ᠦᠨᠳᠦᠰᠦᠨ ᠬᠠᠤᠯᠢ ᠪᠡᠷ ᠦᠰᠦᠨ ᠪᠤᠢᠵᠢᠯᠳᠠ ᠵᠢ ᠬᠠᠮᠠᠭᠠᠯᠠᠨ ᠬᠠᠤᠯᠢ ᠪᠡᠷ ᠵᠠᠰᠠᠬᠤ ᠤᠬᠠᠭᠤᠯᠭ᠎ᠠ ᠵᠢ ᠰᠤᠷᠭᠠᠭᠤᠯᠢ ᠵᠢᠨ ᠬᠦᠷᠢᠶᠡᠨ ᠳ᠋ᠸ᠋ ᠤᠷᠤᠭᠤᠯᠤᠨ᠎ᠠ
2026-03-10 11:36:12
ᠵᠣᠬᠢᠶᠠᠭ᠍ᠴᠢ᠄
ᠰᠢᠨᠡᠪᠢᠯᠢᠭ
ᠣᠩᠱᠢᠭ᠍ᠰᠠᠨ ᠣᠳᠠᠭ᠎ᠠ᠄
★★★☆☆

ᠦᠨᠳᠦᠰᠦᠨ ᠬᠠᠤᠯᠢ ᠵᠢᠨ ᠵᠤᠷᠢᠬ ᠰᠠᠨᠠᠭ᠎ᠠ ᠵᠢ ᠶᠡᠬᠡ ᠪᠡᠷ ᠪᠠᠳᠠᠷᠠᠭᠤᠯᠤᠨ᠂ ᠰᠤᠷᠭᠠᠭᠤᠯᠢ ᠵᠢᠨ ᠬᠦᠷᠢᠶᠡᠨ ᠤ᠋ ᠠᠮᠤᠷ ᠲᠦᠪᠰᠢᠨ ᠤ᠋ ᠬᠠᠮᠠᠭᠠᠯᠠᠯᠳᠠ ᠵᠢᠨ ᠱᠤᠭᠤᠮ ᠎ᠢ ᠪᠠᠳᠤ ᠴᠤᠬᠴᠠᠯᠠᠬᠤ ᠵᠢᠨ ᠲᠤᠯᠠᠳᠠ᠂ ᠤᠢᠷ᠎ᠠ ᠵᠢᠨ ᠡᠳᠦᠷ᠂ ᠬᠦᠬᠡᠬᠤᠳᠠ ᠵᠢᠨ ᠲᠤᠳᠤᠭᠠᠳᠤ ᠵᠢ ᠬᠠᠮᠠᠭᠠᠯᠠᠬᠤ ᠲᠤᠪᠴᠢᠶ᠎ᠠ ᠵᠢᠨ ᠰᠠᠢᠬᠠᠨ ᠲᠤᠭᠤᠷᠢᠬ ᠤ᠋ᠨ ᠬᠤᠪᠢᠶᠠᠷᠢ ᠲᠤᠪᠴᠢᠶ᠎ᠠ ᠵᠢᠨ ᠠᠷᠠᠳ ᠲᠦᠮᠡᠨ ᠵᠠᠮ ᠳ᠋ᠡᠬᠢ ᠲᠤᠮᠢᠯᠠᠬᠰᠠᠨ ᠰᠠᠯᠪᠤᠷᠢ ᠨᠢ ᠴᠠᠬᠳᠠᠭ᠎ᠠ ᠨᠠᠷ ᠎ᠢ ᠵᠤᠬᠢᠶᠠᠨ ᠪᠠᠢᠭᠤᠯᠤᠨ᠂ ᠤᠷᠢᠳ ᠬᠤᠵᠢᠳ ᠰᠢᠯᠢ ᠵᠢᠨ ᠭᠤᠤᠯ ᠡᠮᠦᠨ᠎ᠡ ᠵᠠᠮ ᠤ᠋ᠨ ᠪᠠᠭ᠎ᠠ ᠰᠤᠷᠭᠠᠭᠤᠯᠢ᠂ ᠬᠦᠬᠡᠬᠤᠳᠠ ᠵᠢᠨ ᠠᠷᠪᠠᠨ ᠨᠠᠢ᠍ᠮᠠᠳᠤᠭᠠᠷ ᠲᠤᠮᠳᠠᠳᠤ ᠰᠤᠷᠭᠠᠭᠤᠯᠢ ᠳ᠋ᠸ᠋ ᠬᠦᠷᠴᠦ᠂ ᠬᠠᠤᠯᠢ ᠪᠡᠷ ᠵᠠᠰᠠᠬᠤ ᠠᠮᠤᠷ ᠲᠦᠪᠰᠢᠨ ᠤ᠋ ᠤᠬᠠᠭᠤᠯᠭ᠎ᠠ ᠵᠢᠴᠢ ᠦᠨᠳᠦᠰᠦᠨ ᠬᠠᠤᠯᠢ ᠳ᠋ᠸ᠋ ᠲᠠᠩᠭᠠᠷᠢᠬᠯᠠᠬᠤ ᠭᠤᠤᠯ ᠰᠡᠳᠦᠪᠳᠦ ᠠᠵᠢᠯᠯᠠᠭ᠎ᠠ ᠦᠷᠨᠢᠬᠦᠯᠪᠡ᠃ 

ᠰᠤᠷᠤᠯᠭ᠎ᠠ ᠡᠬᠢᠯᠡᠬᠦ ᠶᠤᠰᠤᠯᠠᠯ ᠨᠢ ᠰᠦᠷ ᠵᠢᠪᠬᠤᠯᠠᠩᠳᠤ ᠤᠯᠤᠰ ᠤ᠋ᠨ ᠲᠤᠬ ᠮᠠᠨᠳᠤᠭᠤᠯᠬᠤ ᠶᠤᠰᠤᠯᠠᠯ ᠤ᠋ᠨ ᠲᠤᠮᠳᠠ ᠬᠦᠰᠢᠬᠡ ᠪᠡᠨ ᠢᠷᠠᠪᠠ᠃ ᠠᠬᠤᠢ ᠲᠠᠯᠠᠪᠠᠢ ᠳ᠋ᠸ᠋᠂ ᠬᠠᠤᠯᠢ ᠪᠡᠷ ᠵᠠᠰᠠᠬᠤ ᠲᠡᠳ᠋ ᠰᠤᠷᠭᠠᠭᠤᠯᠢ ᠵᠢᠨ ᠵᠠᠬᠢᠷᠤᠯ᠂ ᠵᠢᠭᠠᠨ ᠵᠢᠯᠤᠭᠤᠳᠤᠬᠴᠢ ᠵᠢ ᠤᠷᠢᠨ ᠲᠤᠮᠢᠯᠠᠬᠤ ᠶᠤᠰᠤᠯᠠᠯ ᠡᠷᠬᠢᠯᠡᠪᠡ᠃ ᠠᠵᠢᠯᠯᠠᠭ᠎ᠠ ᠵᠢᠨ ᠠᠬᠤᠢ ᠲᠠᠯᠠᠪᠠᠢ ᠡᠮᠬᠢ ᠴᠡᠭᠴᠡᠳᠡᠢ ᠪᠠᠢᠵᠤ᠂ ᠴᠠᠬᠳᠠᠭ᠎ᠠ ᠪᠠ ᠪᠠᠬᠰᠢ ᠰᠤᠷᠤᠬᠴᠢᠳ ᠤ᠋ᠨ ᠲᠦᠯᠦᠬᠡᠯᠡᠴᠢ ᠲᠡᠷᠢ ᠲᠡᠭᠰᠢ ᠵᠢᠬᠰᠠᠨ ᠮᠦᠷᠯᠡᠵᠦ᠂ ᠤᠯᠤᠰ ᠤ᠋ᠨ ᠲᠤᠬ ᠲᠦ᠍ ᠬᠠᠨᠳᠤᠨ ᠦᠨᠳᠦᠰᠦᠨ ᠬᠠᠤᠯᠢ ᠳ᠋ᠸ᠋ ᠲᠠᠩᠭᠠᠷᠢᠬᠯᠠᠪᠠ᠃ 

