3 ᠰᠠᠷ᠎ᠠ᠎ᠶᠢᠨ 1 ᠤ᠋ ᠡᠳᠦᠷ ᠬᠡᠪᠯᠡᠭᠳᠡᠭᠰᠡᠨ 5 ᠳ᠋ᠤᠭᠠᠷ ᠬᠤᠭᠤᠴᠠᠭᠠᠨ᠎ᠤ 《ᠦᠨᠡᠨ》 ᠰᠡᠳᠬᠦᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ᠎ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠵᠢᠨ ᠲᠡᠷᠢᠭᠦᠯᠡᠭᠴᠢ ᠰᠢ ᠵᠢᠨ ᠫᠢᠩ᠎ᠦᠨ 《ᠳᠤᠷᠠᠲᠠᠶ᠎ᠠ ᠡᠭᠦᠷᠭᠡᠯᠡᠬᠦ᠂ ᠵᠣᠷᠢᠭ᠍ᠲᠠᠢ᠎ᠪᠠᠷ ᠡᠭᠦᠷᠭᠡᠯᠡᠬᠦ᠂ ᠴᠢᠳᠠᠮᠠᠭᠠᠢ᠎ᠪᠠᠷ ᠡᠭᠦᠷᠭᠡᠯᠡᠬᠦ ᠵᠢ ᠬᠡᠪ ᠰᠤᠷᠳᠠᠯ ᠪᠤᠯᠭᠠᠬᠤ ᠬᠡᠷᠡᠭᠲᠡᠢ》 ᠭᠡᠬᠦ ᠴᠢᠬᠤᠯᠠ ᠵᠣᠬᠢᠶᠠᠯ᠎ᠢ ᠨᠡᠢᠲᠡᠯᠡᠪᠡ᠃ ᠡᠨᠡ ᠪᠣᠯ ᠶᠡᠷᠦᠩᠬᠡᠢ ᠱᠦᠵᠢ ᠰᠢ ᠵᠢᠨ ᠫᠢᠩ᠎ᠦᠨ 2012 ᠣᠨ᠎ᠤ 12 ᠰᠠᠷ᠎ᠠ᠎ᠡᠴᠡ 2025 ᠣᠨ᠎ᠤ 12 ᠰᠠᠷ᠎ᠠ ᠪᠣᠯᠲᠠᠯᠠᠬᠢ ᠬᠤᠭᠤᠴᠠᠭᠠᠨ᠎ᠳᠠᠬᠢ ᠬᠣᠯᠪᠣᠭᠳᠠᠯ ᠪᠦᠬᠦᠢ ᠴᠢᠬᠤᠯᠠ ᠥᠭᠦᠯᠡᠯᠲᠡ᠎ᠶᠢᠨ ᠲᠤᠪᠴᠢᠯᠠᠯ ᠪᠣᠯᠣᠨ᠎ᠠ᠃
ᠵᠣᠬᠢᠶᠠᠯ᠎ᠳᠤ᠂ ᠪᠣᠳᠠᠲᠠᠢ ᠠᠵᠢᠯᠯᠠᠪᠠᠯ ᠤᠯᠤᠰ᠎ᠢ ᠮᠠᠨᠳᠤᠭᠤᠯᠵᠤ᠂ ᠬᠣᠭᠣᠰᠤᠨ ᠶᠠᠷᠢᠶ᠎ᠠ ᠤᠯᠤᠰ᠎ᠢ ᠰᠠᠭᠠᠲᠠᠭᠠᠨᠠ᠃ ᠨᠠᠮ᠎ᠤᠨ ᠬᠣᠷᠢᠳᠤᠭᠠᠷ ᠶᠡᠬᠡ ᠬᠤᠷᠠᠯ᠎ᠡᠴᠡ ᠵᠢᠷᠤᠭᠯᠠᠭᠰᠠᠨ ᠠᠤᠭ᠎ᠠ ᠵᠢᠷᠤᠭ ᠲᠥᠰᠥᠪ᠎ᠢ ᠰᠠᠢᠨ ᠰᠠᠢᠬᠠᠨ ᠪᠣᠳᠠᠲᠤ ᠠᠬᠤᠢ ᠪᠣᠯᠭᠠᠨ ᠬᠤᠪᠢᠷᠠᠭᠤᠯᠬᠤ᠎ᠳᠤ ᠡᠯ᠎ᠡ ᠱᠠᠲᠤᠨ᠎ᠤ ᠤᠳᠤᠷᠢᠳᠬᠤ ᠺᠠᠳ᠋ᠷᠴᠤᠳᠬᠠᠷᠢᠭᠤᠴᠠᠯᠭᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠴᠢᠬᠤᠯᠠᠲᠠᠢ ᠶᠤᠮ᠃ ᠰᠢᠨ᠎ᠡ ᠠᠶᠠᠨ᠎ᠳᠤ᠂ ᠨᠡᠢᠳᠡᠮ ᠳ᠋ᠡᠭᠡᠨ ᠲᠡᠭᠰᠢ ᠳᠠᠷᠳᠠᠩ ᠵᠠᠮ ᠪᠠᠢᠬᠤ ᠪᠣᠯᠣᠯᠴᠠᠭ᠎ᠠ ᠦᠭᠡᠢ ᠶᠤᠮ᠂ ᠪᠢᠳᠡ ᠮᠠᠰᠢ ᠤᠯᠠᠨ ᠬᠦᠨᠳᠦ ᠶᠡᠬᠡ ᠥᠷᠢᠰᠦᠯᠳᠦᠭᠡᠨ᠂ ᠬᠦᠨᠳᠦ ᠶᠡᠬᠡ ᠠᠶᠤᠯ ᠲᠦᠭᠰᠢᠭᠦᠷᠢ᠂ ᠬᠦᠨᠳᠦ ᠶᠡᠬᠡ ᠬᠠᠷᠰᠢ ᠰᠠᠭᠠᠳ᠂ ᠬᠦᠨᠳᠦ ᠶᠡᠬᠡ ᠵᠥᠷᠢᠴᠡᠯ᠎ᠳᠦ ᠲᠤᠯᠭᠠᠷᠠᠬᠤ ᠪᠣᠯᠣᠨ᠎ᠠ᠂ ᠤᠳᠤᠷᠢᠳᠬᠤ ᠺᠠᠳ᠋ᠷᠴᠤᠳ ᠡᠷᠬᠡᠪᠰᠢ ᠡᠷᠡᠰ ᠴᠢᠩᠭ᠎ᠠ ᠬᠠᠷᠢᠭᠤᠴᠠᠯᠭ᠎ᠠ ᠡᠭᠦᠷᠭᠡᠯᠡᠬᠦ ᠵᠣᠷᠢᠭ᠋ ᠰᠠᠨᠠᠭ᠎ᠠ᠎ᠲᠠᠢ ᠪᠠᠢᠬᠤ ᠬᠡᠷᠡᠭᠲᠡᠢ᠃ ᠡᠯ᠎ᠡ ᠱᠠᠲᠤᠨ᠎ᠤ ᠤᠳᠤᠷᠢᠳᠬᠤ ᠺᠠᠳ᠋ᠷ ᠨᠠᠮ᠎ᠤᠨ ᠲᠥᠯᠥᠭᠡ ᠰᠢᠳᠤᠷᠭᠤ ᠪᠡᠷ ᠵᠢᠳᠭᠦᠵᠦ᠂ ᠥᠷᠯᠥᠭᠡ ᠦᠳᠡᠰᠢ᠎ᠦᠭᠡᠢ ᠴᠢᠷᠮᠠᠢᠨ ᠠᠵᠢᠯᠯᠠᠵᠤ᠂ ᠴᠠᠭ ᠢᠮᠠᠭᠲᠠ ᠰᠠᠨᠠᠭ᠎ᠠ ᠠᠮᠤᠷ ᠦᠭᠡᠢ ᠪᠠᠢᠬᠤ ᠬᠠᠷᠢᠭᠤᠴᠠᠯᠭᠠᠲᠤ ᠰᠡᠳᠬᠢᠯᠭᠡ᠂ ᠢᠳᠡᠪᠬᠢᠲᠡᠢ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠴᠤᠭ ᠵᠢᠪᠬᠤᠭ᠎ᠠ ᠪᠡᠷ ᠨᠠᠮ ᠪᠣᠯᠣᠨ ᠠᠷᠠᠳ ᠲᠦᠮᠡᠨ᠎ᠦ ᠲᠥᠯᠥᠭᠡ ᠲᠤᠰᠢᠶᠠᠯ ᠬᠠᠷᠢᠭᠤᠴᠠᠯᠭ᠎ᠠ᠂ ᠡᠭᠦᠷᠭᠡ᠎ᠪᠠᠨ ᠰᠠᠢᠲᠤᠷ ᠭᠦᠢᠴᠡᠳᠬᠡᠬᠦ ᠬᠡᠷᠡᠭᠲᠡᠢ ᠭᠡᠵᠦ ᠴᠢᠬᠤᠯᠠᠴᠢᠯᠠᠪᠠ᠃
ᠵᠣᠬᠢᠶᠠᠯ᠎ᠳᠤ᠂ ᠺᠠᠳ᠋ᠷ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ ᠪᠣᠯ ᠤᠯᠤᠰ ᠲᠦᠷᠦ᠎ᠶᠢᠨ ᠬᠡᠪ ᠴᠢᠨᠠᠷ ᠪᠣᠯᠬᠤ ᠪᠥᠭᠡᠳ ᠪᠠᠰᠠ ᠴᠤ᠌ ᠵᠠᠰᠠᠭ᠎ᠤᠨ ᠠᠵᠢᠯ ᠬᠢᠬᠦ ᠬᠠᠷᠢᠭᠤᠴᠠᠯᠭ᠎ᠠ ᠪᠣᠯᠣᠨ᠎ᠠ᠃ ᠬᠡᠳᠦᠢ ᠶᠡᠬᠡ ᠬᠠᠷᠢᠭᠤᠴᠠᠯᠭ᠎ᠠ ᠡᠭᠦᠷᠭᠡᠯᠡᠯ ᠲᠠᠢ ᠪᠤᠯ ᠲᠡᠳᠦᠢ ᠶᠡᠬᠡ ᠦᠢᠯᠡᠰ᠎ᠢ ᠪᠦᠲᠦᠭᠡᠵᠦ ᠴᠢᠳᠠᠨ᠎ᠠ᠂ ᠬᠡᠳᠦᠢ ᠶᠡᠬᠡ ᠬᠠᠷᠢᠭᠤᠴᠠᠯᠭ᠎ᠠ ᠡᠭᠦᠷᠭᠡᠯᠡᠪᠡᠯ ᠲᠡᠳᠦᠢ ᠶᠡᠬᠡ ᠠᠮᠵᠢᠯᠲᠠ ᠣᠯᠵᠤ ᠴᠢᠳᠠᠨ᠎ᠠ᠃ ᠳᠠᠷᠤᠭ᠎ᠠ ᠰᠠᠭᠤᠬᠤ᠎ᠶᠢ ᠯᠠ ᠪᠤᠳᠤᠭᠠᠳ ᠠᠵᠢᠯ ᠬᠢᠬᠦ᠎ᠦᠭᠡᠢ ᠪᠠᠢᠵᠤ ᠪᠣᠯᠬᠤ ᠦᠭᠡᠢ᠂ ᠡᠷᠬᠡ ᠠᠳᠬᠤᠬᠤ᠎ᠶᠢ ᠯᠠ ᠪᠤᠳᠤᠭᠠᠳ ᠬᠠᠷᠢᠭᠤᠴᠠᠯᠭ᠎ᠠ ᠡᠭᠦᠷᠭᠡᠯᠡᠬᠦ ᠦᠭᠡᠢ ᠪᠠᠢᠵᠤ ᠪᠣᠯᠬᠤ ᠦᠭᠡᠢ᠂ ᠭᠠᠪᠢᠶ᠎ᠠ ᠪᠠᠢᠭᠤᠯᠬᠤ ᠵᠢ ᠯᠠ ᠪᠤᠳᠤᠭᠠᠳ ᠬᠦᠴᠦ ᠭᠠᠷᠭᠠᠬᠤ ᠦᠭᠡᠢ ᠪᠠᠢᠵᠤ ᠪᠣᠯᠬᠤ ᠦᠭᠡᠢ᠃ ᠨᠠᠮ᠎ᠳᠠᠭᠠᠨ ᠦᠨᠡᠨᠴᠢ ᠰᠢᠳᠤᠷᠭᠤ ᠪᠠᠢᠬᠤ᠂ ᠨᠠᠮ᠎ᠲᠠᠢ ᠪᠠᠨ ᠬᠦᠴᠢᠷ ᠵᠣᠪᠠᠯᠠᠩ᠎ᠢ ᠬᠤᠪᠢᠶᠠᠯᠴᠠᠬᠤ᠂ ᠨᠠᠮ᠎ᠤᠨ᠎ᠢᠶᠠᠨ ᠲᠥᠯᠥᠭᠡ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠬᠦ᠂ ᠠᠷᠠᠳ ᠲᠦᠮᠡᠨ᠎ᠳᠦ ᠪᠤᠶᠠᠨ ᠦᠢᠯᠡᠳᠬᠦ ᠤᠯᠤᠰ ᠲᠦᠷᠦ᠎ᠶᠢᠨ ᠡᠭᠦᠷᠭᠡᠯᠡᠯ᠎ᠢᠶᠡᠷ᠂ ᠠᠵᠢᠯ᠎ᠤᠨ ᠬᠠᠷᠢᠭᠤᠴᠠᠯᠭ᠎ᠠ᠎ᠪᠠᠨ ᠪᠠᠷᠢᠮᠲᠠᠯᠠᠬᠤ᠂ ᠠᠵᠢᠯ᠎ᠤᠨ ᠬᠠᠷᠢᠭᠤᠴᠠᠯᠭ᠎ᠠ᠎ᠪᠠᠨ ᠰᠠᠬᠢᠬᠤ᠂ ᠠᠵᠢᠯ᠎ᠤᠨ ᠬᠠᠷᠢᠭᠤᠴᠠᠯᠭ᠎ᠠ᠎ᠪᠠᠨ ᠭᠦᠢᠴᠡᠳᠬᠡᠬᠦ ᠬᠠᠷᠢᠭᠤᠴᠠᠯᠭ᠎ᠠ ᠡᠭᠦᠷᠭᠡᠯᠡᠯ᠎ᠢᠶᠡᠷ ᠪᠤᠷᠤᠭᠤ ᠵᠦᠪ᠎ᠤᠨ ᠡᠮᠦᠨ᠎ᠡ ᠵᠣᠷᠢᠭ᠍ᠲᠠᠢ᠎ᠪᠠᠷ ᠬᠤᠷᠴᠠ ᠰᠡᠯᠡᠮ᠎ᠡ ᠭᠠᠷᠭᠠᠵᠤ᠂ ᠵᠥᠷᠢᠴᠡᠯ᠎ᠦᠨ ᠡᠮᠦᠨ᠎ᠡ ᠵᠣᠷᠢᠭ᠍ᠲᠠᠢ᠎ᠪᠠᠷ ᠬᠦᠴᠢᠷ᠎ᠢ ᠰᠥᠷᠦᠨ ᠤᠷᠤᠭᠰᠢᠯᠠᠵᠤ᠂ ᠠᠶᠤᠯ ᠲᠦᠭᠰᠢᠭᠦᠷᠢ᠎ᠶᠢᠨ ᠡᠮᠦᠨ᠎ᠡ ᠵᠣᠷᠢᠭ᠍ᠲᠠᠢ᠎ᠪᠠᠷ ᠴᠡᠭᠡᠵᠢ ᠲᠦᠷᠢᠨ ᠣᠷᠣᠵᠤ᠂ ᠠᠯᠳᠠᠭ᠎ᠠ ᠪᠤᠷᠤᠭᠤ᠎ᠶᠢᠨ ᠡᠮᠦᠨ᠎ᠡ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠭᠠᠵᠢᠭᠤ ᠰᠤᠷᠲᠠᠯ᠎ᠲᠠᠢ ᠵᠣᠷᠢᠭ᠍ᠲᠠᠢ᠎ᠪᠠᠷ ᠡᠷᠡᠰ ᠲᠡᠮᠡᠴᠡᠯ ᠬᠢᠬᠦ ᠬᠡᠷᠡᠭᠲᠡᠢ᠃ ᠤᠳᠤᠷᠢᠳᠬᠤ ᠺᠠᠳ᠋ᠷ ᠶᠠᠮᠠᠷ ᠠᠵᠢᠯ᠎ᠤᠨ ᠪᠠᠢᠷᠢᠨ ᠳ᠋ᠤ ᠪᠠᠢᠪᠠᠯ ᠲᠡᠷᠡ ᠠᠵᠢᠯ᠎ᠢ ᠬᠢᠵᠦ᠂ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠵᠦ᠂ ᠲᠤᠰᠢᠶᠠᠯ ᠬᠠᠷᠢᠭᠤᠴᠠᠯᠭ᠎ᠠ᠎ᠶᠢᠨ ᠬᠡᠪᠴᠢᠶᠡᠨ ᠳᠣᠲᠣᠷ᠎ᠠ ᠪᠠᠨ ᠰᠠᠨᠠᠭᠠᠴᠢᠯᠠᠭ᠎ᠠ᠎ᠡᠴᠡ᠎ᠪᠠᠨ ᠬᠦᠨᠳᠦ ᠡᠭᠦᠷᠭᠡ᠂ ᠬᠦᠴᠢᠷ ᠡᠭᠦᠷᠭᠡ ᠵᠢ ᠡᠭᠦᠷᠭᠡᠯᠡᠬᠦ ᠬᠡᠷᠡᠭᠲᠡᠢ᠃ ᠨᠠᠮᠴᠢ ᠴᠢᠨᠠᠷ᠎ᠤᠨ ᠵᠠᠷᠴᠢᠮ᠎ᠢ ᠪᠠᠷᠢᠮᠲᠠᠯᠠᠨ᠂ ᠵᠥᠪ ᠪᠤᠷᠤᠭᠤ᠎ᠶᠢ ᠲᠣᠳᠣᠷᠬᠠᠢ ᠢᠯᠭᠠᠵᠤ᠂ ᠵᠣᠷᠢᠭ᠍ᠲᠠᠢ᠎ᠪᠠᠷ ᠲᠡᠮᠡᠴᠡᠵᠦ᠂ ᠴᠢᠬᠤᠯᠠ ᠶᠡᠬᠡ ᠠᠰᠠᠭᠤᠳᠠᠯ᠂ ᠵᠠᠷᠴᠢᠮ᠎ᠤᠨ ᠠᠰᠠᠭᠤᠳᠠᠯ ᠳᠡᠭᠡᠷ᠎ᠡ ᠲᠤᠭ ᠲᠡᠮᠳᠡᠭ ᠲᠣᠳᠣᠷᠬᠠᠢ ᠪᠠᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠵᠣᠬᠢᠶᠠᠯ᠎ᠳᠤ᠂ ᠤᠳᠤᠷᠢᠳᠭᠤ ᠺᠠᠳ᠋ᠷᠴᠤᠳ ᠬᠠᠷᠢᠭᠤᠴᠠᠯᠭ᠎ᠠ ᠡᠭᠦᠷᠭᠡᠯᠡᠬᠦ᠌ ᠥᠷᠭᠡᠨ ᠮᠥᠷᠥ᠎ᠲᠡᠶ ᠪᠠᠢᠬᠤ᠎ᠪᠠᠷ ᠪᠠᠷᠠᠬᠤ ᠦᠭᠡᠢ ᠪᠠᠰᠠ ᠤᠴᠢᠷ ᠶᠠᠪᠤᠳᠠᠯ ᠪᠦᠲᠦᠭᠡᠬᠦ᠌ ᠵᠢᠩᠬᠢᠨᠢ ᠴᠢᠳᠠᠪᠤᠷᠢ᠎ᠲᠠᠶ ᠪᠠᠢᠬᠤ ᠬᠡᠷᠡᠭ᠌ᠲᠡᠢ᠃ ᠵᠣᠷᠢᠭ᠍ᠲᠠᠢ᠎ᠪᠠᠷ ᠤᠯᠤᠰ ᠲᠦᠷᠦ᠍᠎ᠶ᠋ᠢ ᠡᠷᠬᠢᠮᠯᠡᠬᠦ᠌ ᠮᠥᠷᠲᠡᠭᠡᠨ ᠪᠠᠰᠠ ᠤᠯᠤᠰ ᠲᠦᠷᠦ᠍᠎ᠶ᠋ᠢ ᠡᠷᠬᠢᠮᠯᠡᠬᠦ᠌᠎ᠳᠡᠭᠡᠨ ᠴᠢᠳᠠᠮᠠᠭᠠᠢ ᠪᠠᠢᠬᠤ ᠬᠡᠷᠡᠭ᠌ᠲᠡᠢ; ᠵᠣᠷᠢᠭ ᠱᠢᠭᠤᠳᠤᠨ ᠬᠥᠭ᠌ᠵᠢᠯᠲᠡ᠎ᠶ᠋ᠢ ᠠᠳᠭᠤᠬᠤ ᠮᠥᠷᠲᠡᠭᠡᠨ ᠪᠠᠰᠠ ᠬᠥᠭ᠌ᠵᠢᠯᠲᠡ᠎ᠶ᠋ᠢ ᠠᠳᠭᠤᠬᠤ᠎ᠳᠠᠭᠠᠨ ᠴᠢᠳᠠᠮᠠᠭᠠᠢ ᠪᠠᠢᠬᠤ ᠬᠡᠷᠡᠭ᠌ᠲᠡᠢ; ᠥᠭᠡᠷᠡᠴᠢᠯᠡᠯᠲᠡ᠎ᠶ᠋ᠢ ᠵᠣᠷᠢᠭ᠍ᠲᠠᠢ ᠠᠳᠭᠤᠬᠤ ᠮᠥᠷᠲᠡᠭᠡᠨ ᠪᠠᠰᠠ ᠥᠭᠡᠷᠡᠴᠢᠯᠡᠯᠲᠡ᠎ᠶ᠋ᠢ ᠠᠳᠭᠤᠬᠤ᠎ᠳᠠᠭᠠᠨ ᠴᠢᠳᠠᠮᠠᠭᠠᠢ ᠪᠠᠢᠬᠤ ᠬᠡᠷᠡᠭ᠌ᠲᠡᠢ; ᠵᠥᠷᠢᠴᠡᠯ ᠪᠠ ᠠᠰᠠᠭᠤᠳᠠᠯ᠎ᠳᠤ ᠵᠣᠷᠢᠭ᠍ᠲᠠᠢ ᠬᠠᠨᠳᠤᠬᠤ ᠮᠥᠷᠲᠡᠭᠡᠨ ᠪᠠᠰᠠ ᠵᠥᠷᠢᠴᠡᠯ ᠪᠠ ᠠᠰᠠᠭᠤᠳᠠᠯ᠎ᠢ ᠱᠢᠢᠳᠪᠦᠷᠢᠯᠡᠬᠦ᠌᠎ᠳᠡᠭᠡᠨ ᠴᠢᠳᠠᠮᠠᠭᠠᠢ ᠪᠠᠢᠬᠤ ᠬᠡᠷᠡᠭ᠌ᠲᠡᠢ; ᠠᠵᠢᠯ ᠬᠢᠬᠦ᠌ ᠰᠠᠨᠠᠭ᠎ᠠ ᠲᠠᠢ᠂ ᠦᠨᠡᠨ ᠬᠦ᠌ ᠠᠵᠢᠯ ᠬᠢᠬᠦ᠌ ᠤᠬᠠᠮᠰᠠᠷ᠎ᠲᠠᠶ ᠪᠠᠢᠬᠤ ᠮᠥᠷᠲᠡᠭᠡᠨ ᠪᠠᠰᠠ ᠠᠵᠢᠯ ᠬᠢᠵᠦ᠍ ᠴᠢᠳᠠᠬᠤ᠂ ᠠᠵᠢᠯ ᠪᠦᠲᠦᠭᠡᠵᠦ᠍ ᠴᠢᠳᠠᠬᠤ ᠴᠢᠳᠠᠪᠤᠷᠢ᠎ᠲᠠᠶ ᠪᠠᠢᠬᠤ ᠬᠡᠷᠡᠭ᠌ᠲᠡᠢ᠃ ᠨᠠᠮ᠎ᠤᠨ ᠰᠠᠬᠢᠯᠭ᠎ᠠ ᠪᠠᠲᠤ ᠪᠠ ᠠᠵᠢᠯ ᠬᠢᠵᠦ᠍ ᠦᠢᠯᠡᠰ ᠪᠦᠲᠦᠭᠡᠬᠦ᠌ ᠪᠣᠯ ᠳᠣᠲᠣᠭᠠᠳᠤ ᠨᠢᠭᠡᠳᠦᠯᠲᠡᠢ ᠪᠠᠢᠳᠠᠭ᠃ ᠲᠦᠷᠢᠮ ᠲᠣᠭ᠍ᠲᠠᠭᠠᠯ ᠰᠠᠬᠢᠯᠭ᠎ᠠ ᠪᠠᠲᠤ᠎ᠶ᠋ᠢ ᠵᠢᠷᠤᠮᠯᠠᠪᠠᠯ ᠠᠵᠢᠯ ᠬᠢᠵᠦ᠍ ᠦᠢᠯᠡᠰ ᠪᠤᠰᠭᠠᠬᠤ ᠭᠦᠢᠴᠡᠳ ᠡᠷᠬᠡ ᠴᠢᠯᠥᠭᠡ ᠪᠠ ᠥᠷᠭᠡᠨ ᠠᠭᠤᠳᠠᠮ ᠣᠷᠣᠨ ᠵᠠᠢᠲᠠᠶ ᠪᠣᠯᠬᠤ ᠶᠤᠮ᠃ ᠠᠷᠢᠭᠤᠨ ᠴᠢᠭᠡᠴᠢ ᠪᠠ ᠬᠠᠷᠢᠭᠤᠴᠠᠯᠭ᠎ᠠ ᠡᠭᠦᠷᠭᠡᠯᠡᠬᠦ᠌᠎ᠶ᠋ᠢᠨ ᠬᠠᠷᠢᠴᠠᠭ᠎ᠠ᠎ᠶ᠋ᠢ ᠵᠥᠪ᠎ᠢᠶᠡᠷ ᠱᠢᠢᠳᠪᠦᠷᠢᠯᠡᠵᠦ᠍᠂ ᠠᠷᠢᠭᠤᠨ ᠴᠢᠭᠡᠴᠢ ᠪᠠᠢᠬᠤ ᠪᠠ ᠬᠠᠷᠢᠭᠤᠴᠠᠯᠭ᠎ᠠ ᠡᠭᠦᠷᠭᠡᠯᠡᠬᠦ᠌᠂ ᠠᠵᠢᠯᠴᠢ ᠪᠤᠷᠤᠭᠵᠢᠭᠤᠨ᠎ᠢᠶᠡᠷ ᠵᠠᠰᠠᠭ ᠪᠠᠷᠢᠬᠤ ᠪᠠ ᠠᠷᠢᠭᠤᠨ ᠴᠢᠬᠡᠴᠢ᠎ᠪᠡᠷ ᠵᠠᠰᠠᠭ ᠪᠠᠷᠢᠬᠤ᠎ᠶ᠋ᠢ ᠨᠢᠭᠡᠳᠭᠡᠵᠦ᠍᠂ ᠵᠣᠷᠢᠭ᠍ᠲᠠᠢ᠎ᠪᠠᠷ ᠬᠦᠨᠳᠦ ᠡᠭᠦᠷᠭᠡ᠎ᠶ᠋ᠢ ᠡᠭᠦᠷᠭᠡᠯᠡᠨ᠂ ᠬᠠᠳᠠᠭᠤ ᠲᠠᠢ ᠨᠢ ᠬᠠᠯᠳᠠᠵᠦ᠂ ᠬᠦᠴᠢᠷ ᠠᠰᠠᠭᠤᠳᠠᠯ᠎ᠢ ᠱᠢᠢᠳᠪᠦᠷᠢᠯᠡᠬᠦ ᠭᠡᠷᠡᠭᠲᠡᠢ ᠭᠡᠵᠦ ᠵᠢᠭᠠᠵᠤ ᠭᠠᠷᠭᠠᠪᠠ᠃
ᠵᠣᠬᠢᠶᠠᠯ᠎ᠳᠤ᠂ ᠪᠦᠬᠦ᠌ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠵᠣᠷᠢᠭ᠍ᠵᠢᠭᠤᠯᠬᠤ ᠪᠣᠯ ᠳᠣᠲᠣᠭᠠᠳᠤ ᠨᠢᠭᠡᠳᠦᠯᠲᠡᠢ ᠪᠠᠢᠳᠠᠭ᠂ ᠬᠠᠷᠢᠯᠴᠠᠨ ᠡᠰᠡᠷᠭᠦᠴᠡᠯᠳᠦᠳᠡᠭ ᠪᠢᠰᠢ ᠶᠤᠮ᠃ ᠴᠢᠩᠭ᠎ᠠ ᠪᠠᠢᠬᠤ ᠨᠢ ᠤᠯᠠᠨ᠎ᠢ ᠦᠬᠦᠮᠡᠯ᠎ᠢᠶᠡᠷ ᠬᠠᠮᠢᠶᠠᠷᠴᠤ᠌᠂ ᠬᠥᠮᠦᠰ᠎ᠢ ᠡᠮᠦᠨ᠎ᠡ ᠬᠣᠢᠨᠠᠬᠢ᠎ᠪᠠᠨ ᠪᠣᠳᠣᠯᠬᠢᠯᠠᠬᠤ᠂ ᠡᠭᠦᠨ᠎ᠡᠴᠡ ᠠᠶᠤᠲᠠᠯ᠎ᠠ ᠲᠡᠭᠦᠨ᠎ᠡᠴᠡ ᠵᠢᠷᠦᠬᠡᠱᠢᠶᠡᠬᠦ᠌᠂ ᠴᠤᠭ ᠰᠦᠯᠳᠡ ᠦᠭᠡᠢ᠂ ᠶᠠᠭᠤ ᠴᠤ᠌ ᠪᠦᠲᠦᠭᠡᠵᠦ᠍ ᠴᠢᠳᠠᠬᠤ ᠦᠭᠡᠢ ᠦᠬᠦᠮᠡᠯ ᠤᠰᠤ ᠪᠣᠯᠭᠠᠬᠤ ᠭᠡᠰᠡᠨ ᠶᠠᠪᠤᠳᠠᠯ ᠪᠢᠰᠢ᠂ ᠬᠠᠷᠢᠨ ᠴᠢᠭ᠌ᠯᠡᠯ᠎ᠢ ᠲᠣᠳᠣᠷᠬᠠᠢᠯᠠᠬᠤ᠂ ᠶᠣᠰᠣ ᠲᠦᠷᠢᠮ᠎ᠢ ᠲᠣᠭ᠍ᠲᠠᠭᠠᠬᠤ᠂ ᠰᠤᠷᠲᠠᠯ᠎ᠢ ᠲᠥᠪ ᠪᠣᠯᠭᠠᠬᠤ᠂ ᠡᠭᠡᠯᠢᠯᠡᠭᠡ᠎ᠶ᠋ᠢ ᠴᠢᠩᠭᠠᠳᠭᠠᠬᠤ᠎ᠪᠠᠷ ᠳᠠᠮᠵᠢᠭᠤᠯᠤᠨ᠂ ᠰᠤᠷᠲᠠᠯ ᠴᠢᠬᠡᠴᠢ ᠣᠪᠣᠷ ᠲᠥᠪ ᠨᠠᠮ᠎ᠤᠨ ᠳᠣᠲᠣᠭᠠᠳᠤ᠎ᠶ᠋ᠢᠨ ᠤᠯᠤᠰ ᠲᠦᠷᠦ᠍᠎ᠶ᠋ᠢᠨ ᠠᠮᠢ ᠠᠬᠤᠢ᠎ᠶ᠋ᠢ ᠪᠤᠢ ᠪᠣᠯᠭᠠᠵᠤ᠂ ᠠᠵᠢᠯ ᠬᠢᠵᠦ᠍ ᠦᠢᠯᠡᠰ ᠪᠤᠰᠭᠠᠬᠤ᠎ᠳᠤ ᠠᠱᠢᠭ᠍ᠲᠠᠢ ᠰᠠᠢ᠌ᠨ ᠰᠠᠢᠬᠠᠨ ᠣᠷᠴᠢᠨ ᠨᠥᠬᠥᠴᠡᠯ᠎ᠢ ᠪᠤᠢ ᠪᠣᠯᠭᠠᠵᠤ᠂ ᠪᠦᠬᠦ᠌ ᠨᠠᠮ᠎ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ᠂ ᠪᠦᠲᠦᠭᠡᠯᠴᠢ ᠴᠢᠨᠠᠷ᠎ᠢ ᠤᠯᠠᠮ ᠨᠢᠭᠡ ᠠᠯᠬᠤᠮ ᠳᠠᠢᠴᠢᠯᠠᠬᠤ ᠶᠠᠪᠤᠳᠠᠯ ᠪᠣᠯᠤᠨ᠎ᠠ᠃ ᠵᠣᠬᠢᠶᠠᠨ ᠪᠠᠢᠭᠤᠯᠤᠯᠲᠠ ᠵᠣᠷᠢᠭ᠍ᠲᠠᠶ᠎ᠪᠠᠷ ᠬᠠᠷᠢᠭᠤᠴᠠᠯᠭ᠎ᠠ ᠡᠭᠦᠷᠭᠡᠯᠡᠪᠡᠯ ᠺᠠᠳ᠋ᠷ ᠰᠠᠶᠢ ᠢᠲᠠ ᠬᠦᠴᠦᠨ᠎ᠲᠡᠶ ᠪᠣᠯᠵᠣ ᠴᠢᠳᠠᠨ᠎ᠠ᠃ ᠵᠣᠷᠢᠭ᠍ᠲᠠᠢ᠎ᠪᠠᠷ ᠡᠭᠦᠷᠭᠡᠯᠡᠭᠰᠡᠳ ᠲᠦ ᠬᠠᠷᠢᠭᠤᠴᠠᠵᠤ᠂ ᠬᠠᠷᠢᠭᠤᠴᠠᠯᠭ᠎ᠠ ᠲᠠᠢ ᠬᠦᠮᠦᠰ ᠬᠠᠷᠢᠭᠤᠴᠠᠵᠤ᠂ ᠠᠵᠢᠯ ᠶᠠᠪᠤᠳᠠᠯ ᠬᠢᠭ᠌ᠴᠢᠳᠦ ᠲᠦᠱᠢᠭ ᠪᠤᠯᠵᠤ᠂ ᠴᠢᠩᠭ᠎ᠠ ᠬᠠᠮᠢᠶᠠᠷᠬᠤ ᠪᠠ ᠬᠠᠢᠷᠠᠯᠠᠨ ᠬᠠᠯᠠᠮᠵᠢᠯᠠᠬᠤ᠎ᠶ᠋ᠢ ᠤᠶᠠᠯᠳᠤᠭᠤᠯᠬᠤ᠎ᠶ᠋ᠢ ᠪᠠᠷᠢᠮᠲᠠᠯᠠᠵᠤ᠂ 《ᠭᠤᠷᠪᠠ᠎ᠶ᠋ᠢ ᠢᠯᠭᠠᠨ ᠦᠵᠡᠬᠦ》 ᠵᠢ ᠨᠠᠢᠳᠠᠪᠤᠷᠢᠵᠢᠭᠤᠯᠵᠤ᠂ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠬᠤ᠎ᠶ᠋ᠢ ᠬᠠᠷᠱᠢᠯᠠᠬᠤ ᠡᠯ᠎ᠡ ᠵᠦᠢᠯ᠎ᠦᠨ ᠬᠦᠴᠦᠨ ᠵᠦᠢᠯ᠎ᠢ ᠬᠦᠴᠦᠯᠡᠨ ᠠᠷᠢᠯᠭᠠᠬᠤ ᠬᠡᠷᠡᠭ᠌ᠲᠡᠢ᠃ ᠬᠥᠮᠦᠨ ᠰᠣᠩᠭᠣᠵᠤ ᠬᠥᠮᠦᠨ ᠬᠡᠷᠡᠭ᠌ᠯᠡᠬᠦ᠌ ᠲᠠᠯ᠎ᠠ᠎ᠪᠠᠷ ᠬᠠᠷᠢᠭᠤᠴᠠᠯᠭ᠎ᠠ ᠡᠭᠦᠷᠭᠡᠯᠡᠬᠦ᠌᠎ᠶ᠋ᠢ ᠡᠷᠬᠢᠮᠯᠡᠬᠦ᠌᠂ ᠬᠠᠷᠢᠭᠤᠴᠠᠯᠭ᠎ᠠ ᠡᠭᠦᠷᠭᠡᠯᠡᠬᠦ᠌᠎ᠶ᠋ᠢ ᠴᠢᠬᠤᠯᠠᠴᠢᠯᠠᠬᠤ ᠢᠯᠡ ᠲᠣᠳᠣ ᠤᠳᠤᠷᠢᠳᠤᠮᠵᠢ᠎ᠶ᠋ᠢ ᠢᠯᠡᠷᠡᠭᠦᠯᠵᠦ᠍᠂ ᠵᠣᠷᠢᠭ᠍ᠲᠠᠢ᠎ᠪᠠᠷ ᠬᠠᠷᠢᠭᠤᠴᠠᠯᠭ᠎ᠠ ᠡᠭᠦᠷᠭᠡᠯᠡᠬᠦ᠌ ᠡᠰᠡᠬᠦ᠂ ᠠᠵᠢᠯ ᠶᠠᠪᠤᠳᠠᠯ ᠬᠢᠬᠦ᠌ ᠳᠤᠷᠠᠲᠠᠢ ᠡᠰᠡᠬᠦ᠌᠂ ᠠᠵᠢᠯ ᠶᠠᠪᠤᠳᠠᠯ ᠪᠦᠳᠦᠭᠡᠵᠦ ᠳᠡᠢᠯᠬᠦ᠌ ᠡᠰᠡᠬᠦ᠌᠎ᠪᠡᠷ ᠺᠠᠳ᠋ᠷ᠎ᠢ ᠢᠯᠭᠠᠨ ᠲᠠᠨᠢᠬᠤ᠂ ᠱᠢᠯᠢᠳᠡᠭ ᠮᠠᠭᠤ᠎ᠶ᠋ᠢ ᠦᠨᠡᠯᠡᠨ ᠲᠣᠭ᠍ᠲᠠᠭᠠᠬᠤ᠂ ᠱᠠᠩᠨᠠᠬᠤ ᠵᠠᠯᠬᠠᠭᠠᠬᠤ ᠳᠡᠪᠱᠢᠭᠦᠯᠬᠦ᠌ ᠪᠠᠭᠤᠯᠭᠠᠬᠤ᠎ᠶ᠋ᠢᠨ ᠴᠢᠬᠤᠯᠠ ᠪᠠᠷᠢᠮᠵᠢᠶ᠎ᠠ ᠪᠣᠯᠭᠠᠵᠤ᠂ ᠺᠠᠳ᠋ᠷ᠎ᠤᠨ ᠶᠠᠮᠠᠷ ᠠᠵᠢᠯ ᠬᠢᠭ᠌ᠰᠡᠨ᠂ ᠬᠡᠳᠦᠢ ᠠᠵᠢᠯ ᠬᠢᠭ᠌ᠰᠡᠨ᠂ ᠬᠢᠭ᠌ᠰᠡᠨ ᠠᠵᠢᠯ᠎ᠢ ᠵᠣᠬᠢᠶᠠᠨ ᠪᠠᠢᠭᠤᠯᠤᠯᠳᠠ ᠪᠠ ᠤᠯᠠᠨ ᠲᠦᠮᠡᠨ ᠮᠡᠳᠡᠷᠡᠬᠦ᠌ ᠡᠰᠡᠬᠦ᠌᠎ᠪᠡᠷ ᠺᠠᠳ᠋ᠷ᠎ᠢ ᠱᠢᠯᠢᠨ ᠰᠣᠩᠭᠣᠬᠤ ᠦᠨᠳᠦᠰᠦᠨ ᠦᠨᠳᠦᠰᠦᠯᠡᠯ ᠪᠣᠯᠭᠠᠵᠤ᠂ ᠵᠣᠷᠢᠭ᠍ᠲᠠᠢ᠎ᠪᠠᠷ ᠬᠠᠷᠢᠭᠤᠴᠠᠬᠤ᠂ ᠵᠣᠷᠢᠭ᠍ᠲᠠᠢ᠎ᠪᠠᠷ ᠡᠭᠦᠷᠭᠡᠯᠡᠬᠦ᠌᠂ ᠴᠢᠳᠠᠮᠠᠭᠠᠢ᠎ᠪᠠᠷ ᠠᠵᠢᠯᠯᠠᠬᠤ᠂ ᠪᠣᠳᠠᠲᠤ ᠠᠮᠵᠢᠯᠲᠠ ᠪᠦᠲᠦᠮᠵᠢ᠎ᠪᠡᠷ ᠲᠤᠪᠤᠢ᠌ᠮ᠎ᠠ ᠺᠠᠳ᠋ᠷ᠎ᠢ ᠱᠢᠯᠢᠨ ᠳᠡᠪᠱᠢᠭᠦᠯᠵᠦ᠍ ᠬᠡᠷᠡᠭ᠌ᠯᠡᠨ᠂ ᠳᠤᠷᠠᠲᠠᠶ᠎ᠠ ᠡᠭᠦᠷᠭᠡᠯᠡᠬᠦ᠌᠂ ᠵᠣᠷᠢᠭ᠍ᠲᠠᠢ᠎ᠪᠠᠷ ᠡᠭᠦᠷᠭᠡᠯᠡᠬᠦ᠌᠂ ᠴᠢᠳᠠᠮᠠᠭᠠᠢ᠎ᠪᠠᠷ ᠡᠭᠦᠷᠭᠡᠯᠡᠬᠦ᠌ ᠵᠢ ᠬᠡᠪ ᠰᠤᠷᠳᠠᠯ ᠪᠤᠯᠭᠠᠬᠤ ᠬᠡᠷᠡᠭ᠌ᠲᠡᠢ ᠭᠡᠵᠦ ᠵᠢᠭᠠᠵᠤ ᠭᠠᠷᠭᠠᠪᠠ᠃
(ᠰᠢᠨᠬᠤᠸᠠ ᠬᠤᠷᠢᠶ᠎ᠠ᠎ᠵᠢᠨ ᠪᠡᠭᠡᠵᠢᠩ᠎ᠦᠨ 2 ᠰᠠᠷ᠎ᠠ᠎ᠶᠢᠨ 28᠎ᠤ᠋ ᠴᠠᠬᠢᠯᠭᠠᠨ ᠮᠡᠳᠡᠭᠡ)