ᠢᠷᠡᠭᠡᠳᠦᠶ᠎ᠶ᠋ᠢᠨ ᠠᠵᠤ ᠦᠶ᠋ᠯᠡᠰ ᠠᠯᠤᠰ ᠤ᠋ᠨ ᠲᠦᠰᠦᠪ ᠢ᠋ ᠵᠢᠷᠤᠭᠯᠠᠵᠤ ᠱᠢᠨᠵᠢᠯᠡᠬᠦ᠌ ᠤᠬᠠᠭᠠᠨ ᠎ᠤ ᠱᠢᠨ᠎ᠡ ᠡᠬᠦᠳᠤᠯᠳᠠ ᠬᠦᠴᠦᠷᠬᠡᠭᠵᠢᠯ ᠎ᠳᠦ ᠬᠦᠴᠦᠨ ᠤᠯᠭᠤᠨᠠᠮ
2026-03-01 10:39:19
ᠵᠣᠬᠢᠶᠠᠭ᠍ᠴᠢ᠄
​ ᠪᠠᠶ ᠯᠢᠶᠠᠨ
ᠣᠩᠱᠢᠭ᠍ᠰᠠᠨ ᠣᠳᠠᠭ᠎ᠠ᠄
★★★☆☆

— ᠥᠪᠥᠷ ᠮᠣᠩᠭᠣᠯ ᠣᠳᠣᠬᠢᠴᠢᠯᠠᠭ᠍ᠰᠠᠨ ᠠᠵᠤ ᠦᠶ᠋ᠯᠡᠰ᠎ᠦᠨ ᠱᠢᠰᠲ᠋ᠧᠮ᠎ᠢ ᠪᠥᠬᠥ᠌ ᠬᠦᠴᠦᠨ᠎ᠢᠶᠡᠷ᠎ᠢᠶᠡᠨ ᠪᠥᠲᠥᠭᠡᠨ ᠪᠠᠢᠭᠤᠯᠵᠤ ᠠᠵᠤ ᠠᠬᠤᠶ᠎ᠶ᠋ᠢᠨ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠵᠤ ᠪᠣᠶ


ᠪᠥᠬᠥ᠌ ᠪᠥᠮᠪᠥᠷᠴᠡᠭ᠎ᠦᠨ ᠠᠩᠬᠠᠳᠠᠭ᠍ᠴᠢ ᠨᠡᠭᠦᠷᠡᠰᠦᠲᠥ᠋ᠷᠥᠭ᠌ᠴᠢ ᠦᠯᠦ ᠭᠠᠳᠠᠭᠰᠢᠯᠠᠭᠤᠯᠬᠤ ᠨᠢᠰᠭᠡᠯ᠎ᠦᠨ ᠪᠠᠭᠤᠳᠠᠯ ᠥᠪᠥᠷ ᠮᠣᠩᠭᠣᠯ᠎ᠳᠤ ᠪᠠᠢᠭᠤᠯᠤᠭᠳᠠᠵᠤ᠂ ᠨᠢᠰᠭᠡᠯ᠎ᠦᠨ ᠪᠠᠭᠤᠳᠠᠯ᠎ᠤᠨ ᠡᠨᠧᠷᠭᠢ᠎ᠶ᠋ᠢᠨ ᠬᠡᠯᠪᠡᠷᠢ᠎ᠶ᠋ᠢᠨ ᠬᠤᠪᠢᠷᠠᠭᠤᠯᠤᠯᠲᠠ᠎ᠳᠤ ᠱᠢᠰᠲ᠋ᠧᠮᠲᠦ ᠴᠢᠨᠠᠷᠲᠠᠶ ᠱᠢᠶ᠋ᠳᠪᠦᠷᠢᠯᠡᠬᠦ᠌ ᠲᠥᠰᠦᠯ ᠬᠠᠩᠭᠠᠪᠠ; ᠥᠪᠥᠷ ᠮᠣᠩᠭᠣᠯ᠎ᠤᠨ ᠵᠢᠶᠠᠨ ᠾᠧᠩ ᠣᠦ ᠨᠸᠩ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠬᠢᠵᠠᠭᠠᠷᠲᠤ ᠺᠣᠮᠫᠠᠨᠢ᠎ᠡᠴᠡ ᠠᠮᠵᠢᠯᠲᠠ᠎ᠲᠠᠶ ᠰᠤᠳᠤᠯᠤᠨ ᠪᠦᠳᠦᠭᠡᠭᠰᠡᠨ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ 720V ᠬᠠᠲᠠᠭᠤ ᠲᠦᠯᠦᠪᠳᠤ ᠨᠠᠲ᠋ᠷᠢ᠎ᠶ᠋ᠢᠨ ᠳᠠᠪᠤᠰᠤᠨ ᠳ᠋ᠢᠶᠠᠨ ᡂᠢ ᠡᠨᠧᠷᠭᠢ ᠬᠠᠳᠠᠭᠠᠯᠠᠬᠤ ᠠᠵᠢᠯ ᠲᠦᠷᠦᠯ᠎ᠦᠨ 《ᠠᠮᠤᠷ ᠲᠦᠪᠱᠢᠨ》 ᠤ᠋ ᠱᠢᠨ᠎ᠡ ᠴᠠᠭ ᠦᠶ᠎ᠡ᠎ᠳᠦ ᠣᠷᠣᠬᠤ᠎ᠶ᠋ᠢ ᠠᠬᠢᠭᠤᠯᠪᠠ; ᠨᠡᠢᠯᠡᠮᠡᠯ ᠠᠮᠢᠳᠤ ᠪᠣᠳᠠᠰ᠎ᠤᠨ ᠤᠬᠠᠭᠠᠨ᠎ᠤ ᠮᠡᠷᠭᠡᠵᠢᠯ᠎ᠢ ᠠᠱᠢᠭ᠍ᠯᠠᠨ᠂ ᠥᠪᠥᠷ ᠮᠣᠩᠭᠣᠯ᠎ᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠦᠯᠬᠦᠮ ᠳᠡᠯᠡᠬᠡᠶ ᠳᠡᠭᠡᠷ᠎ᠡ ᠠᠩᠬ᠎ᠠ ᠤᠳᠠᠭ᠎ᠠ ᠬᠦᠴᠢᠯ᠎ᠳᠦ ᠳᠠᠭᠠᠭᠠᠮᠠᠭᠠᠶ᠂ ᠥᠨᠳᠥᠷ ᠤᠨᠠᠯᠲᠠ᠎ᠲᠠᠶ ᠠᠮᠤᠨ ᠱᠢᠪᠲᠦᠷᠲᠦ ᠬᠦᠴᠢᠯ᠎ᠦᠨ ᠱᠢᠳᠠᠮᠯᠢᠭ ᠪᠠᠺᠲ᠋ᠧᠷᠢ᠎ᠶ᠋ᠢᠨ ᠲᠥᠷᠥᠯ ᠵᠦᠶ᠋ᠯ᠎ᠢ ᠪᠦᠲᠦᠬᠡᠨ ᠪᠠᠢᠭᠤᠯᠵᠤ᠂ ᠠᠮᠢᠳᠤ ᠪᠣᠳᠠᠰ ᠤ᠋ᠨ ᠦᠶ᠋ᠯᠡᠳᠬᠦ ᠠᠵᠤ ᠦᠶ᠋ᠯᠡᠰ᠎ᠦᠨ ᠲᠠᠰ ᠳᠠᠪᠱᠢᠯᠲᠠ᠎ᠳᠤ ᠬᠦᠴᠦᠲᠡᠶ ᠬᠦᠴᠦᠨ ᠨᠡᠮᠡᠷᠢᠯᠡᠪᠡ ᠁ ᠡᠢᠮᠦᠷᠬᠦᠦ ᠠᠯᠢ ᠣᠯᠠᠨ ᠬᠣᠱᠢᠭᠤᠷᠠᠯ ᠮᠡᠷᠭᠡᠵᠢᠯ᠎ᠦᠨ ᠱᠢᠪᠲᠤᠯᠤᠯᠲᠠ᠎ᠨᠢ ᠶᠠᠭ ᠪᠠᠢᠯᠳᠤᠬᠤ ᠪᠣᠳᠣᠯᠭ᠎ᠠ᠎ᠶ᠋ᠢᠨ ᠴᠢᠨᠠᠷᠲᠠᠶ ᠪᠠ ᠬᠥᠲᠥᠯᠥᠨ ᠳᠠᠭᠠᠭᠤᠯᠬᠤ ᠴᠢᠨᠠᠷᠲᠠᠶ ᠢᠷᠡᠭᠡᠳᠦᠶ᠎ᠶ᠋ᠢᠨ ᠠᠵᠤ ᠦᠶ᠋ᠯᠡᠰ᠎ᠦᠨ ᠱᠢᠨ᠎ᠡ ᠤᠷᠤᠯᠳᠤᠭᠠᠨ᠎ᠤ ᠵᠠᠮ᠎ᠢ ᠲᠦᠷᠭᠡᠳᠬᠡᠨ ᠨᠡᠭᠡᠭᠡᠵᠦ᠍ ᠪᠠᠢᠨ᠎ᠠ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ ᠨᠢ ᠢᠷᠡᠭᠡᠳᠦᠶ᠎ᠶ᠋ᠢᠨ ᠬᠦᠭᠵᠢᠯᠳᠠ᠎ᠵᠢ ᠬᠥᠲᠥᠯᠥᠨ ᠳᠠᠭᠠᠭᠤᠯᠬᠤ ᠶᠤᠮ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠦᠯᠦᠪᠵᠢᠬᠦᠯᠭᠡ᠎ᠶᠢᠨ ᠱᠢᠨ᠎ᠡ ᠭᠠᠷᠤᠭᠠᠨ᠎ᠳᠦ ᠬᠤᠷᠠᠯᠳᠤᠬᠰᠡᠨ ᠪᠥᠬᠥ᠌ ᠣᠷᠣᠨ᠎ᠤ ᠴᠢᠨᠠᠷ ᠰᠠᠢᠲᠠᠶ ᠬᠥᠭ᠌ᠵᠢᠯᠲᠡ᠎ᠶ᠋ᠢ ᠠᠬᠢᠭᠤᠯᠬᠤ ᠶᠡᠬᠡ ᠬᠤᠷᠠᠯ᠎ᠡᠴᠡ ᠠᠮᠢᠳᠤ ᠪᠣᠳᠠᠰ᠎ᠤᠨ ᠦᠶ᠋ᠯᠡᠳᠭᠡᠯ᠂ ᠤᠰᠤᠲᠥ᠋ᠷᠥᠭ᠌ᠴᠢ ᠡᠨᠧᠷᠭᠢ ᠵᠡᠷᠭᠡ ᠢᠷᠡᠭᠡᠳᠦᠶ᠎ᠶ᠋ᠢᠨ ᠠᠵᠤ ᠦᠶ᠋ᠯᠡᠰ᠎ᠦᠨ ᠪᠠᠢᠷᠢᠱᠢᠭᠤᠯᠤᠯᠲᠠ᠎ᠶ᠋ᠢ ᠴᠢᠩᠭᠠᠳᠭᠠᠨ᠎ᠠ ᠬᠡᠵᠠᠢ᠃ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠭᠣᠣᠯ ᠬᠥᠳᠡᠯᠭᠡᠬᠦ᠌ ᠬᠦᠴᠦᠨ ᠪᠣᠯᠭᠠᠵᠤ᠂ ᠠᠵᠤ ᠦᠢᠯᠡᠰ᠎ᠦᠨ ᠬᠥᠭ᠌ᠵᠢᠯᠲᠡ᠎ᠶ᠋ᠢᠨ ᠲᠠᠰᠤᠷᠠᠯᠲᠠ ᠦᠭᠡᠢ ᠱᠢᠨ᠎ᠡ᠎ᠶ᠋ᠢ ᠡᠭᠦᠳᠬᠦ᠌᠂ ᠱᠢᠯᠢᠳᠡᠭ᠌ᠵᠢᠬᠦ᠌᠂ ᠳᠡᠭᠡᠭ᠌ᠰᠢᠯᠡᠬᠦ᠌᠎ᠶ᠋ᠢ ᠠᠬᠢᠭᠤᠯᠵᠤ᠂ ᠥᠪᠥᠷ ᠮᠣᠩᠭᠣᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠳᠤᠮᠳᠠ ᠵᠣᠷᠢᠭ᠍ᠲᠠᠢ᠎ᠪᠠᠷ ᠱᠢᠨ᠎ᠡ ᠵᠠᠮ ᠨᠡᠭᠡᠭᠡᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠴᠢᠨᠠᠷ ᠰᠠᠢᠲᠠᠢ ᠬᠥᠭ᠌ᠵᠢᠯᠲᠡ᠎ᠶ᠋ᠢᠨ 《ᠠᠯᠤᠰ ᠬᠡᠳᠦ》 ᠵᠢᠨ ᠲᠥᠯᠥᠪ᠎ᠢ ᠵᠢᠷᠤᠭ᠍ᠯᠠᠨ᠎ᠠ ᠭᠡᠵᠦ ᠲᠣᠳᠣᠷᠬᠠᠢᠯᠠᠪᠠ᠃

