2013 ᠣᠨ᠎ᠳᠤ ᠳᠤᠮᠳᠠᠳᠤ ᠤᠯᠤᠰ᠎ᠤᠨ ᠮᠠᠯ ᠠᠵᠤ ᠠᠬᠤᠢ᠎ᠶᠢᠨ ᠨᠡᠢᠭᠡᠮᠯᠢᠭ᠎ᠦᠨ ᠡᠪᠡᠰᠦᠨ᠎ᠦ ᠦᠢᠯᠡᠰ᠎ᠦᠨ ᠬᠤᠪᠢᠶᠠᠷᠢ ᠨᠡᠢᠭᠡᠮᠯᠢᠭᠠᠷᠦ ᠬᠤᠷᠴᠢᠨ ᠬᠤᠰᠢᠭᠤ ᠵᠢ 《ᠳᠤᠮᠳᠠᠳᠤ ᠤᠯᠤᠰ᠎ᠤᠨ ᠡᠪᠡᠰᠦᠨ᠎ᠦ ᠳᠦᠪ》ᠵᠢᠡᠷ ᠨᠡᠷᠡᠢᠳᠴᠤ᠂ 2017 ᠣᠨ᠎ᠳᠤ 《ᠤᠯᠤᠰ᠎ᠤᠨ ᠪᠤᠷᠤ ᠴᠠᠷᠭᠠᠰᠤ᠎ᠶᠢᠨ ᠪᠠᠷᠢᠮᠵᠢᠶᠠᠵᠢᠭᠤᠯᠤᠭᠰᠠᠨ ᠲᠠᠷᠢᠮᠠᠯ᠎ᠤᠨ ᠵᠢᠱ᠌ᠢᠶ᠎ᠡ ᠦᠵᠡᠭᠦᠯᠬᠦ ᠣᠷᠣᠨ》᠎ᠢᠶᠠᠷ ᠵᠥᠪᠰᠢᠶᠡᠷᠡᠭᠳᠡᠵᠦ᠂ 《ᠠᠷᠤ ᠬᠣᠷᠴᠢᠨ᠎ᠤ ᠪᠤᠷᠤ ᠴᠠᠷᠭᠠᠰᠤ》 ᠤᠯᠤᠰ᠎ᠤᠨ ᠭᠠᠵᠠᠷ ᠵᠦᠢ᠎ᠶᠢᠨ ᠢᠯᠡᠷᠬᠡᠢᠯᠡᠯᠳᠦ ᠳᠠᠸᠠᠷ᠎ᠤᠨ ᠳᠡᠮᠳᠡᠭᠪᠤᠯᠵᠡᠢ᠃ ᠠᠷᠤ ᠬᠣᠷᠴᠢᠨ ᠬᠣᠰᠢᠭᠤᠨ᠎ᠤ ᠴᠢᠨᠠᠷ ᠰᠠᠢᠲᠠᠢ ᠲᠡᠵᠢᠭᠡᠯ ᠡᠪᠡᠰᠦ ᠳᠠᠷᠢᠬᠤ ᠲᠠᠯᠠᠪᠠᠶ 56 ᠲᠦᠮᠡᠨ ᠮᠦ᠍᠎ᠳᠦ ᠬᠦᠷᠴᠦ᠂ ᠪᠥᠬᠥ ᠤᠯᠤᠰ᠎ᠤᠨ ᠴᠢᠨᠠᠷ ᠰᠠᠢᠲᠠᠢ ᠡᠪᠡᠰᠦ ᠳᠠᠷᠢᠬᠤ ᠲᠠᠯᠠᠪᠠᠶ᠎ᠪᠠᠷ ᠬᠠᠮᠤᠭ᠎ᠤᠨ ᠶᠡᠬᠡ ᠭᠠᠵᠠᠷ ᠣᠷᠣᠨ ᠪᠣᠯᠵᠦ᠂ ᠵᠢᠯ᠎ᠳᠦ 50 ᠲᠦᠮᠡᠨ ᠲᠣᠨ ᠲᠠᠸᠠᠷ᠎ᠤᠨ ᠡᠪᠡᠰᠦ ᠦᠢᠯᠡᠳᠪᠦᠷᠢᠯᠡᠵᠦ᠂ ᠪᠥᠬᠥ ᠤᠯᠤᠰ᠎ᠤᠨ ᠲᠠᠸᠠᠷ᠎ᠤᠨ ᠡᠪᠡᠰᠦᠨ᠎ᠦ ᠭᠠᠷᠤᠯᠲᠠ᠎ᠶᠢᠨ 1/5 ᠶ᠋ᠢ ᠡᠵᠡᠯᠡᠵᠦ ᠪᠠᠢᠭ᠎ᠠ ᠪᠢᠯᠡ᠃
ᠡᠪᠡᠰᠦᠨ᠎ᠦ ᠠᠵᠤ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠶᠢ ᠪᠠᠲᠤᠯᠠᠵᠤ᠂ ᠪᠥᠬᠥ ᠬᠣᠰᠢᠭᠤᠨ᠎ᠤ ᠲᠠᠷᠢᠶᠠᠯᠠᠩ ᠮᠠᠯ ᠠᠵᠤ ᠠᠬᠤᠢ ᠪᠠ ᠮᠠᠯᠴᠢᠨ ᠲᠠᠷᠢᠶᠠᠴᠢᠨ᠎ᠳᠤ ᠢᠯᠡᠳᠲᠡ ᠠᠮᠢ ᠠᠬᠤᠢ᠎ᠶᠢᠨ ᠦᠷ᠎ᠡ ᠠᠰᠢᠭ᠋᠂ ᠠᠵᠤ ᠠᠬᠤᠢ᠎ᠶᠢᠨ ᠦᠷ᠎ᠡ ᠠᠰᠢᠭ᠋ ᠵᠢᠴᠢ ᠨᠡᠢᠭᠡᠮ᠎ᠦᠨ ᠦᠷ᠎ᠡ ᠠᠰᠢᠭ᠋᠎ᠢ ᠠᠪᠴᠢᠷᠠᠵᠦ ᠪᠤᠢ ᠵᠢ ᠳᠠᠶᠠᠭᠠᠷ ᠮᠡᠳᠡᠨ᠎ᠠ᠃ ᠥᠩᠭᠡᠷᠡᠭᠰᠡᠨ᠎ᠳᠦ᠂ ᠬᠦᠨᠳᠦ ᠨᠣᠴᠢᠲᠠᠢ ᠡᠯᠡᠰᠦᠷᠬᠡᠭᠵᠢᠵᠦ ᠪᠠᠢᠭᠰᠠᠨ᠎ᠠᠴᠠ᠎ᠪᠠᠨ ᠪᠦᠬᠦ ᠤᠯᠤᠰ᠎ᠤᠨ ᠡᠪᠡᠰᠦᠨ᠎ᠦ ᠦᠢᠯᠡᠰ᠎ᠦᠨ ᠬᠡᠪ ᠳᠠᠭᠤᠷᠢᠶᠠᠯ ᠪᠣᠯᠤᠭᠰᠠᠨ ᠡᠨᠡ ᠬᠦ᠌ ᠠᠮᠵᠢᠯᠲᠠ ᠨᠢ ᠭᠡᠨᠡᠳᠲᠡ᠎ᠶᠢᠨ ᠶᠠᠪᠤᠳᠠᠯ ᠪᠢᠰᠢ ᠶᠤᠮ᠃ ᠲᠡᠷᠡ ᠨᠢ ᠤᠶᠤᠨ ᠤᠬᠠᠭᠠᠨ᠂ ᠤᠢᠭ᠎ᠠ ᠦᠬᠡᠢ ᠬᠦᠳᠡᠯᠮᠤᠷᠢ᠂ ᠪᠡᠯᠡ ᠮᠦᠨᠭᠬᠦ ᠵᠢᠨ ᠤᠷᠤᠭᠤᠯᠤᠯᠳᠠ ᠵᠡᠷᠬᠡ ᠡᠴᠡ ᠰᠠᠯᠵᠦ ᠴᠢᠳᠠᠬᠤ ᠦᠬᠡᠢ᠂ ᠤᠳᠠᠭᠠᠨ᠎ᠳᠠᠭᠠᠨ 《ᠡᠪᠡᠰᠦ᠎ᠪᠡᠷ ᠡᠯᠡᠰᠦ᠎ᠶᠢ ᠵᠠᠰᠠᠵᠤ᠂ ᠬᠠᠳᠤᠯᠠᠩ ᠪᠡᠯᠴᠢᠭᠡᠷ᠎ᠢᠶᠡᠷ ᠠᠷᠠᠳ᠎ᠢ ᠪᠠᠶᠠᠵᠢᠭᠤᠯᠬᠤ》 ᠴᠠᠭ ᠦᠶ᠎ᠡ᠎ᠶᠢᠨ ᠭᠠᠢᠬᠠᠮᠰᠢᠭ᠋᠎ᠢ ᠪᠢᠴᠢᠭᠯᠡᠵᠡᠢ᠃
