ᠥᠪᠥᠷ ᠮᠣᠩᠭᠣᠯ᠎ᠳᠤ ᠰᠠᠭᠤᠭ᠎ᠠ ᠪᠥᠬᠥ᠌ ᠤᠯᠤᠰ᠎ᠤᠨ ᠤᠯᠤᠰ ᠲᠥᠷᠥ᠎ᠶ᠋ᠢᠨ ᠵᠥᠪᠯᠡᠯᠭᠡᠨ᠎ᠦ ᠭᠡᠱᠢᠭᠦᠳ ᠳᠤᠭᠤᠢᠯᠠᠩ ᠬᠤᠪᠢᠶᠠᠵᠤ ᠭᠤᠷᠪᠠᠨ ᠬᠠᠤᠯᠢ᠎ᠶ᠋ᠢᠨ ᠲᠥᠰᠦᠯ ᠪᠤᠯᠤᠨ ᠠᠷᠠᠳ ᠤ᠋ᠨ ᠲᠡᠭᠡᠳᠤ ᠰᠢᠬᠦᠬᠦ ᠬᠤᠷᠢᠶ᠎ᠠ ᠵᠢᠨ ᠠᠵᠢᠯ ᠤ᠋ᠨ ᠮᠡᠳᠡᠬᠦᠯᠦᠯᠳᠠ ᠠᠷᠠᠳ ᠤ᠋ᠨ ᠲᠡᠭᠡᠳᠤ ᠪᠠᠢᠴᠠᠭᠠᠬᠤ ᠬᠤᠷᠢᠶ᠎ᠠ ᠵᠢᠨ ᠠᠵᠢᠯ᠎ᠤᠨ ᠮᠡᠳᠡᠭᠦᠯᠦᠯᠲᠡ ᠶ᠋ᠢ ᠶᠠᠷᠢᠯᠴᠠᠪᠠ
2026-03-10 10:14:12
ᠵᠣᠬᠢᠶᠠᠭ᠍ᠴᠢ᠄
ᠪᠠᠢ ᠳ᠋ᠠᠨ
ᠣᠩᠱᠢᠭ᠍ᠰᠠᠨ ᠣᠳᠠᠭ᠎ᠠ᠄
★★★☆☆

ᠵᠠᠩ ᠶᠠᠨ ᠺᠦᠨ ᠤᠷᠤᠯᠴᠠᠵᠠᠢ


3 ᠰᠠᠷ᠎ᠠ᠎ᠶ᠋ᠢᠨ 8 ᠤ᠋ ᠡᠳᠦᠷ ᠪᠣᠯᠤᠨ 9 ᠤ᠋ ᠡᠳᠦᠷ᠂ ᠥᠪᠥᠷ ᠮᠣᠩᠭᠣᠯ᠎ᠳ᠋ᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠳ ᠥᠪᠡᠷ ᠥᠪᠡᠷ᠎ᠦᠨ ᠡᠲᠡᠭᠡᠳ ᠢᠯᠭᠠᠯ᠎ᠤᠨ ᠳᠤᠭᠤᠢᠯᠠᠩ᠎ᠳᠠᠭᠠᠨ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠦᠨ ᠲᠥᠰᠦᠯ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠲᠥᠰᠦᠯ᠎ᠢ ᠶᠠᠷᠢᠯᠴᠠᠵᠤ᠂ ᠲᠤᠭᠤᠢᠯᠠᠩ ᠬᠤᠪᠢᠶᠠᠵᠤ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠪᠣᠯᠤᠨ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ᠎ᠶ᠋ᠢ ᠶᠠᠷᠢᠯᠴᠠᠪᠠ᠃ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠲᠦᠷᠦ᠍᠎ᠶ᠋ᠢᠨ ᠵᠥᠪᠯᠡᠯᠭᠡᠨ᠎ᠦ ᠲᠡᠷᠢᠭᠦᠯᠡᠭ᠌ᠴᠢ ᠵᠠᠩ ᠶᠠᠨ ᠺᠦᠨ ᠣᠷᠣᠯᠴᠠᠵᠠᠢ᠃

ᠶᠠᠷᠢᠯᠴᠠᠬᠤ ᠳᠤᠮᠳᠠ᠂ ᠭᠡᠱᠢᠭᠦᠳ ᠭᠤᠷᠪᠠᠨ ᠬᠠᠤᠯᠢ᠎ᠶ᠋ᠢᠨ ᠲᠥᠰᠦᠯ ᠪᠤᠯᠤᠨ ᠠᠷᠠᠳ ᠤ᠋ᠨ ᠲᠡᠭᠡᠳᠤ ᠰᠢᠬᠦᠬᠦ ᠬᠤᠷᠢᠶ᠎ᠠ ᠵᠢᠨ ᠠᠵᠢᠯ ᠤ᠋ᠨ ᠮᠡᠳᠡᠬᠦᠯᠦᠯᠳᠠ ᠠᠷᠠᠳ ᠤ᠋ᠨ ᠲᠡᠭᠡᠳᠤ ᠪᠠᠢᠴᠠᠭᠠᠬᠤ ᠬᠤᠷᠢᠶ᠎ᠠ ᠵᠢᠨ ᠠᠵᠢᠯ᠎ᠤᠨ ᠮᠡᠳᠡᠬᠦᠯᠦᠯᠳᠠ ᠵᠢ ᠵᠥᠪᠱᠢᠶᠡᠷᠡᠵᠦ᠍ ᠪᠠᠢᠬᠤ᠎ᠪᠠᠨ ᠢᠯᠡᠳᠭᠡᠪᠡ᠃ ᠤᠯᠠᠨ ᠵᠢᠡᠷ ᠵᠢᠡᠨ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠶ᠋ᠢ ᠠᠬᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠤᠳᠤᠷᠢᠳᠤᠮᠵᠢ᠎ᠶ᠋ᠢᠨ ᠦᠢᠯᠡᠳᠦᠯ᠎ᠢ ᠪᠠᠳᠠᠷᠠᠭᠤᠯᠬᠤ ᠵᠡᠷᠭᠡ ᠨᠢ ᠴᠥᠮ ᠬᠠᠤᠯᠢ ᠲᠣᠭ᠍ᠲᠠᠭᠠᠬᠤ ᠠᠵᠢᠯ᠎ᠳᠤ ᠱᠢᠨ᠎ᠡ ᠱᠠᠭᠠᠷᠳᠠᠯᠭ᠎ᠠ ᠳᠤᠷᠠᠳᠴᠤ᠌᠂ ᠭᠤᠷᠪᠠᠨ ᠬᠠᠤᠯᠢ ᠵᠢ ᠲᠣᠭ᠍ᠲᠠᠭᠠᠬᠤ ᠨᠢ ᠴᠠᠭ᠎ᠲᠠᠭᠠᠨ ᠲᠤᠬᠢᠷᠠᠵᠤ᠂ ᠦᠨᠳᠦᠰᠦᠨ ᠬᠠᠤᠯᠢ᠎ᠶ᠋ᠢᠨ ᠵᠣᠷᠢᠭ ᠰᠠᠨᠠᠭ᠎ᠠ᠎ᠶ᠋ᠢ ᠭᠦᠢᠴᠡᠳ ᠢᠯᠡᠷᠡᠭᠦᠯᠵᠦ᠍᠂ ᠪᠦᠬᠦ᠌ ᠲᠠᠯ᠎ᠠ᠎ᠪᠠᠷ ᠬᠠᠤᠯᠢ᠎ᠪᠠᠷ ᠤᠯᠤᠰ᠎ᠢᠶᠠᠨ ᠵᠠᠰᠠᠬᠤ᠎ᠳᠤ ᠤᠯᠠᠮ ᠨᠢᠭᠡ ᠠᠯᠬᠤᠮ ᠬᠠᠤᠯᠢ ᠪᠡᠷ ᠵᠠᠰᠠᠬᠤ ᠪᠠᠲᠤᠯᠠᠭ᠎ᠠ ᠬᠠᠩᠭᠠᠵᠠᠢ᠃ ᠠᠷᠠᠳ᠎ᠤᠨ ᠳᠡᠭᠡᠳᠦ ᠱᠢᠭᠦᠬᠦ᠌ ᠬᠣᠷᠢᠶ᠎ᠠ ᠵᠢᠨ ᠠᠵᠢᠯ ᠤ᠋ᠨ ᠮᠡᠳᠡᠬᠦᠯᠦᠯᠳᠠ ᠪᠤᠯᠤᠨ ᠠᠷᠠᠳ᠎ᠤᠨ ᠳᠡᠭᠡᠳᠦ ᠪᠠᠢᠴᠠᠭᠠᠬᠤ ᠬᠣᠷᠢᠶ᠎ᠠ ᠵᠢᠨ ᠠᠵᠢᠯ᠎ᠤᠨ ᠮᠡᠳᠡᠭᠦᠯᠦᠯᠲᠡ ᠰᠢ ᠵᠢᠨ ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠲᠤᠭᠤᠱᠢᠯᠠᠭᠤᠯᠵᠤ᠂ ᠲᠣᠭ᠎ᠠ ᠪᠠᠷᠢᠮᠲᠠ᠎ᠪᠠᠷ ᠲᠤᠯᠭᠠᠭᠤᠷᠢ ᠪᠣᠯᠭᠠᠨ᠂ ᠬᠡᠷᠡᠭ᠎ᠦᠨ ᠵᠢᠱ᠌ᠢᠶ᠎ᠡ᠎ᠪᠡᠷ ᠪᠠᠷᠢᠮᠳᠠ ᠪᠤᠯᠭᠠᠵᠦ᠂ ᠱᠢᠨ᠎ᠡ ᠴᠠᠭ ᠦᠶ᠎ᠡ᠎ᠶ᠋ᠢᠨ ᠬᠠᠤᠯᠢ ᠪᠠᠷᠢᠬᠤ ᠪᠠᠢᠭᠤᠯᠭ᠎ᠠ᠎ᠶ᠋ᠢᠨ ᠶᠡᠬᠡ ᠲᠠᠯ᠎ᠠ᠎ᠳᠤ ᠦᠶ᠋ᠯᠡᠴᠢᠯᠡᠬᠦ᠌᠂ ᠠᠷᠠᠳ ᠲᠦᠮᠡᠨ᠎ᠦ ᠲᠥᠯᠥᠭᠡ ᠬᠠᠤᠯᠢ ᠪᠠᠷᠢᠬᠤ᠂ ᠬᠠᠤᠯᠢ᠎ᠪᠠᠷ ᠵᠠᠰᠠᠬᠤ᠎ᠶ᠋ᠢᠨ ᠲᠥᠯᠥᠭᠡ ᠬᠠᠷᠢᠭᠤᠴᠠᠯᠭ᠎ᠠ ᠡᠭᠦᠷᠭᠡᠯᠡᠬᠦ᠌ ᠠᠮᠢᠳᠤᠯᠢᠭ ᠦᠶ᠋ᠯᠡᠳᠦᠯᠭᠡ᠎ᠶ᠋ᠢ ᠢᠯᠡᠷᠡᠭᠦᠯᠵᠦ᠍᠂ ᠤᠯᠤᠰ ᠲᠥᠷᠥ᠎ᠶ᠋ᠢᠨ ᠦᠨᠳᠦᠷᠴᠡ᠎ᠲᠠᠢ᠂ ᠬᠠᠤᠯᠢ᠎ᠪᠠᠷ ᠵᠠᠰᠠᠬᠤ ᠡᠷᠴᠢᠮ᠎ᠲᠡᠶ᠂ ᠠᠷᠠᠳ᠎ᠤᠨ ᠠᠮᠢᠳᠤᠷᠠᠯ᠎ᠤᠨ ᠲᠤᠯᠠᠭᠠᠴᠠ ᠲᠠᠢ ᠬᠣᠶᠠᠷ ᠰᠠᠢᠨ ᠮᠡᠳᠡᠭᠦᠯᠦᠯᠲᠡ ᠪᠣᠯᠵᠠᠶ ᠭᠡᠵᠤ ᠰᠠᠨᠠᠯ ᠨᠢᠭᠡᠳᠠᠢ ᠦᠵᠡᠵᠡᠭᠡᠪᠡ᠃

《ᠭᠤᠷᠪᠠᠨ ᠬᠠᠤᠯᠢ ᠨᠠᠮ᠎ᠤᠨ ᠵᠣᠷᠢᠯᠲᠠ᠂ ᠤᠯᠤᠰ᠎ᠤᠨ ᠵᠣᠷᠢᠭ ᠰᠠᠨᠠᠭ᠎ᠠ ᠪᠣᠯᠤᠨ ᠠᠷᠠᠳ ᠲᠦᠮᠡᠨ᠎ᠦ ᠬᠦᠰᠡᠯ ᠰᠠᠨᠠᠭ᠎ᠠ᠎ᠲᠠᠶ ᠨᠢᠭ᠍ᠲᠠ ᠤᠶᠠᠯᠳᠤᠵᠤ᠂ ᠳᠤᠮᠳᠠᠳᠤ ᠤᠯᠤᠰ᠎ᠤᠨ ᠬᠠᠤᠯᠢ ᠲᠣᠭ᠍ᠲᠠᠭᠠᠬᠤ ᠱᠢᠨ᠎ᠡ ᠬᠡᠮᠵᠢᠭᠦᠷ᠎ᠢ ᠲᠣᠳᠣᠷᠬᠠᠢᠯᠠᠵᠤ᠂ 〈ᠳᠤᠮᠳᠠᠳᠤ ᠤᠯᠤᠰ᠎ᠤᠨ ᠵᠠᠰᠠᠯᠲᠠ〉 ᠵᠢᠨ ᠳᠠᠪᠠᠭᠤᠯᠢᠭ᠎ᠢ ᠢᠯᠡᠷᠡᠭᠦᠯᠵᠦ᠍᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭ᠌ᠵᠢᠯᠲᠡ᠎ᠳᠦ ᠨᠡᠩ ᠬᠦᠴᠦᠲᠡᠢ ᠬᠠᠤᠯᠢ ᠪᠡᠷ ᠵᠠᠰᠠᠬᠤ ᠲᠤᠯᠭᠠᠭᠤᠷᠢᠯᠠᠯ ᠬᠠᠩᠭᠠᠬᠤ ᠪᠣᠯᠤᠨ᠎ᠠ》 ᠭᠡᠵᠦ᠍ ᠶᠦᠨ ᡁᠢ ᠾᠧᠦ ᠭᠡᠱᠢᠭᠦᠨ ᠬᠡᠯᠡᠪᠡ᠃

ᠡᠸ᠋ ᠱᠢᠶᠤᠤ ᠮᠧᠶ ᠭᠡᠱᠢᠭᠦᠨ᠂ ᠬᠥᠭᠥᠷᠭᠡ ᠬᠣᠯᠪᠣᠭᠠᠰᠤ᠎ᠶ᠋ᠢᠨ ᠦᠶ᠋ᠯᠡᠳᠦᠯ᠎ᠢᠶᠡᠨ ᠭᠦᠶ᠋ᠴᠡᠳ ᠪᠠᠳᠠᠷᠠᠭᠤᠯᠵᠤ᠂ ᠬᠠᠤᠯᠢ ᠴᠠᠭᠠᠵᠠ᠎ᠶ᠋ᠢ ᠦᠨᠳᠦᠰᠦᠨ ᠱᠠᠲᠤᠨ᠎ᠳᠤ ᠣᠷᠣᠭᠤᠯᠬᠤ᠂ ᠰᠤᠷᠭᠠᠭᠤᠯᠢ᠎ᠶ᠋ᠢᠨ ᠬᠦᠷᠢᠶᠡᠨ᠎ᠳᠦ ᠣᠷᠣᠭᠤᠯᠬᠤ᠂ ᠬᠢᠯᠢ ᠬᠢᠵᠠᠭᠠᠷ ᠣᠷᠣᠨ᠎ᠳᠤ ᠣᠷᠣᠭᠤᠯᠬᠤ᠎ᠶ᠋ᠢ ᠠᠬᠢᠭᠤᠯᠵᠤ᠂ ᠦᠨᠳᠦᠰᠦᠲᠡᠨ᠎ᠨᠦᠭᠦᠳ᠎ᠦᠨ ᠣᠯᠠᠨ ᠲᠦᠮᠡᠨ᠎ᠦ ᠤᠬᠠᠮᠰᠠᠷ᠎ᠡᠴᠡ᠎ᠪᠠᠨ ᠬᠠᠤᠯᠢ᠎ᠶ᠋ᠢ ᠬᠦᠨᠳᠦᠳᠭᠡᠬᠦ᠌ ᠬᠠᠤᠯᠢ᠎ᠶ᠋ᠢ ᠰᠤᠷᠬᠤ ᠬᠠᠤᠯᠢ᠎ᠶ᠋ᠢ ᠰᠠᠬᠢᠬᠤ ᠬᠠᠤᠯᠢ᠎ᠶ᠋ᠢ ᠬᠡᠷᠡᠭ᠌ᠯᠡᠬᠦ᠌ ᠵᠢ ᠬᠦᠳᠦᠯᠦᠨ ᠵᠢᠯᠤᠭᠤᠳᠬᠤ ᠲᠠᠯ᠎ᠠ᠎ᠪᠠᠷ ᠦᠶ᠋ᠯᠡᠳᠦᠯ᠎ᠢᠶᠡᠨ ᠪᠠᠳᠠᠷᠠᠭᠤᠯᠵᠤ᠂ ᠤᠬᠠᠮᠰᠠᠷ᠎ᠡᠴᠡ᠎ᠪᠠᠨ ᠦᠨᠳᠦᠰᠦᠲᠡᠨ᠎ᠦ ᠪᠦᠯᠬᠦᠮᠳᠡᠯ᠎ᠦᠨ ᠬᠠᠮᠠᠭᠠᠯᠠᠭ᠍ᠴᠢ᠂ ᠦᠶ᠋ᠯᠡᠳᠦᠯᠭᠡᠵᠢᠭᠦᠯᠦᠭ᠌ᠴᠢ ᠪᠣᠯᠤᠨ᠎ᠠ ᠭᠡᠵᠤ ᠢᠯᠡᠳᠭᠡᠪᠡ᠃

ᠭᠡᠱᠢᠭᠦᠳ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭᠠᠬᠤ᠎ᠶ᠋ᠢ ᠪᠠᠷᠢᠮᠲᠠᠯᠠᠵᠤ᠂ ᠬᠠᠤᠯᠢ ᠲᠣᠭ᠍ᠲᠠᠭᠠᠬᠤ ᠵᠥᠪᠯᠡᠯᠭᠡ᠎ᠳᠦ ᠢᠳᠡᠪᠬᠢᠲᠡᠢ ᠣᠷᠣᠯᠴᠠᠵᠤ᠂ ᠲᠤᠱᠢᠶᠠᠯ ᠬᠠᠷᠢᠭᠤᠴᠠᠯᠭ᠎ᠠ᠎ᠪᠠᠨ ᠭᠦᠢᠴᠡᠳᠭᠡᠬᠦ᠌ ᠦᠷ᠎ᠡ ᠪᠦᠲᠦᠮᠵᠢ᠎ᠪᠡᠨ ᠳᠡᠭᠡᠭ᠌ᠰᠢᠯᠡᠭᠦᠯᠤᠨ᠎ᠠ᠃ ᠤᠯᠤᠰ ᠲᠦᠷᠦ᠍᠎ᠶ᠋ᠢᠨ ᠵᠥᠪᠯᠡᠯᠭᠡᠨ᠎ᠦ ᠳᠠᠪᠠᠭᠤᠯᠢᠭ᠎ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ᠎ᠳᠤ ᠭᠦᠨᠵᠡᠭᠡᠢᠷᠡᠨ᠂ ᠪᠣᠳᠠᠲᠤ ᠪᠠᠢᠳᠠᠯ᠎ᠳᠤ ᠭᠦᠨᠵᠡᠭᠡᠢᠷᠡᠵᠦ᠍᠂ ᠤᠯᠠᠨ ᠲᠦᠮᠡᠨ᠎ᠦ ᠳᠤᠮᠳᠠ ᠭᠦᠨᠵᠡᠭᠡᠢᠷᠡᠨ ᠤᠬᠠᠭᠤᠯᠤᠨ ᠲᠠᠢᠯᠪᠤᠷᠢᠯᠠᠬᠤ ᠠᠵᠢᠯ᠎ᠢ ᠰᠠᠢᠲᠤᠷ ᠬᠢᠵᠦ᠍᠂ ᠪᠦᠬᠦ᠌ ᠲᠠᠯ᠎ᠠ᠎ᠪᠠᠷ ᠬᠠᠤᠯᠢ ᠪᠡᠷ ᠤᠯᠤᠰ᠎ᠢᠶᠠᠨ ᠵᠠᠰᠠᠬᠤ᠎ᠶ᠋ᠢ ᠠᠬᠢᠭᠤᠯᠬᠤ᠎ᠳᠤ ᠤᠶᠤᠨ ᠤᠬᠠᠭᠠᠨ ᠪᠠ ᠬᠦᠴᠦᠨ ᠴᠢᠳᠠᠯ᠎ᠢᠶᠠᠨ ᠡᠷᠭᠦᠨ᠎ᠡ ᠭᠡᠵᠤ ᠰᠠᠨᠠᠯ ᠨᠢᠭᠡᠳᠠᠢ ᠢᠯᠡᠳᠭᠡᠵᠡᠭᠡᠪᠡ᠃

ᠥᠪᠥᠷ ᠮᠣᠩᠭᠣᠯ ᠳ᠋ᠤ ᠰᠠᠭᠤᠭ᠎ᠠ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠭᠡᠱᠢᠭᠦᠨ ᠪᠠᠢ ᠴᠢᠩ ᠶᠤᠸᠠᠨ᠂ ᠬᠦᠦᠳᠠᠭᠤᠯᠠ᠂ ᠰᠦᠨ ᠵᠢᠶᠦ᠋ᠨ ᠴᠢᠩ᠂ ᠠᠨ ᠷᠦᠨ ᠱᠧᠩ᠂ ᠵᠢᠨ ᠵᠤᠸᠠᠩ᠂ ᠢᠦᠢ ᠷᠧᠨ ᠵᠢᠶᠧ᠎ᠨᠡᠷ ᠲᠤᠰ ᠲᠤᠰ᠎ᠦᠪᠡᠷ ᠤ᠋ᠨ ᠪᠠᠢᠭ᠎ᠠ ᠳᠤᠭᠤᠢᠯᠠᠩ᠎ᠤᠨ ᠶᠠᠷᠢᠯᠴᠠᠬᠤ᠎ᠳᠤ ᠣᠷᠣᠯᠴᠠᠵᠠᠢ᠃

ᠣᠷᠴᠢᠭᠤᠯᠤᠭ᠍ᠴᠢ᠄
ᠨᠠᠢᠷᠠᠭᠤᠯᠤᠭ᠍ᠴᠢ᠄ ᠬᠦᠰᠡᠯᠡᠩ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄
ᠬᠠᠮᠢᠶ᠎ᠡ ᠪᠦᠬᠦᠢ ᠰᠣᠨᠢᠨ

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号