ᠤᠯᠤᠰ᠎ᠤᠨ ᠴᠢᠬᠤᠯᠠ ᠡᠨᠧᠷᠭᠢ ᠪᠣᠯᠤᠨ ᠪᠠᠢᠯᠳᠤᠬᠤ ᠪᠤᠳᠤᠯᠭ᠎ᠠ᠎ᠶ᠋ᠢᠨ ᠡᠬᠢ ᠪᠠᠶᠠᠯᠢᠭ᠎ᠤᠨ ᠰᠠᠭᠤᠷᠢᠨ ᠪᠣᠯᠤᠭ᠍ᠰᠠᠨ᠎ᠤ ᠬᠤᠪᠢ᠎ᠳᠤ᠂ ᠥᠪᠥᠷ ᠮᠣᠩᠭᠣᠯ᠎ᠤᠨ ᠰᠠᠯᠬᠢᠨ ᠡᠨᠧᠷᠭᠢ᠂ ᠨᠡᠷᠡᠨ᠎ᠦ ᠡᠨᠧᠷᠭᠢ᠎ᠶ᠋ᠢᠨ ᠡᠬᠢ ᠪᠠᠶᠠᠯᠢᠭ ᠡᠯᠪᠡᠭ ᠳᠡᠯᠪᠡᠭ ᠪᠠᠢᠵᠤ᠂ ᠤᠰᠤᠲᠥ᠋ᠷᠥᠭ᠌ᠴᠢ ᠡᠨᠧᠷᠭᠢ᠎ᠶ᠋ᠢᠨ ᠠᠵᠤ ᠦᠢᠯᠡᠰ᠎ᠢ ᠬᠥᠭ᠌ᠵᠢᠭᠦᠯᠬᠦ᠌ ᠲᠠᠯ᠎ᠠ᠎ᠪᠠᠷ ᠥᠪᠡᠷᠮᠢᠴᠡ ᠳᠠᠪᠠᠭᠤᠯᠢᠭ᠎ᠲᠠᠶ ᠶᠤᠮ᠃ ᠤᠰᠤᠲᠥ᠋ᠷᠥᠭ᠌ᠴᠢ ᠦᠶ᠋ᠯᠡᠳᠬᠦ᠌ ᠲᠥᠬᠥᠭᠡᠷᠦᠮᠵᠢ᠎ᠶ᠋ᠢ ᠣᠷᠣᠨ ᠨᠤᠲᠤᠭ᠍ᠴᠢᠯᠠᠨ ᠦᠶ᠋ᠯᠡᠳᠬᠦ᠌ ᠪᠠ ᠬᠤᠪᠢᠷᠠᠭᠤᠯᠬᠤ ᠨᠢ ᠶᠠᠭ ᠡᠨᠡ ᠬᠦ᠌ ᠬᠠᠯᠠᠭᠤᠨ ᠬᠥᠷᠥᠰᠥᠨ ᠳᠡᠭᠡᠷ᠎ᠡ ᠵᠢᠷᠤᠭ ᠲᠥᠰᠦᠪ᠎ᠡᠴᠡ ᠪᠣᠳᠠᠲᠤ ᠦᠵᠡᠮᠵᠢ ᠪᠣᠯᠵᠣ ᠬᠤᠪᠢᠷᠠᠵᠤ ᠪᠠᠢᠨ᠎ᠠ᠃

ᠵᠠᠰᠠᠭ ᠵᠠᠬᠢᠷᠭᠠᠨ᠂ ᠦᠢᠯᠡᠳᠪᠦᠷᠢᠯᠡᠯ᠂ ᠵᠢᠭᠠᠨ ᠰᠤᠷᠭᠠᠯᠲᠠ᠂ ᠰᠤᠳᠤᠯᠭᠠᠨ ᠬᠢᠭᠡᠳ ᠬᠡᠷᠡᠭᠯᠡᠭᠡ᠎ᠵᠢ ᠬᠠᠮᠵᠢᠯᠴᠠᠭᠤᠯᠤᠨ ᠱᠢᠨ᠎ᠡ᠎ᠶ᠋ᠢ ᠡᠭᠦᠳᠬᠦ᠌᠎ᠪᠡᠷ ᠳᠡᠮᠵᠢᠭᠤᠯᠤᠨ᠂ 《0 ᠎ᠡᠴᠡ 1 ᠬᠥᠷᠬᠥ᠌》 ᠱᠢᠪᠲᠤᠯᠤᠯᠲᠠ ᠬᠢᠬᠰᠡᠨ ᠨᠢ ᠪᠣᠬᠢᠷᠲᠤᠯ ᠥᠬᠡᠶ ᠤᠰᠤᠲᠥ᠋ᠷᠥᠭ᠌ᠴᠢ ᠡᠨᠧᠷᠭᠢ᠎ᠶ᠋ᠢᠨ ᠠᠵᠤ ᠦᠶ᠋ᠯᠡᠰ᠎ᠲᠦ ᠬᠦᠴᠦᠨ ᠨᠡᠮᠡᠷᠢᠯᠡᠵᠦ᠍᠂ ᠱᠢᠨ᠎ᠡ ᠪᠠᠢᠳᠠᠯ᠎ᠢ ᠪᠤᠢ ᠪᠤᠯᠭᠠᠪᠠ ᠁

