3 ᠰᠠᠷ᠎ᠠ᠎ᠶ᠋ᠢᠨ 9᠎ᠤ᠋ ᠡᠳᠦᠷ᠂ ᠤᠯᠤᠰ᠎ᠤᠨ ᠲᠡᠷᠢᠭᠦᠯᠡᠭ᠌ᠴᠢ ᠰᠢ ᠵᠢᠨ ᠫᠢᠩ ᠠᠨᠲ᠋ᠤᠨᠢᠤ᠋·ᠷᠦᠸᠧᠽᠧ·ᠰᠠᠢᠬᠦ᠋ᠯᠥ᠋ᠸᠸ ᠳ᠋ᠤ ᠪᠠᠶᠠᠷ᠎ᠤᠨ ᠴᠠᠬᠢᠯᠭᠠᠨ ᠴᠢᠮᠡᠭᠡ ᠶᠠᠪᠤᠭᠤᠯᠵᠤ᠂ ᠲᠡᠭᠦᠨ᠎ᠦ ᠪᠥᠬᠥᠳᠡ ᠨᠠᠢᠷᠠᠮᠳᠠᠬᠤ ᠫᠣᠷᠲ᠋ᠦ᠋ᠭᠠᠯ ᠤᠯᠤᠰ᠎ᠤᠨ ᠶᠡᠷᠦᠩᠬᠡᠢᠯᠡᠭ᠌ᠴᠢ᠎ᠶ᠋ᠢᠨ ᠲᠤᠱᠢᠶᠠᠯ᠎ᠳᠤ ᠭᠠᠷᠤᠭ᠍ᠰᠠᠨ᠎ᠳᠤ ᠪᠠᠶᠠᠷ ᠬᠦᠷᠭᠡᠪᠡ᠃
ᠰᠢ ᠵᠢᠨ ᠫᠢᠩ᠂ ᠳᠤᠮᠳᠠᠳᠤ ᠤᠯᠤᠰ ᠪᠣᠯᠤᠨ ᠫᠣᠷᠲ᠋ᠦ᠋ᠭᠠᠯ᠎ᠤᠨ ᠤᠯᠠᠮᠵᠢᠯᠠᠯᠲᠤ ᠨᠥᠬᠥᠷᠯᠡᠯ ᠭᠦᠨ ᠵᠤᠵᠠᠭᠠᠨ ᠶᠤᠮ᠃ ᠭᠠᠳᠠᠭᠠᠳᠤ ᠬᠠᠷᠢᠯᠴᠠᠭ᠎ᠠ ᠪᠠᠢᠭᠤᠯᠤᠭ᠍ᠰᠠᠨ 47 ᠵᠢᠯ᠎ᠦᠨ ᠲᠤᠷᠰᠢ᠂ ᠬᠣᠶᠠᠷ ᠤᠯᠤᠰ᠎ᠢᠶᠠᠷ᠎ᠢᠶᠠᠨ ᠬᠠᠷᠢᠯᠴᠠᠨ ᠬᠦᠨᠳᠦᠳᠭᠡᠬᠦ᠌᠂ ᠬᠠᠷᠢᠯᠴᠠᠨ ᠳᠡᠮᠵᠢᠬᠦ᠌᠎ᠶ᠋ᠢ ᠪᠠᠷᠢᠮᠲᠠᠯᠠᠵᠤ᠂ ᠤᠯᠤᠰ ᠲᠦᠷᠦ᠍᠎ᠶ᠋ᠢᠨ ᠤᠶᠤᠨ ᠤᠬᠠᠭᠠᠨ᠎ᠢᠶᠠᠷ ᠣᠣᠮᠧᠨ᠎ᠦ ᠠᠰᠠᠭᠤᠳᠠᠯ᠎ᠢ ᠵᠣᠬᠢᠰᠲᠠᠢ ᠱᠢᠢᠳᠪᠦᠷᠢᠯᠡᠵᠦ᠍᠂ ᠬᠠᠨᠢᠲᠠᠨ᠎ᠤ ᠵᠣᠷᠢᠭ ᠰᠠᠨᠠᠭ᠎ᠠ᠎ᠵᠢ ᠪᠠᠷᠢᠮᠳᠠᠯᠠᠵᠤ ᠬᠠᠷᠢᠯᠴᠠᠨ ᠠᠱᠢᠭ᠍ᠲᠠᠢ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠍᠂ ᠤᠯᠠᠨ ᠤᠯᠤᠰ᠎ᠤᠨ ᠬᠡᠷᠡᠭ ᠶᠠᠪᠤᠳᠠᠯ ᠳᠤᠮᠳᠠ ᠨᠢᠭ᠍ᠲᠠ ᠬᠠᠮᠵᠢᠯᠴᠠᠵᠤ᠂ ᠬᠣᠶᠠᠷ ᠲᠠᠯ᠎ᠠ᠎ᠶ᠋ᠢᠨ ᠬᠠᠷᠢᠯᠴᠠᠭ᠎ᠠ ᠢᠮᠠᠭ᠍ᠲᠠ ᠡᠷᠡᠭᠦᠯ ᠪᠦᠬᠡᠳ ᠲᠣᠭ᠍ᠲᠠᠭᠤᠨ ᠬᠥᠭ᠌ᠵᠢᠪᠡ᠃ ᠪᠢ ᠳᠤᠮᠳᠠᠳᠤ ᠫᠣᠷᠲ᠋ᠦ᠋ᠭᠠᠯ᠎ᠤᠨ ᠬᠠᠷᠢᠯᠴᠠᠭ᠎ᠠ᠎ᠶ᠋ᠢᠨ ᠬᠥᠭ᠌ᠵᠢᠯᠲᠡ᠎ᠶ᠋ᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ ᠪᠠᠢᠨ᠎ᠠ᠂ ᠳᠤᠷᠠᠲᠠᠶ᠎ᠠ ᠶᠡᠷᠦᠩᠬᠡᠢᠯᠡᠭ᠌ᠴᠢ ᠰᠠᠢᠬᠦ᠋ᠯᠥ᠋ᠸᠸ ᠲᠠᠢ ᠬᠠᠮᠲᠤ᠎ᠪᠠᠷ ᠴᠢᠷᠮᠠᠢᠵᠤ ᠪᠠᠢᠯᠳᠤᠬᠤ ᠪᠤᠳᠤᠯᠭ᠎ᠠ᠎ᠶ᠋ᠢᠨ ᠤᠯᠤᠯᠴᠠᠭ᠎ᠠ᠎ᠪᠠᠨ ᠴᠢᠩᠭᠠᠳᠭᠠᠵᠤ᠂ ᠥᠨᠳᠥᠷ ᠲᠦᠪᠱᠢᠨ ᠪᠦᠬᠦᠢ ᠢᠲᠡᠭᠡᠯᠴᠡᠭᠡ᠎ᠪᠡᠨ ᠪᠡᠬᠢᠵᠢᠭᠦᠯᠵᠦ᠍᠂ ᠴᠢᠨᠠᠷ ᠰᠠᠢᠲᠠᠢ ᠬᠠᠮᠲᠤᠷᠠᠯᠴᠠᠭ᠎ᠠ ᠪᠠᠨ ᠠᠬᠢᠭᠤᠯᠵᠤ᠂ ᠳᠤᠮᠳᠠᠳᠤ ᠫᠣᠷᠲ᠋ᠦ᠋ᠭᠠᠯ᠎ᠤᠨ ᠪᠦᠬᠦ᠌ ᠲᠠᠯ᠎ᠠ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠬᠠᠨᠢᠲᠠᠨ᠎ᠤ ᠬᠠᠷᠢᠯᠴᠠᠭ᠎ᠠ᠎ᠶ᠋ᠢᠨ ᠠᠭᠤᠯᠤᠭ᠍ᠳᠠᠬᠤᠨ᠎ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠍᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠤᠯᠠᠨ ᠠᠵᠠ ᠵᠢᠷᠭᠠᠯ ᠠᠪᠴᠢᠷᠠᠵᠤ ᠦᠭᠭᠦᠨ᠎ᠠ ᠭᠡᠵᠦ᠍ ᠵᠢᠭᠠᠵᠤ ᠭᠠᠷᠭᠠᠪᠠ᠃
(ᠱᠢᠨᠬᠤᠸᠠ ᠬᠤᠷᠢᠶ᠎ᠠ᠎ᠶᠢᠨ ᠪᠡᠭᠡᠵᠢᠩ᠎ᠦᠨ 3 ᠰᠠᠷ᠎ᠠ᠎ᠶ᠋ᠢᠨ 9᠎ᠤ᠋ ᠴᠠᠬᠢᠯᠭᠠᠨ ᠮᠡᠳᠡᠭᠡ)
2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ
ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ
ᠬᠠᠷᠢᠯᠴᠠᠬᠤ ᠤᠲᠠᠰᠤ᠄0471-6635435
ᠢᠮᠧᠯ᠄mgyxww@163.com 蒙ICP备10000005号