ᠠᠵᠢᠯᠯᠠᠭ᠎ᠠ ᠵᠢᠨ ᠬᠤᠭᠤᠴᠠᠭᠠᠨ᠎ᠳᠦ᠂ ᠴᠠᠬᠳᠠᠭ᠎ᠠ ᠡᠴᠨ 《ᠬᠠᠤᠯᠢ ᠪᠡᠷ ᠵᠠᠰᠠᠬᠤ ᠪᠡᠷ ᠦᠰᠦᠨ ᠪᠤᠢᠵᠢᠯᠳᠠ ᠵᠢ ᠬᠠᠮᠠᠭᠠᠯᠠᠨ᠂ ᠠᠮᠤᠷ ᠲᠦᠪᠰᠢᠨ ᠲᠠᠢ ᠴᠤᠬᠭᠠᠷ ᠤᠷᠤᠬᠰᠢᠯᠠᠬᠤ》 ᠪᠡᠷ ᠭᠤᠤᠯ ᠰᠡᠳᠦᠪ ᠪᠤᠯᠭᠠᠨ᠂ ᠲᠤᠮᠳᠠᠳᠤ ᠪᠠᠭ᠎ᠠ ᠰᠤᠷᠭᠠᠭᠤᠯᠢ ᠵᠢᠨ ᠰᠤᠷᠤᠬᠴᠢᠳ ᠤ᠋ᠨ ᠲᠠᠨᠢᠯᠳᠠ ᠵᠢᠨ ᠤᠨᠴᠠᠯᠢᠬ ᠬᠢᠬᠡᠳ ᠰᠤᠷᠭᠠᠭᠤᠯᠢ ᠵᠢᠨ ᠬᠦᠷᠢᠶᠡᠨ ᠤ᠋ ᠪᠤᠳᠠᠳᠠᠢ ᠲᠠᠢ ᠤᠶᠠᠯᠳᠤᠭᠤᠯᠤᠨ᠂ ᠦᠨᠳᠦᠰᠦᠨ ᠬᠠᠤᠯᠢ ᠵᠢᠨ ᠦᠨᠳᠦᠰᠦᠨ ᠮᠡᠳᠡᠯᠬᠡ᠂ ᠨᠠᠰᠤᠨ ᠳ᠋ᠸ᠋ ᠦᠯᠦ ᠬᠦᠷᠦᠭᠰᠡᠳ ᠎ᠢ ᠬᠠᠮᠠᠭᠠᠯᠠᠬᠤ ᠵᠡᠷᠬᠡ ᠭᠤᠤᠯᠳᠠᠯᠭ᠎ᠠ ᠲᠠᠢ ᠠᠭᠤᠯᠭ᠎ᠠ ᠵᠢᠨ ᠲᠤᠭᠤᠷᠢᠨ ᠳ᠋ᠸ᠋᠂ ᠦᠨᠡᠨ ᠪᠤᠳᠠᠳᠠᠢ ᠬᠡᠷᠡᠭ ᠤ᠋ᠨ ᠵᠢᠱ᠌ᠢᠶ᠎ᠡ ᠪᠡᠷ ᠬᠡᠷᠡᠭ ᠵᠢᠡᠷ ᠬᠠᠤᠯᠢ ᠵᠢ ᠲᠠᠢᠯᠪᠤᠷᠢᠯᠠᠨ᠂ ᠬᠠᠤᠯᠢ ᠪᠡᠷ ᠶᠤᠰᠤ ᠵᠢ ᠶᠠᠷᠢᠵᠤ᠂ ᠬᠢᠯᠪᠠᠷ ᠤᠢᠯᠠᠭᠠᠮᠵᠢᠳᠠᠢ ᠬᠡᠯᠡ ᠬᠡᠯᠡᠯᠬᠡ ᠪᠡᠷ ᠬᠠᠤᠯᠢ ᠴᠠᠭᠠᠵᠠ ᠵᠢᠨ ᠬᠤᠷᠢᠭ᠎ᠠ ᠱᠤᠭᠤᠮ ᠪᠠ ᠠᠵᠢᠯᠯᠠᠭᠠᠨ ᠤ᠋ ᠵᠠᠭᠠᠬ ᠬᠢᠵᠠᠭᠠᠷ ᠎ᠢ ᠲᠠᠢᠯᠪᠤᠷᠢᠯᠠᠵᠠᠢ᠃ 

ᠬᠦᠳᠡᠯᠦᠯᠴᠡᠬᠡᠨ ᠤ᠋ ᠪᠤᠳᠤᠯ ᠰᠠᠨᠠᠯ ᠵᠢᠡᠨ ᠰᠤᠯᠢᠯᠴᠠᠬᠤ ᠭᠤᠬᠴᠤᠭᠠᠨ ᠳ᠋ᠸ᠋᠂ ᠴᠠᠬᠳᠠᠭ᠎ᠠ ᠨᠠᠷ ᠰᠤᠷᠤᠬᠴᠢᠳ ᠤ᠋ᠨ ᠠᠰᠠᠭᠤᠬᠰᠠᠨ ᠠᠰᠠᠭᠤᠯᠳᠠ ᠵᠢ ᠬᠦᠯᠢᠴᠡᠩᠬᠦᠢ ᠪᠡᠷ ᠬᠠᠷᠢᠭᠤᠯᠵᠤ᠂ ᠠᠮᠤᠷ ᠲᠦᠪᠰᠢᠨ ᠤ᠋ ᠰᠡᠷᠬᠡᠢᠯᠡᠯᠳᠡ ᠵᠢᠨ ᠶᠡᠷᠦ ᠵᠢᠨ ᠮᠡᠳᠡᠯᠬᠡ ᠵᠢ ᠲᠦᠬᠡᠮᠡᠯᠵᠢᠬᠦᠯᠦᠨ᠂ ᠬᠠᠤᠯᠢ ᠲᠦᠬᠡᠮᠡᠯᠵᠢᠬᠦᠯᠬᠦ ᠤᠬᠠᠭᠤᠯᠭ᠎ᠠ ᠵᠢᠨ ᠮᠠᠲᠸᠷᠢᠶᠠᠯ ᠎ᠢ ᠲᠠᠷᠬᠠᠭᠠᠨ᠂ ᠤᠯᠠᠨ ᠳ᠋ᠸ᠋ ᠠᠶᠤᠯ ᠳᠠᠢ ᠠᠵᠢᠯᠯᠠᠭ᠎ᠠ ᠡᠴᠨ ᠵᠠᠢᠯᠠᠨ᠂ ᠰᠦᠯᠵᠢᠶᠡᠨ ᠤ᠋ ᠮᠡᠬᠡᠯᠡᠯ᠎ᠢ ᠰᠡᠷᠡᠮᠵᠢᠯᠡᠨ᠂ ᠠᠶᠤᠯ ᠲᠦᠭᠰᠢᠬᠦᠷᠢ ᠳ᠋ᠸ᠋ ᠤᠴᠠᠷᠠᠪᠠᠯ ᠴᠠᠬ ᠲᠤᠬᠠᠢ ᠳ᠋ᠤᠨᠢ ᠪᠠᠬᠰᠢ ᠪᠠ ᠲᠤᠳᠤᠭᠠᠳᠤ ᠵᠢ ᠬᠠᠮᠠᠭᠠᠯᠠᠬᠤ ᠪᠠᠢᠭᠤᠯᠭ᠎ᠠ ᠡᠴᠨ ᠲᠤᠰᠠᠯᠠᠮᠵᠢ ᠭᠤᠶᠤᠴᠢᠯᠠᠭᠠᠷᠠᠢ ᠬᠡᠵᠦ ᠰᠠᠨᠠᠭᠤᠯᠪᠠ᠃ 

ᠣᠷᠴᠢᠭᠤᠯᠤᠭ᠍ᠴᠢ᠄
ᠨᠠᠢᠷᠠᠭᠤᠯᠤᠭ᠍ᠴᠢ᠄ ᠰᠠᠢᠨ᠎ᠠ
ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
ᠢᠷᠡᠯᠲᠡ᠄
ᠬᠤᠪᠢᠶᠠᠯᠴᠠᠬᠤ᠄

2008-2025 © ᠳᠤᠮᠳᠠᠳᠤ ᠤᠯᠤᠰ᠎ᠤᠨ ᠮᠤᠩᠭᠤᠯ ᠬᠡᠯᠡᠨ᠎ᠤ ᠰᠤᠨᠢᠨ ᠮᠡᠳᠡᠭᠡᠨ᠎ᠤ ᠰᠦᠯᠵᠢᠶ᠎ᠡ ᠦᠮᠴᠢᠯᠡᠯ᠎ᠤᠨ ᠡᠷᠬᠡ᠎ᠲᠠᠢ

ᠵᠤᠬᠢᠶᠠᠭᠴᠢ᠎ᠶᠢᠨ ᠡᠷᠬᠡ ᠬᠠᠤᠯᠢ᠎ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ᠎ᠪᠠᠷ ᠬᠠᠭᠤᠯᠪᠤᠷᠢᠯᠠᠬᠤ᠎ᠶᠢ ᠬᠠᠲᠠᠭᠤ ᠬᠤᠷᠢᠭᠯᠠᠨ᠎ᠠ

ᠬᠠᠷᠢᠯᠴᠠᠬᠤ ᠤᠲᠠᠰᠤ᠄0471-6635435

ᠢᠮᠧᠯ᠄mgyxww@163.com   蒙ICP备10000005号