2025 ᠣᠨ᠎ᠤ 7 ᠰᠠᠷ᠎ᠠ᠎ᠳᠤ᠂ ᠪᠥᠬᠥ᠌ ᠪᠥᠮᠪᠥᠷᠴᠡᠭ᠎ᠦᠨ ᠬᠡᠪᠴᠢᠶ᠎ᠡ᠎ᠪᠡᠷ ᠬᠠᠮᠤᠭ᠎ᠤᠨ ᠶᠡᠬᠡ ᠪᠣᠬᠢᠷᠲᠤᠯ ᠥᠬᠡᠶ ᠤᠰᠤᠲᠥ᠋ᠷᠥᠭ᠌ᠴᠢ ᠱᠢᠪᠲᠦᠷ᠎ᠦᠨ ᠲᠥᠷᠥᠯ ᠵᠦᠶ᠋ᠯ ᠤᠯᠠᠭᠠᠨᠬᠠᠳᠠ᠎ᠳᠤ ᠠᠱᠢᠭ᠍ᠯᠠᠯᠲᠠ᠎ᠳᠤ ᠣᠷᠣᠵᠤ᠂ AI ᠎ᠪᠠᠷ ᠬᠥᠳᠡᠯᠭᠡᠭᠦᠷ ᠪᠣᠯᠭᠠᠨ ᠪᠡᠶ᠎ᠡ᠎ᠪᠡᠨ ᠳᠠᠭᠠᠭᠠᠵᠤ ᠰᠤᠳᠤᠯᠤᠨ ᠪᠦᠳᠦᠭᠡᠭᠰᠡᠨ 100% ᠎ᠶ᠋ᠢᠨ ᠳᠠᠬᠢᠨ ᠡᠭᠦᠰᠴᠦ᠍ ᠪᠣᠯᠬᠤ ᠡᠨᠧᠷᠭᠢ᠎ᠶ᠋ᠢᠨ ᠴᠠᠬᠢᠯᠭᠠᠨ ᠬᠦᠴᠦᠨ᠎ᠦ ᠱᠢᠰᠲ᠋ᠧᠮ᠎ᠳᠦ ᠲᠦᠱᠢᠭ᠌ᠯᠡᠨ᠂ ᠰᠠᠯᠬᠢ ᠬᠡᠷᠡᠯ᠎ᠦᠨ ᠨᠦᠭᠡᠴᠡ ᠬᠢᠭᠡᠳ ᠤᠰᠤᠲᠥ᠋ᠷᠥᠭ᠌ᠴᠢ ᠱᠢᠪᠲᠦᠷ᠎ᠦᠨ ᠠᠯᠺᠣᠣᠯ᠎ᠤᠨ ᠥᠨᠳᠥᠷ ᠪᠦᠲᠦᠮᠵᠢᠲᠡᠶ ᠡᠪᠴᠡᠯᠳᠦᠯ᠎ᠢ ᠪᠡᠶᠡᠯᠡᠭᠦᠯᠦᠭᠰᠡᠨ ᠡᠴᠠ   ᠪᠣᠬᠢᠷᠲᠤᠯ ᠥᠬᠡᠶ ᠱᠢᠪᠲᠦᠷ᠎ᠦᠶ᠋ᠯᠡᠳᠬᠦᠨ ᠨᠢᠭᠡᠨᠲᠡ ᠧᠦ᠋ᠷᠣᠫᠠ ᠲᠢᠪ᠂ ᠵᠡᠭᠦᠨ ᠡᠮᠦᠨᠡᠲᠦ ᠠᠽᠢᠶ᠎ᠠ᠎ᠶ᠋ᠢᠨ ᠠᠵᠤ ᠠᠬᠤᠢᠯᠠᠯ᠎ᠲᠠᠶ ᠣᠷᠳᠣ ᠬᠤᠭᠤᠴᠠᠭᠠᠨ᠎ᠤ ᠵᠦᠪᠯᠡᠯᠴᠡᠭᠡᠷ ᠲᠣᠭ᠍ᠲᠠᠵᠦ ᠴᠢᠳᠠᠬᠤ ᠪᠤᠯᠵᠠᠢ᠃

8 ᠰᠠᠷ᠎ᠠ᠎ᠳᠤ᠂ ᠥᠪᠥᠷ ᠮᠣᠩᠭᠣᠯ᠎ᠤᠨ ᠠᠩᠬᠠᠳᠠᠭ᠍ᠴᠢ ᠳᠤᠤᠷ᠎ᠠ ᠳᠠᠷᠤᠯᠲᠠᠲᠤ ᠬᠠᠲᠠᠭᠤ ᠪᠡᠶᠡᠲᠦ ᠤᠰᠤᠲᠥ᠋ᠷᠥᠭ᠌ᠴᠢ ᠨᠡᠮᠡᠬᠦ᠌ ᠵᠢᠱ᠌ᠢᠶ᠎ᠡ ᠦᠵᠡᠭᠦᠯᠬᠦ᠌ ᠥᠷᠲᠡᠭᠡ ᠪᠤᠭᠤᠲᠤ᠎ᠳᠤ ᠪᠠᠢᠭᠤᠯᠤᠭ᠍ᠳᠠᠵᠤ᠂ ᠤᠮᠠᠷᠠᠲᠤ᠎ᠶ᠋ᠢᠨ ᠬᠣᠪᠣᠷ ᠱᠢᠷᠣᠶ᠎ᠶ᠋ᠢᠨ ᠤᠰᠤᠲᠥ᠋ᠷᠥᠭ᠌ᠴᠢ ᠬᠠᠳᠠᠭᠠᠯᠠᠬᠤ ᠺᠣᠮᠫᠠᠨᠢ᠎ᠶ᠋ᠢᠨ ᠥᠪᠡᠷ᠎ᠢᠶᠡᠨ ᠰᠤᠳᠤᠯᠤᠭ᠍ᠰᠠᠨ ᠬᠣᠪᠣᠷ ᠱᠢᠷᠣᠶ᠎ᠶ᠋ᠢᠨ ᠱᠢᠰᠲ᠋ᠧᠮ᠎ᠦᠨ ᠬᠠᠲᠠᠭᠤ ᠪᠡᠶᠡᠲᠦ ᠤᠰᠤᠲᠥ᠋ᠷᠥᠭ᠌ᠴᠢ ᠬᠠᠳᠠᠭᠠᠯᠠᠬᠤ ᠮᠠᠲ᠋ᠧᠷᠢᠶᠠᠯ᠎ᠢ ᠬᠡᠷᠡᠭ᠌ᠯᠡᠵᠦ᠍᠂ ᠪᠥᠬᠥ᠌ ᠭᠣᠭ᠍ᠴᠣᠭ᠎ᠠ ᠵᠢ  ᠪᠡᠶ᠎ᠡ᠎ᠪᠡᠨ ᠳᠠᠭᠠᠭᠠᠵᠤ ᠡᠵᠡᠮᠳᠡᠵᠦ᠍ ᠪᠣᠯᠬᠤ᠎ᠶ᠋ᠢ ᠪᠡᠶᠡᠯᠡᠭᠦᠯᠪᠡ᠃

