ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠳᠤᠭᠤᠢᠯᠠᠩ ᠬᠤᠪᠢᠶᠠᠵᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠠᠵᠢᠯ᠎ᠤᠨ ᠮᠡᠳᠡᠭᠦᠯᠦᠯᠲᠡ᠎ᠶ᠋ᠢ ᠬᠢᠨᠠᠨ ᠵᠥᠪᠯᠡᠪᠡ
2026-03-10 10:05:41
ᠵᠣᠬᠢᠶᠠᠭ᠍ᠴᠢ᠄
ᠯᠢ ᠬᠠᠨ ᠵᠠᠩ ᠺᠦᠢ
ᠣᠩᠱᠢᠭ᠍ᠰᠠᠨ ᠣᠳᠠᠭ᠎ᠠ᠄
★★★☆☆

ᠸᠠᠩ ᠸᠧᠢ ᠵᠦᠩ   ᠪᠤᠤ ᠭᠠᠩ   ᠶᠠᠩ ᠵᠸᠨ ᠡᠦ   ᠪᠦ ᠰᠢᠶᠤᠤ ᠯᠢᠨ ᠦᠭᠡ ᠬᠡᠯᠡᠪᠡ


3 ᠰᠠᠷ᠎ᠠ᠎ᠶ᠋ᠢᠨ 9 ᠤ᠋ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭ᠌ᠴᠢᠳ᠎ᠦᠨ ᠪᠦᠯᠬᠦᠮ ᠰᠠᠭᠤᠭ᠎ᠠ ᠭᠠᠵᠠᠷ᠎ᠲᠠᠭᠠᠨ ᠲᠦᠯᠦᠭᠡᠯᠡᠭᠴᠢᠳ᠎ᠤᠨ ᠳᠤᠭᠤᠢᠯᠠᠩ ᠬᠤᠪᠢᠶᠠᠭ᠍ᠰᠠᠨ ᠬᠤᠷᠠᠯ ᠬᠢᠵᠦ᠍᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠠᠵᠢᠯ᠎ᠤᠨ ᠮᠡᠳᠡᠭᠦᠯᠦᠯᠲᠡ᠂ ᠬᠠᠤᠯᠢ ᠴᠠᠭᠠᠵᠠ ᠵᠢ ᠡᠮᠬᠢᠯᠡᠨ ᠴᠡᠭᠴᠡᠯᠡᠭᠰᠡᠨ ᠠᠵᠢᠯ᠎ᠤᠨ ᠪᠠᠢᠳᠠᠯ ᠪᠣᠯᠤᠨ ᠬᠣᠯᠪᠣᠭ᠍ᠳᠠᠯ ᠪᠦᠬᠦᠢ ᠬᠠᠤᠯᠢ ᠴᠠᠭᠠᠵᠠ ᠪᠠ ᠲᠣᠭ᠍ᠲᠠᠭᠠᠯ᠎ᠢ ᠱᠢᠢᠳᠪᠦᠷᠢᠯᠡᠬᠦ᠌ ᠰᠠᠨᠠᠯ᠎ᠤᠨ ᠲᠤᠬᠠᠢ ᠮᠡᠳᠡᠭᠦᠯᠦᠯᠲᠡ᠎ᠶ᠋ᠢ ᠬᠢᠨᠠᠨ ᠵᠥᠪᠯᠡᠪᠡ᠃

ᠲᠥᠯᠥᠭᠡᠯᠡᠭ᠌ᠴᠢᠳ᠎ᠦᠨ ᠪᠦᠯᠬᠦᠮ᠎ᠦᠨ ᠳᠠᠷᠤᠭ᠎ᠠ ᠸᠠᠩ ᠸᠧᠶ ᠵᠥᠩ ᠬᠢᠨᠠᠨ ᠵᠥᠪᠯᠡᠬᠦ᠌᠎ᠳᠦ ᠣᠷᠣᠯᠴᠠᠭ᠍ᠰᠠᠨ ᠪᠥᠭᠡᠳ ᠦᠭᠡ ᠬᠡᠯᠡᠵᠦ᠍᠂ ᠪᠦᠦ ᠭᠠᠩ᠂ ᠶᠠᠩ ᠵᠧᠨ ᠡᠸ᠋᠂ ᠪᠦ᠋ ᠱᠢᠶᠤᠤ ᠯᠢᠨ ᠵᠡᠷᠭᠡ ᠲᠥᠯᠥᠭᠡᠯᠡᠭ᠌ᠴᠢ ᠦᠭᠡ ᠬᠡᠯᠡᠵᠦ᠍᠂ ᠯᠢᠦ ᠱᠤᠸᠠᠩ᠂ ᠵᠠᠩ ᠱᠤᠤ ᠴᠦᠨ ᠬᠤᠷᠠᠯ᠎ᠢ ᠡᠷᠭᠢᠯᠡᠭ᠌ᠰᠡᠨ ᠪᠥᠭᠡᠳ ᠦᠭᠡ ᠬᠡᠯᠡᠪᠡ᠃ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠲᠣᠪᠴᠢ ᠮᠡᠳᠡᠭᠡ᠎ᠶ᠋ᠢᠨ ᠳᠤᠭᠤᠢᠯᠠᠩ ᠪᠠ ᠬᠤᠷᠠᠯ ᠰᠣᠨᠣᠰᠴᠤ ᠬᠠᠷᠢᠭᠤᠯᠳᠠ ᠦᠭᠬᠦ ᠳᠤᠭᠤᠢᠯᠠᠩ᠎ᠤᠨ ᠬᠢᠨ ᠬᠤᠷᠠᠯ᠎ᠳᠤ ᠣᠷᠣᠯᠴᠠᠵᠤ ᠬᠢᠨᠠᠨ ᠵᠥᠪᠯᠡᠭ᠌ᠰᠡᠨ ᠰᠠᠨᠠᠯ᠎ᠢ ᠰᠣᠨᠣᠰᠴᠤ᠌᠂ ᠲᠥᠯᠥᠭᠡᠯᠡᠭ᠌ᠴᠢᠳ᠎ᠦᠨ ᠳᠤᠷᠠᠳᠤᠭ᠍ᠰᠠᠨ ᠠᠰᠠᠭᠤᠯᠲᠠ᠎ᠶ᠋ᠢ ᠬᠠᠷᠢᠭᠤᠯᠪᠠ᠃

