3 ᠰᠠᠷ᠎ᠠ᠎ᠶ᠋ᠢᠨ 5 ᠤ᠋ ᠡᠳᠦᠷ᠂ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌᠎ᠳᠦ ᠣᠷᠣᠯᠴᠠᠬᠤ᠎ᠳᠠᠭᠠᠨ᠂ ᠶᠡᠷᠦᠩᠬᠡᠢ ᠱᠦᠵᠢ ᠰᠢ ᠵᠢᠨ ᠫᠢᠩ 《ᠠᠷᠪᠠᠨ ᠲᠠᠪᠤᠳᠤᠭᠠᠷ ᠲᠠᠪᠤᠨ ᠵᠢᠯ》 ᠤ᠋ᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢ ᠰᠠᠢᠲᠤᠷ ᠠᠳᠭᠤᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠤ᠌᠂ ᠠᠷᠠᠳ᠎ᠤᠨ ᠠᠮᠢᠳᠤᠷᠠᠯ᠎ᠳᠤ ᠠᠩᠬᠠᠷᠤᠯ ᠵᠢᠡᠨ ᠲᠦᠪᠯᠡᠷᠡᠭᠦᠯᠵᠤ 《ᠪᠦᠬᠦ᠌ ᠠᠷᠠᠳ ᠲᠦᠮᠡᠨ᠎ᠦ ᠬᠠᠮᠲᠤ᠎ᠪᠠᠷ ᠪᠠᠶᠠᠵᠢᠬᠤ ᠶ᠋ᠢ ᠠᠬᠢᠭᠤᠯᠬᠤ ᠪᠦᠲᠦᠮᠵᠢᠲᠡᠢ ᠠᠷᠭ᠎ᠠ ᠵᠠᠮ᠎ᠢ ᠰᠦᠪᠡᠭ᠌ᠴᠢᠯᠡᠬᠦ᠌ ᠬᠡᠷᠡᠭ᠌ᠲᠡᠢ》 ᠭᠡᠵᠦ᠍ ᠴᠢᠬᠤᠯᠠᠴᠢᠯᠠᠪᠠ᠃
3 ᠰᠠᠷ᠎ᠠ᠎ᠶ᠋ᠢᠨ 6 ᠤ᠋ ᠡᠳᠦᠷ᠂ ᠶᠡᠷᠦᠩᠬᠡᠢ ᠱᠦᠵᠢ ᠰᠢ ᠵᠢᠨ ᠫᠢᠩ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ᠎ᠢ ᠡᠷᠬᠢᠨ ᠦᠵᠡᠬᠦ᠌᠎ᠶ᠋ᠢᠨ ᠬᠠᠮᠲᠤ ᠳᠤᠭᠤᠢᠯᠠᠩ ᠬᠠᠮᠲᠤᠷᠠᠭ᠍ᠰᠠᠨ ᠬᠤᠷᠠᠯ᠎ᠳᠤ ᠣᠷᠣᠯᠴᠠᠬᠤ᠎ᠳᠠᠭᠠᠨ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠦ ᠡᠷᠡᠭᠦᠯ ᠡᠩᠬᠡ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢᠨ ᠱᠢᠢᠳᠪᠦᠷᠢᠲᠦ ᠴᠢᠨᠠᠷᠲᠠᠢ ᠠᠬᠢᠴᠠ᠎ᠲᠠᠶ ᠪᠣᠯᠬᠤ᠎ᠶ᠋ᠢ ᠠᠬᠢᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃ ᠡᠨᠡ ᠪᠣᠯ ᠠᠷᠠᠳ᠎ᠤᠨ ᠠᠮᠢᠳᠤᠷᠠᠯ᠎ᠤᠨ ᠠᠵᠠ ᠵᠢᠷᠭᠠᠯ᠎ᠲᠠᠶ ᠬᠣᠯᠪᠣᠭ᠍ᠳᠠᠬᠤ ᠴᠢᠬᠤᠯᠠ ᠶᠡᠬᠡ ᠪᠠᠢᠷᠢᠯᠠᠭᠤᠯᠤᠯᠲᠠ ᠪᠣᠯᠤᠨ᠎ᠠ᠃
《ᠠᠷᠪᠠᠨ ᠲᠠᠪᠤᠳᠤᠭᠠᠷ ᠲᠠᠪᠤᠨ ᠵᠢᠯ》 ᠤ᠋ᠨ ᠭᠠᠷᠤᠭᠠᠨ᠎ᠳᠡᠬᠢ ᠪᠦᠬᠦ᠌ ᠤᠯᠤᠰ᠎ᠤᠨ ᠬᠣᠶᠠᠷ ᠬᠤᠷᠠᠯ᠎ᠤᠨ ᠬᠣᠶᠠᠷ ᠲᠠᠯᠠᠪᠤᠷ ᠪᠦᠯᠬᠦᠮ ᠳᠤᠭᠤᠢᠯᠠᠩ᠎ᠤᠨ ᠠᠵᠢᠯᠯᠠᠭ᠎ᠠ ᠴᠦᠮ ᠠᠷᠠᠳ᠎ᠤᠨ ᠠᠮᠢᠳᠤᠷᠠᠯ᠎ᠢ ᠣᠨᠴᠠᠭᠠᠢ ᠠᠩᠬᠠᠷᠴᠤ᠌ ᠪᠤᠢ᠃
ᠡᠩ ᠲᠡᠷᠢᠭᠦᠨ᠎ᠳᠦ᠂ ᠵᠤᠷᠢᠯᠳᠠ ᠳᠤᠳᠤᠷᠬᠠᠢ — ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠠᠷᠠᠳ᠎ᠤᠨ ᠠᠮᠢᠳᠤᠷᠠᠯ ᠢ᠋ ᠲᠡᠷᠢᠭᠦᠨ ᠳ᠋ᠤ ᠲᠠᠯᠪᠢᠨ᠎ᠠ᠃ ᠶᠠᠭ ᠶᠡᠷᠦᠩᠬᠡᠶ ᠱᠦᠵᠢ ᠰᠢ ᠵᠢᠨ ᠫᠢᠩ᠎ᠦᠨ ᠵᠢᠯ᠎ᠦᠨ ᠡᠬᠢᠨ᠎ᠳᠦ ᠮᠤᠵᠢ ᠶᠠᠮᠤᠨ᠎ᠤ ᠳᠡᠰ ᠤ᠋ᠨ ᠭᠤᠤᠯ ᠤᠳᠤᠷᠢᠳᠬᠤ ᠺᠠᠳ᠋ᠷᠴᠤᠳ ᠤ᠋ᠨ ᠰᠤᠳᠤᠯᠤᠨ ᠶᠠᠷᠢᠯᠴᠠᠬᠤ ᠠᠩᠭᠢ᠎ᠳᠤ ᠵᠢᠭᠠᠵᠤ ᠭᠠᠷᠭᠠᠭ᠍ᠰᠠᠨᠴᠢᠯᠠᠨ᠄ 《ᠠᠵᠤ ᠠᠬᠤᠶ᠎ᠶ᠋ᠢᠨ ᠬᠥᠭ᠌ᠵᠢᠯᠲᠡ ᠪᠠ ᠨᠡᠢᠭᠡᠮ᠎ᠦᠨ ᠬᠥᠭ᠌ᠵᠢᠯᠲᠡ ᠬᠠᠷᠢᠯᠴᠠᠨ ᠨᠥᠬᠥᠴᠡᠯᠳᠦᠵᠦ᠍᠂ ᠨᠢᠭᠡ ᠨᠢ ᠣᠷᠳᠣ ᠨᠢᠭᠡ ᠨᠢ ᠪᠣᠭᠣᠨᠢ ᠪᠠᠢᠵᠤ ᠪᠣᠯᠬᠤ ᠥᠬᠡᠶ》᠃
ᠠᠵᠢᠯ ᠣᠯᠭᠣᠯᠲᠠ᠂ ᠣᠷᠣᠯᠭ᠎ᠠ᠂ ᠨᠡᠢᠭᠡᠮ᠎ᠦᠨ ᠪᠠᠲᠤᠯᠠᠭ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠤᠯᠠᠨ ᠲᠦᠮᠡᠨᠴᠢ ᠪᠡᠶ᠎ᠡ᠎ᠶ᠋ᠢᠨ ᠲᠠᠮᠢᠷ ᠁ ᠡᠨᠡ ᠤᠳᠠᠭ᠎ᠠ᠎ᠶ᠋ᠢᠨ ᠶᠡᠷᠦᠩᠬᠡᠢ ᠱᠦᠵᠢ᠎ᠶ᠋ᠢᠨ ᠳᠤᠷᠠᠳᠤᠭ᠍ᠰᠠᠨ ᠠᠷᠠᠳ᠎ᠤᠨ ᠠᠮᠢᠳᠤᠷᠠᠯ᠎ᠤ᠋ᠨ ᠲᠤᠬᠠᠢ ᠶᠠᠪᠤᠳᠠᠯ ᠪᠤᠯᠭᠠᠨ ᠨᠢ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠦᠷ᠎ᠡ ᠪᠦᠲᠦᠭᠡᠯ᠎ᠲᠡᠶ ᠬᠣᠯᠪᠣᠭ᠍ᠳᠠᠨ᠎ᠠ᠃
ᠳᠠᠷᠠᠭᠠᠯᠠᠪᠠᠯ᠂ ᠴᠠᠭ ᠲᠠᠭᠠᠨ ᠲᠤᠭᠢᠷᠠᠪᠠ — 《ᠠᠷᠪᠠᠨ ᠲᠠᠪᠤᠳᠤᠭᠠᠷ ᠲᠠᠪᠤᠨ ᠵᠢᠯ》 ᠪᠣᠯ ᠰᠠᠭᠤᠷᠢ ᠵᠢ ᠪᠡᠬᠢᠵᠢᠭᠦᠯᠵᠦ᠍᠂ ᠪᠦᠬᠦ᠌ ᠲᠠᠯ᠎ᠠ᠎ᠪᠠᠷ ᠬᠦᠴᠦᠯᠡᠬᠦ᠌ ᠵᠠᠩᠭᠢᠯᠠᠭ᠎ᠠ᠎ᠶ᠋ᠢᠨ ᠬᠤᠭᠤᠴᠠᠭ᠎ᠠ ᠪᠣᠯᠤᠨ᠎ᠠ᠃ ᠣᠳᠣᠬᠠᠨ ᠪᠠ ᠬᠣᠢᠱᠢᠳᠠ᠎ᠶ᠋ᠢᠨ ᠬᠡᠰᠡᠭ ᠬᠤᠭᠤᠴᠠᠭᠠᠨ᠎ᠳᠤ᠂ 《ᠨᠡᠩ ᠨᠠᠷᠢᠨ ᠪᠤᠳᠤᠯᠢᠶᠠᠨᠲᠠᠢ ᠣᠷᠴᠢᠨ》᠂ 《ᠨᠡᠩ ᠤᠯᠠᠨ ᠭᠦᠨ ᠳᠠᠪᠬᠤᠷᠭ᠎ᠠ᠎ᠶ᠋ᠢᠨ ᠵᠥᠷᠢᠴᠡᠯ》 ᠲᠠᠯᠪᠢᠭ᠍ᠳᠠᠵᠤ᠂ ᠠᠷᠠᠳ᠎ᠤᠨ ᠠᠮᠢᠳᠤᠷᠠᠯ᠎ᠤᠨ ᠬᠦᠷᠢᠶᠡᠨ᠎ᠳᠦ ᠴᠦ᠍ 《ᠪᠠᠢᠬᠤ ᠡᠰᠡᠬᠦ᠌》 ᠡᠴᠡ 《ᠰᠠᠢ᠌ᠨ ᠡᠰᠡᠬᠦ᠌》 ᠲᠡᠢᠰᠢ ᠲᠦᠷᠭᠡᠨ ᠬᠤᠪᠢᠷᠠᠬᠤᠴᠢᠬᠤᠯᠠᠲᠠᠢ᠃
ᠨᠢᠭᠡᠨ ᠬᠡᠰᠡᠭ ᠶᠠᠷᠢᠯᠴᠠᠭ᠎ᠠ ᠬᠥᠮᠦᠰ᠎ᠢ ᠭᠦᠨ ᠰᠡᠳᠭᠢᠭᠦᠯᠦᠨᠡ —
ᠤᠯᠤᠰ ᠲᠥᠷᠥ᠎ᠶ᠋ᠢᠨ ᠵᠥᠪᠯᠡᠯᠭᠡᠨ᠎ᠦ ᠳᠤᠭᠤᠢᠯᠠᠩ ᠬᠠᠮᠲᠤᠷᠠᠭ᠍ᠰᠠᠨ ᠬᠤᠷᠠᠯ ᠳᠡᠭᠡᠷ᠎ᠡ ᠭᠡᠱᠢᠭᠦᠳ ᠡᠴᠠ ᠠᠷᠠᠳ ᠣᠯᠠᠨ᠎ᠤ ᠡᠷᠡᠭᠦᠯ ᠴᠢᠭᠢᠷᠠᠭ ᠣᠷᠳᠣ ᠨᠠᠰᠤᠯᠠᠬᠤ ᠲᠤᠬᠠᠶ 《2025 ᠣᠨ᠎ᠳᠤ ᠮᠠᠨ᠎ᠤ ᠤᠯᠤᠰ᠎ᠤᠨ ᠬᠥᠮᠦᠨ ᠳᠤᠮᠳᠠᠴᠢ᠎ᠶ᠋ᠢᠨ ᠵᠢᠱ᠌ᠢᠭ᠌ᠰᠡᠨ ᠨᠠᠰᠤᠨ ᠬᠤᠲᠤᠭ ᠨᠢᠭᠡᠨᠲᠡ 79.2 ᠲᠤ᠌ ᠬᠦᠷᠴᠡᠶ》 ᠭᠡᠵᠦ ᠶᠠᠷᠢᠯᠴᠠᠵᠠᠭᠠᠪᠠ᠃ ᠶᠡᠷᠦᠩᠬᠡᠶ ᠱᠦᠵᠢ ᠰᠢ ᠵᠢᠨ ᠫᠢᠩ ᠡᠬᠦᠨ᠎ᠳᠡᠬᠢ ᠲᠣᠭ᠎ᠠ ᠪᠠᠷᠢᠮᠲᠠ᠎ᠶ᠋ᠢ ᠵᠠᠳᠠᠯᠤᠨ᠄《ᠡᠨᠳᠡ ᠪᠠᠰᠠ ᠵᠢᠭᠠᠬᠠᠨ ᠢᠯᠭᠠᠭ᠎ᠠ ᠪᠠᠢᠨ᠎ᠠ》 ᠬᠡᠯ᠎ᠠ᠃
ᠮᠠᠨ᠎ᠤ ᠤᠯᠤᠰ᠎ᠤᠨ ᠰᠠᠭᠤᠭᠠᠯᠢ ᠠᠷᠠᠳ᠎ᠤᠨ ᠡᠷᠡᠭᠦᠯ ᠮᠡᠨᠳᠦ᠍᠎ᠶ᠋ᠢᠨ ᠭᠤᠤᠯ ᠭᠦᠶ᠋ᠴᠡᠳᠭᠡᠯ ᠲᠣᠭ᠎ᠠ ᠨᠢᠭᠡᠨᠲᠡ ᠳᠤᠮᠳᠠ ᠥᠨᠳᠥᠷ ᠣᠷᠣᠯᠭ᠎ᠠ ᠲᠠᠶ ᠤᠯᠤᠰ᠎ᠤᠳ᠎ᠤᠨ ᠲᠤᠳᠤᠷ᠎ᠠ ᠲᠦᠷᠦᠬᠦᠯᠡᠭᠰᠡᠨ ᠴᠸ᠋ ᠡᠷᠡᠭ᠌ᠲᠡᠶ ᠡᠮᠡᠭ᠌ᠲᠡᠶ ᠬᠢᠭᠡᠳ ᠣᠷᠣᠨ ᠪᠦᠰᠡᠡᠤ ᠲᠠᠯ᠎ᠠ ᠪᠡᠷ ᠪᠠᠰᠠ ᠵᠥᠷᠢᠶ᠎ᠡ᠎ᠲᠡᠶ ᠪᠠᠢᠵᠤ᠂ ᠲᠡᠩᠴᠡᠭᠦᠷᠢᠲᠡᠶ ᠬᠥᠭ᠌ᠵᠢᠬᠦ᠌ ᠣᠷᠣᠨ ᠵᠠᠶ ᠶᠡᠬᠡ ᠪᠠᠢᠨ᠎ᠠ᠃
ᠬᠢᠷᠢ ᠪᠦᠲᠦᠮᠵᠢ᠎ᠪᠡᠨ ᠣᠯᠵᠤ ᠬᠠᠷᠠᠬᠤ ᠪᠦᠭᠡᠳ ᠶᠠᠰᠤ ᠴᠢᠨᠠᠷ᠎ᠢ ᠨᠡᠩ ᠴᠢᠬᠤᠯᠠᠴᠢᠯᠠᠬᠤ ᠭᠡᠳᠡᠭ ᠨᠢ ᠵᠥᠷᠢᠶ᠎ᠡ᠎ᠪᠡᠨ ᠲᠣᠳᠣᠷᠬᠠᠢᠯᠠᠨ᠂ ᠳᠤᠲᠠᠭᠤᠳᠠᠯ᠎ᠢᠶᠠᠨ ᠨᠥᠬᠥᠪᠥᠷᠢᠯᠡᠵᠦ᠍᠂ ᠪᠠᠢᠳᠠᠯ᠎ᠳᠠᠭᠠᠨ ᠲᠤᠬᠢᠷᠠᠭᠤᠯᠤᠨ ᠬᠤᠪᠢᠷᠠᠭᠤᠯᠬᠤ ᠬᠡᠷᠡᠭ᠌ᠲᠡᠶ ᠭᠡᠰᠡᠨ ᠤᠳᠭ᠎ᠠ᠎ᠲᠠᠶ᠃ ᠶᠠᠭ ᠶᠡᠷᠦᠩᠬᠡᠶ ᠱᠦᠵᠢ᠎ᠶ᠋ᠢᠨ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠬᠦ᠌ ᠳ᠋ᠤ ᠤᠷᠤᠯᠴᠠᠬᠤ ᠳ᠋ᠠᠭᠠᠨ ᠴᠢᠬᠤᠯᠠᠴᠢᠯᠠᠭ᠍ᠰᠠᠨᠴᠢᠯᠡᠨ᠂ 《ᠱᠢᠨ᠎ᠡ ᠪᠠᠢᠳᠠᠯ ᠳᠤᠤᠷᠠᠬᠢ ᠠᠷᠠᠳ ᠣᠯᠠᠨ᠎ᠤ ᠰᠠᠢᠨ ᠰᠠᠢᠬᠠᠨ ᠠᠮᠢᠳᠤᠷᠠᠯ᠎ᠤᠨ ᠲᠤᠬᠠᠶ ᠱᠢᠨ᠎ᠡ ᠬᠦᠰᠡᠯ ᠡᠷᠡᠮᠡᠯᠵᠡᠯ ᠪᠠ ᠠᠷᠠᠳ᠎ᠤᠨ ᠠᠮᠢᠳᠤᠷᠠᠯ᠎ᠤᠨ ᠠᠵᠢᠯ᠎ᠤᠨ ᠱᠢᠨ᠎ᠡ ᠣᠨᠴᠠᠯᠢᠭ᠎ᠢ ᠣᠨᠣᠪᠴᠢᠲᠠᠶ ᠡᠵᠡᠮᠳᠡᠬᠦ᠌ ᠬᠡᠷᠡᠭ᠌ᠲᠡᠶ》᠃
ᠬᠣᠶᠠᠷ ᠲᠠᠯᠠᠪᠤᠷ ᠪᠦᠯᠬᠦᠮ ᠳᠤᠭᠤᠢᠯᠠᠩ᠎ᠤᠨ ᠠᠵᠢᠯᠯᠠᠭ᠎ᠠ᠎ᠳᠤ᠂ ᠶᠡᠷᠦᠩᠬᠡᠶ ᠱᠦᠵᠢ ᠲᠣᠰ ᠲᠣᠰ ᠲᠥᠯᠥᠭᠡᠯᠡᠭ᠌ᠴᠢᠳ ᠭᠡᠱᠢᠭᠦᠳ᠎ᠲᠡᠶ ᠰᠠᠨᠠᠯ᠎ᠢᠶᠠᠨ ᠰᠣᠯᠢᠯᠴᠠᠵᠤ᠂ ᠶᠠᠷᠢᠯᠴᠠᠭ᠎ᠠ ᠲᠤᠮᠳᠠ ᠴᠢᠩ ᠰᠡᠳᠬᠢᠯ ᠤ᠋ᠨ ᠬᠠᠯᠠᠮᠵᠢᠯᠠᠯ᠎ᠢᠶᠠᠨ ᠢᠯᠡᠳᠭᠡᠪᠡ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠠᠷᠠᠳ᠎ᠤᠨ ᠠᠮᠢᠳᠤᠷᠠᠯ᠎ᠤᠨ ᠠᠵᠢᠯ᠎ᠤ᠋ᠨ ᠰᠠᠢᠲᠤᠷ ᠠᠳᠭᠤᠬᠤ ᠭᠡᠷᠡᠭᠳᠠᠢ ᠬᠡᠳᠦᠨ ᠲᠠᠯ᠎ᠠ᠎ᠶ᠋ᠢ ᠡᠭᠦᠨ᠎ᠡᠴᠡ ᠣᠢᠯᠠᠭᠠᠵᠤ ᠪᠣᠯᠤᠨ᠎ᠠ᠃
ᠨᠢᠭᠡ᠎ᠳᠦ᠂ ᠰᠠᠭᠤᠷᠢ ᠬᠢᠭᠡᠳ ᠭᠤᠤᠯᠳᠠᠯᠭ᠎ᠠ᠃ ᠡᠷᠡᠭᠦᠯ ᠮᠡᠨᠳᠦ ᠪᠣᠯ ᠠᠷᠠᠳ᠎ᠤᠨ ᠠᠮᠢᠳᠤᠷᠠᠯ᠎ᠤᠨ ᠦᠨᠳᠦᠰᠦᠨ ᠬᠡᠷᠡᠭ᠌ᠴᠡᠭᠡ ᠮᠥᠨ᠂ ᠦᠨᠳᠦᠰᠦᠨ ᠱᠠᠲᠤᠨ᠎ᠤ ᠡᠮᠴᠢᠯᠡᠭᠡ ᠪᠣᠯ ᠡᠮᠴᠢᠯᠡᠭᠡᠨ ᠡᠷᠡᠭᠦᠯ ᠬᠠᠮᠠᠭᠠᠯᠠᠯ᠎ᠤᠨ ᠦᠶ᠋ᠯᠡᠴᠢᠯᠡᠭᠡᠨ᠎ᠦ 《ᠰᠠᠭᠤᠷᠢ》 ᠮᠥᠨ᠃ ᠤᠯᠤᠰ ᠲᠥᠷᠥ᠎ᠶ᠋ᠢᠨ ᠵᠥᠪᠯᠡᠯᠭᠡᠨ᠎ᠦ ᠲᠤᠭᠤᠢᠯᠠᠩ ᠬᠠᠮᠳᠤᠷᠠᠬᠰᠡᠨ ᠬᠤᠷᠠᠯ ᠳᠡᠭᠡᠷ᠎ᠡ ᠶᠡᠷᠦᠩᠬᠡᠶ ᠱᠦᠵᠢ ᠵᠣᠬᠢᠶᠠᠮᠠᠯ ᠣᠶᠤᠨ ᠴᠢᠳᠠᠪᠤᠷᠢ᠎ᠪᠡᠷ ᠬᠦᠴᠤᠨ ᠤᠯᠭᠤᠬᠤ ᠵᠢ ᠵᠣᠷᠢᠭ᠍ᠵᠢᠭᠤᠯᠬᠤ᠎ᠶ᠋ᠢᠨ ᠵᠡᠷᠭᠡ ᠪᠡᠷ 《ᠪᠠᠰᠠ ᠠᠯᠬᠤᠮ ᠠᠯᠬᠤᠮ᠎ᠢᠶᠠᠷ ᠬᠢᠵᠦ᠍᠂ ᠠᠯᠬᠤᠮ ᠠᠯᠬᠤᠮ᠎ᠢᠶᠠᠷ ᠣᠯᠠᠨ ᠨᠡᠢᠲᠡ᠎ᠶ᠋ᠢᠨ ᠡᠮᠴᠢᠯᠡᠭᠡᠨ ᠤ᠋ ᠰᠠᠭᠤᠷᠢ᠎ᠶ᠋ᠢ ᠲᠠᠯᠪᠢᠬᠤ ᠬᠡᠷᠡᠭ᠌ᠲᠡᠶ》 ᠭᠡᠵᠦ᠍ ᠴᠢᠬᠤᠯᠠᠴᠢᠯᠠᠪᠠ᠃ ᠪᠤᠳᠠᠳᠤ ᠴᠤᠬᠴᠠ ᠵᠢᠨ ᠡᠷᠡᠭᠦᠯ ᠬᠠᠮᠠᠭᠠᠯᠠᠯ ᠡᠷᠡᠭᠦᠯ ᠮᠡᠨᠳᠦ᠍᠎ᠶ᠋ᠢᠨ ᠰᠠᠭᠤᠷᠢ᠎ᠶ᠋ᠢ ᠪᠡᠬᠢᠵᠢᠭᠦᠯᠪᠡᠯ ᠰᠠᠶᠢ ᠡᠷᠡᠭᠦᠯ ᠡᠨᠭᠭᠡ ᠳᠤᠮᠳᠠᠳᠤ ᠤᠯᠤᠰ᠎ᠢ ᠨᠠᠩ ᠭᠦᠨ ᠲᠥᠷᠥᠭ᠌ᠳᠡᠯ᠎ᠲᠡᠶ ᠪᠣᠯᠭᠠᠵᠤ ᠴᠢᠳᠠᠨ᠎ᠠ᠃