9 ᠰᠠᠷ᠎ᠠ᠎ᠳᠤ᠂ ᠪᠦᠬᠦ᠌ ᠪᠥᠮᠪᠥᠷᠴᠡᠭ᠎ᠦᠨ ᠠᠩᠬᠠᠳᠠᠭ᠍ᠴᠢ ᠤᠰᠤᠲᠥ᠋ᠷᠥᠭ᠌ᠴᠢ ᠱᠢᠪᠲᠦᠷ ᠤ᠋ᠨ ᠬᠣᠣᠰ ᠲᠦᠯᠡᠱᠢᠲᠦ ᠱᠢᠲᠠᠮᠠᠬᠠᠢ ᠬᠡᠢ᠎ᠶ᠋ᠢᠨ ᠲᠦᠷᠪᠢᠨ ᠠᠱᠢᠭ᠍ᠯᠠᠯᠲᠠ᠎ᠳᠤ ᠣᠷᠣᠵᠤ᠂ 100% ᠵᠢᠨ ᠪᠡᠶ᠎ᠡ᠎ᠪᠡᠨ ᠳᠠᠭᠠᠭᠠᠭ᠍ᠰᠠᠨ ᠮᠡᠳᠡᠯᠭᠡ᠎ᠶ᠋ᠢᠨ ᠥᠮᠴᠢᠯᠡᠯ᠎ᠦᠨ ᠡᠷᠬᠡ᠎ᠲᠡᠶ ᠪᠠᠢᠵᠤ᠂ ᠤᠰᠤᠲᠥ᠋ᠷᠥᠭ᠌ᠴᠢ᠂ ᠱᠢᠪᠲᠦᠷ᠂ ᠪᠠᠢᠭᠠᠯᠢ᠎ᠶ᠋ᠢᠨ ᠱᠢᠲᠠᠮᠠᠬᠠᠢ ᠬᠡᠢ ᠭᠤᠷᠪᠠᠨ ᠵᠦᠢᠯ᠎ᠦᠨ ᠲᠦᠯᠡᠰᠢ᠎ᠶ᠋ᠢ ᠰᠣᠯᠢᠵᠤ ᠪᠣᠯᠬᠤ᠎ᠶ᠋ᠢ ᠪᠡᠶᠡᠯᠡᠭᠦᠯᠵᠦ᠍᠂ 《ᠰᠠᠯᠬᠢᠨ ᠭᠡᠷᠡᠯ᠎ᠦᠨ ᠪᠣᠬᠢᠷᠲᠤᠯ ᠦᠭᠡᠢ ᠴᠠᠬᠢᠯᠭᠠᠨ — ᠪᠣᠬᠢᠷᠲᠤᠯ ᠦᠭᠡᠢ ᠤᠰᠤᠲᠥ᠋ᠷᠥᠭ᠌ᠴᠢ ᠱᠢᠪᠲᠦᠷ — ᠪᠣᠬᠢᠷᠲᠤᠯ ᠦᠭᠡᠢ ᠤᠰᠤᠲᠥ᠋ᠷᠥᠭ᠌ᠴᠢ ᠱᠢᠪᠲᠦᠷ᠎ᠢᠶᠡᠷ ᠴᠠᠬᠢᠯᠭᠠᠨ ᠭᠠᠷᠭᠠᠬᠤ》 ᠪᠦᠷᠢᠨ ᠪᠦᠲᠦᠨ ᠬᠡᠯᠬᠢᠶ᠎ᠡ ᠵᠠᠮ᠎ᠢ ᠨᠡᠪᠲᠡᠷᠡᠭᠦᠯᠪᠡ᠃

10 ᠰᠠᠷ᠎ᠠ᠎ᠳᠤ᠂ ᠪᠡᠭᠡᠵᠢᠩ ᠶᠡᠬᠡ ᠰᠤᠷᠭᠠᠭᠤᠯᠢ᠎ᠶ᠋ᠢᠨ ᠤᠷᠳᠤᠰ᠎ᠤᠨ ᠡᠨᠧᠷᠭᠢ᠎ᠶ᠋ᠢᠨ ᠰᠤᠳᠤᠯᠭᠠᠨ᠎ᠤ ᠬᠦᠷᠢᠶᠡᠯᠡᠩ᠎ᠡᠴᠡ ᠳᠠᠭᠠᠭᠠᠴᠢᠯᠠᠨ ᠬᠡᠷᠡᠭ᠌ᠵᠢᠭᠦᠯᠦᠭ᠌ᠰᠡᠨ ᠪᠦᠬᠦ᠌ ᠤᠯᠤᠰ᠎ᠤᠨ ᠠᠩᠬᠠᠳᠠᠭ᠍ᠴᠢ ᠪᠠᠢᠭᠠᠯᠢ᠎ᠶ᠋ᠢᠨ ᠤᠰᠤᠲᠥ᠋ᠷᠥᠭ᠌ᠴᠢ ᠬᠡᠢ᠎ᠶ᠋ᠢᠨ ᠱᠢᠨᠵᠢᠯᠡᠬᠦ᠌ ᠤᠬᠠᠭᠠᠨ᠎ᠤ ᠬᠠᠢᠨ ᠱᠢᠨᠵᠢᠯᠡᠯᠲᠡ᠎ᠶ᠋ᠢᠨ ᠬᠤᠳᠳᠤᠭ᠎ᠪᠤᠯᠬᠤ 《ᠤᠰᠤᠲᠥ᠋ᠷᠥᠭ᠌ᠴᠢ᠎ᠶ᠋ᠢᠨ ᠱᠢᠨᠵᠢᠯᠡᠬᠦ᠌ ᠤᠬᠠᠭᠠᠨ᠎ᠤ ᠬᠠᠢᠨ ᠱᠢᠨᠵᠢᠯᠡᠯᠲᠡ᠎ᠶᠢᠨ ᠨᠢᠭᠡᠳᠤᠭᠡᠷ ᠨᠤᠮᠸᠷᠳᠦ ᠬᠤᠳᠳᠤᠭ》᠎ᠢ ᠱᠢᠯᠢᠩᠬᠤᠳᠠ᠎ᠳᠤ ᠥᠷᠥᠮᠳᠡᠵᠦ᠍᠂ ᠮᠠᠨ᠎ᠤ ᠤᠯᠤᠰ᠎ᠤᠨ ᠪᠠᠢᠭᠠᠯᠢ᠎ᠶ᠋ᠢᠨ ᠤᠰᠤᠲᠥ᠋ᠷᠥᠭ᠌ᠴᠢ ᠬᠡᠢ᠎ᠶ᠋ᠢᠨ ᠬᠦᠷᠢᠶᠡᠨ᠎ᠦ ᠤᠨᠤᠯ᠎ᠤᠨ ᠰᠤᠳᠤᠯᠭᠠᠨ᠎ᠡᠴᠡ ᠱᠢᠨᠵᠢᠯᠡᠬᠦ᠌ ᠤᠬᠠᠭᠠᠨ᠎ᠤ ᠱᠢᠯᠭᠠᠨ ᠪᠠᠲᠤᠯᠠᠬᠤ ᠱᠢᠨ᠎ᠡ ᠠᠶᠠᠨ᠎ᠢ ᠡᠬᠢᠯᠡᠭᠦᠯᠪᠡ᠃

11 ᠰᠠᠷ᠎ᠠ᠎ᠳᠤ᠂ ᠤᠯᠤᠰ᠎ᠤᠨ ᠳᠣᠲᠣᠭᠠᠳᠤ᠎ᠶ᠋ᠢᠨ ᠠᠩᠬᠠᠳᠠᠭ᠍ᠴᠢ ᠪᠣᠬᠢᠷᠲᠤᠯ ᠥᠬᠡᠶ ᠤᠰᠤᠲᠥ᠋ᠷᠥᠭ᠌ᠴᠢ᠎ᠶ᠋ᠢᠨ ᠡᠪᠴᠡᠯᠳᠦᠯ ᠨᠡᠭᠦᠷᠡᠰᠦ ᠬᠢᠮᠢ᠎ᠶ᠋ᠢᠨ ᠠᠵᠤ ᠦᠶ᠋ᠯᠡᠳᠪᠦᠷᠢ᠎ᠶ᠋ᠢᠨ ᠵᠢᠱ᠌ᠢᠶ᠎ᠡ ᠦᠵᠡᠭᠦᠯᠬᠦ᠌ ᠲᠥᠷᠥᠯ ᠵᠦᠶ᠋ᠯ ᠪᠣᠯᠬᠤ ᠳᠤᠮᠳᠠᠳᠤ ᠤᠯᠤᠰ᠎ᠤᠨ ᠳ᠋ᠠ ᠲᠠᠩ᠎ᠤᠨ ᠳᠣᠯᠣᠨ ᠨᠤᠤᠷ᠎ᠤᠨ 15 ᠲᠦᠮᠡᠨ ᠺᠢᠯᠦᠸᠠᠲ᠎ᠤᠨ ᠰᠠᠯᠬᠢ ᠭᠡᠷᠡᠯ᠎ᠢ ᠤᠰᠤᠲᠦ᠋ᠷᠦᠭᠴᠢᠭᠤᠯᠤᠨ ᠬᠠᠳᠠᠭᠠᠯᠠᠵᠤ ᠬᠡᠷᠡᠭᠯᠡᠬᠦ᠎ᠵᠢ ᠨᠢᠭᠡ ᠴᠣᠭ᠍ᠴᠠᠵᠢᠭᠤᠯᠬᠤ ᠲᠥᠷᠥᠯ ᠵᠦᠶ᠋ᠯ ᠪᠥᠬᠥ᠌ ᠲᠠᠯ᠎ᠠ᠎ᠪᠠᠷ ᠠᠱᠢᠭ᠍ᠯᠠᠯᠲᠠ᠎ᠳᠤ ᠣᠷᠣᠵᠤ᠂ ᠵᠢᠱ᠌ᠢᠯᠲᠡ᠎ᠪᠡᠷ ᠵᠢᠯ᠎ᠦᠨ ᠤᠰᠤᠲᠥ᠋ᠷᠥᠭ᠌ᠴᠢ ᠦᠶ᠋ᠯᠡᠳᠬᠦ᠌ ᠬᠡᠮᠵᠢᠶ᠎ᠡ᠎ᠨᠢ 7059 ᠲᠦᠮᠡᠨ ᠪᠣᠰᠣᠭ᠎ᠠ ᠳᠥᠷᠪᠡᠯᠵᠢᠨ ᠮᠧᠲ᠋ᠷ᠎ᠲᠦ ᠬᠦᠷᠴᠦ᠍᠂ ᠨᠡᠭᠦᠷᠡᠰᠦᠲᠥ᠋ᠷᠥᠭ᠌ᠴᠢ᠎ᠶ᠋ᠢᠨ ᠳᠠᠪᠬᠤᠷ ᠢᠰᠦᠯ᠎ᠦᠨ ᠭᠠᠳᠠᠭ᠍ᠰᠢᠯᠠᠭᠤᠯᠤᠯᠲᠠ᠎ᠶ᠋ᠢ 13.88 ᠲᠦᠮᠡᠨ ᠲᠣᠨ ᠪᠠᠭᠠᠰᠭᠠᠬᠤ ᠪᠣᠯᠤᠨ᠎ᠠ᠃