ᠸᠠᠩ ᠸᠧᠢ ᠵᠦᠩ ᠲᠥᠯᠥᠭᠡᠯᠡᠭ᠌ᠴᠢ᠂ ᠪᠦᠬᠦ ᠮᠡᠳᠡᠬᠦᠯᠦᠯᠳᠡ᠎ᠳᠦ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠲᠤᠭᠤᠱᠢᠯᠠᠭᠳᠠᠵᠤ᠂ ᠤᠯᠤᠰ ᠲᠦᠷᠦᠴᠢ ᠴᠢᠨᠠᠷ᠂ ᠠᠷᠠᠳᠴᠢᠯᠠᠯᠲᠤ ᠴᠢᠨᠠᠷ᠂ ᠬᠠᠤᠯᠢ ᠪᠡᠷ ᠵᠠᠰᠠᠬᠤ ᠴᠢᠨᠠᠷ᠂ ᠠᠷᠠᠳᠴᠢ ᠴᠢᠨᠠᠷ᠎ᠤᠨ ᠳᠡᠭᠡᠳᠦ ᠬᠡᠮᠵᠢᠶᠡᠨ᠎ᠦ ᠨᠢᠭᠡᠳᠦᠯ᠎ᠢ ᠢᠯᠡᠷᠡᠭᠦᠯᠵᠡᠢ᠂ ᠪᠠᠢᠭᠤᠯᠤᠯ᠎ᠤᠨ ᠳᠠᠪᠠᠭᠤᠯᠢᠭ᠎ᠢ ᠢᠯᠡᠷᠡᠭᠦᠯᠦᠭ᠌ᠰᠡᠨ᠂ ᠠᠷᠠᠳ᠎ᠤᠨ ᠲᠥᠯᠥᠭᠡ ᠭᠡᠬᠦ᠌ ᠬᠠᠢᠷ᠎ᠠ ᠰᠡᠳᠭᠢᠯᠭᠡ ᠠᠬᠤᠭᠤᠯᠤᠭ᠍ᠰᠠᠨ᠂ ᠡᠷᠡᠯᠬᠡᠭ᠌ᠯᠡᠨ ᠤᠷᠤᠭ᠍ᠰᠢᠯᠠᠬᠤ ᠬᠦᠴᠦᠨ᠎ᠢ ᠨᠢᠭ᠍ᠲᠠᠷᠠᠭᠤᠯᠤᠭ᠍ᠰᠠᠨ ᠰᠠᠢ᠌ᠨ ᠮᠡᠳᠡᠬᠦᠯᠦᠯᠳᠡ ᠪᠣᠯᠤᠨ᠎ᠠ᠂ ᠪᠢ ᠪᠦᠷᠢᠮᠦᠰᠦᠨ ᠵᠥᠪᠱᠢᠶᠡᠷᠡᠵᠦ᠍ ᠪᠠᠢᠨ᠎ᠠ᠃ ᠥᠩᠭᠡᠷᠡᠭ᠌ᠰᠡᠨ ᠨᠢᠭᠡ ᠵᠢᠯ᠎ᠳᠦ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ ᠰᠢ ᠵᠢᠨ ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠤᠷᠢᠶ᠎ᠠ᠎ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠦᠨᠳᠦᠰᠦᠨ ᠬᠠᠤᠯᠢ ᠪᠠ ᠬᠠᠤᠯᠢ ᠴᠠᠭᠠᠵᠠ ᠡᠴᠡ ᠣᠯᠭᠣᠭ᠍ᠰᠠᠨ ᠲᠤᠱᠢᠶᠠᠯ ᠬᠠᠷᠢᠭᠤᠴᠠᠯᠭ᠎ᠠ᠎ᠪᠠᠨ ᠨᠠᠷᠢᠨ ᠬᠢᠨᠠᠮᠠᠭᠠᠢ ᠭᠦᠢᠴᠡᠳᠭᠡᠵᠦ᠍᠂ ᠪᠦᠬᠦ᠌ ᠶᠠᠪᠤᠴᠠ᠎ᠶᠢᠨ ᠠᠷᠠᠳ᠎ᠤᠨ ᠠᠷᠠᠳᠴᠢᠯᠠᠯ᠎ᠢ ᠬᠦᠨᠵᠡᠭᠡᠢ ᠦᠢᠯᠡᠳᠦᠯᠭᠡᠵᠢᠬᠦᠯᠦᠨ᠂ ᠬᠠᠤᠯᠢ ᠲᠣᠭ᠍ᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭ᠌ᠴᠢ᠂ ᠭᠠᠳᠠᠭᠠᠳᠤ ᠶᠠᠪᠤᠯᠴᠠᠭ᠎ᠠ᠂ ᠲᠤᠰ ᠪᠡᠶ᠎ᠡ᠎ᠶ᠋ᠢᠨ ᠪᠠᠢᠭᠤᠯᠤᠯᠲᠠ ᠵᠡᠷᠭᠡ ᠡᠯ᠎ᠡ ᠲᠠᠯ᠎ᠠ᠎ᠶ᠋ᠢᠨ ᠠᠵᠢᠯ᠎ᠳᠤ ᠴᠥᠮ ᠱᠢᠨ᠎ᠡ ᠠᠬᠢᠴᠠ ᠱᠢᠨ᠎ᠡ ᠦᠷ᠎ᠡ ᠪᠦᠲᠦᠮᠵᠢ ᠣᠯᠵᠠᠢ᠃ ᠳᠥᠷᠪᠡᠨ ᠲᠠᠯ᠎ᠠ ᠵᠢᠨ ᠲᠣᠪᠣᠢᠮ᠎ᠠ ᠲᠥᠷᠥᠭ᠌ᠳᠡᠯ᠎ᠲᠡᠶ᠄ ᠨᠢᠭᠡ᠎ᠳᠦ᠂ ᠲᠣᠭ ᠲᠡᠮᠳᠡᠭ ᠲᠣᠳᠣᠷᠬᠠᠶ᠎ᠪᠠᠷ ᠤᠯᠤᠰ ᠲᠥᠷᠥ᠎ᠶ᠋ᠢ ᠡᠷᠬᠢᠮᠯᠡᠵᠦ᠍᠂ 《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠪᠡ᠃ ᠬᠣᠶᠠᠷ᠎ᠲᠤ᠂ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠂ ᠠᠷᠠᠳᠴᠢᠯᠠᠯ᠎ᠢᠶᠠᠷ ᠬᠠᠤᠯᠢ ᠲᠣᠭ᠍ᠲᠠᠭᠠᠬᠤ᠂ ᠬᠠᠤᠯᠢ ᠶᠣᠰᠣᠭᠠᠷ ᠬᠠᠤᠯᠢ ᠲᠣᠭ᠍ᠲᠠᠭᠠᠬᠤ᠎ᠶ᠋ᠢ ᠭᠦᠨᠵᠡᠭᠡᠢ ᠠᠬᠢᠭᠤᠯᠵᠤ᠂ ᠰᠠᠢ᠌ᠨ ᠬᠠᠤᠯᠢ ᠪᠠᠷ ᠥᠭᠡᠷᠡᠴᠢᠯᠡᠯᠲᠡ᠎ᠶ᠋ᠢ ᠠᠬᠢᠭᠤᠯᠵᠤ᠂ ᠬᠥᠭ᠌ᠵᠢᠯᠲᠡ᠎ᠶ᠋ᠢ ᠠᠬᠢᠭᠤᠯᠤᠨ᠂ ᠴᠢᠳᠠᠮᠠᠭᠠᠢ ᠵᠠᠰᠠᠬᠤ᠎ᠶ᠋ᠢ ᠪᠠᠲᠤᠯᠠᠪᠠ᠃ ᠭᠤᠷᠪᠠ᠎ᠳᠤ᠂ ᠵᠥᠪ ᠬᠢᠨᠠᠯᠲᠠ ᠲᠠᠯᠪᠢᠬᠤ᠂ ᠪᠦᠲᠦᠮᠵᠢᠲᠡᠢ ᠬᠢᠨᠠᠯᠲᠠ ᠲᠠᠯᠪᠢᠬᠤ᠂ ᠬᠠᠤᠯᠢ ᠶᠣᠰᠣᠭᠠᠷ ᠬᠢᠨᠠᠯᠲᠠ ᠲᠠᠯᠪᠢᠬᠤ ᠵᠢ ᠪᠠᠷᠢᠮᠳᠠᠯᠠᠵᠤ᠂ ᠬᠢᠨᠠᠯᠲᠠ ᠲᠠᠯᠪᠢᠬᠤ ᠠᠵᠢᠯ᠎ᠤᠨ ᠬᠠᠨᠳᠤᠯᠭᠠᠳᠤ ᠴᠢᠨᠠᠷ ᠪᠤᠳᠠᠳᠤ ᠦᠷ᠎ᠡ ᠪᠦᠲᠦᠮᠵᠢᠲᠦ ᠴᠢᠨᠠᠷ ᠲᠠᠰᠤᠷᠠᠯᠲᠠ ᠦᠭᠡᠢ ᠴᠢᠩᠭᠠᠷᠠᠪᠠ᠃ ᠲᠦᠷᠪᠡ᠎ᠳᠦ᠂ ᠲᠥᠯᠥᠭᠡᠯᠡᠭ᠌ᠴᠢᠳ᠎ᠦᠨ ᠠᠵᠢᠯ᠎ᠢ ᠭᠦᠨᠵᠡᠭᠡᠢᠷᠡᠭᠦᠯᠦᠨ ᠥᠷᠭᠡᠳᠭᠡᠵᠦ᠍᠂ ᠲᠥᠯᠥᠭᠡᠯᠡᠭ᠌ᠴᠢᠳ᠎ᠦᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠳᠦ ᠬᠦᠴᠦᠲᠡᠢ ᠪᠠᠲᠤᠯᠠᠭ᠎ᠠ ᠬᠠᠩᠭᠠᠪᠠ᠃ ᠪᠢᠳᠡ ᠶᠡᠷᠦᠩᠬᠡᠶ ᠱᠦᠵᠢ ᠰᠢ ᠵᠢᠨ ᠫᠢᠩ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠭᠦᠨᠵᠡᠭᠡᠶ ᠰᠤᠷᠤᠯᠴᠠᠨ ᠲᠤᠭᠤᠱᠢᠯᠠᠭᠤᠯᠵᠤ᠂ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠶᠢᠨ ᠠᠵᠢᠯ᠎ᠤᠨ ᠮᠡᠳᠡᠬᠦᠯᠦᠯᠳᠡ᠎ᠶᠢᠨ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢᠳᠠᠯ᠎ᠳᠤ ᠰᠠᠭᠤᠷᠢᠯᠠᠨ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠬᠦᠴᠦᠯᠡᠬᠦ᠌ ᠴᠡᠭ᠂ ᠭᠠᠷᠳᠠᠬᠤ ᠴᠡᠭ᠂ ᠤᠶᠠᠯᠳᠤᠯ ᠴᠡᠭ᠎ᠢ ᠣᠨᠣᠪᠴᠢᠲᠠᠶ ᠣᠯᠵᠤ᠂ ᠣᠷᠣᠨ ᠨᠤᠲᠤᠭ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠠᠤᠯᠢ ᠲᠣᠭ᠍ᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭ᠌ᠴᠢ᠂ ᠲᠣᠰ ᠪᠡᠶ᠎ᠡ᠎ᠶ᠋ᠢᠨ ᠪᠠᠢᠭᠤᠯᠤᠯᠲᠠ ᠵᠡᠷᠭᠡ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠱᠢᠨ᠎ᠡ ᠨᠢᠭᠡ ᠡᠭᠡᠯᠵᠢ᠎ᠶ᠋ᠢᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠭᠤᠴᠠᠭ᠎ᠠ ᠰᠣᠯᠢᠬᠤ ᠰᠣᠩᠭᠣᠭᠤᠯᠢ᠎ᠶ᠋ᠢᠨ ᠠᠵᠢᠯ᠎ᠢ ᠯᠠᠪᠳᠠᠭᠤᠨ ᠪᠠᠲᠤᠲᠠᠶ ᠰᠠᠢᠲᠤᠷ ᠬᠢᠵᠦ᠍᠂ ᠣᠷᠣᠨ ᠨᠤᠲᠤᠭ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠠᠵᠢᠯ᠎ᠤᠨ ᠴᠢᠨᠠᠷ ᠰᠠᠢᠲᠠᠶ ᠬᠥᠭ᠌ᠵᠢᠯᠲᠡ᠎ᠶ᠋ᠢ ᠪᠥᠬᠥ᠌ ᠬᠦᠴᠦᠨ᠎ᠢᠶᠡᠷ᠎ᠢᠶᠡᠨ ᠠᠬᠢᠭᠤᠯᠤᠨ᠎ᠠ ᠭᠡᠪᠡ᠃

