ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠳᠦ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ᠎ᠤ ᠬᠥᠭ᠌ᠵᠢᠯᠲᠡ᠎ᠶ᠋ᠢ ᠨᠢᠭᠡ ᠴᠤᠭ᠍ᠴᠠᠵᠢᠭᠤᠯᠤᠨ ᠠᠬᠢᠭᠤᠯᠤᠨ᠎ᠠ ᠭᠡᠵᠦ ᠲᠤᠷᠠᠳᠪᠠ᠃ ᠡᠨᠡ ᠨᠢ ᠪᠦᠬᠦ᠌ ᠤᠯᠤᠰ᠎ᠤᠨ ᠤᠯᠤᠰ ᠲᠦᠷᠦ᠍᠎ᠶ᠋ᠢᠨ ᠵᠥᠪᠯᠡᠯᠭᠡᠨ᠎ᠦ ᠪᠠᠢᠩᠭᠤ᠎ᠶ᠋ᠢᠨ ᠭᠡᠱᠢᠭᠦᠨ᠂ ᠠᠷᠠᠳᠴᠢᠯᠠᠭ᠍ᠰᠠᠨ ᠬᠣᠯᠪᠣᠭ᠎ᠠ᠎ᠶ᠋ᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠷᠢᠢ᠎ᠠ᠎ᠶ᠋ᠢᠨ ᠡᠷᠬᠢᠯᠡᠭ᠌ᠴᠢ ᠭᠡᠱᠢᠭᠦᠨ ᠵᠤᠤ ᠵᠶ᠋ᠢ᠎ᠶ᠋ᠢᠨ ᠡᠷᠴᠢ ᠵᠣᠷᠢᠭ᠎ᠢ ᠬᠥᠪᠴᠢᠯᠡᠵᠦ᠍᠂ ᠤᠷᠳᠤ ᠬᠤᠭᠤᠴᠠᠭᠠᠨ᠎ᠤ ᠲᠤᠷᠰᠢ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠰᠤᠷᠭᠠᠨ ᠬᠥᠮᠦᠵᠢᠯ᠎ᠦᠨ ᠬᠦᠷᠢᠶᠡᠨ᠎ᠦ ᠭᠡᠱᠢᠭᠦᠨ ᠪᠣᠯᠤᠭ᠍ᠰᠠᠨ᠎ᠤ ᠬᠤᠪᠢ᠎ᠳᠤ ᠡᠨᠡ ᠵᠢᠯ ᠲᠡᠷᠡ ᠲᠣᠭ᠍ᠲᠠᠴᠠ᠎ᠶ᠋ᠢᠨ ᠪᠠᠲᠤᠯᠠᠭ᠎ᠠ ᠪᠣᠯᠤᠨ ᠱᠢᠰᠲ᠋ᠧᠮ᠎ᠦᠨ ᠪᠠᠢᠭᠤᠯᠤᠯᠲᠠ᠎ᠶ᠋ᠢᠨ ᠲᠠᠯ᠎ᠠ᠎ᠳᠤ ᠠᠩᠬᠠᠷᠤᠯ᠎ᠢᠶᠠᠨ ᠲᠥᠪᠯᠡᠷᠡᠭᠦᠯᠵᠦ᠍᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ᠎ᠢ ᠨᠢᠭᠡ ᠴᠤᠬ᠍ᠴᠠᠵᠢᠭᠤᠯᠤᠨ ᠬᠥᠭ᠌ᠵᠢᠭᠦᠯᠬᠦ᠌ ᠲᠤᠬᠠᠢ ᠰᠠᠨᠠᠭᠤᠯᠭ᠎ᠠ ᠳᠤᠷᠠᠳᠴᠠᠢ᠃

ᠵᠤᠤ ᠵᠶ᠋ᠢ᠂ ᠤᠢ᠍ᠢᠷ᠎ᠠ᠎ᠶ᠋ᠢᠨ ᠵᠢᠯ᠎ᠡᠴᠡ ᠮᠠᠨ᠎ᠤ ᠤᠯᠤᠰ᠎ᠤᠨ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠰᠤᠷᠭᠠᠨ ᠬᠥᠮᠦᠵᠢᠯ᠎ᠤᠨ ᠴᠢᠳᠠᠪᠤᠷᠢᠲᠠᠨ᠎ᠤ ᠦᠢᠯᠡᠰ ᠲᠡᠦᠬᠡᠲᠦ ᠴᠢᠨᠠᠷᠲᠠᠢ ᠠᠮᠵᠢᠯᠲᠠ ᠣᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢᠨ ᠪᠦᠳᠦᠭᠡᠨ ᠪᠠᠢᠭᠤᠯᠤᠯᠲᠠ᠎ᠶ᠋ᠢ ᠬᠦᠴᠦᠲᠡᠢ ᠲᠤᠯᠭᠠᠭᠤᠷᠢᠯᠠᠵᠠᠢ᠃ ᠭᠡᠪᠡᠴᠦ᠍ ᠴᠢᠨᠠᠷ ᠰᠠᠢᠲᠠᠶ ᠬᠥᠭ᠌ᠵᠢᠯᠲᠡ᠎ᠶ᠋ᠢᠨ ᠱᠠᠭᠠᠷᠳᠠᠯᠭ᠎ᠠ᠎ᠲᠠᠶ ᠬᠠᠷᠢᠴᠠᠭᠤᠯᠪᠠᠯ ᠦᠶ᠋ᠯᠡᠳᠦᠯᠭᠡ᠎ᠶ᠋ᠢᠨ ᠳᠤᠮᠳᠠ ᠮᠥᠨ ᠬᠦ᠌ ᠬᠠᠮᠵᠢᠯᠴᠠᠬᠤ ᠲᠣᠭ᠍ᠲᠠᠴᠠ ᠱᠢᠯᠤᠭᠤᠨ ᠪᠤᠰᠤ᠂ ᠰᠤᠷᠭᠠᠨ ᠬᠥᠮᠦᠵᠢᠯ ᠡᠴᠡ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠤᠨ ᠴᠢᠳᠠᠪᠤᠷᠢᠲᠠᠨ᠎ᠳᠤ ᠦᠵᠡᠭᠦᠯᠬᠦ᠌ ᠲᠤᠯᠭᠠᠭᠤᠷᠢᠯᠠᠯ ᠭᠦᠶ᠋ᠴᠡᠳ ᠪᠤᠰᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠦᠷ᠎ᠡ ᠪᠦᠲᠦᠭᠡᠯ᠎ᠢ ᠤᠨᠳᠤᠤᠱᠢᠭᠤᠯᠬᠤ ᠦᠷ᠎ᠡ ᠪᠦᠲᠦᠮᠵᠢ ᠥᠨᠳᠥᠷ ᠪᠢᠰᠢ᠂ ᠠᠵᠤ ᠦᠶ᠋ᠯᠡᠰ ᠪᠠ ᠰᠤᠷᠭᠠᠨ ᠬᠥᠮᠦᠵᠢᠯ᠎ᠦᠨ ᠠᠭᠤᠰᠤᠯᠴᠠᠯ ᠭᠦᠨᠵᠡᠭᠡᠶ ᠪᠢᠰᠢ ᠵᠡᠷᠭᠡ ᠳᠤᠲᠠᠭᠤᠳᠠᠯ ᠣᠷᠣᠱᠢᠵᠤ ᠪᠠᠢᠨ᠎ᠠ ᠭᠡᠵᠦ ᠬᠡᠯᠡᠪᠡ᠃
《ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ ᠪᠣᠯ ᠳᠤᠮᠳᠠᠳᠤ ᠤᠯᠤᠰ᠎ᠤᠨ ᠮᠠᠶᠢᠭ ᠤ᠋ᠨ ᠣᠳᠣᠬᠢᠴᠢᠯᠠᠯᠲᠠ᠎ᠶ᠋ᠢᠨ ᠰᠠᠭᠤᠷᠢ ᠴᠢᠨᠠᠷᠲᠠᠢ᠂ ᠪᠠᠢᠯᠳᠤᠬᠤ ᠪᠤᠳᠤᠯᠭ᠎ᠠ᠎ᠶ᠋ᠢᠨ ᠴᠢᠨᠠᠷᠲᠠᠢ ᠲᠤᠯᠭᠠᠭᠤᠷᠢᠯᠠᠯ ᠮᠥᠨ》᠃ ᠲᠡᠷᠡ ᠡᠨᠡ ᠭᠤᠷᠪᠠ᠎ᠶ᠋ᠢᠨ ᠪᠠᠢᠭᠤᠯᠤᠯ ᠲᠣᠭ᠍ᠲᠠᠴᠠ᠎ᠶ᠋ᠢᠨ ᠬᠠᠷᠰᠢ ᠰᠠᠭᠠᠳ᠎ᠢ ᠠᠷᠢᠯᠭᠠᠵᠤ᠂ ᠬᠠᠮᠵᠢᠯᠴᠠᠨ ᠥᠨᠳᠥᠷ ᠪᠦᠲᠦᠮᠵᠢᠲᠡᠶ ᠬᠥᠭ᠌ᠵᠢᠬᠦ᠌ ᠱᠢᠰᠲ᠋ᠧᠮ᠎ᠢ ᠪᠠᠢᠭᠤᠯᠬᠤ ᠬᠡᠷᠡᠭ᠌ᠲᠡᠶ᠃ ᠨᠢᠭᠡ᠎ᠳᠦ᠂ ᠰᠤᠷᠭᠠᠨ ᠬᠥᠮᠦᠵᠢᠯ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠴᠢᠳᠠᠪᠤᠷᠢᠲᠠᠨ᠎ᠢ ᠨᠢᠭᠡ ᠴᠤᠭ᠍ᠴᠠᠵᠢᠭᠤᠯᠤᠨ ᠠᠬᠢᠭᠤᠯᠬᠤ ᠱᠢᠢᠳᠪᠦᠷᠢᠲᠦ ᠪᠤᠳᠤᠯᠭ᠎ᠠ ᠪᠠ ᠠᠵᠢᠯᠯᠠᠭᠠᠨ᠎ᠤ ᠲᠣᠭ᠍ᠲᠠᠴᠠ᠎ᠶ᠋ᠢ ᠪᠠᠢᠭᠤᠯᠤᠨ ᠲᠡᠭᠦᠯᠳᠡᠷᠵᠢᠭᠦᠯᠵᠦ᠍᠂ ᠰᠠᠯᠠᠭ᠎ᠠ ᠮᠥᠴᠢᠷ ᠠᠯᠤᠰᠯᠠᠭ᠍ᠰᠠᠨ ᠵᠣᠬᠢᠴᠠᠭᠤᠯᠬᠤ ᠲᠠᠪᠴᠠᠩ᠎ᠢ ᠪᠠᠢᠭᠤᠯᠤᠨ᠂ ᠡᠯ᠎ᠡ ᠲᠠᠯ᠎ᠠ᠎ᠶ᠋ᠢᠨ ᠳᠠᠪᠠᠭᠤᠯᠢᠭ ᠡᠬᠢ ᠪᠠᠶᠠᠯᠢᠭ᠎ᠢ ᠨᠡᠢᠳᠭᠡᠵᠦ᠍᠂ ᠬᠡᠰᠡᠭ ᠪᠦᠯᠦᠭ ᠬᠤᠪᠢᠶᠠᠭᠳᠠᠬᠤ ᠬᠦᠴᠢᠷᠳᠡᠯᠲᠡᠶ ᠪᠠᠢᠳᠠᠯ᠎ᠢ ᠠᠷᠢᠯᠭᠠᠨ᠎ᠠ᠃ ᠬᠣᠶᠠᠷ᠎ᠲᠤ᠂ ᠠᠵᠤ ᠠᠬᠤᠢᠯᠠᠯ᠎ᠢᠶᠠᠷ ᠭᠤᠤᠯ ᠤᠳᠤᠷᠢᠳᠤᠮᠵᠢ ᠪᠣᠯᠭᠠᠨ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ᠎ᠤ ᠠᠭᠤᠰᠤᠯᠴᠠᠯ᠎ᠢ ᠭᠦᠨᠵᠡᠭᠡᠢᠷᠡᠭᠦᠯᠵᠦ᠍᠂ ᠶᠡᠬᠡ ᠳᠡᠭᠡᠳᠦ ᠰᠤᠷᠭᠠᠭᠤᠯᠢ᠂ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠦᠷᠢᠶᠡᠯᠡᠩ ᠭᠠᠵᠠᠷ ᠪᠣᠯᠤᠨ ᠠᠵᠤ ᠠᠬᠤᠢᠯᠠᠯ ᠬᠠᠮᠲᠤ᠎ᠪᠠᠷ ᠲᠠᠪᠴᠠᠩ ᠪᠠᠢᠭᠤᠯᠵᠤ᠂ ᠬᠠᠮᠲᠤᠷᠠᠨ ᠪᠣᠭᠣᠮᠲᠠ ᠱᠢᠪᠲᠤᠯᠵᠤ᠂ ᠠᠵᠤ ᠦᠶ᠋ᠯᠡᠰ᠎ᠦᠨ ᠬᠡᠷᠡᠭ᠌ᠴᠡᠭᠡ᠎ᠶ᠋ᠢ ᠴᠢᠳᠠᠪᠤᠷᠢᠲᠠᠨ ᠬᠥᠮᠦᠵᠢᠭᠦᠯᠬᠦ᠌᠎ᠳᠦ ᠠᠭᠤᠰᠤᠯᠴᠠᠭᠤᠯᠬᠤ᠎ᠶ᠋ᠢ ᠠᠬᠢᠭᠤᠯᠤᠨ᠎ᠠ᠃ ᠭᠤᠷᠪᠠ᠎ᠳᠤ᠂ ᠡᠯ᠎ᠡ ᠱᠠᠲᠤᠨ᠎ᠤ ᠰᠤᠷᠭᠠᠨ ᠬᠥᠮᠦᠵᠢᠯ᠎ᠦᠨ ᠱᠢᠰᠲ᠋ᠧᠮ᠎ᠢ ᠲᠡᠭᠦᠯᠳᠡᠷᠵᠢᠭᠦᠯᠵᠦ᠍᠂ ᠰᠠᠭᠤᠷᠢ ᠵᠢ ᠪᠡᠬᠢᠵᠢᠭᠦᠯᠵᠦ ᠰᠤᠷᠭᠠᠨ ᠬᠥᠮᠦᠵᠢᠯ᠎ᠤᠨ ᠱᠢᠨ᠎ᠡ᠎ᠶ᠋ᠢ ᠡᠭᠦᠳᠴᠦ᠂ ᠳᠡᠭᠡᠳᠦ ᠵᠡᠷᠭᠡ᠎ᠶ᠋ᠢᠨ ᠰᠤᠷᠭᠠᠨ ᠬᠥᠮᠦᠵᠢᠯ ᠪᠣᠯᠤᠨ ᠱᠢᠨᠵᠢᠯᠡᠬᠦ᠌ ᠤᠬᠠᠭᠠᠨ᠎ᠤ ᠰᠤᠳᠤᠯᠭᠠᠨ᠎ᠤ ᠬᠥᠮᠦᠨ ᠬᠥᠮᠦᠵᠢᠭᠦᠯᠬᠦ᠌ ᠶᠠᠰᠤ ᠴᠢᠨᠠᠷ᠎ᠢ ᠳᠡᠭᠡᠭ᠌ᠰᠢᠯᠡᠭᠦᠯᠵᠦ᠍᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠵᠠᠯᠠᠭᠤ ᠴᠢᠳᠠᠪᠤᠷᠢᠲᠠᠨ᠎ᠢ ᠳᠡᠮᠵᠢᠬᠦ᠌ ᠡᠷᠴᠢᠮ᠎ᠢᠶᠡᠨ ᠴᠢᠩᠭᠠᠷᠠᠭᠤᠯᠤᠨ᠎ᠠ᠃ᠲᠦᠷᠪᠡ᠎ᠳᠦ᠂ ᠴᠢᠳᠠᠪᠤᠷᠢᠲᠠᠨ᠎ᠢ ᠦᠨᠡᠯᠡᠬᠦ᠌ ᠱᠢᠰᠲ᠋ᠧᠮ᠎ᠢ ᠱᠢᠯᠢᠳᠡᠭ᠌ᠵᠢᠭᠦᠯᠵᠦ᠍᠂ ᠱᠢᠨ᠎ᠡ᠎ᠶ᠋ᠢ ᠡᠭᠦᠳᠬᠦ᠌ ᠴᠢᠳᠠᠪᠤᠷᠢ᠂ ᠪᠣᠳᠠᠲᠤ ᠠᠮᠵᠢᠯᠲᠠ ᠪᠦᠲᠦᠮᠵᠢ᠎ᠶ᠋ᠢᠨ ᠬᠤᠪᠢ ᠨᠡᠮᠡᠷᠢ᠎ᠪᠡᠷ ᠭᠣᠣᠯ ᠦᠨᠡᠯᠡᠬᠦ᠌ ᠪᠠᠷᠢᠮᠵᠢᠶ᠎ᠠ ᠪᠣᠯᠭᠠᠨ᠎ᠠ᠃ 《ᠰᠤᠷᠭᠠᠨ ᠬᠥᠮᠦᠵᠢᠯ᠎ᠢᠶᠡᠷ ᠴᠢᠳᠠᠪᠤᠷᠢᠲᠠᠨ᠎ᠢ ᠬᠥᠮᠦᠵᠢᠭᠦᠯᠬᠦ᠌᠂ ᠴᠢᠳᠠᠪᠤᠷᠢᠲᠠᠨ᠎ᠢᠶᠠᠷ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢ ᠠᠬᠢᠭᠤᠯᠬᠤ᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠢᠶᠡᠷ ᠰᠤᠷᠭᠠᠨ ᠬᠥᠮᠦᠵᠢᠯ᠎ᠢ ᠬᠦᠴᠦᠷᠬᠡᠭ᠌ᠵᠢᠭᠦᠯᠬᠦ᠌》 ᠰᠠᠢ᠌ᠨ ᠰᠠᠢᠬᠠᠨ ᠣᠷᠴᠢᠯ᠎ᠢ ᠪᠠᠢᠭᠤᠯᠬᠤ᠎ᠪᠠᠷ ᠳᠠᠮᠵᠢᠨ ᠤᠯᠤᠰ᠎ᠤᠨ ᠱᠢᠨ᠎ᠡ᠎ᠶ᠋ᠢ ᠡᠭᠦᠳᠬᠦ᠌ ᠱᠢᠰᠲ᠋ᠧᠮ᠎ᠦᠨ ᠪᠦᠬᠦᠯᠢ ᠴᠣᠭ᠍ᠴᠠ᠎ᠶ᠋ᠢᠨ ᠦᠢᠯᠡᠳᠦᠯ ᠴᠢᠳᠠᠪᠤᠷᠢ᠎ᠶ᠋ᠢ ᠳᠡᠭᠡᠭ᠌ᠰᠢᠯᠡᠭᠦᠯᠵᠦ᠍᠂ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠬᠦ᠌᠎ᠪᠡᠷ ᠱᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠦ ᠬᠥᠭ᠌ᠵᠢᠯᠲᠡ᠎ᠶ᠋ᠢ ᠬᠥᠳᠤᠯᠤᠨ ᠳᠠᠭᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠱᠢᠨᠵᠢᠯᠡᠬᠦ᠌ ᠤᠬᠠᠭᠠᠨ ᠲᠧᠭᠨᠢᠭ ᠮᠡᠷᠭᠡᠵᠢᠯ ᠰᠤᠷᠭᠠᠨ ᠬᠥᠮᠦᠵᠢᠯ ᠴᠢᠳᠠᠪᠤᠷᠢᠲᠠᠨ᠎ᠤ ᠪᠠᠲᠤ ᠪᠡᠬᠢ ᠲᠤᠯᠭᠠᠭᠤᠷᠢᠯᠠᠯ ᠬᠠᠩᠭᠠᠪᠠᠯ ᠵᠤᠬᠢᠨ᠎ᠠ ᠭᠡᠵᠦ ᠰᠠᠨᠠᠭᠤᠯᠭ᠎ᠠ ᠳᠤᠷᠠᠳᠪᠠ᠃