ᠲᠣᠨᠣᠭ᠍ᠯᠠᠯ ᠦᠢᠯᠡᠳᠬᠦ᠌᠎ᠡᠴᠡ ᠤᠯᠠᠨ ᠡᠱᠢᠴᠢᠯᠡᠭ᠌ᠰᠡᠨ ᠬᠡᠷᠡᠭ᠌ᠯᠡᠭᠡ ᠬᠦᠷᠲᠡᠯ᠎ᠡ᠂ ᠤᠰᠤᠲᠥ᠋ᠷᠥᠭ᠌ᠴᠢ ᠦᠢᠯᠡᠳᠬᠦ᠌᠂ ᠬᠠᠳᠠᠭᠠᠯᠠᠵᠤ ᠵᠥᠭᠡᠭᠡᠪᠦᠷᠢᠯᠡᠬᠦ᠌᠂ ᠠᠰᠢᠬᠯᠡᠨ  ᠬᠡᠷᠡᠭ᠌ᠯᠡᠬᠦ᠌ ᠪᠦᠬᠦ᠌ ᠭᠣᠭ᠍ᠴᠣᠭ᠎ᠠ᠎ᠶ᠋ᠢ ᠬᠠᠮᠤᠷᠤᠭ᠍ᠰᠠᠨ ᠪᠣᠬᠢᠷᠲᠤᠯ ᠦᠭᠡᠢ ᠤᠰᠤᠲᠥ᠋ᠷᠥᠭ᠌ᠴᠢ ᠡᠨᠧᠷᠭᠢ᠎ᠶ᠋ᠢᠨ ᠠᠵᠤ ᠦᠢᠯᠡᠰ᠎ᠦᠨ ᠬᠡᠯᠬᠢᠶ᠎ᠡ ᠥᠪᠥᠷ ᠮᠣᠩᠭᠣᠯ᠎ᠳᠤ ᠲᠦᠷᠭᠡᠨ ᠪᠦᠷᠢᠯᠳᠦᠵᠦ᠍᠂ ᠲᠦᠷᠭᠡᠨ ᠬᠥᠭ᠌ᠵᠢᠵᠦ᠍ ᠪᠠᠢᠨ᠎ᠠ᠃

ᠪᠣᠬᠢᠷᠲᠤᠯ ᠦᠭᠡᠢ ᠤᠰᠤᠲᠥ᠋ᠷᠥᠭ᠌ᠴᠢ ᠡᠨᠧᠷᠭᠢ ᠭᠡᠬᠦ᠌ ᠡᠨᠡ ᠬᠦ᠌ ᠱᠢᠨ᠎ᠡ ᠬᠡᠯᠪᠡᠷᠢ᠎ᠶ᠋ᠢᠨ ᠤᠷᠤᠯᠳᠤᠭᠠᠨ᠎ᠤ ᠵᠠᠮ᠎ᠡᠴᠡ ᠭᠠᠳᠠᠨ᠎ᠠ᠂ ᠠᠮᠢᠳᠤ ᠪᠣᠳᠠᠰ ᠦᠢᠯᠡᠳᠬᠦ᠌ ᠬᠦᠷᠢᠶ᠎ᠡ ᠠᠳᠠᠯᠢᠬᠠᠨ᠎ᠢᠶᠠᠷ ᠥᠷᠨᠢᠨ ᠬᠥᠭ᠌ᠵᠢᠵᠦ᠍᠂ ᠶᠠᠭ ᠦᠰᠦᠨ ᠪᠣᠢᠵᠢᠵᠦ ᠥᠷᠨᠢᠭᠦᠨ ᠬᠦᠭᠵᠢᠬᠦ ᠪᠠᠢᠳᠠᠯ ᠢᠯᠡᠷᠡᠵᠦ᠍ ᠪᠠᠢᠨ᠎ᠠ᠃

ᠬᠥᠬᠡᠬᠣᠲᠠ᠎ᠶ᠋ᠢᠨ ᠠᠵᠤ ᠠᠬᠤᠶ ᠮᠡᠷᠭᠡᠵᠢᠯ᠎ᠦᠨ ᠨᠡᠭᠡᠭᠡᠯᠲᠡ᠎ᠶ᠋ᠢᠨ ᠲᠣᠭᠣᠷᠢᠭ᠎ᠤᠨ ᠰᠠᠭᠠᠯᠢᠴᠢᠨ ᠠᠵᠤ ᠦᠶ᠋ᠯᠡᠳᠪᠦᠷᠢ᠎ᠶ᠋ᠢᠨ ᠬᠦᠷᠢᠶᠡᠯᠡᠩ ᠲᠣᠭᠣᠷᠢᠭ᠎ᠤᠨ ᠵᠢᠨ ᠢᠦᠶ ᠪᠦᠦ ᠯᠢᠩ ᠠᠮᠢᠳᠤ ᠪᠣᠳᠠᠰ᠎ᠤᠨ ᠡᠮ᠎ᠦᠨ ᠵᠦᠶ᠋ᠯ᠎ᠦᠨ ᠬᠢᠵᠠᠭᠠᠷᠲᠤ ᠺᠣᠮᠫᠠᠨᠢ᠎ᠶ᠋ᠢᠨ ᠰᠤᠳᠤᠯᠤᠨ ᠪᠦᠳᠦᠭᠡᠬᠦ ᠲᠤᠷᠱᠢᠯᠲᠠ᠎ᠶ᠋ᠢᠨ ᠲᠠᠰᠤᠭ᠎ᠲᠤ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠪᠦᠯᠬᠦᠮ ᠶᠠᠭ ᠱᠢᠨ᠎ᠡ ᠨᠢᠭᠡ ᠡᠭᠡᠯᠵᠢ᠎ᠶ᠋ᠢᠨ ᠸᠠᠺᠼᠢᠨ ᠰᠤᠳᠤᠯᠤᠨ ᠨᠡᠭᠡᠭᠡᠬᠦ᠌ ᠲᠤᠷᠱᠢᠯᠲᠠ ᠬᠢᠵᠦ᠍ ᠪᠠᠢᠨ᠎ᠠ᠃ 2025 ᠣᠨ᠎ᠳᠤ᠂ ᠵᠢᠨ ᠢᠦᠶ ᠪᠦᠦ ᠯᠢᠩ ᠠᠮᠢᠲᠠᠨ᠎ᠤ ᠸᠠᠺᠼᠢᠨ᠎ᠤ ᠬᠦᠷᠢᠶᠡᠨ᠎ᠳᠦ ᠴᠢᠬᠤᠯᠠ ᠶᠡᠬᠡ ᠱᠢᠪᠲᠤᠯᠤᠯᠲᠠ ᠭᠠᠷᠭᠠᠵᠤ᠂ ᠬᠤᠸᠠ ᠵᠥᠩ ᠲᠠᠷᠢᠶᠠᠯᠠᠩ᠎ᠤᠨ ᠶᠡᠬᠡ ᠰᠤᠷᠭᠠᠭᠤᠯᠢ ᠵᠡᠷᠭᠡ ᠨᠢᠭᠡᠴᠢ᠎ᠲᠡᠶ ᠬᠠᠮᠲᠤ ᠪᠥᠬᠥ᠌ ᠳᠡᠯᠡᠬᠡᠶ᠎ᠶ᠋ᠢᠨ ᠠᠩᠬᠠᠳᠠᠭ᠍ᠴᠢ ᠮᠠᠯ᠎ᠤᠨ ᠰᠠᠯᠠᠭᠠᠲᠤ ᠠᠨᠭᠬᠠᠨ᠎ᠤ ᠪᠡᠶᠡᠲᠦ ᠠᠮᠢᠳᠤ ᠸᠠᠺᠼᠢᠨ᠎ᠢ ᠠᠮᠵᠢᠯᠲᠠ᠎ᠲᠠᠶ ᠰᠤᠳᠤᠯᠤᠨ ᠦᠶ᠋ᠯᠡᠳᠴᠦ᠍᠂ ᠤᠯᠤᠰ᠎ᠤᠨ ᠳᠣᠲᠣᠭᠠᠳᠤ᠎ᠶ᠋ᠢᠨ ᠮᠠᠯ᠎ᠳᠤ ᠬᠡᠷᠡᠭ᠌ᠯᠡᠬᠦ᠌ ᠠᠮᠢᠳᠤ ᠪᠣᠳᠠᠰ᠎ᠤᠨ ᠪᠦᠲᠦᠭᠡᠭ᠌ᠳᠡᠬᠦᠨ᠎ᠦ ᠬᠣᠭᠣᠰᠣᠨ᠎ᠢ ᠨᠥᠬᠥᠪᠥᠷᠢᠯᠡᠪᠡ᠃