ᠰᠠᠭᠤᠷᠢ᠎ᠵᠢ ᠪᠡᠬᠢᠵᠢᠬᠦᠯᠤᠨ ᠦᠨᠳᠤᠰᠤ ᠵᠢ ᠪᠠᠳᠤᠳᠬᠠᠵᠤ᠂ ᠪᠠᠰᠠ ᠭᠤᠤᠯᠳᠠᠯᠭ᠎ᠠ ᠵᠢ ᠣᠨᠣᠭᠠᠨ᠎ᠠ᠃ 2035 ᠣᠨ ᠪᠣᠯᠬᠤ᠎ᠳᠤ ᠡᠷᠡᠭᠦᠯ ᠡᠩᠬᠡ ᠳᠤᠮᠳᠠᠳᠤ ᠤᠯᠤᠰ᠎ᠢ ᠪᠦᠳᠦᠭᠡᠨ ᠪᠠᠢᠭᠤᠯᠬᠤ ᠪᠣᠯ ᠨᠠᠮ᠎ᠤᠨ ᠲᠥᠪ ᠬᠣᠷᠢᠶ᠎ᠠ ᠵᠢᠨ ᠲᠤᠬᠳᠠᠭᠠᠬᠰᠨᠨ ᠪᠠᠢᠯᠳᠤᠬᠤ ᠪᠤᠳᠤᠯᠭ᠎ᠠ᠎ᠶ᠋ᠢᠨ ᠱᠢᠢᠳᠪᠦᠷᠢᠲᠦ ᠪᠤᠳᠤᠯᠭ᠎ᠠ ᠮᠥᠨ᠃ ᠡᠨᠡ ᠬᠦ᠌ ᠱᠢᠰᠲ᠋ᠧᠮᠲᠦ ᠢᠨᠵᠧᠨᠧᠷᠢᠩ᠎ᠳᠦ ᠴᠢᠭ᠌ᠯᠡᠭᠦᠯᠦᠨ᠂ ᠶᠡᠷᠦᠩᠬᠡᠢ ᠱᠦᠵᠢ 《ᠡᠷᠬᠡᠪᠰᠢ ᠭᠣᠣᠯᠳᠠᠯᠭ᠎ᠠ᠎ᠶ᠋ᠢ ᠲᠤᠪᠤᠢ᠌ᠯᠭᠠᠵᠤ᠂ ᠲᠡᠳᠡᠭᠡᠷ ᠠᠱᠢᠭ ᠬᠦᠷᠲᠡᠭᠡᠬᠦ᠌ ᠬᠡᠪᠴᠢᠶ᠎ᠡ ᠥᠷᠭᠡᠨ᠂ ᠭᠡᠰᠡᠭ ᠲᠡᠯ᠎ᠠ ᠡᠴᠡ ᠪᠦᠬᠦ᠌ ᠲᠠᠯᠠᠬᠤᠯᠪᠤᠬᠳᠠᠬᠤ ᠠᠵᠢᠯ᠎ᠢ ᠴᠢᠩᠭ᠎ᠠ ᠠᠳᠭᠤᠬᠤ ᠬᠡᠷᠡᠭ᠌ᠲᠡᠢ》 ᠭᠡᠵᠦ᠍ ᠵᠢᠭᠠᠵᠤ ᠭᠠᠷᠭᠠᠪᠠ᠂ ᠵᠢᠱ᠌ᠢᠶᠡᠯᠡᠪᠡᠯ ᠤᠯᠠᠨ ᠨᠡᠢᠲᠡ᠎ᠶ᠋ᠢᠨ ᠡᠷᠡᠭᠦᠯ ᠬᠠᠮᠠᠭᠠᠯᠠᠯ᠎ᠤᠨ ᠱᠢᠰᠲ᠋ᠧᠮ᠎ᠢ ᠪᠦᠷᠢᠨᠱᠢᠬᠦᠯᠬᠦ᠌᠂ ᠴᠢᠨᠠᠷ ᠰᠠᠢᠲᠠᠢ ᠥᠨᠳᠥᠷ ᠪᠦᠲᠦᠮᠵᠢᠲᠡᠢ ᠡᠮᠴᠢᠯᠡᠭᠡᠨ ᠤ᠋ ᠦᠢᠯᠡᠴᠢᠯᠡᠭᠡᠨ᠎ᠦ ᠱᠢᠰᠲ᠋ᠧᠮ᠎ᠢ ᠪᠠᠢᠭᠤᠯᠬᠤ ᠵᠡᠷᠭᠡ ᠲᠠᠯ᠎ᠠ᠎ᠪᠠᠷ ᠬᠦᠴᠦ᠍᠎ᠪᠡᠨ ᠲᠥᠪᠯᠡᠷᠡᠭᠦᠯᠦᠨ ᠡᠬᠢ ᠪᠠᠶᠠᠯᠢᠭ᠎ᠢ ᠠᠱᠢᠭ᠍ᠯᠠᠬᠤ ᠬᠡᠷᠡᠭ᠌ᠲᠡᠢ᠃ 《ᠭᠣᠣᠯᠳᠠᠯᠭ᠎ᠠ᠎ᠲᠠᠶ ᠠᠵᠢᠯ᠎ᠢ ᠲᠤᠭᠤᠱᠢᠲᠠᠢ ᠬᠢᠪᠠᠯ ᠡᠷᠡᠭᠦᠯ ᠡᠩᠬᠡ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠯᠠᠪᠳᠠᠭᠤᠨ ᠪᠠᠲᠤᠲᠠᠢ ᠠᠬᠢᠭᠤᠯᠵᠤ ᠴᠢᠳᠠᠨ᠎ᠠ》᠃
ᠬᠣᠶᠠᠷ᠎ᠲᠤ᠂ ᠲᠦᠭᠡᠮᠡᠯ ᠬᠢᠭᠡᠳ ᠣᠨᠴᠠᠭᠠᠶ᠃ ᠴᠢᠨᠠᠷ ᠰᠠᠢᠲᠠᠢ ᠭᠦᠢᠴᠡᠳ ᠠᠵᠢᠯ ᠣᠯᠭᠣᠯᠲᠠ᠎ᠶ᠋ᠢ ᠪᠡᠶᠡᠯᠡᠭᠦᠯᠵᠦ᠍᠂ ᠬᠤᠳᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠣᠷᠣᠯᠭ᠎ᠠ᠎ᠶ᠋ᠢ ᠨᠡᠮᠡᠭ᠌ᠳᠡᠭᠦᠯᠵᠦ᠍᠂ ᠦᠨᠳᠦᠰᠦᠨ ᠤᠯᠠᠨ ᠨᠡᠢᠲᠡ᠎ᠶ᠋ᠢᠨ ᠦᠢᠯᠡᠴᠢᠯᠡᠭᠡ ᠪᠠ ᠨᠡᠢᠭᠡᠮ᠎ᠦᠨ ᠪᠠᠲᠤᠯᠠᠭ᠎ᠠ᠎ᠶ᠋ᠢᠨ ᠲᠦᠪᠱᠢᠨ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠤᠨ᠎ᠠ ᠁ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠂ ᠶᠡᠷᠦᠩᠬᠡᠢ ᠱᠦᠵᠢ ᠰᠢ ᠵᠢᠨ ᠫᠢᠩ ᠣᠳᠣᠬᠢ ᠱᠠᠲᠤᠨ᠎ᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ ᠶᠠᠪᠤᠴᠠ᠎ᠳᠠᠬᠢ 《ᠨᠡᠢᠳᠡᠮ ᠲᠤᠯᠭᠠᠷᠠᠭ᠍ᠰᠠᠨ ᠠᠰᠠᠭᠤᠳᠠᠯ》 ᠡᠴᠡ ᠡᠬᠢᠯᠡᠵᠦ᠍᠂ ᠵᠢᠶᠠᠩᠰᠦ ᠵᠡᠷᠭᠡ ᠠᠵᠤ ᠠᠬᠤᠢ᠎ᠶ᠋ᠢᠨ ᠲᠤᠮᠤ ᠮᠤᠵᠢ 《ᠢᠳᠡᠪᠬᠢᠲᠡᠢ ᠰᠠᠨᠠᠭᠠᠴᠢᠯᠠᠭ᠎ᠠ᠎ᠡᠴᠡ᠎ᠪᠠᠨ ᠬᠠᠷᠢᠭᠤᠯᠲᠠ ᠥᠭ᠌ᠴᠦ》᠂ ᠪᠦᠬᠦ᠌ ᠤᠯᠤᠰ᠎ᠤᠨ ᠤᠯᠠᠨ ᠲᠠᠯ᠎ᠠ᠎ᠶ᠋ᠢᠨ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠰᠠᠢᠲᠤᠷ ᠱᠢᠢᠳᠪᠦᠷᠢᠯᠡᠬᠦ᠌᠎ᠳᠦ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠬᠦ᠌᠎ᠶ᠋ᠢ ᠬᠦᠰᠡᠪᠡ᠃
ᠲᠦᠭᠡᠮᠡᠯ ᠴᠢᠨᠠᠷ᠎ᠢ ᠴᠢᠬᠤᠯᠠᠴᠢᠯᠠᠬᠤ ᠪᠣᠯ 《ᠵᠣᠩᠬᠢᠯᠠᠬᠤ ᠤᠯᠠᠨ ᠲᠣᠭ᠎ᠠ》᠎ᠶ᠋ᠢ ᠠᠩᠬᠠᠷᠬᠤ ᠨᠡᠢᠲᠡᠯᠢᠭ ᠬᠡᠷᠡᠭ᠌ᠴᠡᠭᠡ ᠮᠥᠨ; ᠤᠨᠴᠠᠭᠠᠶ ᠴᠢᠨᠠᠷ᠎ᠢ ᠴᠢᠬᠤᠯᠠᠴᠢᠯᠠᠬᠤ ᠪᠣᠯ ᠣᠨᠴᠠᠭᠠᠶ ᠬᠠᠮᠳᠦ ᠨᠠᠢᠳᠠ᠂ ᠣᠨᠴᠠᠭᠠᠶ ᠭᠠᠵᠠᠷ ᠣᠷᠣᠨ᠎ᠳᠤ 《ᠨᠠᠷᠢᠯᠢᠭ ᠣᠨᠣᠴᠠᠲᠠᠶ᠎ᠪᠠᠷ ᠳᠤᠰᠤᠯᠠᠭᠠᠨ ᠤᠰᠤᠯᠠᠬᠤ》 ᠶ᠋ᠢ ᠢᠯᠡᠷᠡᠭᠦᠯᠬᠦ᠌ ᠶᠠᠪᠤᠳᠠᠯ ᠮᠥᠨ᠃
ᠤᠯᠤᠰ ᠲᠥᠷᠥ᠎ᠶ᠋ᠢᠨ ᠵᠥᠪᠯᠡᠯᠭᠡᠨ᠎ᠦ ᠳᠤᠭᠤᠢᠯᠠᠩ ᠬᠠᠮᠲᠤᠷᠠᠭ᠍ᠰᠠᠨ ᠬᠤᠷᠠᠯ ᠳᠡᠭᠡᠷ᠎ᠡ ᠴᠠᠰᠤᠲᠤ ᠥᠨᠳᠥᠷᠯᠢᠭ᠎ᠡᠴᠡ ᠢᠷᠡᠭ᠌ᠰᠡᠨ ᠭᠡᠱᠢᠭᠦᠳ᠎ᠦᠨ ᠥᠨᠳᠥᠷᠯᠢᠭ᠎ᠦᠨ ᠡᠪᠡᠳᠴᠢᠨ᠎ᠢ ᠰᠡᠷᠭᠡᠢᠯᠡᠨ ᠵᠠᠰᠠᠭ᠍ᠰᠠᠨ ᠢᠯᠡᠳᠲᠡ ᠦᠷ᠎ᠡ ᠪᠦᠲᠦᠮᠵᠢ᠎ᠶ᠋ᠢ ᠶᠠᠷᠢᠬᠤ᠎ᠶ᠋ᠢ ᠰᠣᠨᠣᠰᠤᠭᠠᠳ ᠶᠡᠷᠦᠩᠬᠡᠶ ᠱᠦᠵᠢ ᠰᠢ ᠵᠢᠨ ᠫᠢᠩ ᠮᠠᠰᠢ ᠪᠠᠶᠠᠷᠯᠠᠵᠤ᠂ ᠲᠤᠬᠠᠶ᠎ᠶ᠋ᠢᠨ ᠭᠠᠵᠠᠷ᠎ᠤᠨ ᠡᠮᠴᠢᠯᠡᠭᠡᠨ᠎ᠦ ᠪᠠᠢᠳᠠᠯ᠎ᠢ ᠰᠡᠳᠭᠢᠯ᠎ᠳᠡᠭᠡᠨ ᠪᠤᠳᠤᠵᠤ᠄ 《ᠣᠲᠣ ᠨᠥᠬᠥᠴᠡᠯ᠂ ᠮᠡᠷᠭᠡᠵᠢᠯ᠎ᠦᠨ ᠬᠢᠷᠢ ᠲᠦᠪᠱᠢᠨ ᠣᠯᠠᠩᠬᠢ᠎ᠨᠢ ᠪᠦᠷ ᠳᠠᠭᠠᠵᠤ ᠠᠮᠵᠢᠬᠤ ᠪᠣᠯᠵᠠᠶ᠂ ᠭᠡᠪᠡᠴᠦ᠍ ᠡᠨᠡ ᠲᠠᠯ᠎ᠠ᠎ᠪᠠᠷ ᠪᠠᠰᠠ ᠴᠢᠩᠭᠠᠳᠭᠠᠬᠤ ᠬᠡᠷᠡᠭ᠌ᠲᠡᠶ᠂ ᠡᠷᠡᠭᠦᠯ ᠡᠩᠬᠡ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠳᠡᠬᠢ ᠬᠢᠯᠢ ᠬᠢᠵᠠᠭᠠᠷ ᠣᠷᠣᠨ᠎ᠤ ᠡᠨᠡ ᠬᠦ᠌ ᠳᠤᠲᠠᠭᠤᠳᠠᠯ᠎ᠢ ᠨᠥᠬᠥᠪᠥᠷᠢᠯᠡᠬᠦ᠌ ᠬᠡᠷᠡᠭ᠌ᠲᠡᠢ》 ᠭᠡᠪᠡ᠃
《ᠴᠠᠭ ᠢᠮᠠᠭ᠍ᠲᠠ ᠰᠠᠨᠠᠭ᠎ᠠ ᠳᠠᠯᠪᠢᠬᠤ》 ᠲᠤᠳᠤᠨᠤ ᠬᠠᠯᠠᠮᠵᠢᠯᠠᠯ ᠪᠤᠯ ᠬᠥᠭ᠌ᠵᠢᠯᠲᠡ᠎ᠶ᠋ᠢᠨ ᠬᠠᠯᠠᠭᠤᠨ ᠳᠤᠯᠠᠭᠠᠨ᠎ᠢ ᠥᠨᠴᠥᠭ ᠪᠤᠯᠤᠩ ᠪᠦᠷᠢᠳᠦ ᠬᠦᠷᠭᠡᠬᠦ᠌᠎ᠶ᠋ᠢᠨ ᠲᠥᠯᠥᠭᠡ ᠶᠤᠮ᠃
ᠭᠤᠷᠪᠠ᠎ᠳᠤ᠂ ᠪᠣᠳᠠᠰ ᠬᠢᠭᠡᠳ ᠣᠶᠤᠨ ᠰᠠᠨᠠᠭ᠎ᠠ᠃
ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠪᠣᠳᠠᠰ᠎ᠤᠨ ᠪᠣᠯᠪᠠᠰᠤᠨ ᠪᠠ ᠣᠶᠤᠨ᠎ᠤ ᠪᠣᠯᠪᠠᠰᠤᠨ ᠬᠠᠷᠢᠯᠴᠠᠨ ᠵᠣᠬᠢᠴᠠᠯᠳᠤᠭ᠍ᠰᠠᠨ ᠣᠳᠣᠬᠢᠴᠢᠯᠠᠯᠲᠠ ᠮᠥᠨ᠃ ᠵᠢᠶᠠᠩᠰᠦ᠎ᠶ᠋ᠢᠨ ᠲᠥᠯᠥᠭᠡᠯᠡᠭ᠌ᠴᠢᠳ᠎ᠦᠨ ᠪᠦᠯᠬᠦᠮ᠎ᠳᠦ᠂ ᠵᠢᠶᠠᠩᠰᠦ᠎ᠶ᠋ᠢᠨ ᠬᠣᠢᠲᠤ ᠬᠡᠰᠡᠭ᠎ᠦᠨ ᠱᠢᠤᠢ ᠢ ᠰᠢᠶᠠᠨ ᠤ᠋ ᠪᠢᠴᠢᠬᠠᠨ ᠤᠮᠠᠷᠢ ᠲᠤᠮᠤ ᠠᠵᠤ ᠦᠢᠯᠡᠰ ᠪᠤᠯᠭᠠᠨ ᠬᠦᠭᠵᠢᠭᠦᠯᠦᠭᠰᠡᠨ ᠡᠴᠡ ᠵᠢᠩᠵᠢᠶᠠᠩ ᠬᠤᠳᠠ᠎ᠶ᠋ᠢᠨ ᠳ᠋ᠸᠱᠸᠩ ᠲᠣᠰᠭᠣᠨ 《ᠪᠦᠬᠦ᠌ ᠤᠯᠤᠰ᠎ᠤᠨ ᠪᠣᠯᠪᠠᠰᠤᠨ ᠲᠣᠰᠭᠣᠨ》 ᠪᠣᠯᠵᠤ ᠬᠤᠪᠢᠷᠠᠭᠰᠠᠨ ᠬᠦᠷᠲᠡᠯ᠎ᠡ᠂ ᠲᠥᠯᠥᠭᠡᠯᠡᠭ᠌ᠴᠢᠳ ᠡᠴᠡ ᠶᠡᠷᠦᠩᠬᠡᠢ ᠱᠦᠵᠢ ᠰᠢ ᠵᠢᠨ ᠫᠢᠩ᠎ᠳᠦ ᠬᠥᠳᠡᠭᠡ ᠲᠣᠰᠭᠣᠨ᠎ᠢ ᠬᠥᠭ᠌ᠵᠢᠭᠦᠯᠦᠨ ᠮᠠᠨᠳᠤᠭᠤᠯᠬᠤ᠎ᠶᠢᠨ ᠡᠳᠦᠷ ᠢᠷᠡᠬᠦᠶ᠎ᠡ ᠱᠢᠨᠡᠳᠦᠨ ᠬᠤᠪᠢᠷᠠᠵᠤ ᠪᠠᠢᠭ᠎ᠠ ᠪᠠᠢᠳᠠᠯ᠎ᠢ ᠶᠠᠷᠢᠵᠤ ᠥᠭ᠌ᠪᠡ᠃
ᠶᠡᠷᠦᠩᠬᠡᠶ ᠱᠦᠵᠢ ᠡᠭᠦᠨ᠎ᠢ ᠨᠤᠲᠠᠯᠠᠭ᠍ᠰᠠᠨ ᠪᠥᠭᠡᠳ᠄ 《ᠢᠳᠡᠵᠦ᠍ ᠡᠮᠦᠰᠭᠦ᠎ᠳᠡᠭᠡᠨ ᠵᠥᠪ ᠪᠣᠯᠬᠤ ᠪᠡ ᠪᠠᠶᠠᠵᠢᠬᠤ ᠠᠰᠠᠭᠤᠳᠠᠯ᠎ᠢ ᠱᠢᠶ᠋ᠳᠪᠦᠷᠢᠯᠡᠬᠦ᠌ ᠦᠭᠡᠶ ᠪᠠᠢᠵᠤ ᠪᠣᠯᠬᠤ ᠦᠭᠡᠶ᠂ ᠭᠡᠪᠡᠴᠦ᠍ ᠵᠥᠪᠬᠡᠨ ᠵᠣᠭᠣᠰ᠎ᠲᠠᠶ᠂ ᠵᠦᠪᠬᠡᠨ ᠪᠠᠶᠠᠵᠢᠭᠠᠳ ᠯᠡ ᠪᠣᠯᠬᠤ ᠦᠭᠡᠶ᠂ ᠬᠥᠳᠡᠭᠡ ᠲᠣᠰᠭᠣᠨ᠎ᠤ ᠣᠶᠤᠨ᠎ᠤ ᠪᠣᠯᠪᠠᠰᠤᠨ᠎ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠰᠤᠷᠭᠠᠨ ᠬᠥᠮᠦᠵᠢᠯ᠎ᠢ ᠠᠳᠭᠤᠨ᠂ ᠬᠡᠪ ᠵᠠᠩᠱᠢᠯ᠎ᠢ ᠥᠭᠡᠷᠡᠴᠢᠯᠡᠬᠦ᠌᠎ᠶ᠋ᠢ ᠠᠳᠭᠤᠵᠤ᠂ ᠰᠣᠶᠣᠯ᠎ᠤᠨ ᠪᠠᠢᠭᠤᠯᠤᠯᠲᠠ᠎ᠶ᠋ᠢ ᠠᠳᠭᠤᠬᠤ ᠬᠡᠷᠡᠭ᠌ᠲᠡᠶ》 ᠭᠡᠵᠦ ᠴᠢᠬᠤᠯᠠᠴᠢᠯᠠᠪᠠ᠃