ᠪᠦᠦ ᠭᠠᠩ ᠲᠥᠯᠥᠭᠡᠯᠡᠭ᠌ᠴᠢ᠂ ᠬᠤᠷᠢᠶᠠᠨ ᠳᠠᠷᠤᠭ᠎ᠠ ᠵᠤᠤ ᠯᠸ ᠵᠶ᠋ᠢ᠎ᠶ᠋ᠢᠨ ᠬᠢᠭ᠌ᠰᠡᠨ ᠮᠡᠳᠡᠭᠦᠯᠦᠯᠲᠡ ᠨᠢ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠥᠩᠭᠡᠷᠡᠭ᠌ᠰᠡᠨ ᠨᠢᠭᠡ ᠵᠢᠯ᠎ᠦᠨ ᠠᠵᠢᠯ᠎ᠢ ᠪᠦᠬᠦ᠌ ᠲᠠᠯ᠎ᠠ᠎ᠪᠠᠷ ᠳ᠋ᠦᠩᠨᠡᠵᠦ᠂ 2026 ᠣᠨ᠎ᠤ ᠭᠤᠤᠯᠳᠠᠯᠭ᠎ᠠ᠎ᠲᠠᠶ ᠡᠭᠦᠷᠭᠡ᠎ᠶ᠋ᠢ ᠱᠢᠨᠵᠢᠯᠡᠬᠦ᠌ ᠤᠬᠠᠭᠠᠨᠴᠢ᠎ᠪᠠᠷ ᠪᠠᠢᠷᠢᠯᠠᠭᠤᠯᠪᠠ᠂ ᠪᠦᠬᠦ᠌ ᠠᠭᠤᠯᠭ᠎ᠠ᠎ᠳᠤ ᠰᠢ ᠵᠢᠨ ᠫᠢᠩ᠎ᠦᠨ ᠬᠠᠤᠯᠢ ᠪᠡᠷ ᠵᠠᠰᠠᠬᠤ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠢ ᠴᠢᠬᠤᠯᠠ ᠦᠵᠡᠯ ᠰᠠᠨᠠᠭ᠎ᠠ᠎ᠵᠢ ᠲᠤᠭᠤᠰᠢᠯᠠᠭᠤᠯᠵᠤ᠂ ᠨᠠᠮ᠎ᠤᠨ ᠲᠥᠪ ᠬᠤᠷᠢᠶ᠎ᠠ᠎ᠵᠢᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ᠎ᠶ᠋ᠢ ᠪᠠᠷᠢᠮᠲᠠᠯᠠᠬᠤ ᠤᠯᠤᠰ ᠲᠥᠷᠥ᠎ᠶ᠋ᠢᠨ ᠤᠬᠠᠮᠰᠠᠷ᠂ ᠴᠢᠨᠠᠷ ᠰᠠᠢᠲᠠᠶ ᠬᠥᠭ᠌ᠵᠢᠯᠲᠡ᠎ᠵᠢ ᠬᠠᠮᠠᠭᠠᠯᠠᠬᠤ᠎ᠶᠡᠬᠡ ᠲᠠᠯ᠎ᠠ᠎ᠶ᠋ᠢᠨ ᠵᠣᠭ᠍ᠰᠣᠴᠠ᠂ ᠠᠷᠠᠳ᠎ᠤᠨ ᠲᠥᠯᠥᠭᠡ ᠬᠠᠤᠯᠢ ᠲᠣᠭ᠍ᠲᠠᠭᠠᠬᠤ ᠪᠠ ᠬᠢᠨᠠᠯᠲᠠ ᠲᠠᠯᠪᠢᠬᠤ ᠵᠣᠷᠢᠯᠲᠠ᠎ᠶ᠋ᠢᠨ ᠤᠬᠠᠮᠰᠠᠷ ᠢ᠋ ᠭᠦᠶ᠋ᠴᠡᠳ ᠢᠯᠡᠷᠡᠭᠦᠯᠵᠦ᠂ ᠭᠣᠣᠯᠯᠠᠭ᠍ᠴᠢ᠎ᠪᠠᠨ ᠡᠷᠡᠰ ᠬᠠᠮᠠᠭᠠᠯᠠᠭᠰᠠᠨ᠂ ᠳᠦᠷᠢᠮ᠎ᠦᠨ ᠢᠲᠡᠭᠡᠯ᠎ᠢ ᠢᠯᠡᠷᠡᠭᠦᠯᠦᠭᠰᠡᠨ᠂ ᠠᠷᠠᠳ᠎ᠤᠨ ᠲᠥᠯᠥᠭᠡ ᠭᠡᠬᠦ᠌ ᠵᠣᠷᠢᠯᠲᠠ᠎ᠶ᠋ᠢ ᠦᠶ᠋ᠯᠡᠳᠦᠯᠭᠡᠵᠢᠭᠦᠯᠦᠭᠰᠡᠨ᠂ ᠬᠠᠤᠯᠢ᠎ᠪᠠᠷ ᠵᠠᠰᠠᠬᠤ ᠵᠣᠷᠢᠭ ᠰᠠᠨᠠᠭ᠎ᠠ᠎ᠶ᠋ᠢ ᠢᠯᠡᠷᠡᠭᠦᠯᠦᠭ᠌ᠰᠡᠨ ᠰᠠᠢᠨ ᠮᠡᠳᠡᠭᠦᠯᠦᠯᠲᠡ ᠪᠤᠯᠵᠠᠢ᠂ ᠪᠢ ᠪᠦᠷᠢᠮᠦᠰᠦᠨ ᠵᠥᠪᠱᠢᠶᠡᠷᠡᠵᠤ ᠪᠠᠢᠨ᠎ᠠ᠃ ᠥᠩᠭᠡᠷᠡᠭ᠌ᠰᠡᠨ ᠨᠢᠭᠡ ᠵᠢᠯ᠎ᠳᠦ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠣᠷᠢᠢ᠎ᠠ ᠨᠠᠮ᠎ᠤᠨ ᠤᠳᠤᠷᠢᠳᠤᠯᠭ᠎ᠠ᠎ᠶ᠋ᠢ ᠬᠠᠤᠯᠢ ᠲᠣᠭ᠍ᠲᠠᠭᠠᠬᠤ᠂ ᠬᠢᠨᠠᠯᠲᠠ ᠲᠠᠯᠪᠢᠬᠤ᠂ ᠲᠥᠯᠥᠭᠡᠯᠡᠭ᠌ᠴᠢ᠂ ᠲᠤᠰ ᠪᠡᠶ᠎ᠡ᠎ᠶ᠋ᠢᠨ ᠪᠠᠢᠭᠤᠯᠤᠯᠲᠠ ᠵᠡᠷᠭᠡ ᠡᠯ᠎ᠡ ᠲᠠᠯ᠎ᠠ᠎ᠳᠤ ᠲᠤᠭᠤᠱᠢᠯᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠲᠦᠭᠡᠨ ᠪᠠᠢᠭᠤᠯᠤᠯᠲᠠ᠎ᠶ᠋ᠢᠨ ᠲᠣᠭᠣᠷᠢᠨ᠎ᠳᠤ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠵᠦ᠍᠂ ᠡᠭᠦᠷᠭᠡ ᠬᠠᠷᠢᠭᠤᠴᠠᠯᠭ᠎ᠠ ᠪᠠᠨ ᠪᠡᠶᠡᠯᠡᠭᠦᠯᠵᠤ᠂ ᠦᠨᠳᠦᠰᠦᠨ ᠬᠠᠤᠯᠢ᠎ᠶ᠋ᠢᠨ ᠡᠷᠬᠡ ᠰᠦᠷ ᠪᠠ ᠨᠡᠷ᠎ᠡ ᠬᠦᠨᠳᠦ᠍᠎ᠶ᠋ᠢ ᠨᠡᠩ ᠬᠦᠴᠦᠲᠡᠢ ᠬᠠᠮᠠᠭᠠᠯᠠᠵᠤ᠂ ᠬᠠᠤᠯᠢ ᠲᠣᠭ᠍ᠲᠠᠭᠠᠬᠤ ᠪᠠ ᠬᠢᠨᠠᠯᠲᠠ ᠲᠠᠯᠪᠢᠬᠤ ᠨᠢ ᠨᠡᠩ ᠪᠦᠲᠦᠮᠵᠢᠲᠡᠢ ᠪᠤᠯᠵᠤ᠂ ᠪᠦᠬᠦ᠌ ᠶᠠᠪᠤᠴᠠ᠎ᠵᠢᠨ ᠠᠷᠠᠳ᠎ᠤᠨ ᠠᠷᠠᠳᠴᠢᠯᠠᠯ᠎ᠢ ᠨᠡᠩ ᠭᠦᠨᠵᠡᠭᠡᠢ ᠦᠢᠯᠡᠳᠦᠯᠭᠡᠵᠢᠭᠦᠯᠵᠦ᠍᠂ 《ᠠᠷᠪᠠᠨ ᠳᠥᠷᠪᠡᠳᠦᠭᠡᠷ ᠲᠠᠪᠤᠨ ᠵᠢᠯ》᠎ᠤ᠋ᠨ ᠲᠡᠭᠦᠰ ᠠᠮᠵᠢᠯᠲᠠ᠎ᠲᠠᠶ ᠰᠡᠭᠦᠯ ᠬᠤᠷᠢᠶᠠᠬᠤ ᠳ᠋ᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠡᠨ ᠦᠵᠡᠭᠦᠯᠪᠡ᠃ ᠪᠢᠳᠡ ᠲᠣᠰ ᠤᠳᠠᠭᠠᠨ᠎ᠤ ᠬᠤᠷᠠᠯ ᠤ᠋ᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠢᠨᠠᠯᠲᠠ᠎ᠶ᠋ᠢ ᠤᠬᠠᠮᠰᠠᠷ᠎ᠡᠴᠡ᠎ᠪᠠᠨ ᠬᠦᠯᠢᠶᠡᠵᠦ᠍᠂ ᠴᠢᠬᠤᠯᠠ ᠠᠵᠢᠯ ᠪᠠ ᠴᠢᠬᠤᠯᠠ ᠶᠡᠬᠡ ᠤᠴᠢᠷ ᠶᠠᠪᠤᠳᠠᠯ᠎ᠢᠶᠠᠨ ᠰᠠᠨᠠᠭᠠᠴᠢᠯᠠᠭ᠎ᠠ᠎ᠡᠴᠡ᠎ᠪᠠᠨ ᠮᠡᠳᠡᠭᠦᠯᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠎ᠶ᠋ᠢᠨ ᠬᠠᠤᠯᠢ ᠶᠣᠰᠣᠭᠠᠷ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌᠎ᠶ᠋ᠢ ᠪᠠᠲᠤᠯᠠᠬᠤ᠎ᠶ᠋ᠢ ᠪᠦᠬᠦ᠌ ᠬᠦᠴᠦᠨ᠎ᠢᠶᠡᠷ᠎ᠢᠶᠡᠨ ᠳᠠᠮᠵᠢᠵᠤ᠂ ᠵᠠᠰᠠᠭ ᠵᠠᠬᠢᠷᠭᠠᠨ᠎ᠤ ᠡᠷᠬᠡ᠎ᠶ᠋ᠢ ᠢᠮᠠᠭ᠍ᠲᠠ ᠬᠢᠨᠠᠯᠲᠠ᠎ᠶ᠋ᠢᠨ ᠳᠣᠣᠷ᠎ᠠ ᠬᠡᠷᠡᠭ᠌ᠵᠢᠭᠦᠯᠵᠦ᠍᠂ ᠵᠠᠰᠠᠭ᠎ᠤᠨ ᠣᠷᠳᠣᠨ᠎ᠤ ᠠᠵᠢᠯ᠎ᠢ ᠬᠠᠤᠯᠢ᠎ᠪᠠᠷ ᠵᠠᠰᠠᠬᠤ ᠵᠠᠮ ᠲᠡᠬᠡᠷ᠎ᠡ ᠶᠠᠪᠤᠬᠳᠠᠭᠤᠯᠤᠨ᠎ᠠ ᠭᠡᠵᠡᠢ᠃

ᠶᠠᠩ ᠵᠧᠨ ᠦ᠋ ᠲᠥᠯᠥᠭᠡᠯᠡᠭ᠌ᠴᠢ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠤᠷᠢᠶ᠎ᠠ᠎ᠵᠢᠨ ᠠᠵᠢᠯ᠎ᠤᠨ ᠮᠡᠳᠡᠭᠦᠯᠦᠯᠲᠡ ᠨᠢ ᠲᠤᠭ᠎ᠢ ᠥᠨᠳᠥᠷ ᠮᠠᠨᠳᠤᠭᠤᠯᠵᠤ᠂ ᠦᠨᠡᠨ᠎ᠡᠴᠡ ᠵᠥᠪ᠎ᠢ ᠡᠷᠢᠵᠦ᠍᠂ ᠵᠣᠬᠢᠶᠠᠯ᠎ᠤᠨ ᠬᠡᠪ ᠨᠠᠮᠪᠠ ᠪᠣᠷᠣᠭ᠍ᠵᠢᠭᠤᠨ ᠪᠠᠢᠵᠤ᠂ 2025 ᠣᠨ᠎ᠤ ᠠᠵᠢᠯ᠎ᠢ ᠪᠦᠬᠦ᠌ ᠲᠠᠯ᠎ᠠ᠎ᠪᠠᠷ ᠪᠤᠰᠤᠳᠴᠢ᠎ᠪᠠᠷ ᠳ᠋ᠦᠩᠨᠡᠵᠦ᠍᠂ 2026 ᠣᠨ᠎ᠤ ᠠᠵᠢᠯ᠎ᠢ ᠪᠣᠳᠠᠲᠠᠢ᠎ᠶ᠋ᠢ ᠡᠷᠬᠢᠮᠯᠡᠨ ᠪᠦᠲᠦᠮᠵᠢᠲᠡᠢ ᠪᠠᠢᠷᠢᠯᠠᠭᠤᠯᠵᠠᠢ᠂ ᠪᠠᠢᠭᠤᠯᠤᠯ᠎ᠦᠨ ᠳᠠᠪᠠᠭᠤᠯᠢᠭ᠎ᠢ ᠢᠯᠡᠷᠡᠭᠦᠯᠦᠭ᠌ᠰᠡᠨ᠂ ᠠᠷᠠᠳ᠎ᠤᠨ ᠲᠥᠯᠥᠭᠡ ᠵᠢᠳᠬᠦᠬᠦ᠌ ᠰᠡᠳᠭᠢᠯᠭᠡ᠎ᠶ᠋ᠢ ᠢᠯᠡᠷᠡᠭᠦᠯᠦᠭ᠌ᠰᠡᠨ᠂ ᠬᠠᠤᠯᠢ ᠪᠡᠷ ᠵᠠᠰᠠᠬᠤ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠭ᠍ᠰᠠᠨ ᠰᠠᠢ᠌ᠨ ᠮᠡᠳᠡᠭᠦᠯᠦᠯᠲᠡ ᠪᠣᠯᠤᠨ᠎ᠠ᠂ ᠪᠢ ᠪᠦᠷᠢᠮᠦᠰᠦᠨ ᠵᠥᠪᠱᠢᠶᠡᠷᠡᠵᠦ᠍ ᠪᠠᠢᠨ᠎ᠠ᠃ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠨᠡᠢᠭᠡᠮ᠎ᠦᠨ ᠪᠠᠢᠭᠤᠯᠤᠯᠲᠠ᠎ᠵᠢᠨ ᠵᠥᠪᠯᠡᠯ ᠨᠠᠷᠢᠨ ᠬᠢᠨᠠᠮᠠᠭᠠᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ ᠰᠠᠨᠠᠭᠠᠴᠢᠯᠠᠭ᠎ᠠ᠎ᠡᠴᠡ᠎ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠢᠯᠭ᠎ᠠ ᠭᠠᠷᠭᠠᠵᠤ᠂ ᠲᠤᠱᠢᠶᠠᠯ ᠬᠠᠷᠢᠭᠤᠴᠠᠯᠭ᠎ᠠ᠎ᠪᠠᠨ ᠯᠠᠪᠳᠠᠭᠤᠨ ᠪᠠᠲᠤᠲᠠᠢ ᠭᠦᠢᠴᠡᠳᠭᠡᠵᠦ᠍᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠰᠠᠢᠲᠤᠷ ᠪᠠᠷᠢᠮᠲᠠᠯᠠᠨ ᠰᠠᠢᠲᠦᠷ ᠲᠡᠭᠦᠯᠳᠡᠷᠵᠢᠭᠦᠯᠵᠦ ᠰᠠᠢᠲᠤᠷ ᠬᠡᠷᠡᠭ᠌ᠵᠢᠭᠦᠯᠬᠦ᠌᠎ᠶ᠋ᠢᠨ ᠲᠥᠯᠥᠭᠡ ᠱᠢᠨ᠎ᠡ ᠴᠢᠷᠮᠠᠢᠯᠭ᠎ᠠ ᠭᠠᠷᠭᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠠᠬᠢᠭᠤᠯᠬᠤ᠎ᠳᠤ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ᠃ ᠬᠠᠤᠯᠢ ᠴᠠᠭᠠᠵᠠ᠎ᠶ᠋ᠢ ᠡᠮᠬᠢᠯᠡᠨ ᠴᠡᠭᠴᠡᠯᠡᠭᠰᠡᠨ ᠠᠵᠢᠯ᠎ᠤᠨ ᠪᠠᠢᠳᠠᠯ ᠪᠠ ᠬᠣᠯᠪᠣᠭ᠍ᠳᠠᠯ ᠪᠦᠬᠦᠢ ᠬᠠᠤᠯᠢ ᠴᠠᠭᠠᠵᠠ ᠪᠤᠯᠤᠨ ᠲᠣᠭ᠍ᠲᠠᠭᠠᠯ᠎ᠢ ᠱᠢᠢᠳᠪᠦᠷᠢᠯᠡᠬᠦ᠌ ᠰᠠᠨᠠᠯ᠎ᠤᠨ ᠲᠤᠬᠠᠢ ᠮᠡᠳᠡᠭᠦᠯᠦᠯᠲᠡ᠎ᠶ᠋ᠢ ᠴᠦ᠍ ᠵᠥᠪᠱᠢᠶᠡᠷᠡᠵᠦ᠍ ᠪᠠᠢᠨ᠎ᠠ ᠭᠡᠪᠡ ᠃

ᠪᠦ᠋ ᠱᠢᠶᠤᠤ ᠯᠢᠨ ᠲᠥᠯᠥᠭᠡᠯᠡᠭ᠌ᠴᠢ᠂ ᠬᠤᠷᠢᠶᠠᠨ ᠳᠠᠷᠤᠭ᠎ᠠ ᠵᠤᠤ ᠯᠸ ᠵᠶ᠋ᠢ᠎ᠶ᠋ᠢᠨ ᠬᠢᠭ᠌ᠰᠡᠨ ᠠᠵᠢᠯ᠎ᠤᠨ ᠮᠡᠳᠡᠭᠦᠯᠦᠯᠲᠡ᠎ᠶ᠋ᠢ ᠪᠦᠷᠢᠮᠦᠰᠦᠨ ᠵᠥᠪᠱᠢᠶᠡᠷᠡᠵᠦ᠍ ᠪᠠᠢᠨ᠎ᠠ᠃ ᠮᠡᠳᠡᠭᠦᠯᠦᠯᠲᠡ᠎ᠨᠢ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠢ ᠴᠢᠬᠤᠯᠠ ᠦᠵᠡᠯ ᠰᠠᠨᠠᠭ᠎ᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠪᠠ᠃ ᠥᠩᠭᠡᠷᠡᠭ᠌ᠰᠡᠨ ᠨᠢᠭᠡ ᠵᠢᠯ᠎ᠳᠦ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠡᠯ᠎ᠡ ᠲᠠᠯ᠎ᠠ᠎ᠶ᠋ᠢᠨ ᠠᠵᠢᠯ ᠴᠥᠮ ᠱᠢᠨ᠎ᠡ ᠠᠬᠢᠴᠠ ᠱᠢᠨ᠎ᠡ ᠦᠷ᠎ᠡ ᠪᠦᠲᠦᠮᠵᠢ ᠣᠯᠵᠤ᠂ ᠦᠨᠳᠦᠰᠦᠨ ᠬᠠᠤᠯᠢ᠎ᠶ᠋ᠢᠨ ᠬᠡᠷᠡᠭ᠌ᠵᠢᠭᠦᠯᠦᠯᠲᠡ ᠪᠠ ᠬᠢᠨᠠᠯᠲᠠ ᠲᠠᠯᠪᠢᠬᠤ ᠲᠣᠭ᠍ᠲᠠᠴᠠ ᠤᠯᠠᠮ ᠲᠡᠭᠦᠯᠳᠡᠷᠵᠢᠵᠦ᠍᠂ ᠴᠢᠬᠤᠯᠠ ᠶᠡᠬᠡ ᠬᠠᠤᠯᠢ ᠲᠣᠭ᠍ᠲᠠᠭᠠᠬᠤ ᠶ᠋ᠢ ᠲᠥᠪᠯᠡᠷᠡᠭᠦᠯᠦᠨ ᠠᠬᠢᠭᠤᠯᠵᠤ᠂ ᠬᠢᠨᠠᠯᠲᠠ ᠲᠠᠯᠪᠢᠬᠤ ᠠᠵᠢᠯ᠎ᠢ ᠨᠡᠩ ᠨᠠᠷᠢᠯᠢᠭ ᠣᠨᠣᠴᠠᠲᠠᠢ ᠪᠥᠭᠡᠳ ᠬᠦᠴᠦᠲᠡᠢ ᠪᠣᠯᠭᠠᠵᠤ᠂ ᠪᠦᠬᠦ᠌ ᠶᠠᠪᠤᠴᠠ ᠵᠢᠨ ᠠᠷᠠᠳ᠎ᠤᠨ ᠠᠷᠠᠳᠴᠢᠯᠠᠯ᠎ᠢ ᠭᠦᠨᠵᠡᠭᠡᠢ ᠨᠠᠢᠳᠠᠪᠤᠷᠢᠵᠢᠭᠤᠯᠪᠠ᠃ ᠡᠨᠡ ᠵᠢᠯ᠎ᠦᠨ ᠠᠵᠢᠯ᠎ᠤᠨ ᠲᠣᠬᠢᠷᠠᠭᠤᠯᠤᠯᠲᠠ ᠨᠢ ᠨᠠᠮ᠎ᠤᠨ ᠲᠥᠪ ᠬᠣᠷᠢᠶ᠎ᠠ᠎ᠶᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠭᠦᠶ᠋ᠴᠡᠳ ᠲᠤᠭᠤᠰᠢᠯᠠᠭᠤᠯᠵᠤ᠂ ᠭᠤᠤᠯᠳᠠᠯᠭ᠎ᠠ᠎ᠶ᠋ᠢ ᠳᠣᠪᠣᠢᠯᠭᠠᠨ᠂ ᠱᠢᠨᠵᠢᠯᠡᠬᠦ᠌ ᠤᠬᠠᠭᠠᠨᠴᠢ ᠪᠥᠭᠡᠳ ᠪᠣᠳᠠᠲᠠᠶ᠎ᠶ᠋ᠢ ᠡᠷᠬᠢᠮᠯᠡᠵᠦ᠍᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢᠨ ᠣᠷᠭᠠᠨᠢᠭ ᠨᠢᠭᠡᠳᠦᠯ᠎ᠢ ᠪᠠᠷᠢᠮᠲᠠᠯᠠᠬᠤ ᠵᠢ ᠢᠯᠡᠷᠡᠭᠦᠯᠵᠦ᠍᠂ ᠮᠠᠨ᠎ᠤ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠦᠨ ᠳᠠᠪᠠᠭᠤᠯᠢᠭ ᠴᠢᠨᠠᠷ᠎ᠢ ᠢᠯᠡᠷᠡᠭᠦᠯᠪᠡ ᠭᠡᠵᠡᠢ᠃

ᠲᠡᠡᠭ ᠴᠤᠤ᠂ ᠯᠢ ᠪᠢᠨ᠂ ᠯᠢᠨ ᠱᠤᠤ ᠴᠦᠨ᠂ ᠵᠧᠩ ᠬᠣᠩ ᠹᠠᠨ᠂ ᠢᠦᠶ ᠯᠢ ᠱᠢᠨ᠂ ᠶᠠᠩ ᠽᠦᠩ ᠷᠧᠨ᠂ ᠯᠢ ᠶᠦᠩ ᠵᠢᠶᠦ᠋ᠨ᠂ ᠵᠠᠩ ᠵᠢᠶ ᠱᠢᠨ᠂ ᠰᠦᠨ ᠶᠢᠩ᠂ ᠯᠦᠸᠧ ᠴᠢᠩ᠂ ᠳ᠋ᠦ᠋ ᠬᠣᠶ ᠯᠢᠶᠠᠩ᠂ ᠰᠦᠬᠡ᠂ ᠾᠧ ᠮᠠᠢᠯᠠᠰᠦ᠂ ᠭᠦᠩ ᠱᠢᠤᠸᠠᠢ ᠹᠧᠩ᠂ ᠯᠢᠦ ᠶᠠᠨ ᠪᠢᠩ᠂ ᠸᠠᠩ ᠸᠠᠩ ᠱᠧᠩ᠂ ᠾᠧ ᠬᠠᠶ ᠳ᠋ᠦᠩ᠂ ᠸᠠᠩ ᠵᠧᠨ᠂ ᠵᠤᠸᠠᠩ ᠾᠧ᠂ ᠮᠸᠩ ᠳ᠋ᠠ ᠶᠢᠩ᠂ ᠶᠠᠨ ᠬᠣᠩ ᠭᠤᠸᠠᠩ᠂ ᠵᠢᠨ ᡁᠢ ᠵᠢᠶᠦ᠋ᠨ᠂ ᠯᠦ᠍ ᠬᠣᠩ ᠪᠥᠸᠧ᠂ ᠭᠦᠸᠧ ᠢᠦᠶ ᠹᠧᠩ᠂ ᠱᠢᠤᠸᠠᠢ ᡁᠢ ᠯᠦᠩ᠂ ᠴᠢ ᠹᠸᠢ ᠶᠦᠨ᠂ ᠣᠤ ᠬᠣᠶ ᠷᠠᠨ᠂ ᠱ᠌ᠢ ᠢᠦᠶ ᠳ᠋ᠦᠩ᠂ ᠱᠢᠩ ᠵᠢᠶᠧ ᠬᠣᠩ᠂ ᠴᠢ ᠢᠦᠶ ᠴᠢᠨ᠂ ᠬᠤ᠌ ᠬᠠᠢ ᠵᠢᠦᠸᠠᠨ᠂ ᠱᠢᠤᠢ ᠵᠢᠶᠠᠨ ᠱᠢᠩ᠂ ᠴᠧᠨ ᠠᠶ ᠱᠢᠤᠸᠠᠢ᠂ ᠶᠠᠨ ᠬᠣᠩ ᠸᠧᠶ᠂ ᠵᠢᠢ ᠶᠦᠩ ᠴᠢᠶᠠᠨ᠂ ᠵᠠᠩ ᠷᠦᠢ᠂ ᠯᠢ ᠵᠥᠩ ᠽᠸᠩ᠂ ᠳ᠋ᠦ᠋ ᠭᠠᠩ᠂ ᠮᠸᠩ ᠹᠠᠨ ᠶᠢᠩ᠂ ᠡᠷᠳᠡᠨᠢᠳᠠᠯᠠᠶ᠂ ᠸᠠᠩ ᠵᠤᠤ ᠮᠢᠩ ᠵᠡᠷᠭᠡ ᠲᠥᠯᠥᠭᠡᠯᠡᠭ᠌ᠴᠢ ᠦᠭᠡ ᠬᠡᠯᠡᠵᠦ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠶ᠎ᠠ᠎ᠶᠢᠨ ᠠᠵᠢᠯ᠎ᠤᠨ ᠮᠡᠳᠡᠭᠦᠯᠦᠯᠲᠡ᠎ᠶ᠋ᠢ ᠪᠦᠷᠢᠮᠦᠰᠦᠨ ᠵᠥᠪᠱᠢᠶᠡᠷᠡᠵᠦ᠍ ᠪᠠᠢᠬᠤ᠎ᠪᠠᠨ ᠢᠯᠡᠳᠭᠡᠪᠡ᠃ ᠤᠯᠠᠨ᠎ᠢᠶᠡᠷ᠎ᠢᠶᠡᠨ᠂ ᠥᠩᠭᠡᠷᠡᠭ᠌ᠰᠡᠨ ᠨᠢᠭᠡ ᠵᠢᠯ᠎ᠳᠤ᠂ ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ ᠵᠢᠴᠢ ᠲᠡᠭᠦᠨ᠎ᠦ ᠪᠠᠢᠩᠭᠤ᠎ᠶ᠋ᠢᠨ ᠬᠣᠷᠢᠶ᠎ᠠ ᠰᠢ ᠵᠢᠨ ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠂ ᠶᠡᠷᠦᠩᠬᠡᠢ ᠱᠦᠵᠢ ᠰᠢ ᠵᠢᠨ ᠫᠢᠩ᠎ᠦᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠌ ᠲᠤᠬᠠᠢ ᠴᠢᠬᠤᠯᠠ ᠦᠵᠡᠯ ᠰᠠᠨᠠᠭ᠎ᠠ᠎ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠴᠢᠨᠠᠷ ᠰᠠᠢᠲᠠᠶ ᠬᠠᠤᠯᠢ ᠲᠣᠭ᠍ᠲᠠᠭᠠᠬᠤ᠎ᠪᠠᠷ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠤᠨ᠂ ᠥᠨᠳᠥᠷ ᠪᠦᠲᠦᠮᠵᠢᠲᠡᠢ ᠬᠢᠨᠠᠯᠲᠠ ᠲᠠᠯᠪᠢᠬᠤ᠎ᠪᠠᠷ ᠴᠢᠬᠤᠯᠠ ᠶᠡᠬᠡ ᠠᠰᠠᠭᠤᠳᠠᠯ᠎ᠢ ᠱᠢᠢᠳᠪᠦᠷᠢᠯᠡᠬᠦ᠌᠎ᠶ᠋ᠢ ᠠᠬᠢᠭᠤᠯᠵᠤ᠂ ᠥᠨᠳᠥᠷ ᠪᠠᠷᠢᠮᠵᠢᠶᠡᠲᠦ ᠲᠦᠯᠦᠭᠡᠯᠡᠭᠴᠢ᠎ᠶᠢᠨ ᠠᠵᠢᠯ᠎ᠢᠶᠡᠷ ᠠᠷᠠᠳ ᠲᠦᠮᠡᠨ᠎ᠦ ᠡᠵᠡᠨ ᠰᠠᠭᠤᠵᠤ ᠡᠷᠬᠡ ᠮᠡᠳᠡᠬᠦ᠎ᠶ᠋ᠢ ᠪᠠᠲᠤᠯᠠᠵᠤ᠂ ᠨᠠᠮ᠎ᠤᠨ ᠣᠨᠣᠯ᠂ ᠱᠤᠭᠤᠮ᠂ ᠴᠢᠭ᠌ᠯᠡᠯᠲᠡ ᠲᠦᠷᠦ᠍᠎ᠶ᠋ᠢᠨ ᠪᠤᠳᠤᠯᠭ᠎ᠠ ᠪᠠ ᠨᠠᠮ᠎ᠤᠨ ᠲᠥᠪ ᠬᠣᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠪᠦᠬᠦ᠌ ᠲᠠᠯ᠎ᠠ᠎ᠪᠠᠷ ᠲᠤᠭᠤᠱᠢᠯᠠᠭᠤᠯᠤᠨ ᠪᠦᠲᠦᠮᠵᠢᠲᠡᠢ ᠬᠡᠷᠡᠭ᠌ᠵᠢᠭᠦᠯᠬᠦ᠎ᠵᠢ ᠬᠦᠴᠦᠲᠡᠶ ᠪᠠᠲᠤᠯᠠᠵᠤ᠂ 《ᠬᠣᠶᠠᠷ᠎ᠢ ᠲᠣᠭ᠍ᠲᠠᠭᠠᠭᠰᠠᠨ》 ᠢ᠋ ᠡᠷᠡᠰ ᠬᠦᠷᠢᠶᠡᠯᠡᠵᠦ᠍᠂ 《ᠬᠣᠶᠠᠷ᠎ᠢ ᠬᠠᠮᠠᠭᠠᠯᠠᠬᠤ》 ᠵᠢ ᠡᠷᠡᠰ ᠪᠡᠶᠡᠯᠡᠭᠦᠯᠬᠦ ᠳᠡᠭᠡᠳᠦ ᠬᠡᠮᠵᠢᠶᠡᠨ᠎ᠦ ᠤᠯᠤᠰ ᠲᠥᠷᠥ᠎ᠶ᠋ᠢᠨ ᠤᠬᠠᠮᠰᠠᠷ᠎ᠢ ᠭᠦᠶ᠋ᠴᠡᠳ ᠢᠯᠡᠷᠡᠭᠦᠯᠵᠦ᠂ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠭᠤᠯᠤᠯ᠎ᠦᠨ ᠥᠷᠨᠢᠭᠦᠨ ᠪᠠᠳᠠᠷᠠᠩᠭᠤᠶ ᠠᠮᠢᠵᠢᠷᠠᠯ᠎ᠤᠨ ᠬᠦᠴᠦᠨ ᠪᠠ ᠢᠯᠡᠷᠬᠡᠢ ᠳᠠᠪᠠᠭᠤᠯᠢᠭ ᠴᠢᠨᠠᠷ᠎ᠢ ᠭᠦᠶ᠋ᠴᠡᠳ ᠢᠯᠡᠷᠡᠭᠦᠯᠪᠡ ᠭᠡᠵᠦ ᠦᠵᠡᠵᠡᠭᠡᠪᠡ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号