ᠡᠨᠡ ᠪᠣᠯ ᠥᠪᠥᠷ ᠮᠣᠩᠭᠣᠯ᠎ᠤᠨ ᠠᠮᠢᠳᠤ ᠪᠣᠳᠠᠰ ᠦᠢᠯᠡᠳᠬᠦ᠌ ᠠᠵᠤ ᠦᠢᠯᠡᠰ᠎ᠦᠨ ᠥᠷᠨᠢᠩᠭᠦᠢ ᠬᠥᠭ᠌ᠵᠢᠯᠲᠡ᠎ᠶ᠋ᠢᠨ ᠬᠤᠷᠢᠶᠠᠩᠭᠤᠢ ᠵᠢᠷᠤᠬᠯᠠᠯ ᠪᠣᠯᠤᠨ᠎ᠠ᠃ ᠨᠡᠢᠯᠡᠮᠡᠯ ᠠᠮᠢᠳᠤ ᠪᠣᠳᠠᠰ᠎ᠤᠨ ᠤᠬᠠᠭᠠᠨ᠎ᠤ ᠮᠡᠷᠭᠡᠵᠢᠯ᠎ᠢᠶᠡᠷ ᠡᠨᠧᠷᠭᠢ ᠣᠯᠭᠣᠬᠤ᠎ᠪᠠᠷ ᠳᠡᠮᠵᠢᠨ᠂ ᠪᠥᠬᠥ᠌ ᠣᠷᠣᠨ ᠤᠯᠠᠮᠵᠢᠯᠠᠯᠲᠤ ᠢᠰᠭᠡᠯᠲᠡ᠎ᠶ᠋ᠢᠨ ᠠᠵᠤ ᠦᠶ᠋ᠯᠡᠰ᠎ᠢ ᠳᠡᠭᠡᠳᠦ ᠲᠠᠰ᠎ᠤᠨ ᠠᠮᠢᠳᠤ ᠪᠣᠳᠠᠰ ᠦᠶ᠋ᠯᠡᠳᠬᠦ᠌ ᠳᠠᠢᠰᠢ ᠲᠦᠷᠭᠡᠨ ᠠᠬᠢᠭᠤᠯᠵᠤ ᠪᠠᠢᠨ᠎ᠠ᠃

ᠠᠮᠢᠳᠤ ᠪᠣᠳᠠᠰ᠎ᠤᠨ ᠦᠶ᠋ᠯᠡᠳᠬᠦ᠌ ᠠᠵᠤ ᠦᠶ᠋ᠯᠡᠰ᠎ᠢ ᠬᠥᠭ᠌ᠵᠢᠭᠦᠯᠬᠦ᠌ ᠪᠣᠯ ᠥᠪᠥᠷ ᠮᠣᠩᠭᠣᠯ᠎ᠤᠨ ᠡᠬᠢ ᠪᠠᠶᠠᠯᠢᠭ᠎ᠤᠨ ᠳᠠᠪᠠᠭᠤᠯᠢᠭ᠎ᠢᠶᠠᠨ ᠪᠠᠳᠠᠷᠠᠭᠤᠯᠵᠤ᠂ ᠠᠵᠤ ᠦᠶ᠋ᠯᠡᠰ᠎ᠦᠨ ᠬᠡᠯᠪᠡᠷᠢ᠎ᠪᠡᠨ ᠬᠤᠪᠢᠷᠠᠭᠤᠯᠤᠨ ᠲᠠᠰ ᠳᠡᠪᠱᠢᠬᠦ᠌᠎ᠶ᠋ᠢ ᠠᠬᠢᠭᠤᠯᠬᠤ ᠪᠠᠢᠯᠳᠤᠬᠤ ᠪᠣᠳᠣᠯᠭ᠎ᠠ᠎ᠶ᠋ᠢᠨ ᠰᠣᠩᠭᠣᠯᠲᠠ ᠪᠣᠯᠤᠨ᠎ᠠ᠃ ᠭᠤᠤᠯᠯᠠᠬᠤ ᠮᠥᠭᠥ᠎ᠶ᠋ᠢᠨ ᠦᠷ᠎ᠡ᠎ᠶ᠋ᠢ ᠡᠭᠦᠳᠦᠨ ᠦᠶ᠋ᠯᠡᠳᠬᠦ᠌᠂ ᠪᠣᠬᠢᠷᠲᠤᠯ ᠥᠬᠡᠶ᠎ᠪᠡᠷ ᠢᠰᠭᠡᠬᠦ᠌ ᠤᠷ᠎ᠠ ᠮᠡᠷᠭᠡᠱᠢᠯ᠎ᠡᠴᠡ ᠳᠡᠭᠡᠳᠦ ᠲᠠᠰ᠎ᠤᠨ ᠪᠦᠲᠦᠭᠡᠭ᠌ᠳᠡᠬᠦᠨ᠎ᠢ ᠤᠯᠠᠷᠢᠭᠤᠯᠬᠤ ᠬᠦᠷᠲᠡᠯ᠎ᠡ᠂ ᠥᠪᠥᠷ ᠮᠣᠩᠭᠣᠯ ᠨᠢᠭᠡᠨᠲᠡ ᠪᠥᠬᠥ᠌ ᠬᠡᠯᠬᠢᠶᠡᠨ᠎ᠦ ᠠᠮᠢᠳᠤ ᠪᠣᠳᠠᠰ᠎ᠢ ᠦᠶ᠋ᠯᠡᠳᠬᠦ᠌ ᠴᠢᠳᠠᠪᠤᠷᠢ᠎ᠶ᠋ᠢ ᠠᠩᠬ᠎ᠠ ᠠᠯᠬᠤᠮ ᠪᠦᠷᠢᠯᠳᠦᠭᠦᠯᠪᠡ᠃ ᠠᠮᠢᠳᠤ ᠪᠣᠳᠠᠰ᠎ᠤᠨ ᠦᠶ᠋ᠯᠡᠳᠭᠡᠯ᠎ᠢ ᠭᠦᠭᠵᠢᠭᠦᠯᠬᠦ ᠨᠢ ᠨᠠᠷᠢᠯᠢᠭ ᠡᠳ᠋ᠱᠢᠭᠦᠯᠬᠦ᠌ ᠠᠵᠤ ᠦᠶ᠋ᠯᠡᠰ᠎ᠦᠨ ᠬᠡᠯᠬᠢᠶ᠎ᠡ᠎ᠶ᠋ᠢ ᠤᠷᠲᠤᠳᠭᠠᠵᠤ᠂ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠨᠡᠮᠡᠯᠲᠡ ᠥᠷᠲᠡᠭ᠎ᠢ ᠳᠡᠭᠡᠭ᠌ᠰᠢᠯᠡᠭᠦᠯᠦᠭ᠌ᠰᠡᠨ᠎ᠢᠶᠡᠷ ᠪᠠᠷᠠᠬᠤ ᠥᠬᠡᠶ᠂ ᠨᠠᠩ ᠴᠤ᠌ ᠣᠲᠣ ᠦᠶ᠎ᠡ᠎ᠶ᠋ᠢᠨ ᠮᠠᠯ ᠠᠵᠤ ᠠᠬᠤᠶ᠎ᠶ᠋ᠢᠨ ᠪᠣᠬᠢᠷᠲᠤᠯ ᠥᠬᠡᠶ ᠬᠥᠭ᠌ᠵᠢᠯᠲᠡ᠎ᠳᠦ ᠸᠠᠺᠼᠢᠨ᠂ ᠲᠡᠵᠢᠭᠡᠯ ᠪᠣᠷᠳᠣᠭᠠᠨ᠎ᠤ ᠨᠡᠮᠡᠯᠲᠡ ᠡᠳ᠋ ᠵᠡᠷᠭᠡ ᠵᠠᠩᠭᠢᠯᠠᠭ᠎ᠠ᠎ᠶ᠋ᠢᠨ ᠲᠤᠯᠭᠠᠭᠤᠷᠢᠯᠠᠯ ᠬᠠᠩᠭᠠᠵᠤ᠂ ᠤᠯᠤᠰ᠎ᠤᠨ ᠠᠮᠤ ᠪᠤᠳᠠᠭᠠᠨ᠎ᠤ ᠠᠮᠤᠷ ᠲᠦᠪᠱᠢᠨ᠎ᠢ ᠪᠠᠲᠤᠯᠠᠬᠤ᠂ ᠤᠯᠤᠰ᠎ᠤᠨ ᠴᠢᠬᠤᠯᠠ ᠮᠠᠯ᠎ᠤᠨ ᠠᠱᠢᠭ ᠱᠢᠮ᠎ᠡ ᠲᠠᠷᠢᠶᠠᠯᠠᠩ᠎ᠤᠨ ᠪᠦᠲᠦᠭᠡᠭ᠌ᠳᠡᠬᠦᠨ᠎ᠦ ᠦᠶ᠋ᠯᠡᠳᠪᠦᠷᠢᠯᠡᠯ᠎ᠦᠨ ᠰᠠᠭᠤᠷᠢᠨ᠎ᠢ ᠪᠥᠲᠥᠭᠡᠨ ᠪᠠᠢᠭᠤᠯᠬᠤ᠎ᠳᠤ ᠴᠢᠬᠤᠯᠠ ᠪᠠᠢᠯᠳᠤᠬᠤ ᠪᠣᠳᠣᠯᠭ᠎ᠠ᠎ᠶ᠋ᠢᠨ ᠠᠴᠢ ᠬᠣᠯᠪᠣᠭ᠍ᠳᠠᠯ᠎ᠲᠠᠶ ᠶᠤᠮ᠃

ᠲᠦᠮᠡᠨ ᠪᠤᠳᠡᠰ ᠡᠭᠦᠰᠴᠦ᠂ ᠪᠦᠷᠢᠯᠳᠦᠵᠦ᠍᠂ ᠬᠥᠭ᠌ᠵᠢᠨ᠎ᠠ ᠁ ᠢᠷᠡᠭᠡᠳᠦᠢ᠎ᠶ᠋ᠢᠨ ᠠᠵᠤ ᠦᠢᠯᠡᠰ ᠲᠦᠷᠭᠡᠨ ᠬᠥᠭ᠌ᠵᠢᠵᠦ᠍᠂ ᠴᠢᠨᠠᠷ ᠰᠠᠢᠲᠠᠢ ᠬᠥᠭ᠌ᠵᠢᠯᠲᠡ᠎ᠶ᠋ᠢᠨ ᠱᠢᠨ᠎ᠡ ᠠᠶᠠᠨ᠎ᠢᠶᠠᠨ ᠡᠬᠢᠯᠡᠭᠦᠯᠤᠨ᠎ᠡ᠃ ᠥᠪᠥᠷ ᠮᠣᠩᠭᠣᠯ ᠤᠯᠤᠰ᠎ᠤᠨ ᠬᠡᠷᠡᠭ᠌ᠴᠡᠭᠡ ᠪᠣᠯᠤᠨ ᠣᠷᠣᠨ ᠪᠦᠰᠡ᠎ᠶ᠋ᠢᠨ ᠴᠢᠳᠠᠪᠤᠷᠢ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠥᠨᠳᠥᠷ ᠲᠦᠪᠱᠢᠨ᠎ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠬᠦ᠌᠎ᠶ᠋ᠢ ᠠᠬᠢᠭᠤᠯᠵᠤ᠂ ᠴᠠᠭ ᠦᠶ᠎ᠡ᠎ᠶ᠋ᠢᠨ ᠬᠥᠭ᠌ᠵᠢᠯᠲᠡ᠎ᠶ᠋ᠢᠨ ᠶᠡᠬᠡ ᠤᠷᠤᠰᠭᠠᠯ ᠳᠤᠮᠳᠠ ᠳᠠᠪᠠᠭᠤᠯᠢᠭ᠎ᠢ ᠪᠣᠶ ᠪᠣᠯᠭᠠᠵᠤ᠂ ᠰᠠᠨᠠᠭᠠᠴᠢᠯᠠᠭᠠᠲᠤ ᠪᠠᠢᠷᠢ᠎ᠶ᠋ᠢ ᠤᠯᠪᠠ᠃ 《ᠠᠷᠪᠠᠨ ᠳᠥᠷᠪᠡᠳᠦᠭᠡᠷ ᠲᠠᠪᠤᠨ ᠵᠢᠯ》᠎ᠡᠴᠡ ᠨᠠᠭᠠᠰᠢ᠂ ᠥᠪᠥᠷ ᠮᠣᠩᠭᠣᠯ ᠠᠵᠤ ᠠᠬᠤᠢᠯᠠᠯ᠎ᠤᠨ ᠱᠢᠨ᠎ᠡ᠎ᠶ᠋ᠢ ᠡᠭᠦᠳᠬᠦ᠌ ᠭᠤᠤᠯ ᠴᠣᠭ᠍ᠴᠠ᠎ᠶ᠋ᠢᠨ ᠪᠠᠢᠷᠢ ᠰᠠᠭᠤᠷᠢ᠎ᠶ᠋ᠢ ᠪᠥᠬᠥ᠌ ᠬᠦᠴᠦᠨ᠎ᠢᠶᠡᠷ᠎ᠢᠶᠡᠨ ᠳᠡᠮᠵᠢᠵᠦ᠂ ᠠᠵᠤ ᠠᠬᠤᠢᠯᠠᠯ᠎ᠤᠨ ᠰᠤᠳᠤᠯᠤᠨ ᠨᠡᠭᠡᠭᠡᠬᠦ᠌ ᠣᠷᠣᠭᠤᠯᠤᠯᠲᠠ ᠵᠢᠯ ᠳᠤᠮᠳᠠᠴᠢ᠎ᠪᠠᠷ 12.4% ᠎ᠪᠠᠷ ᠨᠡᠮᠡᠭ᠌ᠳᠡᠨ᠂ ᠪᠥᠬᠥ᠌ ᠤᠯᠤᠰ᠎ᠤᠨ ᠳᠤᠮᠳᠠᠴᠢ ᠲᠦᠪᠱᠢᠨ᠎ᠡᠴᠡ ᠵᠠᠭᠤᠨ᠎ᠤ ᠬᠠᠷᠢᠴᠠᠯ᠎ᠵᠢᠡᠷ 1.5 ᠬᠤᠪᠢ ᠥᠨᠳᠥᠷ ᠪᠣᠯᠵᠣ᠂ ᠳᠡᠭᠡᠳᠦ ᠱᠢᠨ᠎ᠡ ᠮᠡᠷᠭᠡᠵᠢᠯ᠎ᠦᠨ ᠠᠵᠤ ᠠᠬᠤᠢᠯᠠᠯ᠎ᠤᠨ ᠲᠣᠭ᠎ᠠ ᠳᠠᠬᠢᠨ᠎ᠢᠶᠠᠷ ᠨᠡᠮᠡᠭ᠌ᠳᠡᠨ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠡᠯᠪᠡᠷᠢ᠎ᠶ᠋ᠢᠨ ᠳᠤᠮᠳᠠ ᠪᠠᠭ᠎ᠠ ᠠᠵᠤ ᠠᠬᠤᠢᠯᠠᠯ 7 ᠳᠠᠬᠢᠨ ᠭᠠᠷᠤᠶ ᠨᠡᠮᠡᠭ᠌ᠳᠡᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠡᠯᠪᠡᠷᠢ᠎ᠶ᠋ᠢᠨ ᠠᠵᠤ ᠠᠬᠤᠢᠯᠠᠯ 5 ᠵᠢᠯ ᠳᠠᠷᠠᠭᠠᠯᠠᠨ ᠵᠠᠬ᠎ᠠ ᠳᠡᠯᠭᠡᠭᠦᠷ᠎ᠲᠦ ᠭᠠᠷᠬᠤ᠎ᠶ᠋ᠢ ᠪᠡᠶᠡᠯᠡᠭᠦᠯᠪᠡ᠃

