63 ᠳ᠋ᠡᠬᠢ ᠯᠸᠢ ᠹᠸᠩ ᠡᠴᠨ ᠳᠠᠭᠠᠨ ᠰᠤᠷᠤᠯᠴᠠᠬᠤ ᠲᠤᠷᠠᠰᠬᠠᠯ ᠤ᠋ᠨ ᠡᠳᠦᠷ ᠬᠦᠷᠴᠦ ᠢᠷᠡᠬᠦ ᠲᠠᠰᠢᠷᠠᠮ ᠵᠢᠡᠷ᠂ ᠦᠪᠦᠷ ᠮᠤᠩᠭᠤᠯ ᠤ᠋ᠨ ᠪᠠᠢᠴᠠᠭᠠᠬᠤ ᠪᠠᠢᠭᠤᠯᠭ᠎ᠠ ᠨᠢ ᠤᠯᠠᠨ ᠶᠠᠩᠵᠤ ᠬᠡᠯᠪᠡᠷᠢ ᠵᠢᠨ ᠰᠠᠢᠨ ᠲᠤᠷᠠᠴᠤᠳ ᠤ᠋ᠨ ᠦᠢᠯᠡᠴᠢᠯᠡᠬᠡᠨ ᠤ᠋ ᠠᠵᠢᠯᠯᠠᠭ᠎ᠠ ᠦᠷᠨᠢᠬᠦᠯᠵᠦ᠂ ᠪᠠᠢᠴᠠᠭᠠᠬᠤ ᠪᠠᠢᠭᠤᠯᠭ᠎ᠠ ᠵᠢᠨ ᠬᠠᠯᠠᠭᠤᠨ ᠲᠤᠯᠠᠭᠠᠨ ᠢ ᠲᠠᠮᠵᠢᠭᠤᠯᠵᠠᠢ᠃
ᠲᠦᠮᠡᠳ ᠵᠡᠬᠦᠨ ᠬᠤᠰᠢᠭᠤᠨ ᠤ᠋ ᠠᠷᠠᠳ ᠤ᠋ᠨ ᠪᠠᠢᠴᠠᠭᠠᠬᠤ ᠬᠤᠷᠢᠶ᠎ᠠ ᠨᠢ ᠬᠠᠮᠢᠶ᠎ᠠ ᠪᠦᠬᠦᠢ ᠪᠠᠢᠭᠤᠯᠭ᠎ᠠ ᠨᠢᠬᠡᠴᠢ ᠲᠠᠢ ᠬᠠᠮᠳᠤᠷᠠᠨ᠂ 《ᠯᠸᠢ ᠹᠸᠩ ᠡᠴᠨ ᠳᠠᠭᠠᠨ ᠰᠤᠷᠤᠯᠴᠠᠵᠤ᠂ ᠬᠠᠤᠯᠢ ᠲᠦᠬᠡᠮᠡᠯᠵᠢᠬᠦᠯᠬᠦ》 ᠭᠤᠤᠯ ᠰᠡᠳᠦᠪᠳᠦ ᠠᠵᠢᠯᠯᠠᠭ᠎ᠠ ᠦᠷᠨᠢᠬᠦᠯᠵᠡᠢ᠃
ᠴᠠᠭᠠᠰᠤᠴᠢ ᠪᠠᠯᠭᠠᠰᠤᠨ ᠤ᠋ ᠤᠤᠯ ᠤ᠋ᠨ ᠵᠠᠰᠠᠬ ᠤ᠋ᠨ ᠤᠷᠳᠤᠨ ᠤ᠋ ᠠᠭᠤᠳᠠᠮ ᠲᠠᠯᠠᠪᠠᠢ ᠲᠡᠭᠡᠷ᠎ᠡ᠂ ᠪᠠᠢᠴᠠᠭᠠᠬᠤ ᠠᠵᠢᠯᠳᠠᠳ ᠤᠯᠠᠨ ᠲᠦᠮᠡᠨ ᠳ᠋ᠸ᠋ ᠠᠯᠪᠠᠳᠠᠯᠭ᠎ᠠ ᠪᠡᠷ ᠮᠡᠳᠡᠬᠦᠯᠬᠦ ᠲᠦᠷᠢᠮ ᠵᠢᠴᠢ ᠨᠠᠰᠤᠨ ᠳ᠋ᠸ᠋ ᠦᠯᠦ ᠬᠦᠷᠦᠭᠰᠡᠳ ᠤ᠋ᠨ ᠪᠡᠯᠬᠡ ᠵᠢᠨ ᠬᠠᠯᠳᠠᠯᠭ᠎ᠠ ᠵᠢ ᠰᠡᠷᠬᠡᠢᠯᠡᠬᠦ ᠤᠬᠠᠭᠤᠯᠭ᠎ᠠ ᠵᠢᠨ ᠲᠡᠪᠳᠡᠷ ᠢ ᠲᠠᠷᠬᠠᠭᠠᠨ᠂ ᠵᠢᠷᠤᠬ ᠦᠰᠦᠭ ᠵᠢᠡᠷ ᠲᠠᠢᠯᠪᠤᠷᠢᠯᠠᠬᠤ᠂ ᠠᠬᠤᠢ ᠲᠠᠯᠠᠪᠠᠢ ᠳ᠋ᠸ᠋ ᠰᠡᠵᠢᠭ ᠮᠠᠳᠠᠬ ᠢ ᠲᠠᠢᠯᠬᠤ ᠵᠡᠷᠬᠡ ᠠᠷᠭ᠎ᠠ ᠬᠡᠯᠪᠡᠷᠢ ᠪᠡᠷ ᠬᠠᠤᠯᠢ ᠵᠢ ᠲᠦᠬᠡᠮᠡᠯᠵᠢᠬᠦᠯᠦᠨ ᠤᠬᠠᠭᠤᠯᠭ᠎ᠠ ᠦᠷᠨᠢᠬᠦᠯᠵᠡᠢ᠃
ᠪᠠᠢᠴᠠᠭᠠᠬᠤ ᠠᠵᠢᠯᠳᠠᠳ ᠰᠤᠷᠭᠠᠭᠤᠯᠢ ᠵᠢᠨ ᠬᠦᠷᠢᠶᠡᠨ ᠳ᠋ᠸ᠋ ᠬᠦᠨᠵᠡᠬᠡᠢᠷᠡᠨ᠂ ᠨᠡᠢᠳᠡᠯᠢᠭ ᠬᠡᠷᠡᠭ ᠤ᠋ᠨ ᠵᠢᠱ᠌ᠢᠶ᠎ᠡ᠂ ᠪᠤᠳᠤᠯ ᠰᠠᠨᠠᠯ ᠵᠢᠡᠨ ᠰᠤᠯᠢᠯᠴᠠᠬᠤ ᠬᠡᠯᠪᠡᠷᠢ ᠪᠡᠷ ᠲᠠᠮᠵᠢᠨ᠂ ᠬᠠᠤᠯᠢ ᠴᠠᠭᠠᠵᠠ ᠵᠢᠨ ᠮᠡᠳᠡᠯᠬᠡ ᠵᠢ ᠲᠤᠭᠤᠷᠠᠳᠠᠯ᠎ᠠ ᠶᠠᠷᠢᠵᠤ᠂ ᠠᠮᠤᠷ ᠲᠦᠪᠰᠢᠨ ᠤ᠋ ᠰᠠᠨᠠᠭᠤᠯᠤᠮᠵᠢ ᠵᠢ ᠪᠤᠳᠠᠳᠠᠢ ᠪᠡᠷ ᠬᠡᠯᠡᠵᠦ᠂ ᠰᠤᠷᠤᠬᠴᠢᠳ ᠢ ᠰᠢᠨ᠎ᠡ ᠴᠠᠬ ᠦᠶ᠎ᠠ ᠵᠢᠨ ᠪᠤᠯᠪᠠᠰᠤᠨ ᠪᠠᠭᠠᠴᠤᠳ ᠪᠤᠯᠬᠤ ᠵᠢ ᠬᠦᠳᠦᠯᠦᠨ ᠲᠠᠭᠠᠭᠤᠯᠪᠠ᠃
ᠪᠤᠭᠤᠳᠤ ᠬᠤᠳᠠ ᠵᠢᠨ ᠠᠷᠠᠳ ᠤ᠋ᠨ ᠪᠠᠢᠴᠠᠭᠠᠬᠤ ᠬᠤᠷᠢᠶ᠎ᠠ ᠵᠢᠨ ᠬᠠᠤᠯᠢ ᠴᠠᠭᠠᠵᠠ ᠵᠢᠨ ᠴᠠᠬᠳᠠᠭ᠎ᠠ ᠵᠢᠨ ᠰᠠᠯᠪᠤᠷᠢ ᠠᠩᠬᠢ ᠵᠢᠨ ᠨᠢᠬᠡᠳᠦᠯᠳᠡᠢ ᠵᠤᠬᠢᠶᠠᠨ ᠪᠠᠢᠭᠤᠯᠤᠯᠳᠠ ᠵᠢᠨ ᠲᠤᠤᠷ᠎ᠠ᠂ ᠵᠢᠦ ᠶᠤᠸᠠᠨ ᠲᠤᠭᠤᠷᠢᠬ ᠤ᠋ᠨ ᠠᠷᠠᠳ ᠤ᠋ᠨ ᠪᠠᠢᠴᠠᠭᠠᠬᠤ ᠬᠤᠷᠢᠶᠠᠨ ᠤ᠋ ᠬᠠᠤᠯᠢ ᠴᠠᠭᠠᠵᠠ ᠵᠢᠨ ᠴᠠᠬᠳᠠᠭ᠎ᠠ ᠵᠢᠨ ᠶᠡᠬᠡ ᠠᠩᠬᠢ ᠨᠢ ᠬᠦᠨᠳᠡᠯᠡᠨ ᠲᠤᠭᠤᠷᠢᠬ᠂ ᠴᠢᠩᠱᠠᠨ ᠲᠤᠭᠤᠷᠢᠬ ᠤ᠋ᠨ ᠪᠠᠢᠴᠠᠭᠠᠬᠤ ᠬᠤᠷᠢᠶ᠎ᠠ ᠵᠢᠨ ᠬᠠᠤᠯᠢ ᠴᠠᠭᠠᠵᠠ ᠵᠢᠨ ᠴᠠᠬᠳᠠᠭ᠎ᠠ ᠵᠢᠨ ᠰᠠᠯᠪᠤᠷᠢ ᠠᠩᠬᠢ ᠲᠠᠢ ᠬᠠᠮᠵᠢᠯᠴᠠᠨ᠂ ᠪᠤᠭᠤᠳᠤ ᠬᠤᠳᠠ ᠵᠢᠨ ᠰᠠᠢᠨ ᠲᠤᠷᠠᠳᠠᠳ ᠤ᠋ᠨ ᠦᠢᠯᠡᠴᠢᠯᠡᠬᠡᠨ ᠤ᠋ ᠲᠦᠪ ᠲᠦ᠍᠂ 《ᠯᠸᠢ ᠹᠸᠩ ᠡᠴᠨ ᠳᠠᠭᠠᠨ ᠰᠤᠷᠤᠯᠴᠠᠨ ᠰᠠᠢᠨ ᠲᠤᠷ᠎ᠠ ᠵᠢᠨ ᠠᠵᠢᠯᠯᠠᠭ᠎ᠠ ᠦᠷᠨᠢᠬᠦᠯᠵᠦ᠂ ᠬᠠᠮᠳᠤ ᠪᠡᠷ ᠤᠷᠤᠬᠰᠢᠯᠠᠨ ᠲᠠᠪᠰᠢᠬᠤ》 ᠭᠤᠤᠯ ᠰᠡᠳᠦᠪᠳᠦ ᠰᠠᠢᠨ ᠲᠤᠷ᠎ᠠ ᠵᠢᠨ ᠦᠢᠯᠡᠴᠢᠯᠡᠬᠡᠨ ᠤ᠋ ᠠᠵᠢᠯᠯᠠᠭ᠎ᠠ ᠦᠷᠨᠢᠬᠦᠯᠵᠡᠢ᠃
ᠠᠵᠢᠯᠯᠠᠭ᠎ᠠ ᠵᠢᠨ ᠠᠬᠤᠢ ᠲᠠᠯᠠᠪᠠᠢ ᠳ᠋ᠸ᠋᠂ ᠪᠦᠬᠦᠢᠯᠡ ᠬᠠᠤᠯᠢ ᠴᠠᠭᠠᠵᠠ ᠵᠢᠨ ᠴᠠᠬᠳᠠᠭ᠎ᠠ ᠨᠠᠷ ᠬᠠᠮᠳᠤ ᠪᠡᠷ ᠯᠸᠢ ᠹᠸᠩ ᠤ᠋ᠨ ᠵᠤᠷᠢᠬ ᠰᠠᠨᠠᠭ᠎ᠠ ᠵᠢᠨ ᠭᠤᠤᠯ ᠰᠡᠳᠦᠪᠳᠦ ᠤᠬᠤᠷ ᠸᠢᠳᠢᠣ᠋ ᠢ ᠰᠤᠨᠢᠷᠬᠠᠨ ᠦᠵᠡᠵᠦ᠂ ᠯᠸᠢ ᠹᠸᠩ ᠤ᠋ᠨ ᠵᠤᠷᠢᠬ ᠰᠠᠨᠠᠭᠠᠨ ᠤ᠋ ᠴᠠᠬ ᠦᠶ᠎ᠡ ᠵᠢᠨ ᠠᠭᠤᠯᠤᠬᠳᠠᠬᠤᠨ ᠪᠠ ᠦᠢᠯᠡᠳᠦᠯᠬᠡ ᠵᠢᠨ ᠱᠠᠭᠠᠷᠳᠠᠯᠭ᠎ᠠ ᠵᠢ ᠬᠦᠨᠵᠡᠬᠡᠢ ᠮᠡᠳᠡᠷᠡᠨ ᠤᠢᠯᠠᠭᠠᠪᠠ᠃