ᠪᠡᠶ᠎ᠡ᠎ᠶᠢᠨ ᠲᠠᠮᠢᠷᠨᠢᠭᠡ ᠲᠠᠯ᠎ᠠ ᠪᠡᠷ᠎ᠢ᠋ᠢᠡᠨ ᠠᠷᠠᠳ ᠢᠷᠭᠡᠳ᠎ᠦᠨ ᠪᠡᠶ᠎ᠡ ᠮᠠᠬᠠᠪᠣᠳ ᠪᠠ ᠡᠷᠡᠭᠦᠯ ᠴᠢᠭᠢᠷᠠᠭ᠎ᠲᠠᠶ ᠬᠣᠯᠪᠣᠭ᠍ᠳᠠᠬᠤ ᠮᠦᠷᠳᠡᠭᠡᠨ ᠨᠥᠭᠥᠭᠡ ᠲᠠᠯ᠎ᠠ ᠪᠡᠷ᠎ᠢ᠋ᠢᠡᠨ ᠦᠨᠳᠦᠰᠦᠲᠡᠨ᠎ᠦ ᠡᠷᠴᠢ ᠰᠢᠨᠳᠠᠰᠦ ᠬᠢᠭᠡᠳ ᠵᠣᠷᠢᠭ ᠰᠠᠨᠠᠭ᠎ᠠ᠎ᠲᠠᠶ ᠬᠣᠯᠪᠣᠭ᠍ᠳᠠᠵᠤ ᠪᠠᠢᠳᠠᠭ᠃ ᠶᠡᠷᠦᠩᠬᠡᠢ ᠱᠦᠵᠢ ᠰᠢ ᠵᠢᠨ ᠫᠢᠩ ᠬᠣᠶᠠᠷ ᠲᠠᠯᠠᠪᠠᠢ ᠪᠦᠯᠬᠦᠮ ᠳᠤᠭᠤᠢᠯᠠᠩ᠎ᠤᠨ ᠠᠵᠢᠯᠯᠠᠭ᠎ᠠ ᠳᠡᠭᠡᠷ᠎ᠡ ᠴᠥᠮ ᠪᠡᠶ᠎ᠡ᠎ᠶ᠋ᠢᠨ ᠲᠠᠮᠢᠷ᠎ᠤᠨ ᠠᠵᠢᠯ᠎ᠳᠤ ᠱᠠᠭᠠᠷᠳᠠᠯᠭ᠎ᠠ ᠳᠤᠷᠠᠳᠴᠠᠢ᠄ 《ᠪᠡᠶ᠎ᠡ᠎ᠶ᠋ᠢᠨ ᠲᠠᠮᠢᠷ᠎ᠤᠨ ᠬᠦᠴᠦᠷᠬᠡᠭ ᠨᠢ ᠬᠣᠶᠠᠷ ᠲᠠᠯ᠎ᠠ᠎ᠪᠠᠷ ᠢᠯᠡᠷᠡᠵᠦ᠍ ᠪᠤᠢ᠂ ᠨᠢᠭᠡ ᠨᠢ ᠪᠦᠬᠦ᠌ ᠠᠷᠠᠳ᠎ᠤᠨ ᠪᠡᠶ᠎ᠡ᠎ᠶ᠋ᠢᠨ ᠲᠠᠮᠢᠷ ᠬᠦᠴᠦᠷᠬᠡᠭ᠂ ᠠᠷᠠᠳ ᠲᠦᠮᠡᠨ᠎ᠦ ᠡᠷᠡᠭᠦᠯ ᠮᠡᠨᠳᠦ᠍᠎ᠶ᠋ᠢᠨ ᠬᠡᠪ ᠪᠣᠯᠪᠠᠰᠤᠷᠠᠯ ᠥᠨᠳᠥᠷ᠂ ᠨᠦᠬᠦᠭᠡ ᠨᠢ ᠤᠷᠤᠯᠳᠤᠭᠠᠨ᠎ᠤ ᠪᠡᠶ᠎ᠡ᠎ᠶ᠋ᠢᠨ ᠲᠠᠮᠢᠷ ᠪᠦᠬᠦ᠌ ᠲᠠᠯ᠎ᠠ᠎ᠪᠠᠷ ᠬᠥᠭ᠌ᠵᠢᠬᠦ ᠶᠠᠪᠤᠳᠠᠯ ᠪᠤᠯᠤᠨ᠎ᠠ᠃》 《ᠡᠷᠡᠭᠦᠯ ᠰᠠᠷᠠᠭᠤᠯ ᠠᠮᠢᠳᠤᠷᠠᠯ᠎ᠤᠨ ᠠᠷᠭ᠎ᠠ ᠬᠡᠯᠪᠡᠷᠢ᠎ᠶ᠋ᠢ ᠪᠤᠢ ᠪᠤᠯᠭᠠᠵᠦ᠂ ᠤᠯᠠᠨ ᠲᠦᠮᠡᠨᠴᠢ ᠴᠢᠨᠠᠷᠲᠠᠢ ᠪᠡᠶ᠎ᠡ᠎ᠶ᠋ᠢᠨ ᠲᠠᠮᠢᠷ᠎ᠤᠨ ᠦᠢᠯᠡᠰ᠎ᠢ ᠬᠥᠭ᠌ᠵᠢᠭᠦᠯᠬᠦ᠌ ᠨᠢ ᠲᠤᠢᠯ᠎ᠤᠨ ᠴᠢᠬᠤᠯᠠ ᠶᠤᠮ》 ᠬᠡᠪᠡ᠃
ᠡᠳ᠋ ᠪᠣᠳᠠᠰ᠎ᠤᠨ ᠡᠯᠪᠡᠭ ᠳᠡᠯᠪᠡᠭ᠂ ᠤᠶᠤᠨ ᠰᠠᠨᠠᠭᠠᠨ᠎ᠤ ᠡᠯᠪᠡᠭ ᠪᠠᠶᠠᠯᠢᠭ ᠪᠣᠯ ᠬᠥᠭ᠌ᠵᠢᠯᠲᠡ᠎ᠶ᠋ᠢᠨ ᠭᠦᠨ ᠳᠠᠪᠬᠤᠷᠭ᠎ᠠ᠎ᠶ᠋ᠢᠨ ᠴᠢᠭ᠌ᠯᠡᠯ ᠮᠥᠨ᠂ 《ᠣᠳᠣᠬᠢᠴᠢᠯᠠᠯᠲᠠ᠎ᠶ᠋ᠢᠨ ᠮᠥᠨ ᠴᠢᠨᠠᠷ ᠪᠣᠯ ᠬᠥᠮᠦᠨ᠎ᠦ ᠣᠳᠣᠬᠢᠴᠢᠯᠠᠯᠲᠠ ᠮᠥᠨ》 ᠬᠡᠰᠡᠨᠤ ᠠᠮᠢᠳᠤᠯᠢᠭ ᠢᠯᠡᠷᠡᠯ ᠮᠥᠨ᠃
(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 9 ᠤ᠋ ᠴᠠᠬᠢᠯᠭᠠᠨ ᠮᠡᠳᠡᠭᠡ)