《ᠣᠷᠴᠢᠨ ᠲᠤᠭᠤᠷᠢᠨ ᠤ᠋ ᠠᠷᠢᠭᠤᠨ ᠴᠡᠪᠡᠷ᠎ᠤᠨ ᠠᠵᠢᠯᠴᠢᠳ ᠬᠣᠲᠠ᠎ᠶ᠋ᠢᠨ ᠣᠷᠴᠢᠨ ᠲᠣᠭᠣᠷᠢᠨ᠎ᠢ ᠬᠠᠮᠠᠭᠠᠯᠠᠵᠤ ᠪᠠᠢᠳᠠᠭ ᠪᠣᠯᠬᠣᠷ ᠲᠡᠳᠡᠨ᠎ᠦ ᠬᠥᠳᠡᠯᠮᠦᠷᠢ᠎ᠶ᠋ᠢᠨ ᠥᠷᠲᠡᠭ ᠨᠡᠩ ᠭᠦᠢᠴᠡᠳ ᠮᠡᠳᠡᠷᠡᠭ᠌ᠳᠡᠪᠡᠯ ᠵᠤᠬᠢᠨ᠎ᠠ᠃》ᠪᠥᠬᠥ᠌ ᠤᠯᠤᠰ᠎ᠤᠨ ᠬᠣᠶᠠᠷ ᠬᠤᠷᠠᠯ ᠳᠡᠭᠡᠷ᠎ᠡ ᠪᠥᠬᠥ᠌ ᠤᠯᠤᠰ᠎ᠤᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ᠂ ᠤᠯᠠᠭᠠᠨᠬᠠᠳᠠ᠎ᠶ᠋ᠢᠨ ᠵᠢᠩ ᠬᠤᠸᠠᠨ ᠣᠷᠴᠢᠨ ᠲᠤᠭᠤᠷᠢᠨ ᠤ᠋ ᠦᠶ᠋ᠯᠡᠴᠢᠯᠡᠭᠡᠨ᠎ᠦ ᠬᠢᠵᠠᠭᠠᠷᠲᠤ ᠺᠣᠮᠫᠠᠨᠢ᠎ᠶ᠋ᠢᠨ ᠬᠥᠮᠦᠨ᠎ᠦ ᠬᠦᠴᠦ᠍᠎ᠪᠡᠷ ᠠᠵᠢᠯᠯᠠᠬᠤ ᠳᠤᠮᠳᠠ ᠠᠩᠭᠢ᠎ᠶ᠋ᠢᠨ ᠳᠠᠷᠤᠭ᠎ᠠ ᠯᠢ ᠸᠸᠨ ᠯᠢᠩ ᠲᠤᠰᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠬᠦ᠌ ᠬᠠᠷᠠᠴᠠ ᠪᠠᠨ ᠦᠷᠭᠦᠯᠵᠢᠯᠡᠨ ᠣᠷᠴᠢᠨ ᠲᠤᠭᠤᠷᠢᠨ ᠤ᠋ ᠠᠷᠢᠭᠤᠨ ᠴᠡᠪᠡᠷ᠎ᠤᠨ ᠠᠵᠢᠯᠴᠢᠳ᠎ᠤᠨ ᠪᠡᠶ᠎ᠠ ᠲᠡᠬᠡᠷ᠎ᠠ ᠲᠥᠪᠯᠡᠷᠡᠬᠦᠯᠵᠦ᠂ ᠭᠦᠨᠵᠡᠭᠡᠶ ᠪᠠᠢᠴᠠᠭᠠᠨ ᠰᠤᠳᠤᠯᠤᠯᠲᠠ ᠬᠢᠭ᠌ᠰᠡᠨ ᠰᠠᠭᠤᠷᠢᠨ ᠳᠡᠭᠡᠷ᠎ᠡ ᠣᠷᠴᠢᠨ ᠲᠤᠭᠤᠷᠢᠨ ᠤ᠋ ᠠᠷᠢᠭᠤᠨ ᠴᠡᠪᠡᠷ᠎ᠤᠨ ᠠᠵᠢᠯᠴᠢᠨ᠎ᠤ ᠴᠠᠯᠢᠩ᠎ᠤᠨ ᠪᠠᠲᠤᠯᠠᠭ᠎ᠠ᠎ᠶ᠋ᠢᠨ ᠲᠣᠭ᠍ᠲᠠᠴᠠ᠎ᠶ᠋ᠢ ᠪᠠᠢᠭᠤᠯᠬᠤ ᠵᠡᠷᠭᠡ ᠰᠠᠨᠠᠭᠤᠯᠭ᠎ᠠ ᠳᠤᠷᠠᠳᠴᠤ᠂ 《ᠬᠣᠲᠠ ᠵᠢ ᠭᠣᠶᠣᠯᠠᠭ᠍ᠴᠢ》 ᠵᠢᠨ ᠲᠤᠬᠠᠢᠯᠠᠭ᠍ᠰᠠᠨ ᠠᠵᠢᠯ᠎ᠤᠨ ᠬᠦᠷᠲᠡᠮᠵᠢ᠎ᠶ᠋ᠢᠨ ᠲᠦᠷᠦᠭ᠌ᠳᠡᠯ᠎ᠢ ᠤᠯᠠᠮ ᠨᠢᠭᠡ ᠠᠯᠬᠤᠮ ᠳᠡᠭᠡᠭ᠌ᠰᠢᠯᠡᠭᠦᠯᠬᠦ᠌᠎ᠶ᠋ᠢ ᠬᠦᠰᠡᠪᠡ᠃

ᠣᠷᠴᠢᠨ ᠲᠤᠭᠤᠷᠢᠨ ᠤ᠋ ᠠᠷᠢᠭᠤᠨ ᠴᠡᠪᠡᠷ᠎ᠤᠨ ᠨᠢᠭᠡᠳᠦᠭᠡᠷ ᠹᠷᠣᠨᠲ ᠡᠴᠡ ᠢᠷᠡᠭ᠌ᠰᠡᠨ ᠠᠷᠠᠳ᠎ᠤᠨ ᠲᠥᠯᠥᠭᠡᠯᠡᠭ᠌ᠴᠢᠳ᠎ᠦᠨ ᠶᠡᠬᠡ ᠬᠤᠷᠠᠯ᠎ᠤᠨ ᠲᠥᠯᠥᠭᠡᠯᠡᠭ᠌ᠴᠢ ᠪᠣᠯᠤᠭ᠍ᠰᠠᠨ᠎ᠤ ᠬᠤᠪᠢ᠎ᠳᠤ ᠲᠤᠱᠢᠶᠠᠯ ᠬᠠᠷᠢᠭᠤᠴᠠᠯᠭ᠎ᠠ᠎ᠪᠠᠨ ᠭᠦᠶ᠋ᠴᠡᠳᠭᠡᠭ᠌ᠰᠡᠨ᠎ᠡᠴᠡ ᠨᠠᠭᠠᠰᠢ ᠯᠢ ᠸᠸᠨ ᠯᠢᠩ᠎ᠦᠨ ᠰᠠᠨᠠᠭᠤᠯᠭ᠎ᠠ ᠨᠢᠭᠡᠪᠦᠷᠢ ᠨᠢ ᠣᠷᠴᠢᠨ ᠲᠤᠭᠤᠷᠢᠨ ᠤ᠋ ᠠᠷᠢᠭᠤᠨ ᠴᠡᠪᠡᠷ᠎ᠤᠨ ᠠᠵᠢᠯ ᠲᠥᠷᠥᠯ᠎ᠦᠨ ᠬᠥᠭ᠌ᠵᠢᠯᠲᠡ ᠪᠠ ᠨᠢᠭᠡᠳᠦᠭᠡᠷ ᠹᠷᠣᠨᠲ᠎ᠤᠨ ᠠᠵᠢᠯᠴᠢᠨ᠎ᠤ ᠡᠷᠬᠡ ᠠᠱᠢᠭ᠎ᠤᠨ ᠪᠠᠲᠤᠯᠠᠭ᠎ᠠ᠎ᠶ᠋ᠢ ᠬᠡᠷᠬᠢᠨ ᠨᠠᠩ ᠰᠠᠢᠲᠤᠷ ᠠᠬᠢᠭᠤᠯᠬᠤ ᠯᠤᠭ᠎ᠠ ᠨᠢᠭ᠍ᠲᠠ ᠤᠶᠠᠯᠳᠤᠪᠠ᠃ ᠲᠡᠷᠡ᠄ 《ᠣᠷᠴᠢᠨ ᠲᠤᠭᠤᠷᠢᠨ ᠤ᠋ ᠠᠷᠢᠭᠤᠨ ᠴᠡᠪᠡᠷ᠎ᠤᠨ ᠠᠵᠢᠯ᠎ᠤᠨ ᠡᠷᠴᠢᠮ ᠴᠢᠩᠭ᠎ᠠ᠂ ᠠᠵᠢᠯᠯᠠᠬᠤ ᠣᠷᠴᠢᠨ ᠨᠥᠬᠥᠴᠡᠯ ᠪᠡᠷᠬᠡ ᠬᠠᠲᠠᠭᠤᠵᠢᠯᠲᠠᠶ ᠪᠠᠢᠵᠤ᠂ 〈ᠠᠵᠢᠯᠴᠢᠨ ᠡᠯᠰᠡᠬᠦ᠌᠎ᠳᠦ ᠬᠦᠴᠢᠷᠲᠡᠶ᠂ ᠬᠥᠮᠦᠨ ᠦᠯᠡᠳᠡᠭᠡᠬᠦ᠌᠎ᠳᠦ ᠬᠦᠴᠢᠷᠲᠡᠶ〉 ᠪᠠᠢᠳᠠᠯ ᠨᠡᠢᠳᠡᠮ ᠣᠷᠣᠱᠢᠵᠤ᠂ ᠡᠩᠨᠡᠭᠡᠨ᠎ᠦ ᠪᠦᠲᠦᠴᠡ ᠡᠳᠦᠷ ᠢᠷᠡᠬᠦᠶ᠎ᠡ ᠨᠠᠰᠤᠳᠠᠢᠴᠤᠳ ᠤᠯᠠᠰᠢᠷᠠᠭᠰᠠᠨ ᠪᠠᠢᠳᠠᠯ ᠲᠠᠢ ᠪᠤᠯᠵᠤ ᠪᠠᠢᠨ᠎ᠠ᠃ ᠴᠠᠯᠢᠩ ᠣᠷᠣᠯᠭ᠎ᠠ ᠡᠴᠡ ᠭᠠᠳᠠᠨ᠎ᠠ ᠪᠠᠰᠠ ᠠᠰᠠᠷᠠᠮᠵᠢ ᠬᠠᠷᠠᠭᠠᠯᠵᠠᠯ᠂ ᠨᠡᠢᠭᠡᠮ᠎ᠦᠨ ᠪᠠᠲᠤᠯᠠᠭ᠎ᠠ ᠵᠡᠷᠭᠡ ᠤᠯᠠᠨ ᠲᠠᠯ᠎ᠠ ᠡᠴᠡ ᠭᠠᠷᠳᠠᠵᠤ᠂ ᠣᠷᠴᠢᠨ ᠲᠤᠭᠤᠷᠢᠨ ᠤ᠋ ᠠᠷᠢᠭᠤᠨ ᠴᠡᠪᠡᠷ᠎ᠤᠨ ᠠᠵᠢᠯᠴᠢᠨ᠎ᠤ ᠲᠤᠬᠠᠢᠯᠠᠭ᠍ᠰᠠᠨ ᠠᠵᠢᠯ᠎ᠤᠨ ᠬᠦᠷᠲᠡᠮᠵᠢ᠎ᠶ᠋ᠢᠨ ᠲᠦᠷᠦᠭ᠌ᠳᠡᠯ᠎ᠢ ᠳᠡᠭᠡᠭ᠌ᠰᠢᠯᠡᠭᠦᠯᠵᠦ᠍᠂ ᠱᠢᠨ᠎ᠡ ᠬᠦᠴᠦᠨ᠎ᠢ ᠲᠠᠲᠠᠵᠤ ᠡᠨᠡ ᠬᠦ᠌ ᠡᠩᠨᠡᠭᠡ᠎ᠳᠦ ᠣᠷᠣᠯᠴᠠᠭᠤᠯᠬᠤ ᠬᠡᠷᠡᠭᠲᠡᠢ》 ᠭᠡᠵᠦ ᠤᠷᠢᠶᠠᠯᠠᠪᠠ᠃
ᠯᠢ ᠸᠸᠨ ᠯᠢᠩ ᠰᠤᠷᠪᠤᠯᠵᠢᠯᠠᠭ᠍ᠴᠢ᠎ᠳᠤ ᠡᠳᠦᠷ ᠳᠤᠳᠤᠮ᠎ᠤᠨ ᠲᠤᠭᠤᠷᠢᠨ ᠦᠵᠡᠵᠤ ᠪᠠᠢᠴᠠᠭᠠᠨ ᠰᠤᠳᠤᠯᠬᠤ ᠶᠠᠪᠤᠴᠠ᠎ᠳᠠᠭᠠᠨ ᠲᠡᠷᠡ ᠦᠷᠬᠦᠯᠵᠢ ᠮᠠᠱᠢᠨᠴᠢᠯᠠᠯᠲᠠ᠎ᠶ᠋ᠢᠨ ᠨᠤᠷᠮᠠᠶᠡᠬᠡᠪᠡᠷ ᠳᠡᠭᠡᠭ᠌ᠰᠢᠯᠡᠭᠰᠡᠨ᠂ ᠠᠵᠢᠯᠯᠠᠬᠤ ᠨᠥᠬᠥᠴᠡᠯ ᠢᠯᠡᠳᠲᠡ ᠰᠠᠢᠵᠢᠷᠠᠭᠰᠠᠨ ᠵᠡᠷᠭᠡ᠎ᠶ᠋ᠢ ᠪᠠᠭ᠍ᠲᠠᠭᠠᠭ᠍ᠰᠠᠨ ᠣᠷᠴᠢᠨ ᠲᠤᠭᠤᠷᠢᠨ ᠤ᠋ ᠠᠷᠢᠭᠤᠨ ᠴᠡᠪᠡᠷ᠎ᠤᠨ ᠠᠵᠢᠯ ᠲᠦᠷᠦᠯ᠎ᠦᠨ ᠬᠥᠭ᠌ᠵᠢᠯᠲᠡ᠎ᠶ᠋ᠢᠨ ᠱᠢᠨ᠎ᠡ ᠬᠤᠪᠢᠷᠠᠯᠲᠠ᠎ᠶ᠋ᠢ ᠢᠳᠡᠪᠬᠢᠲᠡᠢ ᠲᠠᠨᠢᠯᠴᠠᠭᠤᠯᠵᠤ᠂ ᠤᠯᠠᠨ᠎ᠳᠤ ᠠᠵᠢᠯ ᠲᠦᠷᠦᠯ᠎ᠦᠨ ᠱᠢᠨ᠎ᠡ ᠳᠦᠷᠰᠦ ᠪᠠᠢᠳᠠᠯ᠎ᠢ ᠭᠦᠢᠴᠡᠳ ᠤᠢ᠍ᠢᠯᠠᠭᠠᠭᠤᠯᠳᠠᠭ ᠭᠡᠵᠡᠢ᠃
