ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ ᠪᠥᠬᠥᠳᠡ ᠬᠤᠷᠠᠯ ᠬᠤᠷᠠᠯᠳᠤᠭᠤᠯᠵᠤ ᠠᠮᠢ ᠠᠬᠤᠶ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠦᠨ ᠲᠥᠰᠦᠯ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠲᠥᠰᠦᠯ᠎ᠢ ᠨᠢᠭᠡᠳᠦᠯᠲᠡᠶ ᠬᠢᠨᠠᠨ ᠵᠥᠪᠯᠡᠪᠡ
2026-03-10 11:05:08
ᠵᠣᠬᠢᠶᠠᠭ᠍ᠴᠢ᠄
ᠣᠩᠱᠢᠭ᠍ᠰᠠᠨ ᠣᠳᠠᠭ᠎ᠠ᠄
★★★☆☆

ᠠᠷᠪᠠᠨ ᠳᠥᠷᠪᠡᠳᠦᠭᠡᠷ ᠬᠤᠭᠤᠴᠠᠭᠠᠨ᠎ᠤ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ 9 ᠎ᠤ᠋ ᠦᠳᠡ᠎ᠶ᠋ᠢᠨ ᠬᠣᠢᠨ᠎ᠠ ᠪᠥᠬᠥᠳᠡ ᠬᠤᠷᠠᠯ ᠬᠢᠵᠦ᠍᠂ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠥᠪᠯᠡᠭ᠌ᠰᠡᠨ ᠰᠠᠨᠠᠯ᠎ᠢ ᠦᠨᠳᠦᠰᠦᠯᠡᠨ ᠠᠮᠢ ᠠᠬᠤᠶ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠦᠨ ᠲᠥᠰᠦᠯ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠲᠥᠰᠦᠯ᠎ᠢ ᠨᠢᠭᠡᠳᠦᠯᠲᠡᠶ ᠬᠢᠨᠠᠨ ᠵᠥᠪᠯᠡᠪᠡ᠃

ᠬᠠᠤᠯᠢ ᠲᠣᠭ᠍ᠲᠠᠭᠠᠬᠤ ᠬᠠᠤᠯᠢ ᠵᠡᠷᠭᠡ ᠬᠠᠤᠯᠢ ᠴᠠᠭᠠᠵᠠ᠎ᠶ᠋ᠢᠨ ᠬᠣᠯᠪᠣᠭ᠍ᠳᠠᠯ ᠪᠦᠬᠦᠢ ᠲᠣᠭ᠍ᠲᠠᠭᠠᠯ᠎ᠢ ᠦᠨᠳᠦᠰᠦᠯᠡᠨ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠬᠤᠷᠠᠯ ᠤ᠋ᠨ ᠵᠥᠪᠯᠡᠬᠦ᠌ ᠵᠦᠢᠯ᠎ᠳᠦ ᠣᠷᠣᠭᠤᠯᠤᠭ᠍ᠰᠠᠨ ᠬᠠᠤᠯᠢ ᠴᠠᠭᠠᠵᠠ᠎ᠶ᠋ᠢᠨ ᠲᠤᠬᠠᠢ ᠰᠠᠨᠠᠯ ᠵᠥᠪᠯᠡᠯᠭᠡ᠎ᠶ᠋ᠢ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠡᠴᠡ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠦᠨ ᠬᠢᠨᠠᠨ ᠵᠦᠪᠯᠡᠭᠰᠡᠨ ᠰᠠᠨᠠᠯ᠎ᠢ ᠦᠨᠳᠦᠰᠦᠯᠡᠨ᠂ ᠬᠠᠤᠯᠢ ᠴᠠᠭᠠᠵᠠ᠎ᠶ᠋ᠢᠨ ᠲᠤᠬᠠᠢ ᠰᠠᠨᠠᠯ ᠵᠥᠪᠯᠡᠯᠭᠡ᠎ᠶ᠋ᠢ ᠨᠢᠭᠡᠳᠦᠯᠲᠡᠢ ᠬᠢᠨᠠᠨ ᠵᠦᠪᠯᠡᠪᠠ᠃ ᠠᠷᠪᠠᠨ ᠳᠥᠷᠪᠡᠳᠦᠭᠡᠷ ᠬᠤᠭᠤᠴᠠᠭᠠᠨ᠎ᠤ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠳᠥᠷᠪᠡᠳᠦᠭᠡᠷ ᠬᠤᠷᠠᠯ᠎ᠤᠨ ᠡᠳᠦᠷ᠎ᠦᠨ ᠳᠠᠷᠠᠭᠠᠯᠠᠯ ᠶᠣᠰᠣᠭᠠᠷ᠂ 3 ᠰᠠᠷ᠎ᠠ᠎ᠶ᠋ᠢᠨ 8 ᠤ᠋ ᠦᠳᠡ᠎ᠶ᠋ᠢᠨ ᠡᠮᠦᠨ᠎ᠡ ᠡᠯ᠎ᠡ ᠲᠥᠯᠥᠭᠡᠯᠡᠭ᠌ᠴᠢᠳ᠎ᠦᠨ ᠪᠦᠯᠬᠦᠮ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠦᠨ ᠲᠥᠰᠦᠯ᠎ᠢ ᠬᠢᠨᠠᠨ ᠵᠥᠪᠯᠡᠵᠦ᠍᠂ ᠦᠳᠡ᠎ᠶ᠋ᠢᠨ ᠬᠣᠢᠨ᠎ᠠ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠲᠥᠰᠦᠯ᠎ᠢ ᠬᠢᠨᠠᠨ ᠵᠥᠪᠯᠡᠪᠡ᠃ ᠶᠡᠬᠡ ᠬᠤᠷᠠᠯ᠎ᠤᠨ ᠨᠠᠷᠢᠨ ᠪᠢᠴᠢᠭ᠎ᠦᠨ ᠭᠠᠵᠠᠷ᠎ᠤᠨ ᠬᠠᠤᠯᠢ᠎ᠶ᠋ᠢᠨ ᠲᠥᠰᠦᠯ᠎ᠦᠨ ᠳᠤᠭᠤᠢᠯᠠᠩ ᠲᠥᠯᠥᠭᠡᠯᠡᠭ᠌ᠴᠢᠳ᠎ᠦᠨ ᠳᠤᠷᠠᠳᠤᠭ᠍ᠰᠠᠨ ᠰᠠᠨᠠᠯ᠎ᠢ ᠴᠠᠭ ᠲᠤᠬᠠᠢ᠎ᠳᠤᠨᠢ ᠴᠤᠭ᠍ᠯᠠᠭᠤᠯᠤᠨ ᠡᠮᠬᠢᠳᠭᠡᠪᠡ᠃ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠦᠪᠯᠡᠯ ᠤ᠋ᠨ ᠬᠤᠷᠠᠯ᠎ᠡᠴᠡ ᠲᠥᠯᠥᠭᠡᠯᠡᠭ᠌ᠴᠢᠳ᠎ᠦᠨ ᠳᠤᠷᠠᠳᠤᠭ᠍ᠰᠠᠨ ᠰᠠᠨᠠᠯ᠎ᠢ ᠵᠦᠢᠯ ᠳᠠᠷᠠᠭᠠᠯᠠᠨ ᠰᠤᠳᠤᠯᠵᠤ᠂ ᠭᠤᠷᠪᠠᠨ ᠬᠠᠤᠯᠢ᠎ᠶ᠋ᠢᠨ ᠲᠥᠰᠦᠯ᠎ᠳᠦ ᠵᠠᠰᠠᠪᠤᠷᠢ ᠣᠷᠣᠭᠤᠯᠤᠨ ᠲᠡᠭᠦᠯᠳᠡᠷᠵᠢᠭᠦᠯᠪᠡ᠃

ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠪᠦᠷᠢᠯᠳᠦᠬᠦᠨ ᠨᠠᠷ᠂ ᠠᠮᠢ ᠠᠬᠤᠢ ᠣᠷᠴᠢᠨ ᠲᠤᠭᠤᠷᠢᠨ ᠤ᠋ ᠬᠠᠤᠯᠢ᠎ᠶ᠋ᠢᠨ ᠪᠢᠴᠢᠭ ᠪᠠ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢ ᠨᠠᠢᠷᠠᠭᠤᠯᠤᠨ ᠲᠤᠭᠤᠷᠪᠢᠬᠤ ᠪᠣᠯ ᠰᠢ ᠵᠢᠨ ᠫᠢᠩ ᠨᠥᠬᠥᠷ᠎ᠢᠶᠡᠷ ᠭᠣᠣᠯ ᠪᠤᠯᠭᠠᠭᠰᠠᠨ ᠨᠠᠮ᠎ᠤᠨ ᠲᠥᠪ ᠬᠤᠷᠢᠶ᠎ᠠ᠎ᠶᠢᠨ ᠪᠠᠢᠷᠢᠯᠠᠭᠤᠯᠤᠭ᠍ᠰᠠᠨ ᠴᠢᠬᠤᠯᠠ ᠶᠡᠬᠡ ᠤᠯᠤᠰ ᠲᠦᠷᠦ᠍᠎ᠶ᠋ᠢᠨ ᠡᠭᠦᠷᠭᠡ ᠪᠠ ᠬᠠᠤᠯᠢ ᠲᠣᠭ᠍ᠲᠠᠭᠠᠬᠤ ᠡᠭᠦᠷᠭᠡ ᠮᠥᠨ᠂ ᠨᠠᠮ᠎ᠤᠨ ᠬᠣᠷᠢᠳᠤᠭᠠᠷ ᠶᠡᠬᠡ ᠬᠤᠷᠠᠯ ᠪᠠ ᠬᠣᠷᠢᠳᠤᠭᠠᠷ ᠬᠤᠭᠤᠴᠠᠭᠠᠨ᠎ᠤ ᠤᠳᠠᠭ᠎ᠠ ᠪᠦᠷᠢ᠎ᠶ᠋ᠢᠨ ᠪᠦᠬᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠴᠢᠬᠤᠯᠠ ᠶᠡᠬᠡ ᠠᠷᠭ᠎ᠠ ᠬᠡᠮᠵᠢᠶ᠎ᠡ ᠮᠥᠨ᠂ ᠨᠡᠩ ᠲᠡᠭᠦᠯᠳᠡᠷᠵᠢᠭ᠌ᠰᠡᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠱᠢᠰᠲ᠋ᠧᠮ᠎ᠢ ᠪᠠᠢᠭᠤᠯᠬᠤ᠂ ᠨᠡᠩ ᠥᠨᠳᠥᠷ ᠲᠦᠪᠱᠢᠨ ᠪᠦᠬᠦᠢ ᠨᠡᠢᠭᠡᠮ ᠵᠢᠷᠤᠮ᠎ᠤᠨ ᠬᠠᠤᠯᠢ᠎ᠪᠠᠷ ᠵᠠᠰᠠᠬᠤ ᠤᠯᠤᠰ᠎ᠢ ᠪᠠᠢᠭᠤᠯᠬᠤ ᠪᠡᠯᠭᠡ ᠲᠡᠮᠳᠡᠭ᠎ᠦᠨ ᠴᠢᠨᠠᠷᠲᠠᠢ ᠬᠠᠤᠯᠢ ᠲᠣᠭ᠍ᠲᠠᠭᠠᠯᠲᠠ ᠮᠥᠨ ᠭᠡᠵᠦ᠍ ᠰᠠᠨᠠᠯ ᠨᠢᠭᠡᠲᠡᠢ ᠦᠵᠡᠵᠡᠭᠡᠪᠡ᠃

ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠪᠦᠷᠢᠯᠳᠦᠬᠦᠨ ᠨᠠᠷ᠂ ᠠᠮᠢ ᠠᠬᠤᠶ ᠣᠷᠴᠢᠨ ᠲᠤᠭᠤᠷᠢᠨ ᠤ᠋ ᠬᠠᠤᠯᠢ᠎ᠶ᠋ᠢᠨ ᠪᠢᠴᠢᠭ᠎ᠢ ᠨᠠᠢᠷᠠᠭᠤᠯᠤᠨ ᠲᠤᠭᠤᠷᠪᠢᠵᠤ᠂ ᠨᠠᠮ᠎ᠤᠨ ᠠᠷᠪᠠᠨ ᠨᠠᠶ᠋ᠮᠠᠳᠤᠭᠠᠷ ᠶᠡᠬᠡ ᠬᠤᠷᠠᠯ ᠡᠴᠡ ᠨᠠᠭᠠᠰᠢᠬᠢ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠣᠨᠣᠯ᠂ ᠲᠥᠷᠢᠮ᠂ ᠦᠶ᠋ᠯᠡᠳᠦᠯᠭᠡ᠎ᠶ᠋ᠢᠨ ᠦᠷ᠎ᠡ ᠪᠦᠲᠦᠭᠡᠯ᠎ᠢ ᠬᠠᠤᠯᠢ᠎ᠶ᠋ᠢᠨ ᠪᠢᠴᠢᠭ᠌ᠴᠢᠯᠡᠭ᠌ᠰᠡᠨ ᠠᠷᠭ᠎ᠠ ᠮᠠᠶᠢᠭ᠎ᠢᠶᠠᠷ ᠲᠣᠭ᠍ᠲᠠᠭᠠᠵᠤ᠂ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ ᠢᠯᠠᠩᠭᠤᠶ᠎ᠠ ᠰᠢ ᠵᠢᠨ ᠫᠢᠩ᠎ᠦᠨ ᠠᠮᠢ ᠠᠬᠤᠶ᠎ᠶ᠋ᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭᠠᠭ᠍ᠰᠠᠨ᠂ ᠳᠤᠮᠳᠠᠳᠤ ᠤᠯᠤᠰ᠎ᠤᠨ ᠣᠨᠴᠠᠯᠢᠭ ᠪᠦᠬᠦᠢ᠂ ᠴᠠᠭ ᠦᠶ᠎ᠡ᠎ᠶ᠋ᠢᠨ ᠣᠨᠴᠠᠯᠢᠭ᠎ᠢ ᠢᠯᠡᠷᠡᠭᠦᠯᠦᠭᠰᠡᠨ᠂ ᠠᠷᠠᠳ ᠲᠦᠮᠡᠨ᠎ᠦ ᠬᠦᠰᠡᠯ ᠰᠠᠨᠠᠭ᠎ᠠ᠎ᠶ᠋ᠢ ᠳᠤᠰᠬᠠᠭᠰᠠᠨ᠂ ᠱᠢᠰᠲ᠋ᠧᠮ᠎ᠲᠡᠶ ᠵᠢᠷᠤᠮᠵᠢᠭᠤᠯᠤᠨ ᠵᠣᠬᠢᠴᠠᠭᠤᠯᠤᠭᠰᠠᠨ ᠬᠠᠤᠯᠢ᠎ᠶ᠋ᠢᠨ ᠪᠢᠴᠢᠭ᠎ᠢ ᠪᠤᠢ ᠪᠤᠯᠭᠠᠬᠤ ᠨᠢ᠂ ᠬᠠᠤᠯᠢ᠎ᠪᠠᠷ ᠵᠠᠰᠠᠬᠤ ᠵᠠᠮ ᠳᠡᠭᠡᠷ᠎ᠡ ᠱᠢᠨ᠎ᠡ ᠴᠠᠭ ᠦᠶ᠎ᠡ᠎ᠶ᠋ᠢᠨ ᠠᠮᠢ ᠠᠬᠤᠶ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢ ᠠᠬᠢᠭᠤᠯᠬᠤ᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠲᠦᠭᠡᠨ ᠪᠠᠢᠭᠤᠯᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠂ ᠬᠥᠮᠦᠨ ᠪᠠᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠱᠢᠬᠤ ᠣᠳᠣᠬᠢᠴᠢᠯᠠᠯᠲᠠ᠎ᠶ᠋ᠢ ᠲᠦᠷᠭᠡᠪᠴᠢᠯᠡᠨ ᠠᠬᠢᠭᠤᠯᠬᠤ᠂ ᠳᠤᠮᠳᠠᠳᠤ᠎ᠶ᠋ᠢᠨ ᠦᠨᠳᠦᠰᠦᠲᠡᠨ᠎ᠦ ᠥᠨᠢᠳᠡ᠎ᠶ᠋ᠢᠨ ᠬᠥᠭ᠌ᠵᠢᠯᠲᠡ᠎ᠶ᠋ᠢ ᠪᠡᠶᠡᠯᠡᠭᠦᠯᠬᠦ᠎ᠳᠦ ᠴᠢᠬᠤᠯᠠ ᠶᠡᠬᠡ ᠪᠥᠭᠡᠳ ᠠᠯᠤᠰ ᠬᠡᠲᠦ᠍᠎ᠶ᠋ᠢᠨ ᠠᠴᠢ ᠬᠣᠯᠪᠣᠭ᠍ᠳᠠᠯ᠎ᠲᠠᠶ ᠶᠤᠮ ᠭᠡᠵᠦ ᠰᠠᠨᠠᠯ ᠨᠢᠭᠡᠳᠡᠢ ᠦᠵᠡᠵᠡᠭᠡᠪᠡ᠃

ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠪᠦᠷᠢᠯᠳᠦᠬᠦᠨ ᠨᠠᠷ᠂ ᠬᠠᠤᠯᠢ᠎ᠶᠢᠨ ᠲᠥᠰᠦᠯ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠲᠤᠭᠤᠱᠢᠯᠠᠭᠤᠯᠵᠤ᠂ ᠰᠢ ᠵᠢᠨ ᠫᠢᠩ᠎ᠦᠨ ᠠᠮᠢ ᠠᠬᠤᠢ᠎ᠶ᠋ᠢᠨ ᠪᠣᠯᠪᠠᠰᠤᠨ᠎ᠤ ᠦᠵᠡᠯ ᠰᠠᠨᠠᠭᠠᠨ᠎ᠤ ᠭᠣᠣᠯ ᠠᠭᠤᠯᠭ᠎ᠠ᠂ ᠡᠯᠪᠡᠭ ᠪᠠᠶᠠᠯᠢᠭ ᠠᠭᠤᠯᠤᠭ᠍ᠳᠠᠬᠤᠨ ᠪᠣᠯᠤᠨ ᠦᠢᠯᠡᠳᠦᠯᠭᠡ᠎ᠶ᠋ᠢᠨ ᠱᠠᠭᠠᠷᠳᠠᠯᠭ᠎ᠠ᠎ᠶ᠋ᠢ ᠪᠦᠬᠦ᠌ ᠲᠠᠯ᠎ᠠ᠎ᠪᠠᠷ ᠢᠯᠡᠷᠡᠭᠦᠯᠵᠦ᠍᠂ ᠦᠵᠡᠰᠭᠦᠯᠡᠩᠲᠦ ᠰᠠᠢᠬᠠᠨ ᠳᠤᠮᠳᠠᠳᠤ ᠤᠯᠤᠰ᠎ᠤᠨ ᠪᠦᠳᠦᠭᠡᠨ ᠪᠠᠢᠭᠤᠯᠤᠯᠲᠠ᠎ᠪᠠᠷ ᠬᠥᠮᠦᠨ ᠪᠠᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠱᠢᠬᠤ ᠣᠳᠣᠬᠢᠴᠢᠯᠠᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠰᠠᠭᠤᠷᠢᠯᠠᠵᠤ᠂  ᠪᠣᠬᠢᠷᠲᠤᠯ᠎ᠢ ᠰᠡᠷᠭᠡᠢᠯᠡᠨ ᠵᠠᠰᠠᠬᠤ᠂ ᠠᠮᠢ ᠠᠬᠤᠶ᠎ᠶ᠋ᠢᠨ ᠬᠠᠮᠠᠭᠠᠯᠠᠯᠲᠠ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭ᠌ᠴᠢᠲᠦ ᠬᠥᠭ᠌ᠵᠢᠯᠲᠡ ᠵᠡᠷᠭᠡ ᠲᠠᠯ᠎ᠠ᠎ᠶ᠋ᠢᠨ ᠠᠮᠢ ᠠᠬᠤᠶ ᠣᠷᠴᠢᠨ ᠲᠣᠭᠣᠷᠢᠨ᠎ᠤ ᠬᠠᠤᠯᠢ ᠴᠠᠭᠠᠵᠠ ᠳᠦᠷᠢᠮ᠎ᠤᠨ ᠵᠢᠷᠤᠮᠵᠢᠯ᠎ᠢ ᠱᠢᠰᠲ᠋ᠧᠮ᠎ᠲᠡᠶ ᠡᠮᠬᠢᠯᠡᠨ ᠨᠡᠢᠯᠡᠭᠦᠯᠵᠦ᠂ ᠨᠠᠢᠷᠠᠭᠤᠯᠤᠨ ᠲᠤᠭᠤᠷᠪᠢᠵᠤ᠂ ᠨᠡᠢᠯᠡᠭᠦᠯᠦᠨ ᠰᠢᠯᠢᠳᠡᠭᠵᠢᠭᠦᠯᠵᠦ᠂ ᠲᠡᠷᠡᠴᠢᠯᠡᠨ ᠠᠮᠢ ᠠᠬᠤᠢ᠎ᠶ᠋ᠢᠨ ᠪᠣᠯᠪᠠᠰᠤᠨ᠎ᠤ ᠪᠠᠢᠭᠤᠯᠤᠯᠲᠠ᠎ᠶ᠋ᠢᠨ ᠲᠤᠬᠠᠢ ᠨᠠᠮ᠎ᠤᠨ ᠲᠥᠪ ᠬᠣᠷᠢᠶ᠎ᠠ᠎ᠵᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠬᠠᠤᠯᠢ᠎ᠶ᠋ᠢᠨ ᠪᠢᠴᠢᠭ᠎ᠦᠨ ᠲᠣᠭ᠍ᠲᠠᠭᠠᠯ ᠪᠣᠯᠭᠠᠨ ᠬᠤᠪᠢᠷᠠᠭᠤᠯᠵᠤ᠂ ᠱᠢᠨ᠎ᠡ ᠴᠠᠭ ᠦᠶ᠎ᠡ᠎ᠶ᠋ᠢᠨ ᠠᠮᠢ ᠠᠬᠤᠶ ᠣᠷᠴᠢᠨ ᠲᠣᠭᠣᠷᠢᠨ᠎ᠤ ᠬᠠᠮᠠᠭᠠᠯᠠᠯᠲᠠ᠎ᠶ᠋ᠢᠨ ᠦᠶ᠋ᠯᠡᠳᠦᠯᠭᠡ᠎ᠶ᠋ᠢᠨ ᠲᠤᠷᠱᠢᠯᠭ᠎ᠠ᠎ᠶ᠋ᠢ ᠬᠠᠤᠯᠢ᠎ᠶ᠋ᠢᠨ ᠪᠢᠴᠢᠭ᠎ᠦᠨ ᠲᠣᠭ᠍ᠲᠠᠭᠠᠯ ᠪᠣᠯᠭᠠᠨ ᠳᠡᠭᠡᠭ᠌ᠰᠢᠯᠡᠭᠦᠯᠵᠦ᠂ ᠠᠷᠠᠳ ᠣᠯᠠᠨ᠎ᠤ ᠲᠤᠰᠭᠠᠯ ᠴᠢᠩᠭ᠎ᠠ ᠪᠠᠢᠭ᠎ᠠ ᠠᠮᠢ ᠠᠬᠤᠶ ᠣᠷᠴᠢᠨ ᠲᠣᠭᠣᠷᠢᠨ᠎ᠤ ᠲᠣᠪᠣᠢᠮ᠎ᠠ ᠠᠰᠠᠭᠤᠳᠠᠯ᠎ᠢ ᠱᠢᠶ᠋ᠳᠪᠦᠷᠢᠯᠡᠬᠦ᠌᠎ᠶ᠋ᠢ ᠠᠬᠢᠭᠤᠯᠵᠤ᠂ ᠢᠯᠡ ᠲᠣᠳᠣ ᠴᠠᠭ ᠦᠶ᠎ᠡ᠎ᠶ᠋ᠢᠨ ᠣᠨᠴᠠᠯᠢᠭ ᠪᠠ ᠳᠤᠮᠳᠠᠳᠤ ᠤᠯᠤᠰ᠎ᠤᠨ ᠣᠨᠴᠠᠯᠢᠭ᠎ᠲᠠᠶ ᠪᠠᠢᠵᠤ᠂ ᠨᠡᠢᠭᠡᠮ ᠵᠢᠷᠤᠮᠲᠤ ᠣᠳᠣᠬᠢᠴᠢᠯᠠᠭ᠍ᠰᠠᠨ ᠬᠦᠴᠦᠷᠬᠡᠭ ᠤᠯᠤᠰ᠎ᠢ ᠪᠦᠬᠦ᠌ ᠲᠠᠯ᠎ᠠ᠎ᠪᠠᠷ ᠪᠠᠢᠭᠤᠯᠬᠤ᠂ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ᠎ᠶ᠋ᠢ ᠪᠡᠶᠡᠯᠡᠭᠦᠯᠬᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠳᠤᠮᠳᠠᠳᠤ᠎ᠶ᠋ᠢᠨ ᠦᠨᠳᠦᠰᠦᠲᠡᠨ᠎ᠦ ᠠᠭᠤᠤ ᠶᠡᠬᠡ ᠰᠡᠷᠭᠦᠨ ᠮᠠᠨᠳᠤᠯᠲᠠ᠎ᠶ᠋ᠢ ᠪᠦᠬᠦ᠌ ᠲᠠᠯ᠎ᠠ᠎ᠪᠠᠷ ᠠᠬᠢᠭᠤᠯᠬᠤ᠎ᠳᠤ ᠪᠦᠷᠢᠨ ᠲᠡᠭᠦᠯᠳᠡᠷ ᠠᠮᠢ ᠠᠬᠤᠢ ᠣᠷᠴᠢᠨ ᠲᠣᠭᠣᠷᠢᠨ᠎ᠤ ᠬᠠᠤᠯᠢ ᠪᠡᠷ ᠵᠠᠰᠠᠬᠤ ᠪᠠᠲᠤᠯᠠᠭ᠎ᠠ ᠬᠠᠩᠭᠠᠬᠤ ᠨᠢ ᠯᠠᠪᠲᠠᠢ᠂ ᠳᠡᠯᠡᠬᠡᠢ᠎ᠶ᠋ᠢᠨ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ᠎ᠳᠤ ᠳᠤᠮᠳᠠᠳᠤ ᠤᠯᠤᠰ᠎ᠤᠨ ᠤᠶᠤᠨ ᠤᠬᠠᠭᠠᠨ᠂ ᠳᠤᠮᠳᠠᠳᠤ ᠤᠯᠤᠰ᠎ᠤᠨ ᠲᠥᠰᠦᠯ ᠡᠷᠭᠦᠬᠦ᠌ ᠨᠢ ᠯᠠᠪᠲᠠᠢ᠃ ᠡᠭᠦᠨ᠎ᠦ ᠬᠠᠮᠲᠤ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠡᠬᠢ ᠦᠨᠳᠦᠰᠦᠨ ᠬᠠᠤᠯᠢ ᠴᠠᠭᠠᠵᠠ ᠪᠣᠯᠤᠭ᠍ᠰᠠᠨ᠎ᠤ ᠬᠤᠪᠢ᠎ᠳᠤ᠂ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠢ ᠨᠡᠢᠲᠡᠯᠡᠭ᠌ᠰᠡᠨ ᠨᠢ ᠦᠨᠳᠦᠰᠦᠨ ᠬᠠᠤᠯᠢ᠎ᠪᠠᠷ ᠭᠣᠣᠯ ᠪᠣᠯᠭᠠᠭ᠍ᠰᠠᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠬᠠᠤᠯᠢ ᠴᠠᠭᠠᠵᠠ᠎ᠶ᠋ᠢᠨ ᠱᠢᠰᠲ᠋ᠧᠮ᠎ᠳᠦ ᠴᠢᠬᠤᠯᠠ ᠨᠥᠯᠥᠭᠡ ᠦᠵᠡᠭᠦᠯᠵᠦ᠍᠂ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠢᠶᠡᠷ ᠶᠡᠷᠦᠩᠬᠡᠢᠯᠡᠨ ᠵᠢᠯᠤᠭᠤᠳᠤᠭᠤᠯᠤᠭᠰᠠᠨ᠂ ᠬᠣᠯᠪᠣᠭ᠍ᠳᠠᠯ ᠪᠦᠬᠦᠢ ᠲᠤᠰᠭᠠᠢ ᠬᠠᠤᠯᠢ ᠴᠠᠭᠠᠵᠠ ᠬᠠᠮᠲᠤ᠎ᠪᠠᠷ ᠪᠦᠷᠢᠯᠳᠦᠭ᠌ᠰᠡᠨ ᠠᠮᠢ ᠠᠬᠤᠢ ᠣᠷᠴᠢᠨ ᠲᠣᠭᠣᠷᠢᠨ᠎ᠤ ᠬᠠᠤᠯᠢ ᠴᠠᠭᠠᠵᠠ᠎ᠶ᠋ᠢᠨ ᠰᠠᠯᠠᠭ᠎ᠠ ᠮᠥᠴᠢᠷ᠎ᠢ ᠪᠦᠷᠢᠯᠳᠦᠭᠦᠯᠬᠦ᠌ ᠪᠣᠯᠤᠨ᠎ᠠ ᠭᠡᠵᠦ ᠰᠠᠨᠠᠯ ᠨᠢᠭᠡᠲᠡᠢ ᠦᠵᠡᠵᠡᠭᠡᠪᠡ᠃

ᠦᠨᠳᠦᠰᠦᠨ ᠬᠠᠤᠯᠢ  ᠪᠠ  ᠬᠠᠤᠯᠢ ᠴᠠᠭᠠᠵᠠ ᠎ᠶ᠋ᠢᠨ ᠵᠥᠪᠯᠡᠯ ᠎ᠦᠨ  ᠪᠦᠷᠢᠯᠳᠦᠬᠦᠨ  ᠨᠠᠷ ᠂ ᠦᠨᠳᠦᠰᠦᠲᠡᠨ ᠎ᠦ  ᠪᠦᠯᠬᠦᠮᠳᠡᠯ  ᠳᠠᠪᠱᠢᠯᠲᠠ ᠎ᠶ᠋ᠢ  ᠠᠬᠢᠭᠤᠯᠬᠤ ᠬᠠᠤᠯᠢ  ᠪᠣᠯ ᠱᠢᠨ᠎ᠡ  ᠴᠠᠭ ᠦᠶ᠎ᠡ ᠎ᠶ᠋ᠢᠨ  ᠨᠠᠮ ᠎ᠤᠨ ᠦᠨᠳᠦᠰᠦᠲᠡᠨ ᠎ᠦ  ᠠᠵᠢᠯ ᠎ᠤᠨ ᠲᠡᠦᠬᠡᠨ ᠣᠷᠣᠨ ᠪᠠᠢᠷᠢ ᠎ᠳᠤ ᠰᠠᠭᠤᠷᠢᠯᠠᠭ᠍ᠰᠠᠨ  ᠶᠤᠮ ᠂  ᠶᠡᠷᠦᠩᠬᠡᠶ ᠱᠦᠵᠢ ᠰᠢ ᠵᠢᠨ ᠫᠢᠩ᠎ᠦᠨ ᠦᠨᠳᠦᠰᠦᠲᠡᠨ᠎ᠦ ᠠᠵᠢᠯ᠎ᠢ ᠴᠢᠩᠭᠠᠳᠭᠠᠨ ᠰᠠᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ᠎ᠶ᠋ᠢ ᠤᠯᠤᠰ᠎ᠤᠨ ᠵᠣᠷᠢᠭ ᠰᠠᠨᠠᠭ᠎ᠠ ᠪᠣᠯᠭᠠᠨ ᠬᠤᠪᠢᠷᠠᠭᠤᠯᠵᠤ᠂ ᠨᠠᠮ᠎ᠤᠨ ᠠᠷᠪᠠᠨ ᠨᠠᠢ᠍ᠮᠠᠳᠤᠭᠠᠷ ᠶᠡᠬᠡ ᠬᠤᠷᠠᠯ᠎ᠠᠴᠠ ᠨᠠᠭᠠᠱᠢᠬᠢ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠪᠠᠢᠭᠤᠯᠤᠯᠲᠠ ᠪᠠ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢᠨ ᠦᠢᠯᠡᠰ᠎ᠢ ᠠᠬᠢᠭᠤᠯᠤᠭ᠍ᠰᠠᠨ ᠠᠮᠵᠢᠯᠲᠠ᠎ᠲᠠᠶ ᠲᠤᠷᠱᠢᠯᠭ᠎ᠠ᠎ᠶ᠋ᠢ ᠬᠠᠤᠯᠢ ᠴᠠᠭᠠᠵᠠ᠎ᠳᠤ ᠲᠣᠭ᠍ᠲᠠᠭᠠᠭ᠍ᠰᠠᠨ ᠴᠢᠬᠤᠯᠠ ᠶᠡᠬᠡ ᠬᠠᠤᠯᠢ ᠲᠣᠭ᠍ᠲᠠᠭᠠᠬᠤ ᠠᠷᠭ᠎ᠠ ᠬᠡᠮᠵᠢᠶ᠎ᠡ ᠪᠣᠯᠭᠠᠨ ᠳᠡᠭᠡᠭ᠌ᠰᠢᠯᠡᠭᠦᠯᠵᠦ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠶ᠋ᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠂ ᠦᠨᠳᠦᠰᠦᠲᠡᠨ᠎ᠦ ᠰᠡᠷᠭᠦᠨ ᠮᠠᠨᠳᠤᠯᠲᠠ᠎ᠶ᠋ᠢᠨ ᠠᠭᠤᠤ ᠦᠢᠯᠡᠰ᠎ᠢ ᠪᠦᠬᠦ᠌ ᠲᠠᠯ᠎ᠠ᠎ᠪᠠᠷ ᠠᠬᠢᠭᠤᠯᠬᠤ᠎ᠳᠦ ᠠᠤᠭ᠎ᠠ ᠬᠦᠴᠦᠨ᠎ᠢ ᠨᠢᠭ᠍ᠲᠠᠷᠠᠭᠤᠯᠬᠤ ᠴᠢᠬᠤᠯᠠ ᠶᠡᠬᠡ ᠠᠴᠢ ᠬᠣᠯᠪᠣᠭ᠍ᠳᠠᠯ᠎ᠲᠠᠶ ᠶᠤᠮ ᠭᠡᠵᠦ ᠰᠠᠨᠠᠯ ᠨᠢᠭᠡᠲᠡᠢ ᠦᠵᠡᠵᠡᠭᠡᠪᠡ᠃

ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠪᠦᠷᠢᠯᠳᠦᠬᠦᠨ ᠨᠠᠷ᠂ ᠦᠨᠳᠦᠰᠦᠲᠡᠨ᠎ᠦ ᠪᠦᠯᠬᠦᠮᠳᠡᠯ ᠲᠠᠪᠱᠢᠯᠳᠠ᠎ᠶ᠋ᠢ ᠠᠬᠢᠭᠤᠯᠬᠤ ᠬᠠᠤᠯᠢ ᠪᠣᠯ ᠱᠢᠨ᠎ᠡ ᠴᠠᠭ ᠦᠶ᠎ᠡ᠎ᠳᠦ ᠦᠨᠳᠦᠰᠦᠨ ᠬᠠᠤᠯᠢ᠎ᠶ᠋ᠢ ᠬᠡᠷᠡᠭ᠌ᠵᠢᠭᠦᠯᠬᠦ᠌ ᠬᠣᠯᠪᠣᠭ᠍ᠳᠠᠯ ᠪᠦᠬᠦᠢ ᠲᠣᠭ᠍ᠲᠠᠭᠠᠯ᠂ ᠦᠨᠳᠦᠰᠦᠲᠡᠨ᠎ᠦ ᠬᠡᠷᠡᠭ ᠶᠠᠪᠤᠳᠠᠯ᠎ᠢ ᠱᠢᠢᠳᠪᠦᠷᠢᠯᠡᠬᠦ᠌ ᠪᠠ ᠦᠨᠳᠦᠰᠦᠲᠡᠨ᠎ᠦ ᠠᠵᠢᠯ᠎ᠢ ᠥᠷᠨᠢᠭᠦᠯᠬᠦ᠌ ᠦᠨᠳᠦᠰᠦᠨ ᠬᠠᠤᠯᠢ ᠴᠠᠭᠠᠵᠠ ᠪᠣᠯᠤᠨ᠎ᠠ᠃ ᠲᠥᠰᠦᠯ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠰᠢᠯᠠᠭᠤᠯᠵᠤ᠂ ᠦᠨᠳᠦᠰᠦᠨ ᠬᠠᠤᠯᠢ᠎ᠶ᠋ᠢᠨ ᠲᠣᠭ᠍ᠲᠠᠭᠠᠯ᠂ ᠵᠠᠷᠴᠢᠮ ᠪᠠ ᠵᠣᠷᠢᠭ ᠰᠠᠨᠠᠭ᠎ᠠ᠎ᠵᠢ ᠪᠦᠬᠦ᠌ ᠲᠠᠯ᠎ᠠ᠎ᠪᠠᠷ ᠲᠤᠭᠤᠰᠢᠯᠠᠭᠤᠯᠬᠤ᠂ ᠱᠢᠨ᠎ᠡ ᠴᠠᠭ ᠦᠶ᠎ᠡ᠎ᠶ᠋ᠢᠨ ᠨᠠᠮ᠎ᠤᠨ ᠦᠨᠳᠦᠰᠦᠲᠡᠨ᠎ᠦ ᠠᠵᠢᠯ᠎ᠤᠨ ᠳᠤᠮᠳᠠᠬᠢ ᠴᠢᠬᠤᠯᠠ ᠶᠡᠬᠡ ᠣᠨᠣᠯ ᠪᠠ ᠦᠶ᠋ᠯᠡᠳᠦᠯᠭᠡ᠎ᠶ᠋ᠢᠨ ᠦᠷ᠎ᠡ ᠪᠦᠲᠦᠭᠡᠯ᠎ᠢ ᠭᠦᠶ᠋ᠴᠡᠳ ᠳ᠋ᠦᠩᠨᠡᠨ ᠢᠯᠡᠷᠡᠭᠦᠯᠵᠦ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ᠎ᠪᠠᠷ ᠭᠤᠤᠯ ᠱᠢᠵᠢᠮ ᠪᠣᠯᠭᠠᠨ᠂ ᠱᠢᠨ᠎ᠡ ᠴᠠᠭ ᠦᠶ᠎ᠡ᠎ᠶ᠋ᠢᠨ ᠨᠠᠮ ᠪᠠ ᠤᠯᠤᠰ᠎ᠤᠨ ᠦᠨᠳᠦᠰᠦᠲᠡᠨ᠎ᠦ ᠠᠵᠢᠯ᠎ᠤᠨ ᠲᠤᠬᠠᠶ ᠤᠯᠤᠰ ᠲᠥᠷᠥ᠎ᠶ᠋ᠢᠨ ᠵᠣᠭ᠍ᠰᠣᠯᠲᠠ᠎ᠶ᠋ᠢ ᠵᠠᠷᠯᠠᠵᠦ᠂ ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢᠨ ᠦᠢᠯᠡᠰ᠎ᠦᠨ ᠶᠡᠷᠦᠩᠬᠡᠶ ᠱᠠᠭᠠᠷᠳᠠᠯᠭ᠎ᠠ᠂ ᠴᠢᠬᠤᠯᠠ ᠵᠠᠷᠴᠢᠮ ᠪᠠ ᠪᠣᠳᠠᠲᠠᠶ ᠠᠷᠭ᠎ᠠ ᠬᠡᠮᠵᠢᠶ᠎ᠡ᠎ᠵᠢ ᠲᠣᠳᠣᠷᠬᠠᠢᠯᠠᠵᠤ᠂ ᠳᠤᠮᠳᠠᠳᠤ᠎ᠶ᠋ᠢᠨ ᠦᠨᠳᠦᠰᠦᠲᠡᠨ᠎ᠦ ᠬᠠᠮᠲᠤ᠎ᠶ᠋ᠢᠨ ᠴᠣᠭ᠍ᠴᠠ᠎ᠶ᠋ᠢᠨ ᠤᠬᠠᠮᠰᠠᠷ᠎ᠢ ᠪᠠᠲᠤ ᠴᠣᠭ᠍ᠴᠠᠯᠠᠬᠤ ᠪᠠᠢᠭᠤᠯᠤᠯ ᠲᠣᠭ᠍ᠲᠠᠴᠠ᠎ᠶ᠋ᠢ ᠪᠦᠷᠢᠨᠱᠢᠭᠦᠯᠦᠨ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠦᠨᠳᠦᠰᠦᠲᠡᠨ᠎ᠦ ᠠᠰᠠᠭᠤᠳᠠᠯ᠎ᠢ ᠱᠢᠶ᠋ᠳᠪᠦᠷᠢᠯᠡᠬᠦ᠌ ᠵᠥᠪ ᠵᠠᠮ᠎ᠢᠶᠠᠷ ᠡᠷᠡᠰ ᠭᠤᠢᠪᠢᠰᠢ ᠦᠭᠡᠶ ᠵᠠᠮᠨᠠᠬᠤ᠎ᠳᠤ ᠬᠠᠤᠯᠢ᠎ᠪᠠᠷ ᠵᠠᠰᠠᠬᠤ ᠬᠦᠴᠦᠲᠡᠶ ᠪᠠᠲᠤᠯᠠᠭ᠎ᠠ ᠬᠠᠩᠭᠠᠪᠠ ᠭᠡᠵᠦ ᠰᠠᠨᠠᠯ ᠨᠢᠭᠡᠲᠡᠢ ᠦᠵᠡᠵᠡᠭᠡᠪᠡ᠃

ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠪᠦᠷᠢᠯᠳᠦᠬᠦᠨ ᠨᠠᠷ᠂ ᠲᠠᠪᠤᠨ ᠵᠢᠯ᠎ᠦᠨ ᠲᠥᠯᠥᠪᠵᠢᠭᠦᠯᠭᠡ᠎ᠶ᠋ᠢ ᠲᠣᠭ᠍ᠲᠠᠭᠠᠨ ᠬᠡᠷᠡᠭ᠌ᠵᠢᠭᠦᠯᠬᠦ᠌ ᠪᠣᠯ ᠮᠠᠨ᠎ᠤ ᠨᠠᠮ᠎ᠤᠨ ᠲᠦᠷᠦ᠍᠎ᠶ᠋ᠢ ᠵᠠᠰᠠᠵᠤ ᠵᠠᠰᠠᠭ᠎ᠢ ᠡᠷᠬᠢᠯᠡᠬᠦ᠌᠎ᠶ᠋ᠢᠨ ᠨᠢᠭᠡᠨ ᠴᠢᠬᠤᠯᠠ ᠲᠤᠷᠱᠢᠯᠭ᠎ᠠ ᠮᠥᠨ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠨᠢᠭᠡᠨ ᠴᠢᠬᠤᠯᠠ ᠤᠯᠤᠰ ᠲᠦᠷᠦ᠍᠎ᠶ᠋ᠢᠨ ᠳᠠᠪᠠᠭᠤᠯᠢᠭ ᠮᠥᠨ᠃ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢ ᠲᠣᠭ᠍ᠲᠠᠭᠠᠬᠤ ᠪᠣᠯ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠠᠵᠢᠯ᠎ᠤᠨ ᠲᠤᠬᠠᠢ ᠨᠠᠮ᠎ᠤᠨ ᠲᠥᠪ ᠬᠣᠷᠢᠶ᠎ᠠ᠎ᠶᠢᠨ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠲᠡᠷᠡ ᠨᠢ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠠᠵᠢᠯ᠎ᠳᠠᠬᠢ ᠨᠠᠮ᠎ᠤᠨ ᠲᠥᠪ ᠬᠣᠷᠢᠶ᠎ᠠ᠎ᠶᠢᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠴᠢᠩᠭᠠᠳᠭᠠᠵᠤ᠂ ᠨᠠᠮ᠎ᠤᠨ ᠤᠯᠤᠰ ᠲᠦᠷᠦ᠍᠎ᠶ᠋ᠢᠨ ᠤᠳᠤᠷᠢᠳᠭᠤ ᠬᠦᠴᠦᠨ᠂ ᠦᠵᠡᠯ ᠰᠠᠨᠠᠭᠠᠨ᠎ᠤ ᠬᠦᠲᠦᠯᠦᠨ ᠳᠠᠭᠠᠭᠤᠯᠬᠤ ᠬᠦᠴᠦᠨ᠂ ᠤᠯᠠᠨ ᠲᠦᠮᠡᠨ᠎ᠢ ᠵᠣᠬᠢᠶᠠᠨ ᠪᠠᠢᠭᠤᠯᠬᠤ ᠬᠦᠴᠦᠨ᠂ ᠨᠡᠢᠭᠡᠮ᠎ᠦᠨ ᠤᠷᠢᠶᠠᠯᠠᠬᠤ ᠬᠦᠴᠦᠨ᠎ᠢ ᠨᠡᠩ ᠰᠠᠢᠲᠤᠷ ᠪᠠᠳᠠᠷᠠᠭᠤᠯᠵᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠪᠠᠢᠭᠤᠯᠤᠯ᠎ᠤᠨ ᠳᠠᠪᠠᠭᠤᠯᠢᠭ᠎ᠢ ᠬᠥᠭ᠌ᠵᠢᠯᠲᠡ᠎ᠶ᠋ᠢᠨ ᠳᠠᠪᠠᠭᠤᠯᠢᠭ ᠪᠣᠯᠭᠠᠨ ᠨᠡᠩ ᠰᠠᠢᠲᠤᠷ ᠬᠤᠪᠢᠷᠠᠭᠤᠯᠬᠤ᠎ᠳᠤ ᠴᠢᠬᠤᠯᠠ ᠠᠴᠢ ᠬᠣᠯᠪᠣᠭ᠍ᠳᠠᠯ᠎ᠲᠠᠶ ᠶᠤᠮ ᠭᠡᠵᠦ ᠰᠠᠨᠠᠯ ᠨᠢᠭᠡᠲᠡᠢ ᠦᠵᠡᠵᠡᠭᠡᠪᠡ᠃

ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠪᠦᠷᠢᠯᠳᠦᠬᠦᠨ ᠨᠠᠷ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ ᠪᠣᠯ ᠦᠨᠳᠦᠰᠦᠨ ᠬᠠᠤᠯᠢ᠎ᠪᠠᠷ ᠦᠨᠳᠦᠰᠦᠯᠡᠯ ᠪᠣᠯᠭᠠᠵᠤ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠲᠣᠭ᠍ᠲᠠᠭᠠᠬᠤ᠎ᠶ᠋ᠢ ᠵᠢᠷᠤᠮᠵᠢᠭᠤᠯᠵᠤ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠡᠷᠡᠭ᠌ᠵᠢᠭᠦᠯᠦᠯᠲᠡ᠎ᠶ᠋ᠢ ᠪᠠᠲᠤᠯᠠᠬᠤ ᠦᠨᠳᠦᠰᠦᠨ ᠬᠠᠤᠯᠢ ᠴᠠᠭᠠᠵᠠ ᠪᠣᠯᠤᠨ᠎ᠠ ᠃ ᠲᠥᠰᠦᠯ ᠨᠢ ᠰᠢ ᠵᠢᠨ ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠶ ᠲᠤᠭᠤᠰᠢᠯᠠᠭᠤᠯᠵᠤ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠠᠵᠢᠯ᠎ᠤᠨ ᠲᠤᠬᠠᠶ ᠨᠠᠮ᠎ᠤᠨ ᠲᠥᠪ ᠬᠤᠷᠢᠶ᠎ᠠ ᠵᠢᠨ ᠱᠢᠶ᠋ᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶ᠋ᠢ ᠪᠥᠬᠥ᠌ ᠲᠠᠯ᠎ᠠ᠎ᠪᠠᠷ ᠨᠠᠢᠳᠠᠪᠤᠷᠢᠵᠢᠭᠤᠯᠵᠤ᠂ ᠤᠷᠲᠤ ᠬᠤᠭᠤᠴᠠᠭᠠᠨ᠎ᠤ ᠲᠤᠷᠱᠢᠬᠢ ᠢᠯᠠᠩᠭᠤᠶ᠎ᠠ ᠱᠢᠨ᠎ᠡ ᠴᠠᠭ ᠦᠶ᠎ᠡ᠎ᠡᠴᠡ ᠨᠠᠭᠠᠱᠢᠬᠢ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠠᠵᠢᠯ᠎ᠤᠨ ᠠᠮᠵᠢᠯᠲᠠ᠎ᠲᠠᠶ ᠲᠤᠷᠱᠢᠯᠭ᠎ᠠ᠎ᠶ᠋ᠢ ᠳ᠋ᠦᠩᠨᠡᠵᠦ᠂ ᠤᠯᠠᠨ ᠵᠢᠯ᠎ᠦᠨ ᠲᠤᠷᠱᠢᠬᠢ ᠪᠦᠲᠦᠮᠵᠢᠲᠡᠢ ᠠᠷᠭ᠎ᠠ ᠬᠢᠳᠡᠯ᠎ᠢ ᠬᠠᠤᠯᠢ ᠴᠠᠭᠠᠵᠠ᠎ᠶ᠋ᠢᠨ ᠲᠦᠷᠢᠮ᠎ᠦᠨ ᠵᠢᠷᠤᠮᠵᠢᠯ ᠪᠣᠯᠭᠠᠬᠤ᠎ᠪᠠᠷ ᠲᠣᠭ᠍ᠲᠠᠭᠠᠵᠤ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠠᠵᠢᠯ᠎ᠳᠤ ᠪᠠᠷᠢᠮᠲᠠᠯᠠᠬᠤ ᠬᠡᠷᠡᠭ᠌ᠲᠡᠶ ᠵᠢᠯᠣᠭᠣᠳᠭᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠴᠢᠬᠤᠯᠠ ᠶᠡᠬᠡ ᠣᠢᠯᠠᠭᠠᠭ᠍ᠳᠠᠬᠤᠨ᠎ᠢ ᠲᠣᠳᠣᠷᠬᠠᠢᠯᠠᠵᠤ᠂ ᠤᠯᠤᠰ ᠤ᠋ᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢ ᠨᠠᠢᠷᠠᠭᠤᠯᠤᠨ ᠵᠣᠬᠢᠶᠠᠬᠤ᠂ ᠬᠢᠨᠠᠨ ᠪᠠᠢᠴᠠᠭᠠᠬᠤ ᠪᠠ ᠵᠥᠪᠱᠢᠶᠡᠷᠡᠬᠦ᠂ ᠬᠡᠷᠡᠭ᠌ᠵᠢᠭᠦᠯᠬᠦ᠌ ᠵᠢᠴᠢ ᠲᠡᠭᠦᠨ᠎ᠳᠦ ᠬᠢᠨᠠᠯᠲᠠ ᠲᠠᠯᠪᠢᠬᠤ ᠵᠡᠷᠭᠡ ᠲᠠᠯ᠎ᠠ᠎ᠪᠠᠷ ᠪᠦᠬᠦ᠌ ᠲᠠᠯ᠎ᠠ᠎ᠶ᠋ᠢᠨ ᠱᠢᠰᠲ᠋ᠧᠮ᠎ᠲᠡᠶ ᠲᠣᠭ᠍ᠲᠠᠭᠠᠯ ᠭᠠᠷᠭᠠᠵᠤ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠠᠵᠢᠯ᠎ᠤᠨ ᠬᠠᠤᠯᠢ᠎ᠪᠠᠷ ᠵᠠᠰᠠᠬᠤ ᠬᠢᠷᠢ ᠲᠦᠪᠱᠢᠨ᠎ᠢ ᠳᠡᠭᠡᠭ᠌ᠰᠢᠯᠡᠭᠦᠯᠬᠦ᠌᠎ᠳᠦ ᠠᠱᠢᠭ᠍ᠲᠠᠶ ᠪᠠᠢᠵᠤ᠂ ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠤᠳᠤᠷᠢᠳᠤᠮᠵᠢ᠎ᠶ᠋ᠢᠨ ᠦᠢᠯᠡᠳᠦᠯ᠎ᠢ ᠨᠡᠩ ᠰᠠᠢ᠌ᠨ ᠪᠠᠳᠠᠷᠠᠭᠤᠯᠬᠤ᠎ᠳᠤ ᠬᠠᠤᠯᠢ᠎ᠪᠠᠷ ᠵᠠᠰᠠᠬᠤ ᠬᠦᠴᠦᠲᠡᠢ ᠪᠠᠲᠤᠯᠠᠭ᠎ᠠ ᠬᠠᠩᠭᠠᠪᠠ ᠭᠡᠵᠦ ᠰᠠᠨᠠᠯ ᠨᠢᠭᠡᠲᠡᠢ ᠦᠵᠡᠵᠡᠭᠡᠪᠡ᠃

ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠦᠨ ᠪᠦᠷᠢᠯᠳᠦᠬᠦᠨ ᠨᠠᠷ᠂ ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠪᠠᠢᠩᠭᠤ᠎ᠶ᠋ᠢᠨ ᠬᠣᠷᠢᠢ᠎ᠠ ᠠᠮᠢ ᠠᠬᠤᠢ ᠣᠷᠴᠢᠨ ᠲᠣᠭᠣᠷᠢᠨ᠎ᠤ ᠬᠠᠤᠯᠢ᠎ᠶ᠋ᠢᠨ ᠪᠢᠴᠢᠭ᠎ᠦᠨ ᠲᠥᠰᠦᠯ᠎ᠢ ᠬᠣᠶᠠᠷ ᠤᠳᠠᠭ᠎ᠠ ᠪᠦᠬᠦᠯᠢ ᠴᠣᠭ᠍ᠴᠠ᠎ᠪᠠᠷ ᠬᠢᠨᠠᠨ ᠵᠥᠪᠯᠡᠵᠦ᠍᠂ ᠬᠣᠶᠠᠷ ᠤᠳᠠᠭ᠎ᠠ ᠰᠠᠯᠭᠠᠨ ᠬᠢᠨᠠᠨ ᠵᠥᠪᠯᠡᠵᠦ᠍᠂ ᠲᠦᠷᠪᠡ ᠤᠳᠠᠭ᠎ᠠ ᠨᠡᠢᠭᠡᠮ ᠨᠡᠢᠲᠡ᠎ᠡᠴᠡ ᠢᠯᠡ᠎ᠪᠡᠷ ᠰᠠᠨᠠᠯ ᠬᠤᠷᠢᠶᠠᠪᠠ; ᠦᠨᠳᠦᠰᠦᠲᠡᠨ᠎ᠦ ᠪᠦᠯᠬᠦᠮᠳᠡᠯ ᠳᠠᠪᠱᠢᠯᠲᠠ᠎ᠶ᠋ᠢ ᠠᠬᠢᠭᠤᠯᠬᠤ ᠬᠠᠤᠯᠢ᠎ᠶ᠋ᠢᠨ ᠲᠥᠰᠦᠯ᠎ᠢ ᠬᠣᠶᠠᠷ ᠤᠳᠠᠭ᠎ᠠ ᠬᠢᠨᠠᠨ ᠵᠦᠪᠯᠡᠵᠦ᠂ ᠨᠡᠢᠭᠡᠮ ᠨᠡᠢᠲᠡ᠎ᠡᠴᠡ ᠬᠣᠶᠠᠷ ᠤᠳᠠᠭ᠎ᠠ ᠢᠯᠡ᠎ᠪᠡᠷ ᠰᠠᠨᠠᠯ ᠬᠤᠷᠢᠶᠠᠪᠠ; ᠤᠯᠤᠰ᠎ᠤᠨ ᠬᠥᠭ᠌ᠵᠢᠯᠲᠡ᠎ᠶ᠋ᠢᠨ ᠲᠥᠯᠥᠪᠵᠢᠭᠦᠯᠭᠡ᠎ᠶ᠋ᠢᠨ ᠬᠠᠤᠯᠢ᠎ᠶ᠋ᠢᠨ ᠲᠥᠰᠦᠯ᠎ᠢ ᠭᠤᠷᠪᠠ ᠤᠳᠠᠭ᠎ᠠ ᠬᠢᠨᠠᠨ ᠵᠦᠪᠯᠡᠵᠦ᠂ ᠭᠤᠷᠪᠠ ᠤᠳᠠᠭ᠎ᠠ ᠨᠡᠢᠭᠡᠮ ᠨᠡᠢᠲᠡ᠎ᠡᠴᠡ ᠢᠯᠡ᠎ᠪᠡᠷ ᠰᠠᠨᠠᠯ ᠬᠤᠷᠢᠶᠠᠪᠠ; ᠪᠦᠬᠦ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢᠳ᠎ᠢ ᠵᠣᠬᠢᠶᠠᠨ ᠪᠠᠢᠭᠤᠯᠵᠤ ᠰᠤᠳᠤᠯᠤᠨ ᠰᠤᠷᠤᠯᠴᠠᠭᠤᠯᠵᠤ᠂ ᠤᠯᠠᠨ ᠵᠦᠢᠯ᠎ᠦᠨ ᠠᠷᠭ᠎ᠠ ᠮᠠᠶᠢᠭ᠎ᠢᠶᠠᠷ ᠡᠯ᠎ᠡ ᠲᠠᠯ᠎ᠠ᠎ᠶ᠋ᠢᠨ ᠬᠢᠨ᠎ᠦ ᠰᠠᠨᠠᠯ᠎ᠢ ᠬᠤᠷᠢᠶᠠᠪᠠ᠃ ᠬᠠᠤᠯᠢ ᠲᠣᠭ᠍ᠲᠠᠭᠠᠬᠤ ᠠᠵᠢᠯ᠎ᠤᠨ ᠶᠠᠪᠤᠴᠠ ᠪᠣᠯ ᠰᠢ ᠵᠢᠨ ᠫᠢᠩ᠎ᠦᠨ ᠬᠠᠤᠯᠢ᠎ᠪᠠᠷ ᠵᠠᠰᠠᠬᠤ ᠦᠵᠡᠯ ᠰᠠᠨᠠᠭ᠎ᠠ᠎ᠶ᠋ᠢ ᠲᠤᠭᠤᠱᠢᠯᠠᠭᠤᠯᠬᠤ᠂ ᠨᠠᠮ᠎ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠌᠂ ᠬᠠᠤᠯᠢ ᠶᠣᠰᠣᠭᠠᠷ ᠤᠯᠤᠰ᠎ᠢᠶᠠᠨ ᠵᠠᠰᠠᠬᠤ᠎ᠶ᠋ᠢ ᠣᠷᠭᠠᠨᠢᠭ᠎ᠢᠶᠠᠷ ᠨᠢᠭᠡᠳᠦᠭᠦᠯᠬᠦ᠌᠎ᠶ᠋ᠢ ᠪᠠᠷᠢᠮᠲᠠᠯᠠᠵᠤ᠂ ᠪᠦᠬᠦ᠌ ᠶᠠᠪᠤᠴᠠ᠎ᠶ᠋ᠢᠨ ᠠᠷᠠᠳ᠎ᠤᠨ ᠠᠷᠠᠳᠴᠢᠯᠠᠯ᠎ᠤᠨ ᠴᠢᠬᠤᠯᠠ ᠶᠡᠬᠡ ᠣᠢᠯᠠᠭᠠᠭ᠍ᠳᠠᠬᠤᠨ᠎ᠢ ᠦᠢᠯᠡᠳᠦᠯᠭᠡᠵᠢᠭᠦᠯᠵᠦ᠂ ᠱᠢᠨᠵᠢᠯᠡᠬᠦ᠌ ᠤᠬᠠᠭᠠᠨᠴᠢ᠎ᠪᠠᠷ ᠬᠠᠤᠯᠢ ᠲᠣᠭ᠍ᠲᠠᠭᠠᠬᠤ᠂ ᠠᠷᠠᠳᠴᠢᠯᠠᠯ᠎ᠢᠶᠠᠷ ᠬᠠᠤᠯᠢ ᠲᠣᠭ᠍ᠲᠠᠭᠠᠬᠤ᠂ ᠬᠠᠤᠯᠢ ᠶᠣᠰᠣᠭᠠᠷ ᠬᠠᠤᠯᠢ ᠲᠣᠭ᠍ᠲᠠᠭᠠᠬᠤ᠎ᠶ᠋ᠢ ᠭᠦᠨᠵᠡᠭᠡᠢ ᠠᠬᠢᠭᠤᠯᠤᠭᠰᠠᠨ ᠠᠮᠢᠳᠤᠯᠢᠭ ᠦᠢᠯᠡᠳᠦᠯᠭᠡ ᠮᠥᠨ᠃ ᠭᠤᠷᠪᠠᠨ ᠬᠠᠤᠯᠢ᠎ᠶ᠋ᠢᠨ ᠲᠥᠰᠦᠯ ᠨᠢ ᠡᠯ᠎ᠡ ᠲᠠᠯ᠎ᠠ᠎ᠶ᠋ᠢᠨ ᠰᠠᠨᠠᠯ᠎ᠢ ᠨᠡᠯᠢᠶᠡᠳ ᠰᠠᠢ᠌ᠨ ᠬᠦᠯᠢᠶᠡᠨ ᠠᠪᠴᠤ᠌᠂ ᠨᠡᠯᠢᠶᠡᠳ ᠪᠣᠯᠪᠠᠰᠤᠷᠠᠩᠭᠤᠢ ᠲᠡᠭᠦᠯᠳᠡᠷ ᠪᠣᠯᠵᠠᠢ ᠭᠡᠵᠦ ᠰᠠᠨᠠᠯ ᠨᠢᠭᠡᠳᠡᠢ ᠦᠵᠡᠵᠡᠭᠡᠪᠡ᠃

ᠬᠣᠯᠪᠣᠭ᠍ᠳᠠᠯ ᠪᠦᠬᠦᠢ ᠬᠠᠤᠯᠢ ᠴᠠᠭᠠᠵᠠ᠎ᠶ᠋ᠢᠨ ᠲᠣᠭ᠍ᠲᠠᠭᠠᠯ᠎ᠢ ᠦᠨᠳᠦᠰᠦᠯᠡᠪᠡᠯ᠂ ᠦᠨᠳᠦᠰᠦᠨ ᠬᠠᠤᠯᠢ ᠪᠠ ᠬᠠᠤᠯᠢ ᠴᠠᠭᠠᠵᠠ᠎ᠶ᠋ᠢᠨ ᠵᠥᠪᠯᠡᠯ᠎ᠡᠴᠡ ᠶᠡᠬᠡ ᠬᠤᠷᠠᠯ᠎ᠤᠨ ᠲᠡᠷᠢᠭᠦᠯᠡᠭ᠌ᠴᠢᠳ᠎ᠦᠨ ᠪᠦᠯᠬᠦᠮ᠎ᠳᠦ ᠭᠤᠷᠪᠠᠨ ᠬᠠᠤᠯᠢ᠎ᠶ᠋ᠢᠨ ᠲᠥᠰᠦᠯ᠎ᠢ ᠬᠢᠨᠠᠨ ᠵᠥᠪᠯᠡᠭ᠌ᠰᠡᠨ ᠦᠷ᠎ᠡ ᠳ᠋ᠦᠩ᠎ᠦᠨ ᠮᠡᠳᠡᠭᠦᠯᠦᠯᠲᠡ ᠪᠠ ᠵᠠᠰᠠᠪᠤᠷᠢ ᠣᠷᠣᠭᠤᠯᠤᠭ᠍ᠰᠠᠨ ᠨᠤᠤᠷᠠᠭ᠎ᠢ ᠲᠤᠰ ᠲᠤᠰ ᠳᠤᠷᠠᠳᠴᠤ᠌᠂ ᠲᠡᠷᠢᠭᠦᠯᠡᠭ᠌ᠴᠢᠳ᠎ᠦᠨ ᠪᠦᠯᠬᠦᠮ᠎ᠡᠴᠡ ᠭᠤᠷᠪᠠᠨ ᠬᠠᠤᠯᠢ᠎ᠶ᠋ᠢᠨ ᠲᠥᠰᠦᠯ᠎ᠳᠦ ᠵᠠᠰᠠᠪᠤᠷᠢ ᠣᠷᠣᠭᠤᠯᠤᠭ᠍ᠰᠠᠨ ᠨᠤᠤᠷᠠᠭ᠎ᠢ ᠡᠯ᠎ᠡ ᠲᠥᠯᠥᠭᠡᠯᠡᠭ᠌ᠴᠢᠳ᠎ᠦᠨ ᠪᠦᠯᠬᠦᠮ᠎ᠳᠦ ᠳᠡᠪᠱᠢᠭᠦᠯᠵᠦ᠍ ᠬᠢᠨᠠᠨ ᠵᠥᠪᠯᠡᠭᠦᠯᠬᠦ᠌᠎ᠪᠡᠷ ᠲᠣᠭ᠍ᠲᠠᠪᠠ᠃

ᠱᠢᠨᠬᠤᠸᠠ ᠬᠣᠷᠢᠶ᠎ᠠ ᠵᠢᠨ ᠪᠡᠭᠡᠵᠢᠩ᠎ᠦᠨ 3 ᠰᠠᠷ᠎ᠠ᠎ᠶ᠋ᠢᠨ 9 ᠤ᠋ ᠴᠠᠬᠢᠯᠭᠠᠨ ᠮᠡᠳᠡᠭᠡ ) 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠣᠷᠬᠢᠯ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号