ᠮᠡᠳᠡᠬᠡᠵᠢ ᠪᠡᠷ᠂ ᠠᠷᠤ ᠬᠣᠷᠴᠢᠨ ᠬᠣᠰᠢᠭᠤᠨ᠎ᠤ ᠡᠪᠡᠰᠦᠨ᠎ᠦ ᠦᠢᠯᠡᠰ᠎ᠦᠨ ᠭᠣᠣᠯ ᠣᠷᠣᠨ (ᠬᠤᠰᠢᠭᠤᠨ ᠡᠮᠦᠨ᠎ᠠ ᠵᠠᠬ᠎ᠠ)᠎ᠤ ᠤᠷᠭᠤᠮᠠᠯ ᠬᠤᠴᠢᠯᠭ᠎ᠠ᠎ᠶᠢᠨ ᠪᠦᠷᠬᠦᠴᠡ᠎ᠶᠢᠨ ᠨᠤᠷᠮ᠎ᠠ 10% ᠬᠦᠷᠬᠦ ᠦᠭᠡᠢ᠂ ᠮᠠᠯ ᠪᠡᠯᠴᠢᠭᠡᠷ᠎ᠦᠨ ᠵᠥᠷᠢᠴᠡᠯ ᠲᠣᠪᠣᠢᠮ᠎ᠠ ᠪᠠᠢᠵᠦ᠂ ᠠᠮᠢ ᠠᠬᠤᠢ ᠪᠣᠯᠣᠨ ᠠᠵᠤ ᠠᠮᠢᠳᠤᠷᠠᠯ ᠬᠣᠶᠠᠷ ᠬᠦᠴᠢᠷᠳᠡᠯ᠎ᠳᠦ ᠲᠤᠯᠭᠠᠷᠠᠵᠦ ᠪᠠᠢᠭᠰᠠᠨ ᠵᠢᠡᠨ 2008 ᠣᠨ᠎ᠳᠤ᠂ ᠲᠤᠬᠠᠢ᠎ᠶᠢᠨ ᠭᠠᠵᠠᠷ᠎ᠤᠨ ᠬᠢᠨ ᠬᠦᠴᠢᠷᠳᠡᠯ᠎ᠡᠴᠡ ᠮᠤᠯᠲᠤᠷᠠᠵᠤ᠂ ᠤᠰᠤ ᠠᠷᠪᠢᠯᠠᠬᠤ ᠪᠤᠷᠦ ᠴᠠᠷᠭᠠᠰᠤ᠎ᠶᠢ ᠲᠤᠷᠰᠢᠨ ᠲᠠᠷᠢᠭᠠᠳ ᠠᠮᠵᠢᠯᠲᠠ ᠣᠯᠵᠤ᠂ 《ᠡᠪᠡᠰᠦ᠎ᠪᠡᠷ ᠦᠢᠯᠡᠰ᠎ᠢᠶᠡᠨ ᠪᠣᠯᠭᠠᠵᠤ᠂ ᠬᠣᠰᠢᠭᠤ᠎ᠪᠠᠨ ᠮᠠᠨᠳᠤᠭᠤᠯᠵᠤ ᠠᠷᠠᠳ᠎ᠢᠶᠠᠨ ᠪᠠᠶᠠᠵᠢᠭᠤᠯᠬᠤ》 ᠬᠥᠰᠢᠭᠡ᠎ᠶᠢ ᠰᠡᠬᠦᠵᠦ ᠡᠬᠢᠯᠡᠪᠡ᠃ ᠬᠡᠰᠡᠭ ᠪᠤᠰᠠᠭ᠎ᠢᠶᠠᠷ ᠲᠠᠷᠢᠬᠤ᠎ᠠᠴᠠ ᠶᠡᠬᠡ ᠬᠡᠪᠴᠢᠶ᠎ᠡ ᠪᠡᠷ ᠳᠠᠷᠢᠬᠤ ᠪᠣᠯᠵᠤ᠂ ᠪᠦᠳᠦᠭᠦᠯᠢᠭ᠎ᠢᠶᠡᠷ ᠬᠠᠮᠢᠶᠠᠷᠴᠤ ᠪᠠᠢᠭᠰᠠᠨ᠎ᠠᠴᠠ᠎ᠪᠠᠨ ᠰᠢᠨᠵᠢᠯᠡᠬᠦ ᠤᠬᠠᠭᠠᠨᠴᠢ᠎ᠪᠠᠷ ᠡᠵᠡᠩᠨᠡᠬᠦ ᠪᠣᠯᠵᠤ᠂ ᠡᠯᠡᠰᠦᠷᠬᠡᠭᠵᠢᠬᠰᠡᠨ ᠬᠦᠴᠢᠷ ᠠᠰᠠᠭᠤᠳᠠᠯ᠎ᠢ ᠠᠯᠬᠤᠮ ᠠᠯᠬᠤᠮ᠎ᠢᠶᠠᠷ ᠰᠢᠢᠳᠪᠦᠷᠢᠯᠡᠵᠦ᠂ ᠡᠪᠡᠰᠦᠨ᠎ᠦ ᠪᠦᠲᠦᠭᠡᠨ ᠪᠠᠢᠭᠤᠯᠤᠯᠲᠠ᠎ᠳᠤ ᠵᠠᠩᠭᠢᠯᠠᠭ᠎ᠠ᠎ᠶᠢᠨ ᠠᠯᠬᠤᠮ᠎ᠢ ᠠᠯᠬᠤᠭᠰᠠᠨ ᠪᠥᠭᠡᠳ ᠠᠮᠢ ᠠᠬᠤᠢ ᠪᠣᠯᠣᠨ ᠠᠵᠤ ᠦᠢᠯᠡᠰ᠎ᠦᠨ ᠬᠠᠮᠵᠢᠯᠴᠠᠨ ᠬᠥᠭᠵᠢᠬᠦ ᠰᠠᠭᠤᠷᠢ᠎ᠶᠢ ᠲᠠᠯᠪᠢᠵᠠᠢ᠃ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠪᠲᠤᠯᠤᠯᠲᠠ᠎ᠳᠤ ᠲᠦᠰᠢᠭᠯᠡᠨ᠂ ᠡᠯᠡᠰᠦᠷᠬᠡᠭ ᠭᠠᠵᠠᠷ᠎ᠲᠤ ᠲᠣᠬᠢᠷᠠᠬᠤ ᠪᠤᠷᠤ ᠴᠠᠷᠭᠠᠰᠤ᠎ᠶᠢᠨ ᠲᠥᠷᠥᠯ ᠵᠦᠢᠯ᠎ᠢ ᠪᠣᠢᠵᠢᠭᠤᠯᠵᠤ᠂ ᠣᠶᠤᠨᠴᠢ ᠰᠦᠷᠴᠢᠨ ᠤᠰᠤᠯᠠᠬᠤ ᠰᠢᠰᠲᠧᠮ᠎ᠢ ᠲᠣᠬᠢᠷᠠᠭᠤᠯᠤᠨ᠂ ᠤᠰᠤ ᠠᠷᠪᠢᠯᠠᠯᠳᠠ ᠨᠢ 60%᠎ᠶᠢ ᠳᠠᠪᠠᠵᠤ᠂ ᠡᠯᠡᠰᠦᠷᠬᠡᠭ ᠭᠠᠵᠠᠷ᠎ᠲᠤ ᠳᠠᠷᠢᠬᠤ᠎ᠳᠤ ᠬᠦᠴᠢᠷ ᠠᠰᠠᠭᠤᠳᠠᠯ᠎ᠢ ᠰᠢᠢᠳᠪᠦᠷᠢᠯᠡᠵᠡᠢ᠃ ᠡᠭᠦᠨ᠎ᠦ ᠬᠠᠮᠲᠤ᠂ ᠵᠠᠮ ᠬᠠᠷᠢᠯᠴᠠᠭ᠎ᠠ ᠳᠥᠭᠥᠮ ᠳᠥᠲᠡ᠂ ᠣᠷᠣᠨ ᠪᠠᠢᠷᠢᠰᠢᠯ ᠳᠠᠪᠠᠭᠤᠯᠢᠭ᠋ ᠪᠠᠢᠵᠤ᠂ 20 ᠭᠠᠷᠤᠢ ᠠᠵᠢᠯ ᠲᠦᠷᠦᠯ᠎ᠦᠨ ᠳᠠᠭᠠᠭᠤᠯᠤᠭ᠍ᠴᠢ ᠠᠵᠤ ᠠᠬᠤᠢᠯᠡᠯ᠎ᠢ ᠣᠷᠣᠭᠤᠯᠤᠨ ᠰᠠᠭᠤᠷᠢᠰᠢᠭᠤᠯᠵᠤ᠂ ᠤᠯᠤᠰ᠎ᠤᠨ ᠳᠣᠲᠣᠭᠠᠳᠤ᠎ᠶᠢᠨ ᠰᠦᠨ᠎ᠦ ᠦᠢᠯᠡᠰ᠎ᠦᠨ ᠳᠠᠭᠠᠭᠤᠯᠤᠭ᠍ᠴᠢ ᠲᠡᠵᠢᠭᠡᠯ ᠡᠪᠡᠰᠦ ᠬᠠᠩᠭᠠᠬᠤ ᠴᠢᠬᠤᠯᠠ ᠰᠠᠭᠤᠷᠢᠨ ᠪᠣᠯᠵᠤ᠂ ᠴᠢᠨᠠᠷ ᠰᠠᠢᠲᠠᠢ ᠲᠡᠵᠢᠭᠡᠯ ᠡᠪᠡᠰᠦ᠎ᠶᠢ ᠳᠡᠭᠡᠳᠦ ᠲᠡᠰ᠎ᠤᠨ ᠵᠠᠬ᠎ᠠ ᠳᠡᠯᠭᠡᠭᠦᠷ᠎ᠲᠦ ᠰᠢᠭᠤᠳ ᠬᠦᠷᠭᠡᠪᠡ᠃
ᠡᠯᠡᠰᠦᠷᠬᠡᠭᠵᠢᠭᠰᠡᠨ᠂ ᠲᠠᠴᠢᠷᠰᠢᠭᠰᠠᠨ᠂ ᠬᠦᠷᠦᠰᠦ ᠨᠢᠮᠭᠡᠨ ᠪᠠᠢᠭᠰᠠᠨ᠎ᠠᠴᠠ ᠡᠪᠡᠰᠦ ᠪᠡᠯᠴᠢᠭᠡᠷ ᠡᠯᠪᠡᠭᠵᠢᠵᠦ ᠠᠷᠠᠳ ᠪᠠᠶᠠᠵᠢᠭ᠍ᠰᠠᠨ ᠬᠦᠷᠲᠡᠯ᠎ᠡ᠂ ᠠᠷᠤ ᠬᠣᠷᠴᠢᠨ ᠬᠣᠰᠢᠭᠤ ᠨᠢ ᠳᠤᠮᠳᠠᠳᠤ ᠤᠯᠤᠰ᠎ᠤᠨ ᠲᠠᠯ᠎ᠠ ᠨᠤᠲᠤᠭ᠎ᠤᠨ ᠡᠪᠡᠰᠦᠨ᠎ᠤ ᠳᠦᠪ ᠪᠣᠯᠤᠭᠰᠠᠨ ᠶᠠᠪᠤᠳᠠᠯ ᠨᠢ ᠠᠮᠢ ᠠᠬᠤᠢ᠎ᠶᠢᠨ ᠵᠠᠰᠠᠯᠲᠠ ᠪᠣᠯᠣᠨ ᠠᠵᠤ ᠦᠢᠯᠡᠰ᠎ᠢ ᠬᠥᠭᠵᠢᠭᠦᠯᠦᠨ ᠮᠠᠨᠳᠤᠭᠤᠯᠬᠤ᠎ᠶᠢ ᠭᠦᠨᠵᠡᠭᠡᠢ ᠠᠭᠤᠰᠤᠯᠴᠠᠭᠤᠯᠤᠭᠰᠠᠨ ᠠᠮᠢᠳᠤᠯᠢᠭ᠋ ᠦᠢᠯᠡᠳᠦᠯᠭᠡ ᠵᠢᠨ ᠦᠷᠠᠳ᠋ᠦ᠋ᠩ ᠪᠢᠯᠡ᠃ ᠲᠡᠷᠡ ᠨᠢ ᠪᠠᠢᠭᠠᠯᠢ᠎ᠶᠢᠨ ᠭᠠᠮᠰᠢᠭ᠎ᠢ ᠡᠷᠬᠡᠰᠢᠶᠡᠨ ᠳᠠᠪᠠᠭᠰᠠᠨ ᠤᠶᠤᠨ ᠤᠬᠠᠭᠠᠨ᠂ ᠬᠦᠴᠢᠷ᠎ᠢ ᠳᠤᠭᠤᠯᠤᠨ ᠪᠡᠷᠬᠡ᠎ᠶᠢ ᠳᠠᠪᠠᠬᠰᠠᠨ ᠡᠭᠦᠷᠭᠡᠯᠡᠯ ᠮᠦᠨ᠃