷᠭᠢ ᠶ᠋ᠢᠨ ᠠᠵᠤ ᠦᠢᠯᠡᠰ ᠤ᠋ᠨ ᠪᠤᠬᠢᠷᠲᠤᠯ ᠦᠭᠡᠢ ᠦᠨᠳᠦᠷ ᠪᠦᠲᠦᠮᠵᠢᠲᠡᠢ ᠠᠰᠢᠬᠯᠠᠯᠲᠠ ᠵᠢ ᠪᠦᠬᠦ᠌ ᠬᠦᠴᠦᠨ ᠢ᠋ᠶ᠋ᠡᠷ ᠠᠬᠢᠭᠤᠯᠵᠤ ᠪᠠᠢᠨ᠎ᠠ᠃
ᠨᠡᠭᠦᠷᠡᠰᠦ ᠵᠢ ᠪᠣᠬᠢᠷᠲᠤᠯ ᠥᠬᠡᠶ ᠣᠶᠤᠨᠴᠢ ᠪᠡᠷ ᠨᠡᠭᠡᠭᠡᠨ ᠮᠠᠯᠲᠠᠬᠤ ᠵᠢ ᠠᠬᠢᠭᠤᠯᠵᠤ᠂ ᠪᠥᠬᠥ᠌ ᠣᠷᠣᠨ ᠤ᠋ ᠮᠢᠩᠭᠠᠨ ᠲᠦᠮᠡᠨ ᠲᠣᠨ ᠤ᠋ ᠲᠠᠰ ᠡᠴᠡ ᠳᠡᠭᠡᠭ᠌ᠰᠢᠬᠢ ᠨᠡᠭᠦᠷᠡᠰᠦᠨ ᠠᠭᠤᠷᠬᠠᠶ ᠪᠦᠬᠦᠨ ᠢ᠋ᠶ᠋ᠡᠷ ᠢ᠋ᠶ᠋ᠡᠨ ᠦᠨᠳᠦᠷ ᠪᠦᠲᠦᠮᠵᠢᠲᠡᠢ᠂ ᠠᠮᠤᠷ ᠲᠦᠪᠰᠢᠨ᠂ ᠪᠤᠬᠢᠷᠲᠤᠯ ᠦᠭᠡᠢ ᠦᠢᠯᠡᠳᠪᠦᠷᠢᠯᠡᠯ ᠢ᠋ ᠪᠡᠶᠡᠯᠡᠭᠦᠯᠪᠡ᠃ ᠨᠡᠭᠦᠷᠡᠰᠦ ᠵᠢ ᠲᠤᠬᠠᠶ ᠶ᠋ᠢᠨ ᠭᠠᠵᠠᠷ ᠲᠤᠨᠢ ᠤᠨᠳᠤᠤᠰᠢᠭᠤᠯᠬᠤ ᠵᠢ ᠠᠬᠢᠭᠤᠯᠵᠤ᠂ ᠨᠡᠭᠦᠷᠡᠰᠦ ᠶ᠋ᠢᠨ ᠤᠯᠠᠮᠵᠢᠯᠠᠯᠲᠤ 《ᠲᠦᠯᠡᠰᠢ》 ᠡᠴᠡ ᠤᠳᠤ ᠦᠶ᠎ᠡ ᠶ᠋ᠢᠨ 《ᠲᠦᠭᠦᠬᠡᠢ ᠮᠠᠲᠸᠷᠢᠶᠠᠯ》 ᠲᠡᠢᠰᠢ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠤ ᠳ᠋ᠤ ᠠᠨᠭᠬᠠᠷᠤᠯ ᠢ᠋ᠶ᠋ᠡᠨ ᠲᠦᠪᠯᠡᠷᠡᠭᠦᠯᠵᠦ᠂ ᠣᠷᠳᠣᠰ ᠤ᠋ᠨ ᠣᠲᠣ ᠦᠶ᠎ᠡ ᠶ᠋ᠢᠨ ᠨᠡᠭᠦᠷᠡᠰᠦ ᠬᠢᠮᠢ ᠶ᠋ᠢᠨ ᠠᠵᠤ ᠦᠶ᠋ᠯᠡᠳᠪᠦᠷᠢ ᠶ᠋ᠢᠨ ᠠᠵᠤ ᠦᠶ᠋ᠯᠡᠰ ᠤ᠋ᠨ ᠵᠢᠱ᠌ᠢᠶ᠎ᠡ ᠦᠵᠡᠭᠦᠯᠬᠦ᠌ ᠲᠣᠭᠣᠷᠢᠭ ᠪᠠ ᠨᠡᠭᠦᠷᠡᠰᠦᠪᠡᠷ ᠲᠣᠰᠣ ᠬᠡᠶ ᠦᠶ᠋ᠯᠡᠳᠬᠦ᠌ ᠪᠠᠢᠯᠳᠤᠬᠤ ᠪᠣᠳᠣᠯᠭ᠎ᠠ ᠶ᠋ᠢᠨ ᠰᠠᠭᠤᠷᠢᠨ ᠢ᠋ ᠴᠢᠨᠠᠷ ᠰᠠᠢᠲᠠᠶ ᠪᠥᠲᠥᠭᠡᠨ ᠪᠠᠢᠭᠤᠯᠵᠤ᠂ ᠨᠡᠭᠦᠷᠡᠰᠦ ᠪᠡᠷ ᠲᠣᠰᠣ ᠬᠡᠶ ᠦᠶ᠋ᠯᠡᠳᠬᠦ᠌ ᠂ ᠨᠡᠭᠦᠷᠡᠰᠦ ᠪᠡᠷ ᠠᠯᠺᠧᠨ ᠦᠶ᠋ᠯᠡᠳᠬᠦ᠌ ᠪᠠ ᠨᠠᠷᠢᠯᠢᠭ ᠬᠢᠮᠢ ᠶ᠋ᠢᠨ ᠦᠶ᠋ᠯᠡᠳᠬᠦᠨ ᠢ᠋ᠶ᠋ᠡᠷ ᠲᠤᠯᠭᠠᠭᠤᠷᠢ ᠪᠣᠯᠭᠠᠭ᠍ᠰᠠᠨ ᠣᠲᠣ ᠦᠶ᠎ᠡ ᠶ᠋ᠢᠨ ᠨᠡᠭᠦᠷᠡᠰᠦ ᠬᠢᠮᠢ ᠶ᠋ᠢᠨ ᠠᠵᠤ ᠦᠶ᠋ᠯᠡᠳᠪᠦᠷᠢ ᠶ᠋ᠢᠨ ᠠᠵᠤ ᠦᠶ᠋ᠯᠡᠰ ᠤ᠋ᠨ ᠱᠢᠰᠲ᠋ᠧᠮ ᠢ᠋ ᠪᠦᠷᠢᠯᠳᠦᠭᠦᠯᠪᠡ᠃ ᠨᠡᠭᠦᠷᠡᠰᠦᠨ ᠴᠠᠬᠢᠯᠭᠠᠨ ᠤ᠋ ᠡᠨᠧᠷᠭᠢ ᠠᠷᠪᠢᠯᠠᠵᠤ ᠬᠣᠷᠣᠭ᠍ᠳᠠᠯ ᠢ᠋ ᠪᠠᠭᠠᠰᠭᠠᠬᠤ ᠵᠢ ᠠᠬᠢᠭᠤᠯᠵᠤ᠂ ᠴᠡᠪᠡᠷ ᠨᠡᠭᠦᠷᠡᠰᠦᠲᠥ᠋ᠷᠥᠭ᠌ᠴᠢ ᠪᠠᠭ᠎ᠠ᠂ ᠠᠮᠢᠳᠤᠯᠢᠭ ᠪᠥᠭᠡᠳ ᠥᠨᠳᠥᠷ ᠪᠦᠲᠦᠮᠵᠢᠲᠡᠢ ᠲᠡᠷᠢᠭᠦᠨ ᠤ᠋ ᠨᠡᠭᠦᠷᠡᠰᠦᠨ ᠴᠠᠬᠢᠯᠭᠠᠨ ᠤ᠋ ᠬᠠᠩᠭᠠᠯᠭ᠎ᠠ ᠶ᠋ᠢᠨ ᠱᠢᠰᠲ᠋ᠧᠮ ᠢ᠋ ᠠᠩᠬ᠎ᠠ ᠠᠯᠬᠤᠮ ᠪᠠᠢᠭᠤᠯᠪᠠ᠃ 2024 ᠣᠨ ᠳ᠋ᠤ᠂ ᠥᠪᠥᠷ ᠮᠣᠩᠭᠣᠯ ᠤ᠋ᠨ ᠤᠷᠳᠤᠰ ᠪᠣᠯᠤᠨ ᠱᠠᠨᠰᠢ ᠶ᠋ᠢᠨ ᠢᠦᠢᠯᠢᠨ᠂ ᠨᠢᠩᠱᠢᠶᠠ ᠶ᠋ᠢᠨ ᠨᠢᠩᠳ᠋ᠦ᠋ᠩ ᠢ᠋ᠶ᠋ᠡᠷ ᠪᠦᠷᠢᠯᠳᠦᠭ᠌ᠰᠡᠨ 《ᠢᠦᠢᠯᠢᠨ ᠤᠷᠳᠤᠰ ᠨᠢᠨᠭᠳ᠋ᠦ᠋ᠩ ᠤ᠋ᠨ ᠤᠳᠤ ᠦᠶ᠎ᠡ ᠶ᠋ᠢᠨ ᠨᠡᠭᠦᠷᠡᠰᠦ ᠬᠢᠮᠢ ᠶ᠋ᠢᠨ ᠠᠵᠤ ᠦᠢᠯᠡᠳᠪᠦᠷᠢ ᠶ᠋ᠢᠨ ᠪᠦᠯᠦᠭ᠌ᠯᠡᠯ》 ᠤᠯᠤᠰ ᠤ᠋ᠨ ᠲᠡᠷᠢᠭᠦᠨ ᠤ᠋ ᠦᠢᠯᠡᠳᠬᠦ᠌ ᠦᠢᠯᠡᠰ ᠤ᠋ᠨ ᠪᠦᠯᠦᠭ᠌ᠯᠡᠯ ᠢ᠋ᠶ᠋ᠡᠷ ᠰᠣᠩᠭᠣᠭ᠍ᠳᠠᠪᠠ᠃
ᠡᠨᠧᠷᠭᠢ ᠶ᠋ᠢᠨ ᠪᠣᠬᠢᠷᠲᠤᠯ ᠥᠬᠡᠶ ᠪᠡᠷ ᠬᠡᠯᠪᠡᠷᠢ ᠪᠠᠨ ᠬᠤᠪᠢᠷᠠᠭᠤᠯᠤᠨ ᠲᠠᠰ ᠳᠡᠪᠱᠢᠭᠦᠯᠬᠦ᠌ ᠶ᠋ᠢᠨ ᠠᠷᠤ ᠳ᠋ᠤ᠂ ᠥᠪᠥᠷ ᠮᠣᠩᠭᠣᠯ ᠤ᠋ᠨ ᠪᠥᠬᠥ᠌ ᠤᠯᠤᠰ ᠤ᠋ᠨ ᠬᠥᠭ᠌ᠵᠢᠯᠲᠡ ᠶ᠋ᠢᠨ ᠶᠡᠬᠡ ᠲᠠᠯ᠎ᠠ ᠳ᠋ᠤ ᠦᠶ᠋ᠯᠡᠴᠢᠯᠡᠬᠦ᠌ ᠱᠢᠨ᠎ᠡ ᠡᠭᠦᠷᠭᠡᠯᠡᠯ ᠢ᠋ ᠭᠦᠶ᠋ᠴᠡᠳ ᠢᠯᠡᠷᠡᠭᠦᠯᠪᠡ᠃
《 ᠠᠷᠪᠠᠨ ᠳᠥᠷᠪᠡᠳᠦᠭᠡᠷ ᠲᠠᠪᠤᠨ ᠵᠢᠯ》 ᠡᠴᠡ ᠨᠠᠭᠠᠰᠢ᠂ ᠥᠪᠥᠷ ᠮᠣᠩᠭᠣᠯ ᠤᠯᠤᠰ ᠤ᠋ᠨ ᠴᠢᠬᠤᠯᠠ ᠡᠨᠧᠷᠭᠢ ᠪᠠ ᠪᠠᠢᠯᠳᠤᠬᠤ ᠪᠣᠳᠣᠯᠭ᠎ᠠ ᠶ᠋ᠢᠨ ᠡᠬᠢ ᠪᠠᠶᠠᠯᠢᠭ ᠤ᠋ᠨ ᠰᠠᠭᠤᠷᠢᠨ ᠢ᠋ ᠪᠥᠲᠥᠭᠡᠨ ᠪᠠᠢᠭᠤᠯᠬᠤ ᠪᠠᠢᠯᠳᠤᠬᠤ ᠪᠣᠳᠣᠯᠭ᠎ᠠ ᠶ᠋ᠢᠨ ᠪᠠᠢᠷᠢ ᠲᠣᠭ᠍ᠲᠠᠭᠠᠯᠲᠠ ᠶ᠋ᠢᠨ ᠲᠣᠭᠣᠷᠢᠨ ᠳ᠋ᠤ᠂ ᠨᠡᠭᠦᠷᠡᠰᠦ ᠴᠠᠬᠢᠯᠭᠠᠨ ᠴᠢᠯᠠᠭᠤᠨ ᠲᠣᠰᠣ ᠰᠢᠲᠠᠮᠠᠬᠠᠢ ᠬᠡᠶ ᠰᠠᠯᠬᠢᠨ ᠡᠨ᠋ᠸᠷᠬᠢ ᠨᠠᠷᠠᠨ ᠤ᠋ ᠡᠨ᠋ᠸᠷᠬᠢ ᠵᠢᠨ ᠠᠰᠢᠬᠯᠠᠯᠲᠠ ᠵᠢ ᠵᠡᠷᠭᠡᠪᠡᠷ ᠬᠥᠭ᠌ᠵᠢᠭᠦᠯᠬᠦ᠌᠂ ᠱᠢᠨ᠎ᠡ ᠬᠠᠭᠤᠴᠢᠨ ᠡᠨᠧᠷᠭᠢ ᠬᠠᠮᠵᠢᠯᠴᠠᠨ ᠠᠭᠤᠰᠤᠯᠴᠠᠵᠤ ᠬᠠᠷᠢᠯᠴᠠᠨ ᠨᠥᠬᠥᠪᠥᠷᠢᠯᠡᠬᠦ᠌ ᠵᠢ ᠪᠠᠷᠢᠮᠲᠠᠯᠠᠵᠤ᠂ ᠱᠢᠨ᠎ᠡ ᠬᠡᠯᠪᠡᠷᠢ ᠶ᠋ᠢᠨ ᠡᠨᠧᠷᠭᠢ ᠶ᠋ᠢᠨ ᠱᠢᠰᠲ᠋ᠧᠮ ᠢ᠋ ᠲᠦᠷᠭᠡᠳᠭᠡᠨ ᠪᠠᠢᠭᠤᠯᠵᠤ᠂ ᠣᠲᠣ ᠦᠶ᠎ᠡ ᠶ᠋ᠢᠨ ᠡᠨᠧᠷᠭᠢ ᠶ᠋ᠢᠨ ᠠᠵᠤ ᠠᠬᠤᠶ ᠵᠢ ᠶᠡᠬᠡ ᠪᠡᠷ ᠬᠥᠭ᠌ᠵᠢᠭᠦᠯᠵᠦ᠍᠂ ᠣᠯᠠᠨ ᠡᠨᠧᠷᠭᠢ ᠬᠠᠷᠢᠯᠴᠠᠨ ᠨᠥᠬᠥᠪᠥᠷᠢᠯᠡᠬᠦ᠌᠂ ᠣᠯᠠᠨ ᠠᠵᠤ ᠦᠶ᠋ᠯᠡᠰ ᠢ᠋ ᠵᠡᠷᠭᠡ ᠪᠡᠷ ᠠᠬᠢᠭᠤᠯᠬᠤ᠂ ᠣᠯᠠᠨ ᠴᠡᠭ ᠵᠢᠡᠷ ᠲᠤᠯᠭᠠᠭᠤᠷᠢᠯᠠᠬᠤ᠂ ᠣᠯᠠᠨ ᠡᠱᠢᠵᠢᠬᠦ᠌ ᠬᠥᠭ᠌ᠵᠢᠯᠲᠡ ᠶ᠋ᠢᠨ ᠡᠨᠧᠷᠭᠢ ᠶ᠋ᠢᠨ ᠠᠵᠤ ᠦᠶ᠋ᠯᠡᠰ ᠤ᠋ᠨ ᠪᠠᠢᠷᠢᠱᠢᠯ ᠢ᠋ ᠬᠦᠴᠦᠯᠡᠨ ᠪᠠᠢᠭᠤᠯᠪᠠ᠃
《 ᠠᠷᠪᠠᠨ ᠳᠥᠷᠪᠡᠳᠦᠭᠡᠷ ᠲᠠᠪᠤᠨ ᠵᠢᠯ》 ᠤ᠋ᠨ ᠬᠤᠭᠤᠴᠠᠭᠠᠨ ᠳ᠋ᠤ᠂ ᠥᠪᠥᠷ ᠮᠣᠩᠭᠣᠯ ᠤ᠋ᠨ ᠵᠢᠯ ᠳᠤᠮᠳᠠᠴᠢ ᠶ᠋ᠢᠨ ᠨᠡᠭᠦᠷᠡᠰᠦᠨ ᠤ᠋ ᠭᠠᠷᠤᠯᠲᠠ 12 ᠳ᠋ᠦᠩᠱᠢᠭᠤᠷ ᠲᠣᠨ ᠡᠴᠡ ᠳᠡᠭᠡᠭ᠌ᠰᠢ ᠪᠠᠢᠬᠤ ᠵᠢ ᠪᠠᠲᠤᠯᠠᠵᠤ᠂ ᠨᠡᠢᠲᠡ 29 ᠮᠤᠵᠢ ᠣᠷᠣᠨ ᠳ᠋ᠤ 35 