ᠯᠢ ᠸᠸᠨ ᠯᠢᠩ᠂ ᠠᠵᠢᠯᠯᠠᠬᠤ ᠠᠷᠭ᠎ᠠ ᠮᠠᠶᠢᠭ᠎ᠤᠨ ᠬᠡᠯᠪᠡᠷᠢ ᠵᠢ ᠬᠤᠪᠢᠷᠠᠭᠤᠯᠤᠨ ᠲᠠᠰ ᠳᠡᠪᠱᠢᠬᠦᠯᠬᠦ᠎ᠶ᠋ᠢ ᠠᠬᠢᠭᠤᠯᠬᠤ ᠨᠢ ᠠᠵᠢᠯᠴᠢᠨ᠎ᠤ ᠬᠥᠳᠡᠯᠮᠦᠷᠢᠯᠡᠬᠦ ᠡᠷᠴᠢᠮ᠎ᠢ ᠬᠥᠩᠭᠡᠷᠡᠭᠦᠯᠵᠦ᠍᠂ ᠪᠦᠬᠦᠯᠢ ᠴᠣᠭ᠍ᠴᠠ᠎ᠶ᠋ᠢᠨ ᠴᠡᠪᠡᠷᠯᠡᠭᠡ᠎ᠶ᠋ᠢᠨ ᠦᠷ᠎ᠡ ᠪᠦᠲᠦᠮᠵᠢ ᠪᠠ ᠠᠵᠢᠯ᠎ᠤᠨ ᠶᠠᠰᠤ ᠴᠢᠨᠠᠷ᠎ᠢ ᠳᠡᠭᠡᠭ᠌ᠰᠢᠯᠡᠭᠦᠯᠵᠦ᠍ ᠴᠢᠳᠠᠬᠤ᠎ᠪᠠᠷ ᠪᠠᠷᠠᠬᠤ ᠥᠬᠡᠶ ᠢᠳᠡᠷ ᠵᠠᠯᠠᠭᠤ ᠰᠢᠨ᠎ᠠ ᠬᠦᠴᠦᠨ᠎ᠢ ᠴᠦ᠍ ᠲᠡᠳᠡᠨ ᠠᠪᠴᠢᠷᠠᠵᠤ ᠴᠢᠳᠠᠨ᠎ᠠ ᠭᠡᠵᠦ ᠦᠵᠡᠪᠡ᠃ ᠲᠡᠷᠡ ᠬᠣᠯᠪᠣᠭ᠍ᠳᠠᠯ ᠪᠥᠬᠥᠶ ᠰᠠᠯᠠᠭ᠎ᠠ ᠮᠥᠴᠢᠷ᠎ᠦᠨ᠎ᠬᠢᠨ ᠲᠥᠷᠥ᠎ᠶ᠋ᠢᠨ ᠪᠣᠳᠣᠯᠭ᠎ᠠ᠎ᠶ᠋ᠢᠨ ᠳᠡᠮᠵᠢᠯᠭᠡ ᠪᠣᠯᠤᠨ ᠪᠠᠯᠠ ᠮᠥᠩᠭᠥᠨ᠎ᠦ ᠪᠠᠲᠤᠯᠠᠭ᠎ᠠ᠎ᠪᠠᠷ ᠳᠠᠮᠵᠢᠨ ᠣᠷᠴᠢᠨ ᠲᠤᠭᠤᠷᠢᠨ ᠤ᠋ ᠠᠷᠢᠭᠤᠨ ᠴᠡᠪᠡᠷ᠎ᠤᠨ ᠠᠵᠢᠯ ᠲᠥᠷᠥᠯ᠎ᠦᠨ ᠴᠢᠨᠠᠷ ᠰᠠᠢᠲᠠᠶ ᠬᠥᠭ᠌ᠵᠢᠯᠲᠡ᠎ᠶ᠋ᠢ ᠲᠠᠰᠤᠷᠠᠯᠲᠠ ᠥᠬᠡᠶ ᠠᠬᠢᠭᠤᠯᠬᠤ᠎ᠶ᠋ᠢ ᠬᠦᠰᠡᠪᠡ᠃