ᠪᠣᠳᠠᠲᠤ ᠪᠠᠢᠳᠠᠯ᠎ᠲᠠᠶ᠎ᠪᠠᠨ ᠤᠶᠠᠯᠳᠤᠭᠤᠯᠤᠨ ᠳᠠᠪᠠᠭᠤᠯᠢᠭ᠎ᠢᠶᠠᠨ ᠪᠠᠳᠠᠷᠠᠭᠤᠯᠬᠤ᠂ ᠳᠤᠲᠠᠭᠤᠳᠠᠯ᠎ᠢᠶᠠᠨ ᠨᠥᠬᠥᠪᠥᠷᠢᠯᠡᠬᠦ᠌᠂ ᠪᠠᠭᠤᠷᠠᠢ ᠲᠠᠯ᠎ᠠ᠎ᠪᠠᠨ ᠬᠦᠴᠦᠷᠬᠡᠭ᠌ᠵᠢᠭᠦᠯᠬᠦ᠌ ᠬᠦᠴᠦᠯᠡᠬᠦ᠌ ᠴᠡᠭ᠎ᠢ ᠣᠨᠣᠪᠴᠢᠲᠠᠢ ᠣᠯᠤᠯ᠎ᠠ᠃ 2025 ᠣᠨ᠎ᠳᠤ᠂ ᠥᠪᠥᠷ ᠮᠣᠩᠭᠣᠯ ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠰᠣᠯᠢᠯᠴᠠᠭ᠎ᠠ ᠬᠠᠮᠲᠤᠷᠠᠯᠴᠠᠭ᠎ᠠ᠎ᠶ᠋ᠢ ᠭᠦᠨᠵᠡᠭᠡᠢ ᠠᠬᠢᠭᠤᠯᠵᠤ᠂ 《 ᠱᠢᠨᠵᠢᠯᠡᠬᠦ᠌ ᠤᠬᠠᠭᠠᠨ ᠲᠸᠭ᠌ᠨᠢ᠌ᠡ᠋ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠤᠭᠤᠷᠴᠤᠭ ᠭᠠᠵᠠᠷ》᠎ᠢ᠋ 16 ᠳᠠᠩᠰᠠᠯᠠᠭᠤᠯᠤᠨ ᠪᠦᠳᠦᠬᠡᠨ ᠪᠠᠢᠭᠤᠯᠵᠤ᠂ ᠪᠡᠭᠡᠵᠢᠩ ᠲᠢᠶᠠᠨᠵᠢᠨ ᠾᠸᠪᠸᠢ ᠵᠢᠨ ᠤᠯᠤᠰ᠎ᠤᠨ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠲᠥᠪ᠎ᠦᠨ ᠥᠪᠥᠷ ᠮᠣᠩᠭᠣᠯ᠎ᠤᠨ ᠱᠢᠨ᠎ᠡ᠎ᠶ᠋ᠢ ᠡᠭᠦᠳᠬᠦ᠌ ᠲᠥᠪ 17 ᠎ᠶ᠋ᠢᠨ ᠪᠦᠳᠦᠭᠡᠯᠳᠠ᠎ᠶᠢᠨ ᠴᠢᠨᠠᠷᠲᠠᠢ ᠮᠡᠷᠭᠡᠵᠢᠯ᠎ᠦᠨ ᠲᠦᠷᠦᠯ ᠵᠦᠢᠯ᠎ᠢ ᠠᠮᠵᠢᠯᠲᠠ᠎ᠲᠠᠶ ᠨᠠᠢᠳᠠᠪᠤᠷᠢᠵᠢᠭᠤᠯᠤᠨ ᠣᠨᠳᠣᠣᠱᠢᠭᠤᠯᠪᠠ᠃ 2026 ᠣᠨ᠎ᠳᠤ᠂ ᠥᠪᠥᠷ ᠮᠣᠩᠭᠣᠯ ᠪᠠᠰᠠ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌ ᠪᠣᠭᠣᠮᠲᠠ ᠱᠢᠪᠲᠤᠯᠬᠤ ᠤᠷᠬᠢᠯ᠎ᠳᠤ ᠠᠪᠠᠷᠢᠬᠤ ᠲᠥᠯᠥᠪᠯᠡᠭᠡ᠎ᠶ᠋ᠢ ᠬᠡᠷᠡᠭ᠌ᠵᠢᠭᠦᠯᠬᠦ᠌᠂ ᠱᠢᠨ᠎ᠡ᠎ᠪᠡᠷ ᠮᠠᠨᠳᠤᠭ᠍ᠰᠠᠨ ᠠᠵᠤ ᠦᠢᠯᠡᠰ ᠪᠣᠯᠤᠨ ᠢᠷᠡᠭᠡᠳᠦᠢ᠎ᠶ᠋ᠢᠨ ᠠᠵᠤ ᠦᠢᠯᠡᠰ᠎ᠢ ᠪᠣᠢᠵᠢᠭᠤᠯᠤᠨ ᠪᠤᠵᠠᠭᠠᠢᠷᠠᠭᠤᠯᠬᠤ ᠪᠡᠷ ᠳᠠᠮᠵᠢᠭᠤᠯᠤᠨ᠂ ᠪᠤᠳᠤᠯᠲᠠ᠎ᠵᠢᠨ ᠬᠦᠴᠦᠨ ᠴᠠᠬᠢᠯᠭᠠᠨ ᠬᠦᠴᠦᠨ᠎ᠤ ᠬᠠᠮᠵᠢᠯᠴᠠᠭ᠎ᠠ᠂ ᠰᠠᠯᠬᠢ ᠭᠡᠷᠡᠯ᠎ᠢ ᠤᠰᠤᠲᠥ᠋ᠷᠥᠭ᠌ᠴᠢᠭᠤᠯᠤᠨ ᠬᠠᠳᠠᠭᠠᠯᠠᠬᠤ᠂ 《ᠵᠣᠬᠢᠶᠠᠮᠠᠯ ᠤᠶᠤᠨ ᠴᠢᠳᠠᠪᠤᠷᠢ +》᠂ ᠠᠮᠢᠳᠤ ᠪᠣᠳᠠᠰ᠎ᠤᠨ ᠦᠢᠯᠡᠳᠭᠡᠯ ᠵᠡᠷᠭᠡ ᠬᠦᠷᠢᠶᠡᠨ᠎ᠦ ᠲᠣᠭᠣᠷᠢᠨ᠎ᠳᠤ᠂ ᠬᠡᠷᠡᠭ᠌ᠯᠡᠭᠡᠨ᠎ᠦ ᠲᠠᠯᠠᠪᠤᠷ᠎ᠤᠨ ᠳᠠᠪᠠᠭᠤᠯᠢᠭ᠎ᠲᠠᠶ ᠤᠶᠠᠯᠳᠤᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠨᠢᠭᠡ ᠪᠦᠯᠦᠭ ᠤᠳᠤᠷᠢᠳᠤᠮᠵᠢ᠎ᠶ᠋ᠢᠨ ᠴᠢᠨᠠᠷᠲᠠᠢ ᠲᠦᠷᠦᠯ ᠵᠦᠢᠯ᠎ᠢ ᠪᠠᠢᠷᠢᠱᠢᠭᠤᠯᠤᠨ᠎ᠠ᠃

ᠪᠣᠳᠠᠲᠠᠶ᠎ᠳᠦ ᠰᠠᠭᠤᠷᠢᠯᠠᠬᠰᠡᠨ ᠠᠯᠢ ᠣᠯᠠᠨ ᠠᠷᠭ᠎ᠠ ᠬᠡᠮᠵᠢᠶ᠎ᠡ ᠨᠢ ᠥᠪᠥᠷ ᠮᠣᠩᠭᠣᠯ᠎ᠤᠨ ᠱᠢᠨ᠎ᠡ᠎ᠶ᠋ᠢ ᠡᠭᠦᠳᠬᠦ᠌᠎ᠪᠡᠷ ᠬᠥᠳᠡᠯᠭᠡᠭᠦᠷ ᠪᠣᠯᠭᠠᠬᠤ ᠴᠢᠨᠠᠷ ᠰᠠᠢᠲᠠᠶ ᠬᠥᠭ᠌ᠵᠢᠯᠲᠡ᠎ᠶ᠋ᠢᠨ ᠣᠪᠣᠷ ᠵᠤᠬᠰᠤᠯᠳᠠ ᠪᠠ ᠪᠡᠳᠦ ᠵᠣᠷᠢᠭ᠎ᠢ ᠢᠯᠡᠷᠡᠭᠦᠯᠪᠡ᠃

ᠱᠢᠨ᠎ᠡ᠎ᠶ᠋ᠢ ᠡᠭᠦᠳᠬᠦ᠌᠎ᠪᠡᠷ ᠢᠷᠡᠭᠡᠳᠦᠶ᠎ᠪᠡᠨ ᠪᠢᠴᠢᠭ᠌ᠯᠡᠵᠦ᠍᠂ ᠡᠬᠦᠳᠤᠨ ᠪᠦᠳᠦᠭᠡᠯᠳᠠ ᠪᠡᠷ ᠠᠵᠦ ᠤᠢᠯᠡᠰ᠎ᠤᠨ ᠪᠠᠳᠠᠷᠡᠯ᠎ᠢ ᠴᠤᠬᠴᠠᠯᠠᠨᠠᠮ!

ᠢᠷᠡᠭᠡᠳᠦᠶ ᠨᠢᠭᠡᠨᠲᠡ ᠬᠦᠷᠴᠦ᠍ ᠢᠷᠡᠪᠡ᠂ ᠴᠠᠭ ᠪᠢᠳᠡᠨ᠎ᠢ ᠬᠦᠯᠢᠶᠡᠬᠦ᠌ ᠦᠭᠡᠢ!

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号