ᠳ᠋ᠦᠩᠱᠢᠭᠤᠷ ᠭᠠᠷᠤᠶ ᠲᠣᠨ ᠨᠡᠭᠦᠷᠡᠰᠦ ᠬᠠᠩᠭᠠᠵᠤ᠂ ᠪᠥᠬᠥ᠌ ᠤᠯᠤᠰ ᠤ᠋ᠨ ᠲᠦᠷᠦᠬᠦᠨ ᠳ᠋ᠤ ᠵᠢᠬᠰᠠᠪᠠ; ᠴᠠᠬᠢᠯᠭᠠᠨ ᠬᠦᠴᠦᠨ ᠤ᠋ ᠶᠡᠷᠦᠩᠬᠡᠢ ᠮᠠᠱᠢᠨ ᠴᠣᠭ᠍ᠴᠠᠯᠠᠪᠤᠷᠢ ᠶ᠋ᠢᠨ ᠬᠡᠪᠴᠢᠶ᠎ᠡ 3.1 ᠳ᠋ᠦᠩᠱᠢᠭᠤᠷ ᠺᠢᠯᠦᠸᠠᠲ ᠲᠦ᠍ ᠬᠦᠷᠴᠦ᠍᠂ ᠴᠠᠬᠢᠯᠭᠠᠨ ᠬᠦᠴᠦᠨ ᠤ᠋ ᠭᠠᠳᠠᠭ᠍ᠰᠢ ᠬᠦᠷᠭᠡᠬᠦ᠌ ᠬᠡᠮᠵᠢᠶ᠎ᠡ 21 ᠵᠢᠯ ᠳᠠᠷᠠᠭᠠᠯᠠᠨ ᠪᠦᠬᠦ᠌ ᠤᠯᠤᠰ ᠤ᠋ᠨ ᠲᠦᠷᠦᠬᠦᠨ ᠳ᠋ᠤ ᠤᠷᠤᠪᠠ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠱᠢᠨ᠎ᠡ ᠡᠬᠢᠯᠡᠯᠲᠡ ᠳ᠋ᠤ᠂ ᠥᠪᠥᠷ ᠮᠣᠩᠭᠣᠯ ᠨᠠᠩ ᠡᠷᠡᠰ ᠪᠠᠲᠤ ᠵᠣᠷᠢᠭ᠂ ᠨᠠᠩ ᠪᠣᠳᠠᠲᠠᠶ ᠵᠢ ᠡᠷᠬᠢᠮᠯᠡᠭ᠌ᠰᠡᠨ ᠠᠷᠭ᠎ᠠ ᠬᠡᠮᠵᠢᠶ᠎ᠡ ᠪᠡᠷ ᠡᠨᠧᠷᠭᠢ ᠶ᠋ᠢᠨ ᠬᠡᠯᠪᠡᠷᠢ ᠵᠢ ᠬᠤᠪᠢᠷᠠᠭᠤᠯᠤᠨ ᠴᠢᠨᠠᠷ ᠰᠠᠢᠲᠠᠶ ᠬᠥᠭ᠌ᠵᠢᠭᠦᠯᠬᠦ᠌ ᠱᠢᠨ᠎ᠡ ᠬᠠᠭᠤᠳᠠᠰᠤ ᠵᠢ ᠴᠢᠷᠮᠠᠢᠨ ᠪᠢᠴᠢᠭ᠌ᠯᠡᠵᠦ᠍᠂ ᠪᠥᠬᠥ᠌ ᠤᠯᠤᠰ ᠤ᠋ᠨ 《ᠬᠤᠤᠰ ᠨᠡᠭᠦᠷᠡᠰᠦᠳᠦᠷᠦᠭ᠌ᠴᠢ》 ᠶ᠋ᠢᠨ ᠬᠠᠷᠠᠯᠲᠠ ᠵᠢ ᠪᠡᠶᠡᠯᠡᠭᠦᠯᠬᠦ᠌ ᠳ᠋ᠤ ᠨᠠᠩ ᠣᠯᠠᠨ ᠥᠪᠥᠷ ᠮᠣᠩᠭᠣᠯ ᠤ᠋ᠨ ᠬᠦᠴᠦᠨ ᠢ᠋ ᠨᠡᠮᠡᠷᠢᠯᠡᠬᠦ᠌ ᠪᠣᠯᠤᠨ᠎ᠠ᠃